ᠥᠪᠥᠷ ᠮᠣᠩᠭᠤᠯ ᠤᠨ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠬᠤᠷᠠᠯᠳᠤᠪᠠ  ᠶᠣᠣ ᠶᠦᠩ ᠪᠦᠸᠧ  ᠠᠨ ᠷᠦᠨ ᠱᠧᠩ ᠬᠤᠷᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2023/11/8

     11 ᠰᠠᠷ᠎ᠠ ᠶᠢᠨ 4 ᠤ ᠡᠳᠦᠷ᠂ ︽ᠬᠠᠮᠢᠶᠠᠷᠤᠯᠲᠠ ᠶᠢᠨ ᠰᠢᠨ᠎ᠡ ᠶᠢ ᠡᠭᠦᠳᠴᠦ ᠳᠡᠰ ᠳᠡᠪᠰᠢᠭᠦᠯᠵᠦ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠭᠰᠠᠨ ᠥᠪᠥᠷ ᠮᠣᠩᠭᠤᠯ ᠤᠨ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠬᠥᠬᠡᠬᠤᠲᠠ ᠳᠤ ᠡᠬᠢᠯᠡᠪᠡ᠃

     ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠦᠸᠧ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠠᠨ ᠷᠦᠨ ᠱᠧᠩ ᠣᠷᠣᠯᠴᠠᠵᠠᠢ᠃

     ᠪᠠᠷᠢᠯᠭ᠎ᠠ ᠶᠢᠨ ᠦᠢᠯᠡᠰ ᠪᠣᠯ ᠤᠯᠤᠰ ᠠᠷᠠᠳ ᠤᠨ ᠠᠵᠤ ᠠᠬᠤᠢ ᠶᠢᠨ ᠲᠤᠯᠭᠠᠭᠤᠷᠢ ᠠᠵᠤ ᠦᠢᠯᠡᠰ ᠪᠣᠯᠣᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠪᠥᠷ ᠮᠣᠩᠭᠤᠯ ᠤᠨ ᠪᠠᠷᠢᠯᠭ᠎ᠠ ᠶᠢᠨ ᠦᠢᠯᠡᠰ ᠤᠨ ᠬᠥᠭᠵᠢᠯᠲᠡ ᠲᠡᠦᠬᠡᠲᠦ ᠴᠢᠨᠠᠷᠲᠠᠢ ᠳᠠᠪᠠᠯᠲᠠ ᠶᠢ ᠪᠡᠶᠡᠯᠡᠭᠦᠯᠵᠦ᠂ ᠦᠢᠯᠡᠳᠬᠦᠨ ᠤ ᠶᠡᠷᠦᠩᠬᠡᠢ ᠥᠷᠲᠡᠭ ᠨᠡᠶᠢᠲᠡ 1.46 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠵᠦ᠂ ᠵᠢᠯ ᠳᠤᠮᠳᠠᠴᠢ ᠶᠢᠨ GDP ᠳᠠᠬᠢ ᠡᠵᠡᠯᠡᠬᠦ ᠬᠤᠪᠢ ᠶᠢᠨ ᠵᠢᠩ 7% ᠣᠷᠴᠢᠮ ᠪᠠᠶᠢᠬᠤ ᠶᠢ ᠪᠠᠲᠤᠯᠠᠪᠠ᠃

     ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠪᠠᠷᠢᠯᠭ᠎ᠠ ᠶᠢᠨ ᠦᠢᠯᠡᠰ ᠤᠨ ᠳᠠᠭᠠᠭᠤᠯᠤᠭᠴᠢ ᠠᠵᠤ ᠠᠬᠤᠶᠢᠯᠠᠯ ᠢ ᠨᠡᠶᠢᠲᠡᠯᠡᠬᠦ ᠶᠣᠰᠣᠯᠠᠯ ᠶᠠᠪᠤᠭᠤᠯᠵᠤ᠂ ᠰᠢᠩ ᠲᠠᠢ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠵᠡᠷᠭᠡ 64 ᠳᠠᠭᠠᠭᠤᠯᠤᠭᠴᠢ ᠠᠵᠤ ᠠᠬᠤᠶᠢᠯᠠᠯ ᠳᠤ ᠫᠠᠶᠢᠰᠠ ᠣᠯᠭᠤᠪᠠ᠃ ᠥᠪᠥᠷ ᠮᠣᠩᠭᠤᠯ ᠤᠨ ᠪᠠᠷᠢᠯᠭ᠎ᠠ ᠶᠢᠨ ᠠᠵᠤ ᠦᠢᠯᠡᠰ ᠤᠨ ᠢᠨᠲ᠋ᠧᠷ ᠰᠦᠯᠵᠢᠶᠡᠨ ᠤ ᠲᠠᠪᠴᠠᠩ ᠢ ᠰᠦᠯᠵᠢᠶᠡᠨ ᠳᠤ ᠣᠷᠣᠭᠤᠯᠤᠨ ᠨᠡᠶᠢᠲᠡᠯᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ