ᠪᠦᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠬᠦ᠋ᠢᠯᠡ ᠣᠷᠣᠨ ᠪᠦᠰᠡ ᠪᠠᠷ ᠨᠢ ᠠᠬᠢᠭᠤᠯᠬᠤ ᠲᠤᠷᠰᠢᠯᠲᠠ ᠶᠢᠨ ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ ᠵᠢᠴᠢ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠢᠨᠵᠧᠨᠧᠷᠢᠩ ᠢ ᠠᠬᠢᠭᠤᠯᠬᠤ ᠬᠤᠷᠠᠯ ᠬᠢᠩᠭᠠᠨ ᠠᠶᠢᠮᠠᠭ ᠲᠤ ᠬᠤᠷᠠᠯᠳᠤᠪᠠ  ᠳᠠᠶᠢᠴᠢᠨ ᠬᠤᠷᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2023/11/9


      11 ᠳ᠋ᠦ᠋ᠭᠡᠷ ᠰᠠᠷ᠎ᠠ ᠶᠢᠨ 7 ᠤ ᠡᠳᠦᠷ᠂ ᠪᠥᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠬᠦ᠋ᠢᠯᠡ ᠣᠷᠣᠨ ᠪᠦᠰᠡ ᠪᠠᠷ  ᠨᠢ ᠠᠬᠢᠭᠤᠯᠬᠤ ᠲᠤᠷᠰᠢᠯᠲᠠ ᠶᠢᠨ ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ ᠵᠢᠴᠢ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠢᠨᠵᠧᠨᠧᠷᠢᠩ ᠢ ᠠᠬᠢᠭᠤᠯᠬᠤ ᠬᠤᠷᠠᠯ ᠬᠢᠩᠭᠠᠨ ᠠᠶᠢᠮᠠᠭ ᠲᠤ ᠬᠤᠷᠠᠯᠳᠤᠪᠠ ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ ᠃

      ᠬᠤᠷᠠᠯ ᠳᠡᠭᠡᠷ᠎ᠡ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ᠋ᠢᠯᠡ ᠣᠷᠣᠨ ᠪᠦᠰᠡ ᠶᠢᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠨ ᠂ ᠲᠣᠭᠲᠠᠴᠠ ᠶᠢᠨ ᠰᠢᠨ᠎ᠡ ᠶᠢ ᠡᠭᠦᠳᠬᠦ ᠶᠢ ᠴᠢᠬᠤᠯᠠᠴᠢᠯᠠᠵᠤ ᠂ ᠲᠤᠷᠰᠢᠯᠲᠠ ᠬᠢᠵᠦ ᠵᠢᠱᠢᠶ᠎ᠡ ᠦᠵᠡᠭᠦᠯᠬᠦ ᠶᠢ ᠴᠢᠩᠭᠠᠳᠬᠠᠨ ᠂ ︽ ᠵᠢᠵᠢᠭ ᠲᠠᠷᠢᠶ᠎ᠠ ᠶᠢ ᠶᠡᠭᠡ ᠲᠠᠷᠢᠶ᠎ᠠ ᠲᠠᠢ ᠨᠡᠶᠢᠯᠡᠭᠦᠯᠬᠦ ︾ ᠂ ᠬᠡᠪᠴᠢᠶᠡᠵᠢᠭᠦᠯᠦᠨ ᠡᠵᠡᠩᠨᠡᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ ᠂ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠥᠨᠳᠥᠷ ᠪᠦᠲᠦᠮᠵᠢᠲᠡᠶ ᠪᠠᠷ ᠠᠰᠢᠭᠯᠠᠬᠤ ᠪᠠ ᠬᠠᠷ᠎ᠠ ᠬᠥᠷᠥᠰᠥᠲᠦ ᠭᠠᠵᠠᠷ ᠢ ᠬᠠᠮᠠᠭᠠᠯᠠᠨ ᠠᠰᠢᠭᠯᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ ᠂ ᠲᠦᠰᠦᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠦᠲᠦᠮᠵᠢᠲᠡᠶ ᠪᠠᠷ ᠠᠬᠢᠭᠤᠯᠵᠤ ᠂ ᠠᠷᠭ᠎ᠠ ᠪᠦᠬᠦᠨ ᠢ ᠰᠦᠪᠡᠭᠴᠢᠯᠡᠨ ᠪᠠᠷᠢᠮᠵᠢᠶ᠎ᠠ ᠶᠢ ᠳᠡᠭᠡᠭᠰᠢᠯᠡᠭᠦᠯᠵᠦ ᠂ ᠶᠠᠪᠤᠴᠠ ᠶᠢᠨ ᠬᠠᠮᠢᠶᠠᠷᠤᠯᠲᠠ ᠪᠠ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭ᠎ᠠ ᠮᠥᠷᠲᠡᠭᠡᠨ ᠪᠣᠳᠠᠲᠠᠢ ᠠᠳᠬᠤᠨ᠂ ᠦᠨᠳᠦᠰᠦᠨ ᠲᠠᠷᠢᠶᠠᠨ ᠭᠠᠵᠠᠷ ᠢ ᠡᠷᠲᠡᠬᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃

 


 

 

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ