ᠦᠬᠠᠢ ᠬᠤᠳᠠ ᠳᠤ ᠪᠠᠶᠢᠷᠢᠯᠠᠭ᠎ᠠ ᠤᠯᠤᠰ ᠤᠨ ᠡᠨᠧᠷᠭᠢ ᠶᠢᠨ ᠪᠦᠯᠦᠭᠯᠡᠯ ᠤᠨ ᠨᠡᠭᠦᠷᠡᠰᠦ ᠬᠡᠦᠷᠰᠢᠭᠦᠯᠬᠦ ᠰᠢ ᠯᠠᠢ ᠹᠧᠩ ᠺᠤᠮᠫᠠᠨᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠤᠢ ᠲᠠᠯᠠᠪᠠᠢ ᠳᠤ ᠮᠠᠰᠢᠨ ᠲᠡᠷᠭᠡ ᠰᠦᠯᠵᠢᠯᠳᠦᠨ᠂ ᠠᠵᠢᠯᠴᠢᠳ ᠶᠠᠭᠠᠷᠠᠯᠲᠠᠢ ᠠᠵᠢᠯᠯᠠᠵᠤ ᠪᠠᠷᠢᠯᠭ᠎ᠠ ᠪᠠᠨ ᠡᠮᠬᠢ ᠵᠢᠷᠤᠮ ᠲᠠᠢ ᠦᠷᠭᠦᠯᠵᠢᠯᠡᠭᠦᠯᠦᠨ᠎ᠡ᠃ ᠲᠥᠷᠥᠯ ᠵᠦᠢᠯ ᠤᠨ ᠳᠡᠳ᠋ ᠳᠠᠭᠠᠭᠠᠮᠠᠯ ᠹᠧᠩ ᠴᠤᠤ᠄ ︽ᠪᠢᠳᠡ ᠲᠥᠷᠥᠯ ᠵᠦᠢᠯ ᠢᠶᠠᠨ ᠡᠯ᠎ᠡ ᠵᠦᠢᠯ ᠤᠨ ᠪᠣᠬᠢᠷᠳᠤᠯ ᠪᠣᠳᠠᠰ ᠢ ᠲᠤᠶᠢᠯ ᠤᠨ ᠪᠠᠭ᠎ᠠ ᠬᠡᠮᠵᠢᠶ᠎ᠡ ᠪᠠᠷ ᠭᠠᠳᠠᠭᠰᠢᠯᠠᠭᠤᠯᠬᠤ᠂ ᠠᠮᠢ ᠠᠬᠤᠢ ᠶᠢᠨ᠂ ᠣᠶᠤᠨᠲᠤ᠂ ᠣᠶᠤᠨᠴᠢᠯᠠᠭᠰᠠᠨ ᠳᠡᠯᠡᠬᠡᠢ ᠶᠢᠨ ᠲᠡᠷᠢᠭᠦᠨ ᠵᠡᠷᠭᠡ ᠶᠢᠨ ︿ᠬᠡᠷᠡᠯᠳᠦ ᠴᠠᠮᠬᠠᠭ ᠤᠨ ᠦᠢᠯᠡᠳᠪᠦᠷᠢ﹀ ᠪᠣᠯᠭᠠᠨ ᠪᠦᠲᠦᠭᠡᠨ ᠪᠠᠶᠢᠭᠤᠯᠤᠨ᠎ᠠ᠃ ᠬᠦᠬᠦᠷ ᠤᠨ ᠳᠠᠪᠬᠤᠷ ᠢᠰᠦᠯ ᠵᠡᠷᠭᠡ ᠭᠤᠣᠯ ᠪᠤᠯᠬᠤ ᠪᠣᠬᠢᠷᠳᠤᠯ ᠪᠣᠳᠠᠰ ᠤᠨ ᠭᠠᠳᠠᠭᠰᠢᠯᠠᠭᠤᠯᠤᠯᠲᠠ ᠶᠢ ᠶᠡᠭᠡ ᠪᠠᠷ ᠪᠠᠭᠤᠷᠠᠭᠤᠯᠴᠢᠬᠠᠪᠠᠯ᠂ ᠪᠢᠳᠡ ᠪᠣᠬᠢᠷᠳᠤᠯ ᠭᠠᠳᠠᠭᠰᠢᠯᠠᠭᠤᠯᠬᠤ ᠡᠷᠬᠡ ᠶᠢ ᠬᠤᠳᠠᠯᠳᠤᠨ ᠠᠪᠬᠤ ᠲᠠᠯ᠎ᠠ ᠪᠠᠷ ᠶᠡᠭᠡ ᠬᠡᠮᠵᠢᠶᠡᠨ ᠤ ᠵᠣᠭᠤᠰ ᠮᠥᠩᠭᠦ ᠶᠢ ᠠᠷᠪᠢᠯᠠᠬᠤ ᠪᠣᠯᠣᠨ᠎ᠠ︾ ᠭᠡᠵᠦ ᠲᠠᠨᠢᠯᠴᠠᠭᠤᠯᠤᠯ᠎ᠠ᠃
ᠹᠧᠩ ᠴᠤᠤ ᠳᠠᠭᠠᠭᠠᠮᠠᠯ ᠤᠨ ᠶᠠᠷᠢᠵᠤ ᠪᠠᠶᠢᠬᠤ ᠪᠣᠬᠢᠷᠳᠤᠯ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠭᠡᠳᠡᠭ ᠨᠢ ᠭᠤᠣᠯᠳᠠᠭᠤ ᠵᠠᠬ᠎ᠠ ᠳᠡᠯᠭᠡᠭᠦᠷ ᠤᠨ ᠠᠷᠭ᠎ᠠ ᠪᠠᠷᠢᠯ ᠢᠶᠠᠷ ᠣᠷᠴᠢᠨ ᠲᠣᠭᠤᠷᠢᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠣᠷᠴᠢᠨ ᠲᠣᠭᠤᠷᠢᠨ ᠤ ᠡᠬᠢ ᠪᠠᠶᠠᠯᠢᠭ ᠢ ᠦᠨ᠎ᠡ ᠲᠥᠯᠥᠪᠦᠷᠢ ᠦᠭᠡᠢ ᠪᠠᠷ ᠡᠵᠡᠯᠡᠨ ᠬᠡᠷᠡᠭᠯᠡᠬᠦ ᠶᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠪᠣᠯᠭᠠᠨ ᠬᠤᠪᠢᠷᠠᠭᠤᠯᠬᠤ ᠶᠢ ᠵᠢᠭᠠᠵᠤ ᠪᠠᠶᠢᠨ᠎ᠠ᠃ ᠡᠨᠡ ᠨᠢ ᠨᠢᠭᠡ ᠲᠠᠯ᠎ᠠ ᠪᠠᠷ ᠠᠵᠤ ᠠᠬᠤᠶᠢᠯᠠᠯ ᠤᠨ ᠰᠠᠨᠠᠭᠠᠴᠢᠯᠠᠭ᠎ᠠ ᠠᠴᠠ ᠪᠠᠨ ᠪᠣᠬᠢᠷᠳᠤᠯ ᠢ ᠪᠠᠭᠠᠰᠬᠠᠬᠤ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠨᠥᠭᠦᠭᠡ ᠲᠠᠯ᠎ᠠ ᠪᠠᠷ ᠮᠠᠨ ᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ ᠳᠤ ᠪᠡᠯᠡ ᠮᠥᠩᠭᠦᠨ ᠤ ᠳᠡᠮᠵᠢᠯᠭᠡ ᠬᠠᠩᠭᠠᠳᠠᠭ ᠶᠤᠮ᠃
2010 ᠣᠨ ᠤ 9 ᠰᠠᠷ᠎ᠠ ᠳᠤ ᠤᠯᠤᠰ ᠠᠴᠠ 11 ᠪᠣᠬᠢᠷᠳᠤᠯ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠲᠤᠷᠰᠢᠯᠲᠠ ᠶᠢᠨ ᠴᠡᠭ ᠤᠨ ᠮᠤᠵᠢ ᠣᠷᠣᠨ ᠢ ᠰᠣᠩᠭᠤᠨ ᠭᠠᠷᠭᠠᠭᠰᠠᠨ ᠳᠤ ᠥᠪᠥᠷ ᠮᠣᠩᠭᠤᠯ ᠪᠠᠭᠲᠠᠵᠠᠢ᠃ 2011 ᠣᠨ ᠤ 1 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠪᠤᠯᠬᠤ ᠪᠣᠬᠢᠷᠲᠤᠭᠤᠯᠬᠤ ᠪᠣᠳᠠᠰ ᠤᠨ ᠪᠣᠬᠢᠷᠳᠤᠯ ᠭᠠᠳᠠᠭᠰᠢᠯᠠᠭᠤᠯᠬᠤ ᠡᠷᠬᠡ ᠶᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠪᠠ ᠠᠷᠠᠯᠵᠢᠶᠠᠯᠠᠬᠤ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠬᠦᠬᠦᠷ ᠤᠨ ᠳᠠᠪᠬᠤᠷ ᠢᠰᠦᠯ᠂ ᠠᠽᠣᠲ ᠤᠨ ᠢᠰᠦᠯ᠂ ᠬᠢᠮᠢ ᠳᠤ ᠬᠡᠷᠡᠭᠰᠡᠬᠦ ᠬᠦᠴᠢᠯᠲᠥ᠋ᠷᠥᠭᠴᠢ ᠶᠢᠨ ᠬᠡᠮᠵᠢᠶ᠎ᠡ᠂ ᠰᠢᠪᠲᠦᠷᠲᠦ ᠠᠽᠣᠲ ᠵᠡᠷᠭᠡ 4 ᠵᠦᠢᠯ ᠤᠨ ᠭᠤᠣᠯ ᠪᠤᠯᠬᠤ ᠪᠣᠬᠢᠷᠲᠤᠭᠤᠯᠬᠤ ᠪᠣᠳᠠᠰ ᠢ ᠭᠠᠳᠠᠭᠰᠢᠯᠠᠭᠤᠯᠬᠤ ᠭᠦᠢᠴᠡᠳᠬᠡᠯ ᠲᠤᠭ᠎ᠠ ᠶᠢ ᠬᠤᠪᠢᠶᠠᠷᠢᠯᠠᠬᠤ ᠠᠷᠭ᠎ᠠ ᠪᠣᠯᠣᠨ ᠪᠣᠬᠢᠷᠳᠤᠯ ᠭᠠᠳᠠᠭᠰᠢᠯᠠᠭᠤᠯᠬᠤ ᠡᠷᠬᠡ ᠶᠢ ᠬᠡᠷᠡᠭᠯᠡᠬᠦ ᠠᠷᠭ᠎ᠠ ᠭᠡᠯᠪᠡᠷᠢ ᠶᠢ ᠬᠤᠪᠢᠷᠠᠭᠤᠯᠬᠤ ᠪᠠᠷ ᠳᠠᠮᠵᠢᠨ ᠪᠦᠭᠦ ᠣᠷᠣᠨ ᠤ ᠪᠣᠬᠢᠷᠳᠤᠯ ᠭᠠᠳᠠᠭᠰᠢᠯᠠᠭᠤᠯᠬᠤ ᠡᠷᠬᠡ ᠶᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠪᠠ ᠠᠷᠠᠯᠵᠢᠶᠠᠯᠠᠬᠤ ᠵᠠᠬ᠎ᠠ ᠳᠡᠯᠭᠡᠭᠦᠷ ᠢ ᠪᠦᠷᠢᠯᠳᠦᠭᠦᠯᠬᠦ ᠪᠠ ᠵᠢᠷᠤᠮᠵᠢᠭᠤᠯᠬᠤ ᠬᠡᠷᠡᠭᠲᠡᠢ ᠭᠡᠵᠦ ᠱᠠᠭᠠᠷᠳᠠᠪᠠ᠃ ᠡᠨᠡ ᠨᠢ ᠪᠣᠬᠢᠷᠳᠤᠯ ᠭᠠᠳᠠᠭᠰᠢᠯᠠᠭᠤᠯᠬᠤ ᠡᠷᠬᠡ ᠶᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠪᠠ ᠠᠷᠠᠯᠵᠢᠶᠠᠯᠠᠬᠤ ᠲᠤᠬᠠᠢ ᠥᠭᠡᠷᠡᠴᠢᠯᠡᠯᠲᠡ ᠤᠮᠠᠷᠠᠲᠤ ᠬᠢᠯᠢ ᠶᠢᠨ ᠡᠬᠡ ᠭᠠᠵᠠᠷ ᠲᠤ ᠬᠥᠰᠢᠭᠡ ᠪᠠᠨ ᠰᠡᠬᠦᠭᠰᠡᠨ ᠢ ᠬᠠᠷᠠᠭᠤᠯᠵᠤ ᠪᠠᠶᠢᠨ᠎ᠠ᠃
2011 ᠣᠨ ᠠᠴᠠ ᠨᠠᠭᠠᠰᠢ᠂ ᠥᠪᠥᠷ ᠮᠣᠩᠭᠤᠯ ᠤᠷᠢᠳ ᠬᠤᠵᠢᠳ 7 ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠨᠡᠶᠢᠲᠡᠯᠡᠵᠦ᠂ ᠪᠣᠬᠢᠷᠳᠤᠯ ᠭᠠᠳᠠᠭᠰᠢᠯᠠᠭᠤᠯᠬᠤ ᠡᠷᠬᠡ ᠶᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠪᠠ ᠠᠷᠠᠯᠵᠢᠶᠠᠯᠠᠬᠤ ᠶᠢ ᠵᠢᠩᠬᠢᠨᠢ ᠪᠠᠷ ᠬᠡᠷᠡᠭᠵᠢᠭᠦᠯᠬᠦ ᠳᠤ ᠵᠢᠯᠤᠭᠤᠳᠬᠤ ᠵᠠᠷᠴᠢᠮ᠂ ᠦᠨᠳᠦᠰᠦᠨ ᠪᠠᠷᠢᠮᠵᠢᠶᠠᠲᠤ ᠦᠨ᠎ᠡ ᠬᠠᠩᠰᠢ᠂ ᠠᠷᠠᠯᠵᠢᠶᠠᠨ ᠤ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ᠂ ᠪᠣᠬᠢᠷᠳᠤᠯ ᠭᠠᠳᠠᠭᠰᠢᠯᠠᠭᠤᠯᠬᠤ ᠡᠷᠬᠡ ᠶᠢ ᠨᠥᠭᠡᠴᠡᠯᠡᠬᠦ ᠳᠦᠷᠢᠮ᠂ ᠠᠷᠠᠯᠵᠢᠶᠠᠨ ᠤ ᠬᠠᠮᠢᠶᠠᠷᠤᠯᠲᠠ ᠶᠢᠨ ᠳᠦᠷᠢᠮ ᠪᠠ ᠰᠦᠯᠵᠢᠶ᠎ᠡ ᠪᠠᠷ ᠦᠨ᠎ᠡ ᠥᠷᠢᠰᠦᠯᠳᠦᠬᠦ ᠳᠦᠷᠢᠮ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠢᠰᠲ᠋ᠧᠮ ᠢ ᠲᠣᠭᠲᠠᠭᠠᠵᠠᠢ᠃
ᠮᠠᠨ ᠤ ᠣᠷᠣᠨ 10 ᠭᠠᠷᠤᠢ ᠵᠢᠯ ᠤᠨ ᠰᠦᠪᠡᠭᠴᠢᠯᠡᠯᠲᠡ ᠪᠠ ᠬᠥᠭᠵᠢᠯᠲᠡ ᠪᠠᠷ ᠳᠡᠮᠵᠢᠨ ᠣᠲᠣ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠬᠢᠨᠠᠨ ᠵᠥᠪᠰᠢᠶᠡᠷᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠨᠢᠭᠡᠨᠲᠡ 4 ᠵᠦᠢᠯ ᠤᠨ ᠭᠤᠣᠯ ᠪᠤᠯᠬᠤ ᠪᠣᠬᠢᠷᠲᠤᠭᠤᠯᠬᠤ ᠪᠣᠳᠠᠰ ᠤᠨ ᠪᠣᠬᠢᠷᠳᠤᠯ ᠭᠠᠳᠠᠭᠰᠢᠯᠠᠭᠤᠯᠬᠤ ᠡᠷᠬᠡ ᠶᠢᠨ ᠭᠦᠢᠴᠡᠳᠬᠡᠯ ᠲᠤᠭ᠎ᠠ ᠶᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠳᠦᠷᠢᠮ ᠢ ᠰᠢᠨ᠎ᠡ ᠪᠠᠷ ᠨᠡᠮᠡᠭᠳᠡᠭᠦᠯᠵᠦ᠂ ᠦᠬᠠᠢ ᠬᠤᠲᠠ ᠪᠠ ᠣᠷᠳᠣᠰ ᠬᠤᠲᠠ ᠳᠤ ᠪᠣᠬᠢᠷᠳᠤᠯ ᠭᠠᠳᠠᠭᠰᠢᠯᠠᠭᠤᠯᠬᠤ ᠡᠷᠬᠡ ᠶᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠪᠠ ᠠᠷᠠᠯᠵᠢᠶᠠᠯᠠᠬᠤ ᠲᠤᠷᠰᠢᠯᠲᠠ ᠶᠢᠨ ᠴᠡᠭ ᠤᠨ ᠠᠵᠢᠯ ᠥᠷᠨᠢᠭᠦᠯᠪᠡ᠃
2023 ᠣᠨ ᠤ 10 ᠰᠠᠷ᠎ᠠ ᠪᠤᠯᠲᠠᠯ᠎ᠠ᠂ ᠪᠦᠭᠦ ᠣᠷᠣᠨ ᠨᠡᠶᠢᠲᠡ 929 ᠲᠥᠷᠥᠯ ᠵᠦᠢᠯ ᠢ ᠵᠣᠬᠢᠶᠠᠨ ᠪᠠᠶᠢᠭᠤᠯᠵᠤ ᠪᠣᠬᠢᠷᠳᠤᠯ ᠭᠠᠳᠠᠭᠰᠢᠯᠠᠭᠤᠯᠬᠤ ᠡᠷᠬᠡ ᠶᠢ ᠦᠨ᠎ᠡ ᠲᠥᠯᠥᠪᠦᠷᠢ ᠲᠠᠢ ᠪᠠᠷ ᠬᠡᠷᠡᠭᠯᠡᠵᠦ᠂ ᠦᠨ᠎ᠡ ᠲᠥᠯᠥᠪᠦᠷᠢ ᠲᠠᠢ ᠪᠠᠷ ᠬᠡᠷᠡᠭᠯᠡᠭᠰᠡᠨ ᠪᠦᠭᠦ ᠵᠣᠭᠤᠰᠤᠨ ᠤ ᠬᠡᠮᠵᠢᠶ᠎ᠡ 4.45 ᠳ᠋ᠦᠩᠰᠢᠭᠤᠷ ᠲᠥᠭᠦᠷᠢᠭ ᠲᠤ ᠬᠦᠷᠴᠡᠢ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤ ᠨᠡᠶᠢᠲᠡ 541 ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠪᠣᠬᠢᠷᠳᠤᠯ ᠭᠠᠳᠠᠭᠰᠢᠯᠠᠭᠤᠯᠬᠤ ᠡᠷᠬᠡ ᠶᠢ ᠦᠨ᠎ᠡ ᠲᠥᠯᠥᠪᠦᠷᠢ ᠲᠠᠢ ᠪᠠᠷ ᠬᠡᠷᠡᠭᠯᠡᠵᠦ᠂ ᠦᠨ᠎ᠡ ᠲᠥᠯᠥᠪᠦᠷᠢ ᠲᠠᠢ ᠪᠠᠷ ᠬᠡᠷᠡᠭᠯᠡᠭᠰᠡᠨ ᠵᠣᠭᠤᠰᠤᠨ ᠤ ᠬᠡᠮᠵᠢᠶ᠎ᠡ 3.74 ᠳ᠋ᠦᠩᠰᠢᠭᠤᠷ ᠲᠥᠭᠦᠷᠢᠭ ᠲᠤ ᠭᠦᠷᠦᠭᠰᠡᠨ ᠪᠥᠭᠡᠳ ᠪᠦᠭᠦᠨ ᠢ ᠡᠳ᠋ ᠤᠨ ᠵᠠᠰᠠᠭ ᠲᠤ ᠲᠤᠰᠢᠶᠠᠵᠤ᠂ ᠪᠣᠬᠢᠷᠳᠤᠯ ᠢ ᠰᠡᠷᠭᠡᠶᠢᠯᠡᠨ ᠵᠠᠰᠠᠬᠤ ᠳᠤ ᠨᠢᠭᠡᠳᠦᠯᠲᠡᠢ ᠲᠥᠯᠥᠪᠯᠡᠨ ᠬᠡᠷᠡᠭᠯᠡᠭᠰᠡᠨ ᠠᠵᠢ᠃
ᠣᠶᠢᠷ᠎ᠠ ᠳᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠥᠪᠥᠷ ᠮᠣᠩᠭᠤᠯ ᠤᠨ ᠪᠣᠬᠢᠷᠳᠤᠯ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠲᠤᠷᠰᠢᠯᠲᠠ ᠶᠢᠨ ᠴᠡᠭ ᠤᠨ ᠠᠵᠢᠯ ᠢ ᠭᠦᠨᠵᠡᠭᠡᠶᠢᠷᠡᠭᠦᠯᠬᠦ ᠶᠢ ᠳᠡᠮᠵᠢᠨ᠎ᠠ ᠭᠡᠵᠦ ᠲᠣᠳᠣᠷᠬᠠᠢ ᠵᠢᠭᠠᠵᠤ ᠭᠠᠷᠭᠠᠪᠠ᠃ ᠪᠣᠬᠢᠷᠳᠤᠯ ᠭᠠᠳᠠᠭᠰᠢᠯᠠᠭᠤᠯᠬᠤ ᠡᠷᠬᠡ ᠶᠢ ᠠᠷᠠᠯᠵᠢᠶᠠᠯᠠᠬᠤ ᠲᠤᠷᠰᠢᠯᠲᠠ ᠶᠢᠨ ᠴᠡᠭ ᠤᠨ ᠠᠵᠢᠯ ᠢ ᠭᠦᠨᠵᠡᠭᠡᠶᠢᠷᠡᠭᠦᠯᠬᠦ ᠲᠠᠯ᠎ᠠ ᠪᠠᠷ ᠥᠪᠥᠷ ᠮᠣᠩᠭᠤᠯ ᠡᠷᠡᠰ ᠪᠠᠲᠤ ᠤᠷᠤᠭᠰᠢᠯᠠᠭᠰᠠᠭᠠᠷ ——
ᠠᠩᠬᠠᠨ ᠤ ᠪᠣᠬᠢᠷᠳᠤᠯ ᠭᠠᠳᠠᠭᠰᠢᠯᠠᠭᠤᠯᠬᠤ ᠡᠷᠬᠡ ᠪᠣᠯ ᠪᠣᠬᠢᠷᠳᠤᠯ ᠭᠠᠳᠠᠭᠰᠢᠯᠠᠭᠤᠯᠬᠤ ᠡᠷᠬᠡ ᠶᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠶᠢ ᠬᠡᠷᠡᠭᠵᠢᠭᠦᠯᠬᠦ ᠶᠢᠨ ᠰᠠᠭᠤᠷᠢ ᠪᠣᠯᠣᠨ᠎ᠠ᠂ ᠮᠠᠨ ᠤ ᠣᠷᠣᠨ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠠᠩᠬᠠᠨ ᠤ ᠪᠣᠬᠢᠷᠳᠤᠯ ᠭᠠᠳᠠᠭᠰᠢᠯᠠᠭᠤᠯᠬᠤ ᠡᠷᠬᠡ ᠶᠢ ᠬᠠᠷᠭᠤᠭᠤᠯᠤᠨ ᠲᠣᠭᠲᠠᠭᠠᠬᠤ ᠪᠠ ᠬᠠᠮᠢᠶᠠᠷᠬᠤ ᠳᠦᠷᠢᠮ ᠢ ᠲᠣᠭᠲᠠᠭᠠᠵᠤ᠂ 4000 ᠭᠠᠷᠤᠢ ᠠᠵᠤ ᠠᠬᠤᠶᠢᠯᠠᠯ ᠳᠤ ᠬᠠᠷᠭᠤᠭᠤᠯᠤᠨ ᠲᠣᠭᠲᠠᠭᠠᠬᠤ ᠠᠵᠢᠯ ᠦᠷᠨᠢᠭᠦᠯᠪᠡ︔
ᠬᠤᠴᠤᠷᠤᠩᠭᠤᠢ ᠪᠠ ᠦᠯᠡᠭᠦᠳᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠬᠦ ᠲᠥᠷᠥᠯ ᠵᠦᠢᠯ ᠵᠡᠷᠭᠡ ᠵᠠᠬ᠎ᠠ ᠳᠡᠯᠭᠡᠭᠦᠷ ᠳᠡᠭᠡᠷ᠎ᠡ ᠪᠤᠶ ᠪᠣᠯᠤᠭᠰᠠᠨ ᠪᠣᠬᠢᠷᠳᠤᠯ ᠢ ᠪᠠᠭᠠᠰᠬᠠᠬᠤ ᠦᠯᠡᠭᠦᠳᠡᠵᠦ ᠪᠠᠶᠢᠭ᠎ᠠ ᠪᠣᠬᠢᠷᠳᠤᠯ ᠭᠠᠳᠠᠭᠰᠢᠯᠠᠭᠤᠯᠬᠤ ᠡᠷᠬᠡ ᠶᠢᠨ ᠭᠦᠢᠴᠡᠳᠬᠡᠯ ᠲᠤᠭ᠎ᠠ ᠶᠢ ᠴᠠᠭ ᠲᠤᠬᠠᠢ ᠳᠤᠨᠢ ᠳᠠᠭᠢᠵᠤ ᠬᠤᠳᠠᠯᠳᠤᠨ ᠠᠪᠤᠭᠰᠠᠨ ᠪᠠ ᠨᠥᠭᠡᠴᠡᠯᠡᠵᠦ᠂ ᠪᠣᠬᠢᠷᠳᠤᠯ ᠭᠠᠳᠠᠭᠰᠢᠯᠠᠭᠤᠯᠬᠤ ᠡᠷᠬᠡ ᠶᠢᠨ ᠭᠦᠢᠴᠡᠳᠬᠡᠯ ᠲᠤᠭ᠎ᠠ ᠶᠢ ᠬᠥᠳᠡᠯᠦᠩᠭᠦᠢ ᠪᠠᠷ ᠰᠢᠯᠢᠳᠡᠭᠵᠢᠭᠦᠯᠦᠨ ᠲᠣᠬᠢᠷᠠᠭᠤᠯᠬᠤ ᠶᠢ ᠪᠡᠶᠡᠯᠡᠭᠦᠯᠪᠡ︔
ᠡᠯ᠎ᠡ ᠠᠶᠢᠮᠠᠭ ᠬᠤᠳᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠶᠡᠷᠦᠩᠬᠡᠢ ᠭᠦᠢᠴᠡᠳᠬᠡᠯ ᠲᠤᠭ᠎ᠠ ᠨᠢ ᠬᠦᠷᠦᠯᠴᠡᠬᠦ ᠦᠭᠡᠢ ᠪᠣᠯ᠂ ᠮᠤᠵᠢ ᠶᠢᠨ ᠱᠠᠲᠤᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠪᠤᠯᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠡᠷᠡᠮᠡᠯᠵᠡᠯᠡᠨ ᠣᠯᠵᠤ᠂ ᠮᠠᠨ ᠤ ᠣᠷᠣᠨ ᠤ ᠳᠠᠷᠠᠭᠠᠴᠢ ᠶᠢᠨ ᠠᠯᠬᠤᠮ ᠳᠤ ᠪᠣᠬᠢᠷᠳᠤᠯ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠰᠠᠭᠤᠷᠢ ᠲᠠᠯᠪᠢᠪᠠ᠃
ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠲᠥᠪ ᠤᠨ ᠬᠠᠷᠢᠭᠤᠴᠠᠯᠭᠠᠲᠠᠨ ᠾᠧ ᠰᠢᠶᠣᠣ ᠫᠢᠩ ᠤᠨ ᠬᠡᠯᠡᠬᠦ ᠪᠠᠷ᠂ ᠪᠣᠬᠢᠷᠳᠤᠯ ᠭᠠᠳᠠᠭᠰᠢᠯᠠᠭᠤᠯᠬᠤ ᠡᠷᠬᠡ ᠶᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠪᠠ ᠠᠷᠠᠯᠵᠢᠶᠠᠯᠠᠬᠤ ᠶᠢᠨ ᠡᠨᠡ ᠬᠦ ᠭᠡᠳᠡᠷᠭᠦ ᠰᠢᠬᠠᠮᠳᠠᠭᠤᠯᠬᠤ ᠲᠣᠭᠲᠠᠴᠠ ᠨᠢ ᠰᠢᠨ᠎ᠡ ᠪᠠᠷ ᠪᠠᠶᠢᠭᠤᠯᠤᠭᠳᠠᠬᠤ ᠠᠵᠤ ᠠᠬᠤᠶᠢᠯᠠᠯ ᠤᠨ ᠠᠵᠢᠯ ᠲᠦᠷᠦᠯ ᠳᠤ ᠣᠷᠣᠬᠤ ᠵᠥᠪᠰᠢᠶᠡᠷᠡᠯ ᠤᠨ ᠪᠠᠷᠢᠮᠵᠢᠶ᠎ᠠ ᠶᠢ ᠴᠢᠨᠠᠭᠰᠢᠳᠠ ᠳᠡᠭᠡᠭᠰᠢᠯᠡᠭᠦᠯᠵᠦ᠂ ᠪᠤᠰᠤᠳᠴᠢ ᠲᠠᠯ᠎ᠠ ᠪᠠᠷ ︽ᠪᠣᠬᠢᠷᠲᠤᠭᠤᠯᠤᠯ ᠶᠡᠬᠡᠲᠡᠢ ᠡᠨᠧᠷᠭᠢ ᠶᠢᠨ ᠬᠤᠷᠣᠭᠳᠠᠭᠤᠯᠤᠯ ᠶᠡᠬᠡᠲᠡᠢ︾ ᠪᠠ ᠦᠢᠯᠡᠳᠪᠦᠷᠢᠯᠡᠯ ᠤᠨ ᠴᠢᠳᠠᠪᠤᠷᠢ ᠦᠯᠡᠭᠦᠳᠡᠭᠰᠡᠨ ᠠᠵᠢᠯ ᠲᠥᠷᠥᠯ ᠤᠨ ᠰᠢᠨ᠎ᠡ ᠪᠠᠷ ᠪᠦᠲᠦᠭᠡᠨ ᠪᠠᠶᠢᠭᠤᠯᠬᠤ ᠲᠦᠷᠦᠯ ᠵᠦᠢᠯ ᠢ ᠬᠢᠵᠠᠭᠠᠷᠯᠠᠪᠠ᠃ ᠡᠭᠦᠨ ᠤ ᠬᠠᠮᠲᠤ᠂ ᠠᠵᠤ ᠠᠬᠤᠶᠢᠯᠠᠯ ᠤᠨ ᠣᠷᠴᠢᠨ ᠲᠣᠭᠤᠷᠢᠨ ᠤ ᠥᠪᠡᠷ ᠤᠨ ᠦᠷᠳᠡᠭ ᠢ ᠪᠠᠭᠤᠷᠠᠭᠤᠯᠬᠤ ᠲᠠᠯ᠎ᠠ ᠠᠴᠠ ᠪᠣᠳᠣᠯᠬᠢᠯᠠᠨ᠂ ᠪᠣᠬᠢᠷᠲᠤᠭᠤᠯᠬᠤ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠪᠤᠯᠭᠠᠬᠰᠠᠨ ᠪᠥᠭᠡᠳ ᠠᠵᠤ ᠠᠬᠤᠶᠢᠯᠠᠯ ᠳᠤ ᠪᠣᠬᠢᠷᠳᠤᠯ ᠢ ᠵᠠᠰᠠᠬᠤ ᠨᠢ ︽ᠣᠯᠵᠠ ᠠᠰᠢᠭ ᠲᠠᠢ︾ ᠪᠠᠶᠢᠳᠠᠭ ᠢ ᠲᠠᠨᠢᠭᠤᠯᠵᠤ᠂ ᠠᠵᠤ ᠠᠬᠤᠶᠢᠯᠠᠯ ᠤᠨ ᠪᠣᠬᠢᠷᠳᠤᠯ ᠢ ᠵᠠᠰᠠᠬᠤ ᠢᠳᠡᠪᠬᠢᠵᠢᠯ ᠢ ᠳᠡᠭᠡᠭᠰᠢᠯᠡᠭᠦᠯᠦᠨ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠳᠤ ᠨᠡᠩ ᠶᠡᠭᠡ ᠣᠷᠴᠢᠨ ᠲᠣᠭᠤᠷᠢᠨ ᠤ ᠨᠥᠭᠡᠴᠡ ᠣᠷᠣᠨ ᠵᠠᠢ ᠭᠠᠷᠭᠠᠭᠰᠠᠨ ᠪᠠᠶᠢᠨ᠎ᠠ᠃
︽ᠰᠠᠨᠠᠯ︾ ᠨᠢ ᠮᠠᠨ ᠤ ᠣᠷᠣᠨ ᠤ ᠪᠣᠬᠢᠷᠳᠤᠯ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠳᠦᠷᠢᠮ ᠤᠨ ᠪᠠᠶᠢᠭᠤᠯᠤᠯᠲᠠ ᠶᠢᠨ ᠨᠠᠩ ᠭᠦᠨ ᠳᠠᠪᠬᠤᠷᠭ᠎ᠠ ᠲᠡᠶᠢᠰᠢ ᠬᠥᠭᠵᠢᠬᠦ ᠶᠢ ᠠᠬᠢᠭᠤᠯᠬᠤ ᠪᠣᠯᠣᠨ᠎ᠠ᠃ ᠲᠠᠷᠠᠭᠠᠴᠢ ᠶᠢᠨ ᠠᠯᠬᠤᠮ ᠳᠤ᠂ ᠪᠢᠳᠡ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠳᠦᠷᠢᠮ︾ ᠤᠨ ᠪᠣᠬᠢᠷᠳᠤᠯ ᠭᠠᠳᠠᠭᠰᠢᠯᠠᠭᠤᠯᠬᠤ ᠡᠷᠬᠡ ᠶᠢᠨ ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠶᠢ ᠦᠷᠭᠦᠯᠵᠢᠯᠡᠨ ᠠᠬᠢᠭᠤᠯᠵᠤ᠂ ᠪᠣᠬᠢᠷᠳᠤᠯ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠮᠡᠷᠭᠡᠵᠢᠯ᠂ ᠬᠢᠨᠠᠨ ᠲᠣᠭᠲᠠᠭᠠᠬᠤ ᠮᠡᠷᠭᠡᠵᠢᠯ᠂ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ᠂ ᠣᠷᠴᠢᠨ ᠲᠣᠭᠤᠷᠢᠨ ᠤ ᠨᠥᠭᠡᠴᠡ ᠡᠬᠢ ᠪᠠᠶᠠᠯᠢᠭ ᠤᠨ ᠦᠨ᠎ᠡ ᠥᠷᠲᠡᠭ ᠢ ᠦᠨᠡᠯᠡᠨ ᠵᠢᠱᠢᠬᠦ ᠰᠢᠰᠲ᠋ᠧᠮ᠂ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠲᠣᠭᠲᠠᠴᠠ ᠵᠡᠷᠭᠡ ᠣᠨᠣᠯ ᠪᠠ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠬᠤ ᠰᠢᠰᠲ᠋ᠧᠮ ᠢ ᠰᠤᠳᠤᠯᠤᠨ ᠰᠦᠪᠡᠭᠴᠢᠯᠡᠬᠦ ᠶᠢ ᠴᠢᠨᠠᠭᠰᠢᠳᠠ ᠴᠢᠩᠭᠠᠳᠬᠠᠨ ᠲᠦᠷᠭᠡᠳᠬᠡᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠣᠷᠣᠨ ᠪᠦᠰᠡ ᠶᠢᠨ ᠴᠢᠨᠠᠷᠲᠠᠢ ᠪᠣᠬᠢᠷᠳᠤᠯ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠲᠤᠷᠰᠢᠯᠲᠠ ᠶᠢᠨ ᠴᠡᠭ ᠤᠨ ᠠᠵᠢᠯ ᠢ ᠰᠦᠪᠡᠭᠴᠢᠯᠡᠨ ᠥᠷᠨᠢᠭᠦᠯᠵᠦ᠂ ᠪᠣᠬᠢᠷᠳᠤᠯ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠲᠤᠬᠠᠢ ᠠᠵᠤ ᠠᠬᠤᠶᠢᠯᠠᠯ ᠤᠨ ᠢᠳᠡᠪᠬᠢᠵᠢᠯ ᠢ ᠴᠢᠨᠠᠭᠰᠢᠳᠠ ᠨᠡᠮᠡᠭᠳᠡᠭᠦᠯᠦᠨ᠂ ᠮᠠᠨ ᠤ ᠣᠷᠣᠨ ᠤ ᠬᠥᠭᠵᠢᠯᠲᠡ ᠳᠤ ᠨᠠᠩ ᠣᠯᠠᠨ ᠪᠣᠬᠢᠷᠳᠤᠯ ᠦᠭᠡᠢ ᠬᠥᠳᠡᠯᠭᠡᠬᠦ ᠡᠨᠧᠷᠭᠢ ᠨᠡᠮᠡᠷᠢᠯᠡᠨ᠎ᠡ ᠭᠡᠵᠦ ᠾᠧ ᠰᠢᠶᠣᠣ ᠫᠢᠩ ᠬᠡᠯᠡᠪᠡ᠃