ᠠᠷᠠᠳ ᠤᠨ ᠠᠮᠢᠳᠤᠷᠠᠯ ᠢ ᠬᠠᠯᠠᠮᠵᠢᠯᠠᠵᠤ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2023/11/8

     ᠨᠠᠮᠤᠷ ᠤᠨ ᠰᠡᠭᠦᠯᠴᠢ ᠪᠣᠯᠵᠤ ᠲᠡᠭᠷᠢ ᠬᠦᠢᠲᠡᠷᠡᠵᠦ ᠡᠬᠢᠯᠡᠯ᠎ᠡ᠃ 10 ᠰᠠᠷ᠎ᠠ ᠶᠢᠨ 30 ᠤ ᠡᠳᠦᠷ᠂ ᠪᠤᠭᠤᠲᠤ ᠬᠤᠳᠠ ᠶᠢᠨ ᠬᠥᠨᠳᠡᠯᠡᠨ ᠲᠣᠭᠤᠷᠢᠭ ᠤᠨ ᠮᠢᠩ ᠿᠢ ᠰᠢᠩ ᠴᠧᠩ ᠨᠡᠶᠢᠭᠡᠮ ᠲᠣᠭᠤᠷᠢᠭ ᠲᠤ᠂ ᠠᠵᠢᠯᠴᠢᠳ ᠶᠠᠭᠠᠷᠠᠯᠲᠠᠢ ᠠᠵᠢᠯᠯᠠᠵᠤ᠂ ᠠᠰᠠᠷ ᠤᠨ ᠭᠠᠳᠠᠷ ᠬᠠᠨ᠎ᠠ ᠳᠤ ︽ᠬᠥᠪᠥᠩ ᠬᠤᠪᠴᠠᠰᠤ︾ ᠨᠥᠮᠥᠷᠦᠭᠦᠯᠬᠦ ᠪᠠᠷ ᠴᠢᠷᠮᠠᠶᠢᠨ᠎ᠠ᠃

     ︽ᠮᠠᠨ ᠤ ᠰᠠᠭᠤᠭᠠᠯᠢ ᠠᠷᠠᠳ ᠤᠨ ᠲᠣᠭᠤᠷᠢᠭ ᠤᠨ ᠠᠰᠠᠷ ᠤᠨ ᠭᠠᠳᠠᠷ ᠬᠠᠨ᠎ᠠ ᠳᠤ ᠳᠤᠯᠠᠭᠠᠯᠠᠬᠤ ᠳᠠᠪᠬᠤᠷᠭ᠎ᠠ ᠨᠡᠮᠡᠨ ᠤᠭᠰᠠᠷᠠᠬᠤ ᠢᠨᠵᠧᠨᠧᠷᠢᠩ ᠤᠨ ᠠᠬᠢᠴᠠ ᠮᠠᠰᠢ ᠲᠦᠷᠭᠡᠨ ᠪᠠᠶᠢᠨ᠎ᠠ︾ ᠭᠡᠵᠦ ᠨᠡᠶᠢᠭᠡᠮ ᠲᠣᠭᠤᠷᠢᠭ ᠤᠨ ᡁᠢ ᠴᠢᠩ ᠶᠤᠸᠠᠨ 19 ᠳ᠋ᠦ᠋ᠭᠡᠷ ᠠᠰᠠᠷ ᠤᠨ ᠰᠠᠭᠤᠭᠠᠯᠢ ᠠᠷᠠᠳ ᠵᠧᠩ ᠱᠦᠨ ᠮᠧᠢ ᠮᠠᠰᠢ ᠪᠠᠶᠠᠷᠲᠠᠢ ᠶᠠᠷᠢᠵᠤ ᠪᠠᠶᠢᠯ᠎ᠠ᠃

     ᠮᠢᠩ ᠿᠢ ᠰᠢᠩ ᠴᠧᠩ ᠨᠡᠶᠢᠭᠡᠮ ᠲᠣᠭᠤᠷᠢᠭ ᠪᠣᠯ ᠬᠢᠮᠳᠠ ᠲᠣᠬᠢᠯᠢᠭ ᠣᠷᠣᠨ ᠰᠠᠭᠤᠴᠠ ᠪᠠᠷ ᠭᠤᠣᠯ ᠪᠤᠯᠭᠠᠬᠰᠠᠨ ᠰᠠᠭᠤᠭᠠᠯᠢ ᠠᠷᠠᠳ ᠤᠨ ᠲᠣᠭᠤᠷᠢᠭ ᠪᠠᠶᠢᠵᠤ᠂ ᡁᠢ ᠴᠢᠩ ᠶᠤᠸᠠᠨ᠂ ᡁᠢ ᠯᠧ ᠶᠤᠸᠠᠨ᠂ ᡁᠢ ᠬᠤᠢ ᠶᠤᠸᠠᠨ ᠵᠡᠷᠭᠡ 3 ᠬᠠᠷᠢᠶ᠎ᠠ ᠰᠠᠭᠤᠭᠠᠯᠢ ᠠᠷᠠᠳ ᠤᠨ ᠲᠣᠭᠤᠷᠢᠭ ᠲᠠᠢ᠂ ᠨᠠᠶᠢᠲᠠ 65 ᠠᠰᠠᠷ᠂ 3931 ᠡᠷᠤᠭᠡ ᠰᠠᠭᠤᠭᠠᠯᠢ ᠠᠷᠠᠳ ᠲᠠᠢ᠃ ᠣᠷᠣᠨ ᠨᠤᠲᠤᠭ ᠤᠨ ᠵᠠᠰᠠᠭ ᠤᠨ ᠣᠷᠳᠣᠨ ᠪᠣᠯᠣᠨ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠲᠥᠯᠦᠪᠵᠢᠭᠦᠯᠭᠡ ᠶᠢ ᠦᠨᠳᠦᠰᠦᠯᠡᠪᠡᠯ᠂ 2005 ᠣᠨ ᠳᠤ ᠪᠠᠶᠢᠭᠤᠯᠤᠭᠰᠠᠨ ᠲᠤᠰ ᠰᠠᠭᠤᠭᠠᠯᠢ ᠠᠷᠠᠳ ᠤᠨ ᠲᠣᠭᠤᠷᠢᠭ ᠤᠨ ᠠᠰᠠᠷ ᠤᠨ ᠭᠠᠳᠠᠷ ᠬᠠᠨ᠎ᠠ ᠳᠤ ᠳᠤᠯᠠᠭᠠᠯᠠᠬᠤ ᠳᠠᠪᠬᠤᠷᠭ᠎ᠠ ᠨᠡᠮᠡᠨ ᠤᠭᠰᠠᠷᠠᠬᠤ ᠢᠨᠵᠧᠨᠧᠷᠢᠩ ᠢ 2025 ᠣᠨ ᠳᠤ ᠡᠬᠢᠯᠡᠭᠦᠯᠬᠦ ᠪᠣᠯᠣᠨ᠎ᠠ᠃

     ᠣᠶᠢᠷ᠎ᠠ ᠶᠢᠨ ᠵᠢᠯ ᠤᠳ ᠲᠤ᠂ ᠮᠢᠩ ᠿᠢ ᠰᠢᠩ ᠴᠧᠩ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠰᠠᠨᠠᠯ ᠵᠥᠪᠯᠡᠯᠭᠡ ᠬᠤᠷᠢᠶᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠬᠦ ᠶᠢ ᠪᠠᠷᠢᠮᠲᠠᠯᠠᠵᠤ᠂ ᠨᠠᠮ ᠤᠨ ᠭᠡᠰᠢᠭᠦᠨ ᠤ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠬᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠣᠶᠢᠯᠠᠭᠠᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠲᠣᠭᠤᠷᠢᠭ ᠤᠨ ᠪᠦᠬᠦᠯᠢ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠨᠠᠮ ᠤᠨ ᠭᠡᠰᠢᠭᠦᠨ ᠤ ᠬᠤᠰᠢᠭᠤᠴᠢ ᠰᠠᠨᠳᠠᠯᠢ ᠶᠢ ᠬᠠᠷᠠᠮᠵᠢ ᠦᠭᠡᠢ ᠪᠠᠷ ᠲᠠᠷᠬᠠᠭᠠᠵᠤ᠂ ︽ᠭᠡᠷ ᠤᠨ ᠡᠭᠦᠳᠡᠨ ᠳᠠᠬᠢ ᠨᠠᠮ ᠤᠨ ᠬᠢᠴᠢᠶᠡᠯ︾ ᠢ ᠪᠠᠶᠢᠩᠭᠤ ᠥᠷᠨᠢᠭᠦᠯᠬᠦ ᠭᠡᠯᠪᠡᠷᠢ ᠪᠠᠷ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠢᠨᠠᠭᠰᠢᠳᠠ ᠰᠣᠨᠣᠰᠪᠠ᠃

     ︽ᠡᠨᠡ ᠵᠢᠯ ᠤᠨ 10 ᠰᠠᠷ᠎ᠠ ᠳᠤ᠂ ᠪᠢᠳᠡ ᠡᠪᠦᠯ ᠤᠨ ᠤᠯᠠᠷᠢᠯ ᠤᠨ ᠳᠤᠯᠠᠭᠠᠯᠠᠭ᠎ᠠ᠂ ᠠᠰᠠᠷ ᠤᠨ ᠭᠠᠳᠠᠷ ᠬᠠᠨ᠎ᠠ ᠳᠤ ᠳᠤᠯᠠᠭᠠᠯᠠᠬᠤ ᠳᠠᠪᠬᠤᠷᠭ᠎ᠠ ᠨᠡᠮᠡᠨ ᠤᠭᠰᠠᠷᠠᠬᠤ  ᠵᠡᠷᠭᠡ ᠠᠷᠠᠳ ᠤᠯᠠᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ 6 ᠵᠤᠷᠪᠤᠰ ᠠᠰᠠᠭᠤᠳᠠᠯ ᠢ ᠴᠤᠭᠯᠠᠭᠤᠯᠪᠠ᠃ ᠤᠳᠤ ᠠᠰᠠᠷ ᠤᠨ ᠭᠠᠳᠠᠷ ᠬᠠᠨ᠎ᠠ ᠳᠤ ᠳᠤᠯᠠᠭᠠᠯᠠᠬᠤ ᠳᠠᠪᠬᠤᠷᠭ᠎ᠠ ᠨᠡᠮᠡᠨ ᠤᠭᠰᠠᠷᠠᠬᠤ ᠠᠵᠢᠯ ᠶᠠᠭ ᠰᠠᠶᠢᠬᠠᠨ ᠢᠳᠡ ᠭᠦᠭ ᠲᠠᠢ ᠶᠠᠪᠤᠭᠳᠠᠵᠤ ᠪᠠᠶᠢᠬᠤ ᠠᠴᠠ ᠭᠠᠳᠠᠨ᠎ᠠ᠂ ᠪᠤᠰᠤᠳ 5 ᠠᠰᠠᠭᠤᠳᠠᠯ ᠢ ᠨᠢᠭᠡᠨᠲᠡ ᠰᠢᠢᠳᠪᠦᠷᠢᠯᠡᠵᠦ ᠳᠠᠭᠤᠰᠬᠠᠪᠠ︾ ᠭᠡᠵᠦ ᠮᠢᠩ ᠿᠢ ᠰᠢᠩ ᠴᠧᠩ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ᠂ ᠰᠠᠭᠤᠭᠠᠯᠢ ᠠᠷᠠᠳ ᠤᠨ ᠵᠥᠪᠯᠡᠯ ᠤᠨ ᠡᠷᠭᠢᠯᠡᠭᠴᠢ ᠴᠧᠨ ᠯᠢ ᠬᠤᠸᠠ ᠰᠤᠷᠪᠤᠯᠵᠢᠯᠠᠬᠴᠢ ᠳᠤ ᠬᠡᠯᠡᠪᠡ᠃

     ᠣᠶᠢᠷ᠎ᠠ ᠶᠢᠨ ᠵᠢᠯ ᠤᠨ ᠲᠤᠷᠰᠢ᠂ ᠬᠥᠨᠳᠡᠯᠡᠨ ᠲᠣᠭᠤᠷᠢᠭ ᠪᠠᠶᠢᠴᠠᠭᠠᠨ ᠰᠤᠳᠤᠯᠤᠯᠲᠠ ᠬᠢᠬᠦ ᠳᠡᠭᠡᠨ ︽ᠭᠦᠨᠵᠡᠭᠡᠢ᠂ ᠪᠣᠳᠠᠲᠠᠢ᠂ ᠨᠠᠷᠢᠯᠢᠭ᠂ ᠣᠨᠣᠪᠴᠢᠲᠠᠶ᠂ ᠪᠦᠲᠦᠮᠵᠢᠲᠡᠶ︾ ᠲᠠᠪᠤᠨ ᠦᠭᠡ ᠶᠢ ᠰᠠᠶᠢᠲᠤᠷ ᠬᠡᠷᠡᠭᠯᠡᠬᠦ ᠶᠢ ᠪᠠᠷᠢᠮᠲᠠᠯᠠᠵᠤ᠂ ᠠᠷᠠᠳ ᠣᠯᠠᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠪᠡ᠃ ᠡᠨᠡ ᠵᠢᠯ᠂ ᠪᠦᠭᠦ ᠣᠷᠣᠨ ᠤ ᠰᠢᠶᠠᠨ ᠤ ᠱᠠᠲᠤᠨ ᠤ ᠤᠳᠤᠷᠢᠳᠤᠯᠭ᠎ᠠ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠰᠤᠳᠤᠯᠬᠤ ᠰᠡᠳᠦᠪ ᠢ 32 ᠲᠣᠭᠲᠠᠭᠠᠵᠤ᠂ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠬᠦ ᠪᠠ ᠶᠠᠷᠢᠯᠴᠠᠨ ᠰᠣᠯᠢᠯᠴᠠᠬᠤ ᠪᠠᠷ ᠳᠡᠮᠵᠢᠨ 56 ᠠᠰᠠᠭᠤᠳᠠᠯ ᠢ ᠢᠯᠡᠷᠡᠭᠦᠯᠵᠦ᠂ 56 ᠠᠰᠠᠭᠤᠳᠠᠯ ᠢ ᠰᠢᠢᠳᠪᠦᠷᠢᠯᠡᠪᠡ᠃

     ︽︿ᠪᠠᠶᠢᠴᠠᠭᠠᠨ ᠰᠤᠳᠤᠯᠤᠯᠲᠠ ᠬᠢᠬᠦ﹀ ᠡᠨᠡ ᠬᠦ ᠵᠠᠩᠭᠢᠯᠠᠭ᠎ᠠ ᠶᠢᠨ ᠠᠷᠭ᠎ᠠ ᠶᠢ ᠰᠠᠶᠢᠲᠤᠷ ᠬᠡᠷᠡᠭᠯᠡᠬᠦ ᠪᠣᠯ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠪᠣᠳᠠᠲᠤ ᠠᠬᠤᠢ ᠪᠣᠯᠭᠠᠨ ᠬᠤᠪᠢᠷᠠᠭᠤᠯᠬᠤ ︿ᠠᠯᠲᠠᠨ ᠲᠦᠯᠬᠢᠭᠦᠷ﹀ ᠪᠣᠯᠣᠨ᠎ᠠ︾ ᠭᠡᠵᠦ ᠬᠥᠨᠳᠡᠯᠡᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠧᠦ ᠰᠢᠤᠸᠠᠢ ᠯᠢᠶᠠᠩ ᠬᠡᠯᠡᠯ᠎ᠡ᠃

     ᠠᠷᠠᠳ ᠤᠨ ᠰᠠᠨᠠᠭ᠎ᠠ ᠶᠢ ᠣᠶᠢᠯᠠᠭᠠᠵᠤ᠂ ᠠᠷᠠᠳ ᠤᠨ ᠪᠠᠶᠢᠳᠠᠯ ᠢ ᠮᠡᠳᠡᠬᠦ ᠪᠣᠯ ᠠᠷᠠᠳ ᠤᠨ ᠬᠦᠴᠢᠷ ᠵᠣᠪᠠᠨᠢᠯ ᠢ ᠰᠢᠢᠳᠪᠦᠷᠢᠯᠡᠬᠦ ᠶᠢᠨ ᠰᠠᠭᠤᠷᠢ ᠪᠠ ᠤᠷᠢᠲᠠᠯ ᠮᠥᠨ᠃ ᠠᠷᠠᠳᠴᠢᠯᠠᠯ ᠢᠶᠠᠷ ᠵᠥᠪᠯᠡᠬᠦ ᠶᠢᠨ ᠥᠨᠳᠥᠷᠴᠡ ᠪᠣᠯᠣᠨ ᠤᠯᠠᠨ ᠲᠦᠮᠡᠨ ᠲᠠᠢ ᠬᠠᠷᠢᠯᠴᠠᠬᠤ ᠶᠢᠨ ᠭᠦᠨᠴᠡ ᠶᠢ ᠭᠦᠨᠵᠡᠭᠡᠢ ᠨᠢᠭᠲᠠ ᠤᠶᠠᠯᠳᠤᠭᠤᠯᠬᠤ ᠪᠣᠯ ᠬᠥᠨᠳᠡᠯᠡᠨ ᠲᠣᠭᠤᠷᠢᠭ ᠤᠨ ᠠᠵᠢᠯ ᠤᠨ ᠰᠡᠳᠬᠢᠴᠡ ᠪᠠᠨ ᠳᠠᠰᠤᠷᠠᠯᠳᠠ ᠦᠭᠡᠢ ᠥᠷᠭᠡᠳᠬᠡᠵᠦ᠂ ᠠᠵᠢᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠦᠭᠰᠡᠨ ᠪᠠᠰᠠ ᠨᠢᠭᠡᠨ ᠪᠣᠳᠠᠲᠠᠢ ᠦᠢᠯᠡᠳᠦᠯᠭᠡ ᠪᠣᠯᠣᠨ᠎ᠠ᠃

      ︽ᠲᠤᠰ ᠤᠳᠠᠭ᠎ᠠ ᠮᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠦᠨᠳᠦᠰᠦᠨ ᠱᠠᠲᠤᠨ ᠳᠤ ᠭᠦᠨᠵᠡᠭᠡᠶᠢᠷᠡᠵᠦ ᠨᠢᠭᠤᠷᠳᠠᠨ ᠵᠥᠪᠳᠡᠯᠴᠡᠬᠦ ᠠᠵᠢᠯᠯᠠᠭ᠎ᠠ ᠥᠷᠨᠢᠭᠦᠯᠵᠦ ᠪᠠᠶᠢᠭ᠎ᠠ ᠨᠢ ᠦᠨᠡᠨ ᠠᠰᠠᠭᠤᠳᠠᠯ ᠢ ᠵᠣᠷᠢᠭᠲᠠᠢ ᠪᠠᠷ ᠭᠦᠨᠳᠡᠵᠦ᠂ ︿ᠬᠦᠴᠢᠷ ᠠᠰᠠᠭᠤᠳᠠᠯ﹀ ᠢ ᠵᠣᠷᠢᠭᠲᠠᠢ ᠪᠠᠷ ᠰᠢᠢᠳᠪᠦᠷᠢᠯᠡᠬᠦ ᠶᠢᠨ ᠲᠥᠯᠥᠭᠡ ᠶᠤᠮ᠃ ᠥᠩᠭᠡᠨ ᠲᠠᠯ᠎ᠠ ᠶᠢᠨ ᠡᠶ᠎ᠡ ᠨᠠᠶᠢᠷ ᠢ ᠤᠬᠳᠤ ᠬᠠᠷᠠᠵᠤ ᠪᠤᠯᠬᠤ ᠦᠭᠡᠢ᠂ ᠬᠠᠷᠢᠨ ᠪᠤᠳᠤᠵᠤ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠯᠴᠠᠵᠤ᠂ ᠬᠠᠮᠤᠭ ᠤᠨ ᠪᠠᠴᠢᠮ ᠰᠢᠢᠳᠪᠦᠷᠢᠯᠡᠬᠦ ᠴᠢᠬᠤᠯᠠᠲᠠᠢ ᠲᠤᠯᠭᠠᠮ᠎ᠠ ᠠᠰᠠᠭᠤᠳᠠᠯ ᠢ ᠳᠤᠷᠠᠳᠬᠤ ᠶᠢ ᠱᠠᠭᠠᠷᠳᠠᠨ᠎ᠠ︾ ᠭᠡᠵᠦ 10 ᠰᠠᠷ᠎ᠠ ᠶᠢᠨ 25 ᠤ ᠡᠳᠦᠷ᠂ ᠬᠥᠨᠳᠡᠯᠡᠨ ᠲᠣᠭᠤᠷᠢᠭ ᠤᠨ ᠬᠠᠲᠤᠨ ᠭᠤᠣᠯ ᠵᠡᠭᠡᠯᠢ ᠭᠤᠳᠤᠮᠵᠢ ᠶᠢᠨ ᠨᠥᠬᠦᠷᠯᠡᠯ ᠠᠷᠪᠠ ᠶᠢᠰᠦᠳᠦᠭᠡᠷ ᠨᠡᠶᠢᠭᠡᠮ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ︽ᠨᠢᠭᠤᠷᠳᠠᠨ ᠶᠠᠷᠢᠯᠴᠠᠬᠤ︾ ᠵᠥᠪᠯᠡᠬᠦ ᠰᠡᠳᠦᠪ ᠢ ᠡᠯᠰᠡᠨ ᠴᠤᠭᠯᠠᠭᠤᠯᠬᠤ ᠬᠤᠷᠠᠯ ᠳᠡᠭᠡᠷ᠎ᠡ᠂ ᠬᠠᠲᠤᠨ ᠭᠤᠣᠯ ᠪᠠᠷᠠᠭᠤᠨ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠵᠡᠭᠡᠯᠢ ᠭᠤᠳᠤᠮᠵᠢ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯᠯᠠᠬᠤ ᠬᠤᠷᠢᠶ᠎ᠠ ᠶᠢᠨ ᠳᠡᠳ᠋ ᠡᠷᠭᠢᠯᠡᠭᠴᠢ ᠼᠤᠤ ᠷᠦᠩ ᠰᠢᠷᠡᠭᠡ ᠲᠣᠬᠰᠢᠨ ᠶᠠᠷᠢᠪᠠ᠃

     ᠠᠯᠢ ᠤᠯᠠᠨ ᠦᠨᠡᠨ ᠪᠣᠳᠠᠲᠠᠢ ᠠᠰᠠᠭᠤᠳᠠᠯ᠂ ᠠᠯᠢ ᠤᠯᠠᠨ ᠬᠦᠴᠢᠷ ᠲᠦᠪᠡᠭᠲᠡᠢ ᠠᠰᠠᠭᠤᠳᠠᠯ ᠤᠳ ᠨᠢ ᠤᠳᠠᠭ᠎ᠠ ᠳᠠᠷᠠᠭ᠎ᠠ ᠶᠢᠨ ᠨᠢᠭᠤᠷᠳᠠᠨ ᠵᠥᠪᠳᠡᠯᠴᠡᠬᠦ ᠪᠠᠷ ᠲᠠᠮᠵᠢᠨ ᠪᠦᠳᠦᠮᠵᠢᠳᠠᠢ ᠰᠢᠢᠳᠪᠦᠷᠢᠯᠡᠭᠳᠡᠪᠡ᠃

     ︽ᠨᠥᠬᠦᠷᠯᠡᠯ ᠠᠷᠪᠠ ᠶᠢᠰᠦᠳᠦᠭᠡᠷ ᠰᠠᠭᠠᠤᠭᠠᠯᠢ ᠠᠷᠠᠳ ᠤᠨ ᠲᠣᠭᠤᠷᠢᠭ ᠤᠨ  ᠶᠢᠨ ᠬᠠᠢ ᠠᠨ ᠠᠭᠤᠳᠠᠮ ᠲᠠᠯᠠᠪᠠᠢ ᠶᠢᠨ ᠰᠥᠨᠢ ᠶᠢᠨ ᠵᠠᠬ᠎ᠠ ᠳᠡᠯᠭᠡᠭᠦᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠠᠰᠠᠭᠤᠳᠠᠯ ᠨᠢᠭᠡᠨᠲᠡ ᠰᠢᠢᠳᠪᠦᠷᠢᠯᠡᠭᠳᠡᠪᠡ︕︾

     ︽ᠳ᠋ᠦᠩ ᠶᠠ ᠡᠷᠡᠨ ᠵᠠᠭᠤᠨ ᠤ ᠬᠤᠳᠠ ᠶᠢᠨ ᠳᠥᠷᠪᠡᠳᠦᠭᠡᠷ ᠬᠤᠭᠤᠴᠠᠭ᠎ᠠ ᠲᠠᠪᠤᠳᠤᠭᠠᠷ ᠬᠤᠭᠤᠴᠠᠭᠠᠨ ᠤ ᠵᠠᠮ ᠡᠵᠡᠯᠡᠨ ᠲᠡᠷᠭᠡ ᠵᠣᠭᠰᠤᠭᠠᠬᠤ ᠠᠰᠠᠭᠤᠳᠠᠯ ᠢ ᠨᠢᠭᠡᠨᠲᠡ ᠰᠢᠢᠳᠪᠦᠷᠢᠯᠡᠪᠡ︕︾

     ︽ᠨᠥᠬᠦᠷᠯᠡᠯ ᠠᠷᠪᠠ ᠶᠢᠰᠦᠳᠦᠭᠡᠷ ᠰᠠᠭᠤᠭᠠᠯᠢ ᠠᠷᠠᠳ ᠤᠨ ᠲᠣᠭᠤᠷᠢᠭ ᠤᠨ ᠲᠡᠮᠦᠷ ᠴᠣᠩᠬᠤ ᠶᠢ ᠢᠯᠴᠢ ᠰᠠᠷᠨᠢᠭᠤᠯᠬᠤ ᠬᠥᠩᠭᠡᠨᠴᠠᠭᠠᠨ ᠤ ᠬᠠᠶᠢᠯᠤᠰᠢ ᠪᠠᠷ ᠰᠣᠯᠢᠬᠤ ᠠᠵᠢᠯ ᠶᠠᠭ ᠶᠠᠪᠤᠭᠳᠠᠵᠤ ᠪᠠᠶᠢᠨ᠎ᠠ ᠁︾

     ᠢᠳᠡᠵᠦ ᠡᠮᠦᠰᠬᠦ ᠶᠠᠪᠤᠵᠤ ᠰᠠᠭᠤᠬᠤ᠂ ᠲᠦᠯᠡᠰᠢ ᠳᠠᠪᠤᠰᠤ ᠲᠣᠰᠣ ᠲᠠᠢ ᠬᠤᠯᠪᠣᠭᠳᠠᠬᠤ ᠠᠷᠠᠳ ᠤᠯᠠᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠬᠤ ᠠᠰᠠᠭᠤᠳᠠᠯ ᠢ ᠲᠠᠭᠢᠨ ᠳᠠᠪᠲᠠᠨ ᠵᠥᠪᠳᠡᠯᠴᠡᠬᠦ ᠳᠤᠮᠳᠠ ᠬᠠᠷᠢᠭᠤ ᠥᠭᠴᠦ ᠰᠢᠢᠳᠪᠦᠷᠢᠯᠡᠪᠡ᠃

     ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠡᠨᠡ ᠵᠢᠯ᠂ ᠬᠥᠨᠳᠡᠯᠡᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ︽ᠨᠢᠭᠤᠷᠳᠠᠨ ᠶᠠᠷᠢᠯᠴᠠᠵᠤ ᠰᠠᠶᠢᠲᠤᠷ ᠵᠥᠪᠳᠡᠯᠴᠡᠬᠦ︾ ᠵᠥᠪᠯᠡᠬᠦ ᠰᠡᠳᠦᠪ ᠢ 556 ᠬᠤᠪᠢ ᠡᠯᠰᠡᠨ ᠴᠤᠭᠯᠠᠭᠤᠯᠵᠤ᠂ ᠡᠯ᠎ᠡ ᠵᠡᠭᠡᠯᠢ ᠪᠠᠯᠭᠠᠰᠤᠨ ᠤ ᠠᠵᠢᠯᠯᠠᠬᠤ ᠬᠤᠷᠢᠶ᠎ᠠ ᠪᠣᠳᠠᠲᠠᠢ ᠠᠰᠠᠭᠤᠳᠠᠯ ᠢ 216 ᠬᠤᠪᠢ ᠰᠢᠢᠳᠪᠦᠷᠢᠯᠡᠪᠡ᠃

     ︽ᠪᠢᠳᠡ ᠴᠤᠭᠯᠠᠭᠤᠯᠤᠭᠰᠠᠨ ᠨᠡᠶᠢᠲᠡᠯᠢᠭ ᠴᠢᠨᠠᠷᠲᠠᠢ ᠵᠠᠷᠢᠮ ᠠᠰᠠᠭᠤᠳᠠᠯ ᠢ ᠰᠠᠨᠠᠯ ᠳᠤᠷᠠᠳᠤᠯᠭ᠎ᠠ ᠪᠤᠶᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠪᠣᠯᠭᠠᠨ ᠬᠤᠪᠢᠷᠠᠭᠤᠯᠵᠤ᠂ ᠠᠰᠠᠭᠤᠳᠠᠯ ᠢ ᠰᠢᠢᠳᠪᠦᠷᠢᠯᠡᠬᠦ ᠪᠠ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠨᠡᠶᠢᠲᠡᠯᠡᠬᠦ ᠶᠢ ᠨᠠᠩ ᠥᠨᠳᠥᠷ ᠲᠠᠰ ᠳᠠᠪᠬᠤᠷᠭ᠎ᠠ ᠠᠴᠠ ᠠᠬᠢᠭᠤᠯᠵᠤ᠂ ᠦᠨᠳᠦᠰᠦᠨ ᠱᠠᠲᠤᠨ ᠤ ᠵᠥᠪᠳᠡᠯᠴᠡᠬᠦ ᠳᠠᠯᠳᠠ ᠬᠦᠴᠦᠨ ᠢ ᠪᠠᠳᠠᠷᠠᠭᠤᠯᠤᠭᠰᠠᠨ ᠪᠠᠶᠢᠨ᠎ᠠ︾ ᠭᠡᠵᠦ ᠬᠥᠨᠳᠡᠯᠡᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠯᠪᠠᠨ ᠭᠡᠷ ᠤᠨ ᠡᠷᠭᠢᠯᠡᠭᠴᠢ ᠴᠢᠶᠣᠤ ᠸᠧᠢ ᠬᠡᠯᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ