ᠪᠣᠭᠤᠮᠲᠠ ᠪᠠᠷ ᠥᠩᠭᠡᠷᠡᠭᠦᠯᠦᠭᠰᠡᠨ ᠪᠠᠷᠠᠭ᠎ᠠ 1419.71 ᠲᠦᠮᠡᠨ ᠲᠣᠨ ᠳᠤ ᠬᠦᠷᠴᠦ  ᠴᠡᠭᠡ ᠪᠣᠭᠤᠮᠲᠠ ᠶᠢ ᠨᠡᠭᠡᠭᠡᠭᠰᠡᠨ 31 ᠵᠢᠯ ᠤᠨ ᠲᠤᠷᠰᠢᠬᠢ ᠬᠠᠮᠤᠭ ᠤᠨ ᠥᠨᠳᠥᠷ ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2023/11/7

     ᠣᠶᠢᠷ᠎ᠠ ᠳᠤ᠂ ᠠᠯᠠᠱᠠ ᠠᠶᠢᠮᠠᠭ ᠤᠨ ᠴᠡᠭᠡ ᠪᠣᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠨᠡᠶᠢᠲᠡᠯᠡᠭᠰᠡᠨ ᠮᠡᠳᠡᠭᠡ ᠠᠴᠠ ᠦᠵᠡᠪᠡᠯ᠂ 11 ᠳ᠋ᠦ᠋ᠭᠡᠷ ᠰᠠᠷ᠎ᠠ ᠶᠢᠨ 2᠎ ᠤᠨ ᠡᠳᠦᠷ ᠪᠣᠯᠲᠠᠯ᠎ᠠ᠂ ᠡᠨᠡ ᠵᠢᠯ ᠡᠬᠢᠯᠡᠭᠰᠡᠨ ᠠᠴᠠ ᠨᠠᠭᠠᠰᠢ ᠴᠡᠭᠡ ᠪᠣᠭᠤᠮᠲᠠ ᠪᠠᠷ ᠥᠩᠭᠡᠷᠡᠭᠦᠯᠦᠭᠰᠡᠨ ᠪᠠᠷᠠᠭ᠎ᠠ 1419.71 ᠲᠦᠮᠡᠨ ᠲᠣᠨ ᠳᠤ ᠬᠦᠷᠴᠦ᠂ ᠪᠣᠭᠤᠮᠲᠠ ᠨᠡᠭᠡᠭᠡᠭᠰᠡᠨ 31 ᠵᠢᠯ ᠤᠨ ᠲᠤᠷᠰᠢᠬᠢ ᠬᠠᠮᠤᠭ ᠤᠨ ᠥᠨᠳᠥᠷ ᠲᠡᠮᠳᠡᠭᠯᠡᠯ ᠢ ᠡᠭᠦᠳᠴᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠥᠷᠲᠡᠭ 94.41 ᠳ᠋ᠦᠩᠰᠢᠭᠤᠷ ᠲᠥᠭᠦᠷᠢᠭ ᠲᠤ ᠬᠦᠷᠴᠡᠢ᠃

     ᠴᠡᠭᠡ ᠪᠣᠭᠤᠮᠲᠠ ᠶᠢ ᠨᠡᠭᠡᠭᠡᠭᠰᠡᠨ 31 ᠵᠢᠯ ᠤᠨ ᠲᠤᠷᠰᠢ᠂ ᠲᠦᠷ ᠴᠠᠭ ᠪᠠᠷᠠᠭ᠎ᠠ ᠥᠩᠭᠡᠷᠡᠭᠦᠯᠬᠦ ᠠᠴᠠ ᠤᠯᠠᠷᠢᠯ ᠤᠨ ᠴᠢᠨᠠᠷᠲᠠᠢ ᠪᠣᠭᠤᠮᠲᠠ ᠬᠦᠷᠲᠡᠯ᠎ᠡ᠂ ᠳᠠᠬᠢᠭᠠᠳ ᠤᠯᠤᠰ ᠤᠨ ᠪᠠᠶᠢᠩᠭᠤ ᠶᠢᠨ ᠪᠣᠭᠤᠮᠲᠠ ᠬᠦᠷᠲᠡᠯ᠎ᠡ᠂ ᠶᠡᠬᠡᠬᠡᠨ ᠬᠥᠭᠵᠢᠯᠲᠡ ᠲᠠᠢ ᠪᠣᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭ᠎ᠠ ᠨᠡᠶᠢᠳᠡ 1.48 ᠳ᠋ᠦᠩᠰᠢᠭᠤᠷ ᠲᠣᠨ ᠳᠤ ᠬᠦᠷᠴᠦ᠂ ᠠᠷᠠᠯᠵᠢᠶᠠᠨ ᠤ ᠥᠷᠲᠡᠭ 561.33 ᠳ᠋ᠦᠩᠰᠢᠭᠤᠷ ᠲᠥᠭᠦᠷᠢᠭ ᠲᠤ ᠬᠦᠷᠴᠡᠢ᠃ ᠡᠨᠡ ᠵᠢᠯ ᠡᠬᠢᠯᠡᠭᠰᠡᠨ ᠠᠴᠠ ᠨᠠᠭᠠᠰᠢ᠂ ᠴᠡᠭᠡ ᠪᠣᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠨᠢ ᠬᠠᠷᠢᠶ᠎ᠠ ᠣᠷᠣᠨ ᠤ ᠬᠠᠮᠲᠤᠷᠠᠨ ᠪᠠᠶᠢᠴᠠᠭᠠᠬᠤ ᠰᠠᠯᠠᠭ᠎ᠠ ᠮᠥᠴᠢᠷ ᠵᠢᠴᠢ ᠮᠣᠩᠭᠤᠯ ᠤᠯᠤᠰ ᠤᠨ ᠰᠢᠪᠡᠭᠡ ᠬᠦᠷᠢᠶ᠎ᠡ ᠪᠣᠭᠤᠮᠲᠠ ᠶᠢᠨ ᠬᠠᠮᠲᠤᠷᠠᠨ ᠪᠠᠶᠢᠴᠠᠭᠠᠬᠤ ᠨᠢᠭᠡᠴᠢ ᠲᠠᠢ ᠨᠢᠭᠲᠠ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠤᠯᠤᠰ ᠤᠨ ᠪᠠᠷᠢᠮᠵᠢᠶᠠᠲᠤ

︽ᠭᠠᠭᠴᠠ ᠴᠣᠩᠬᠤ︾᠎ ᠶᠢ ᠵᠠᠯᠭᠠᠨ ᠬᠡᠷᠡᠭᠯᠡᠬᠦ ᠶᠢ ᠪᠦᠬᠦ ᠲᠠᠯ᠎ᠠ ᠪᠠᠷ ᠠᠬᠢᠭᠤᠯᠵᠤ᠂ ᠠᠷᠠᠯᠵᠢᠶᠠᠨ ᠤ ᠳ᠋ᠠᠶᠢᠲ᠋ᠠ ᠶᠢᠨ ᠬᠠᠮᠵᠢᠯᠴᠠᠭ᠎ᠠ ᠶᠢ ᠲᠦᠷᠭᠡᠳᠬᠡᠨ ᠬᠡᠷᠡᠭᠵᠢᠭᠦᠯᠵᠦ᠂ ᠠᠵᠤ ᠠᠬᠤᠶᠢᠯᠠᠯ ᠤᠨ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠭᠠᠭᠴᠠ ᠴᠣᠩᠬᠤ ᠪᠠᠷ ᠡᠯᠧᠺᠲᠷᠣᠨ ᠪᠠᠶᠢᠴᠠᠭᠠᠨ ᠰᠢᠯᠭᠠᠯᠲᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂

︽ᠠᠷᠪᠠ ᠣᠷᠣᠭᠤᠯᠵᠤ ᠵᠢᠷᠭᠤᠭ᠎ᠠ ᠭᠠᠷᠭᠠᠬᠤ︾ ᠨᠡᠭᠦᠷᠡᠰᠦ ᠲᠡᠭᠡᠭᠡᠪᠦᠷᠢᠯᠡᠬᠦ ᠵᠠᠮ ᠱᠤᠭᠤᠮ ᠢ ᠥᠭᠡᠷᠡᠴᠢᠯᠡᠵᠦ ᠥᠷᠭᠡᠳᠬᠡᠬᠦ ᠶᠢ ᠪᠡᠶᠡᠯᠡᠭᠦᠯᠬᠦ᠂ ᠬᠢᠯᠢ ᠠᠯᠤᠰᠯᠠᠨ ᠲᠡᠭᠡᠭᠡᠪᠦᠷᠢᠯᠡᠬᠦ᠂ AGV ᠵᠢᠴᠢ ᠣᠶᠤᠨᠲᠤ ᠬᠦᠨᠳᠦ ᠮᠠᠰᠢᠨ ᠲᠡᠭᠡᠭᠡᠪᠦᠷᠢ ᠶᠢᠨ ᠠᠷᠭ᠎ᠠ ᠶᠢ ᠰᠢᠨᠡᠴᠢᠯᠡᠬᠦ᠂ ︽ᠬᠤᠯᠪᠣᠭᠠᠯᠠᠨ ᠪᠠᠶᠢᠴᠠᠭᠠᠨ ᠰᠢᠯᠭᠠᠬᠤ︾ ᠪᠣᠭᠤᠮᠲᠠ ᠪᠠᠷ ᠥᠩᠭᠡᠷᠡᠭᠦᠯᠬᠦ ᠦᠢᠯᠡᠴᠢᠯᠡᠭᠡᠨ ᠤ ᠰᠢᠨ᠎ᠡ ᠵᠠᠭᠪᠤᠷ ᠢ ᠬᠡᠷᠡᠭᠯᠡᠬᠦ᠂ ᠪᠠᠷᠠᠭᠠᠨ ᠤ ᠬᠢᠨᠠᠯᠲᠠ ᠬᠠᠮᠢᠶᠠᠷᠤᠯᠲᠠ ᠶᠢᠨ ᠲᠤᠬᠠᠢ ᠶᠢᠨ ᠲᠠᠯᠠᠪᠤᠷ ᠲᠤ ︽ᠪᠠᠶᠢᠴᠠᠭᠠᠨ ᠰᠢᠯᠭᠠᠬᠤ ᠶᠢ ᠨᠢᠭᠡᠳᠬᠡᠬᠦ︾ ᠠᠵᠢᠯ ᠢ ᠥᠷᠨᠢᠭᠦᠯᠬᠦ᠂ ᠬᠢᠯᠢ ᠶᠢᠨ ᠭᠠᠳᠠᠨᠠᠬᠢ ᠨᠡᠭᠦᠷᠡᠰᠦ ᠶᠢ ᠰᠢᠯᠭᠠᠨ ᠪᠠᠶᠢᠴᠠᠭᠠᠵᠤ ᠢᠲᠡᠭᠡᠮᠵᠢᠯᠡᠬᠦ ᠦᠢᠯᠡᠴᠢᠯᠡᠭᠡ ᠶᠢ ᠬᠠᠩᠭᠠᠬᠤ ᠵᠡᠷᠭᠡ ᠪᠦᠲᠦᠮᠵᠢᠲᠡᠶ ᠠᠷᠭ᠎ᠠ ᠪᠠᠷ ᠳᠠᠮᠵᠢᠭᠤᠯᠤᠨ᠂ ᠨᠡᠭᠦᠷᠡᠰᠦᠨ ᠤ ᠭᠠᠳᠠᠭᠠᠳᠤ ᠣᠷᠣᠭᠤᠯᠤᠯᠲᠠ ᠶᠢᠨ ᠬᠡᠮᠵᠢᠶ᠎ᠡ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠵᠤ᠂ ᠪᠠᠷᠠᠭ᠎ᠠ ᠥᠩᠭᠡᠷᠡᠭᠦᠯᠦᠭᠰᠡᠨ ᠡᠳᠦᠷ ᠤᠨ ᠪᠠ ᠪᠠᠷᠠᠭ᠎ᠠ ᠥᠩᠭᠡᠷᠡᠭᠦᠯᠦᠭᠰᠡᠨ ᠨᠡᠶᠢᠲᠡ ᠬᠡᠮᠵᠢᠶ᠎ᠡ ᠶᠢᠨ ᠲᠡᠦᠬᠡᠨ ︽ᠬᠤᠣᠰ ᠰᠢᠪᠲᠤᠯᠤᠯᠲᠠ︾᠎ ᠶᠢ ᠪᠡᠶᠡᠯᠡᠭᠦᠯᠪᠡ᠃

     ᠳᠠᠷᠠᠭ᠎ᠠ ᠪᠠᠷ᠂ ᠴᠡᠭᠡ ᠪᠣᠭᠤᠮᠲᠠ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠪᠣᠭᠤᠮᠲᠠ ᠪᠠᠷ ᠥᠩᠭᠡᠷᠡᠭᠦᠯᠬᠦ ᠶᠠᠪᠤᠴᠠ ᠶᠢ ᠰᠢᠯᠢᠳᠡᠭᠵᠢᠭᠦᠯᠬᠦ᠂ ᠰᠢᠯᠭᠠᠨ ᠶᠠᠪᠤᠭᠤᠯᠬᠤ ᠪᠦᠲᠦᠮᠵᠢ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ︽ᠠᠷᠪᠠ ᠣᠷᠣᠭᠤᠯᠵᠤ ᠵᠢᠷᠭᠤᠭ᠎ᠠ ᠭᠠᠷᠭᠠᠬᠤ︾ ᠪᠠᠷᠠᠭᠠᠨ ᠤ ᠲᠡᠭᠡᠭᠡᠪᠦᠷᠢ ᠶᠢᠨ ᠵᠠᠮ᠂ ᠵᠢᠯᠣᠭᠤᠴᠢ ᠦᠭᠡᠢ ᠬᠢᠯᠢ ᠠᠯᠤᠰᠯᠠᠭᠰᠠᠨ ᠲᠡᠭᠡᠭᠡᠪᠦᠷᠢ ᠶᠢᠨ ᠴᠢᠳᠠᠪᠬᠢ ᠶᠢ ᠪᠦᠬᠦ ᠲᠠᠯ᠎ᠠ ᠪᠠᠷ ᠪᠠᠳᠠᠷᠠᠭᠤᠯᠵᠤ᠂ ᠣᠶᠤᠨᠲᠤ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ