ᠲᠦᠷᠦᠭᠦᠬᠡᠨ ᠲᠥᠷᠥ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠠ ᠬᠦᠰᠡᠯ ᠨᠠᠶᠢᠳᠠᠯᠭ᠎ᠠ ᠶᠢ ᠭᠦᠢᠴᠡᠳ ᠢᠯᠡᠷᠡᠭᠦᠯᠪᠡ᠃ ︽ᠰᠠᠨᠠᠯ︾ ᠨᠢ ᠮᠠᠨ ᠤ ᠣᠷᠣᠨ ᠤ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠪᠠ ᠰᠢᠨ᠎ᠡ ᠵᠠᠮ ᠢ ᠨᠡᠭᠡᠭᠡᠬᠦ᠂ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠶᠢ ᠳᠡᠮᠵᠢᠬᠦ ᠶᠢᠨ ᠲᠣᠭᠤᠷᠢᠨ ᠳᠤ᠂ ᠠᠯᠢ ᠣᠯᠠᠨ ᠴᠢᠬᠤᠯᠠ ᠶᠡᠭᠡ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠳᠤᠷᠠᠳᠪᠠ᠃ ᠪᠦᠭᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠢᠨ ︽ᠰᠠᠨᠠᠯ︾ ᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠪᠠᠬᠢ ᠴᠣᠭᠴᠠᠯᠠᠬᠤ ᠲᠣᠭᠤᠷᠢᠨ ᠳᠤ᠂ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠱᠦᠵᠢ ᠵᠠᠩ ᠽᠢ ᠵᠢᠶᠦ᠋ᠨ ᠢ ᠰᠤᠷᠪᠤᠯᠵᠢᠯᠠᠪᠠ᠃
︽︿ᠰᠠᠨᠠᠯ﹀ ᠤᠨ ᠨᠠᠢᠮᠠᠳᠤᠭᠠᠷ ᠬᠡᠰᠡᠭ ᠲᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠪᠦᠭᠦ ᠲᠠᠯ᠎ᠠ ᠪᠠᠷ ᠠᠬᠢᠭᠤᠯᠬᠤ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠭᠦ᠂ ᠬᠢᠯᠢ ᠬᠢᠵᠠᠭᠠᠷ ᠢ ᠰᠠᠬᠢᠨ ᠬᠢᠯᠢ ᠬᠢᠵᠠᠭᠠᠷ ᠢ ᠪᠠᠬᠢᠵᠢᠭᠦᠯᠬᠦ ᠬᠢᠯᠢ ᠬᠢᠵᠠᠭᠠᠷ ᠢ ᠬᠥᠭᠵᠢᠭᠦᠯᠦᠨ ᠮᠠᠨᠳᠤᠭᠤᠯᠬᠤ ᠶᠢ ᠴᠢᠩᠭᠠᠳᠬᠠᠬᠤ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ ᠲᠠᠪᠤᠨ ᠲᠠᠯ᠎ᠠ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠬᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠲᠤᠬᠠᠢ ᠪᠠᠶᠢᠷᠢᠯᠠᠭᠤᠯᠤᠯᠲᠠ ᠬᠢᠵᠡᠢ᠃ ᠪᠦᠭᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ︿ᠭᠤᠣᠯ ᠬᠦᠴᠦᠨ﹀ ᠪᠣᠯᠤᠭᠰᠠᠨ ᠤ ᠬᠤᠪᠢ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠠᠤᠯᠢᠵᠢᠯ ᠤᠨ ᠦᠨᠳᠦᠰᠦ ᠰᠠᠭᠤᠷᠢ ᠶᠢ ᠪᠠᠬᠢᠵᠢᠭᠦᠯᠬᠦ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠭᠡᠲᠦ ᠳᠤ ᠠᠰᠢᠭᠲᠠᠢ ᠪᠠᠶᠢᠯᠭᠠᠬᠤ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠬᠤᠷᠰᠢᠯ ᠢ ᠪᠡᠶᠡᠯᠡᠭᠦᠯᠬᠦ ᠶᠢ ᠠᠬᠢᠭᠤᠯᠵᠤ᠂ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠵᠤ᠂ ᠮᠠᠨ ᠤ ᠣᠷᠣᠨ ᠤ ᠠᠵᠤ ᠠᠬᠤᠢ ᠶᠢᠨ ᠬᠥᠭᠵᠢᠯᠲᠡ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ᠂ ᠬᠢᠯᠢ ᠬᠢᠵᠠᠭᠠᠷ ᠠᠮᠤᠷ ᠲᠣᠭᠲᠠᠭᠤᠨ ᠰᠠᠶᠢᠨ ᠪᠠᠶᠢᠳᠠᠯ ᠢᠦᠷᠭᠦᠯᠵᠢᠯᠡᠨ ᠪᠠᠬᠢᠵᠢᠭᠦᠯᠬᠦ ᠬᠡᠷᠡᠭᠲᠡᠢ︾ ᠭᠡᠵᠦ ᠵᠠᠩ ᠽᠢ ᠵᠢᠶᠦ᠋ᠨ ᠬᠡᠯᠡᠪᠡ᠃
ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠪᠣᠯ ᠮᠥᠨ ᠴᠢᠨᠠᠷ ᠳᠡᠭᠡᠷ᠎ᠡ ᠪᠠᠨ ᠬᠠᠤᠯᠢᠵᠢᠯ ᠤᠨ ᠠᠵᠤ ᠠᠬᠤᠢ ᠮᠥᠨ᠂ ᠴᠢᠨᠠᠷ ᠰᠠᠶᠢᠲᠠᠢ ᠬᠥᠭᠵᠢᠯᠲᠡ ᠨᠢ ᠡᠷᠬᠡᠪᠰᠢ ᠬᠠᠤᠯᠢᠵᠢᠯ ᠳᠤ ᠲᠦᠰᠢᠭᠯᠡᠨ ᠪᠠᠲᠤ ᠪᠠᠬᠢ ᠰᠠᠭᠤᠷᠢ᠂ ᠥᠨᠢᠳᠡ ᠶᠢᠨ ᠬᠥᠳᠡᠯᠭᠡᠭᠴᠢ ᠬᠦᠴᠦᠨ᠂ ᠡᠷᠬᠡ ᠲᠡᠭᠰᠢ ᠲᠥᠪ ᠭᠤᠣᠯᠴᠢ ᠣᠷᠴᠢᠨ ᠨᠥᠬᠦᠴᠡᠯ ᠢ ᠬᠠᠩᠭᠠᠬᠤ ᠬᠡᠷᠡᠭᠲᠡᠢ᠃ ᠵᠠᠩ ᠽᠢ ᠵᠢᠶᠦ᠋ᠨ᠂ ᠪᠢᠳᠡ ᠬᠠᠤᠯᠢᠵᠢᠯ ᠤᠨ ᠬᠥᠲᠥᠯᠥᠨ ᠳᠠᠭᠠᠭᠤᠯᠬᠤ ᠵᠢᠷᠤᠮᠵᠢᠯ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ᠃ ᠬᠠᠤᠯᠢᠵᠢᠭᠰᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠢᠨᠠᠯᠲᠠ ᠶᠢ ᠴᠢᠩᠭᠠᠳᠬᠠᠨ᠂ ᠵᠠᠰᠠᠭ ᠤᠨ ᠣᠷᠳᠣᠨ ᠳᠤ ᠬᠤᠯᠪᠣᠭᠳᠠᠭᠰᠠᠨ ᠬᠡᠷᠡᠭ ᠢ ᠳᠠᠭᠤᠰᠬᠠᠬᠤ ᠲᠤᠰᠬᠠᠢ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠢᠯᠢᠰ ᠪᠤᠷᠤᠭᠤ ᠬᠡᠷᠡᠭ ᠢ ᠰᠡᠷᠭᠡᠶᠢᠯᠡᠬᠦ ᠪᠠ ᠵᠠᠯᠠᠷᠠᠭᠤᠯᠬᠤ ᠲᠣᠭᠲᠠᠴᠠ ᠶᠢ ᠪᠠᠶᠢᠭᠤᠯᠤᠨ᠂ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ ᠰᠢᠢᠳᠪᠦᠷᠢᠯᠡᠬᠦ ︽ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠵᠦ᠂ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠬᠦ ᠬᠡᠷᠡᠭᠲᠡᠢ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠪᠦᠭᠦ ᠬᠡᠯᠬᠢᠶ᠎ᠡ ᠶᠢ ᠬᠠᠮᠠᠭᠠᠯᠠᠬᠤ ᠶᠢ ᠳᠣᠪᠤᠶᠢᠯᠭᠠᠵᠤ᠂ ᠠᠵᠤ ᠠᠬᠤᠢ ᠮᠥᠩᠭᠦᠨ ᠭᠦᠢᠯᠭᠡᠭᠡᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠥᠮᠴᠢᠯᠡᠬᠦ ᠡᠷᠬᠡ ᠪᠠ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠬᠤ ᠬᠡᠷᠡᠭᠲᠡᠢ᠃ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠡᠷᠦᠭᠡ ᠠᠮᠠ ᠶᠢᠨ ᠲᠠᠩᠰᠠ᠂ ᠵᠠᠮ ᠬᠠᠷᠢᠯᠴᠠᠭᠠᠨ ᠤ ᠬᠠᠮᠢᠶᠠᠷᠤᠯᠲᠠ᠂ ᠨᠡᠭᠦᠳᠡᠯ ᠠᠷᠠᠳ ᠪᠠ ᠬᠢᠯᠢ ᠪᠠᠷ ᠣᠷᠣᠵᠤ ᠭᠠᠷᠬᠤ᠂ ᠬᠠᠤᠯᠢ ᠴᠠᠭᠠᠵᠠ ᠶᠢᠨ ᠲᠤᠰᠠᠯᠠᠮᠵᠢ᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠵᠡᠷᠭᠡ ᠬᠦᠷᠢᠶᠡᠨ ᠳᠤ ᠠᠷᠠᠳ ᠲᠤ ᠲᠥᠭᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠭᠠᠷᠭᠠᠵᠤ᠂ ᠣᠯᠠᠨ ᠲᠦᠮᠡᠨ ᠳᠤ ᠦᠨᠡᠨ ᠬᠦ ᠪᠣᠳᠠᠲᠤ ᠶᠠᠪᠤᠳᠠᠯ ᠬᠢᠵᠦ ᠥᠭᠬᠦ ᠬᠡᠷᠡᠭᠲᠡᠢ᠃ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠶᠢᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠡᠷᠴᠢᠮ ᠢ ᠴᠢᠩᠭᠠᠷᠠᠭᠤᠯᠤᠨ᠂ ᠲᠣᠮᠣ ᠭᠡᠯᠪᠡᠷᠢ ᠶᠢᠨ ᠬᠠᠩᠭᠠᠯᠭ᠎ᠠ ᠶᠢ ᠪᠠᠲᠤᠯᠠᠬᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠪᠠ ᠡᠵᠡᠩᠨᠡᠯᠲᠡ ᠶᠢᠨ ᠬᠠᠤᠯᠢ ᠴᠠᠭᠠᠵᠠ ᠶᠢᠨ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠲᠠᠷᠢᠶᠠᠨ ᠭᠠᠵᠠᠷ ᠨᠤᠲᠤᠭ ᠪᠡᠯᠴᠢᠭᠡᠷ ᠢ ᠡᠪᠳᠡᠭᠰᠡᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠠᠭᠤᠷᠮᠠᠭ ᠮᠠᠭᠤ ᠬᠡᠷᠡᠭᠰᠡᠯ ᠢ ᠦᠢᠯᠡᠳᠴᠦ ᠪᠣᠷᠣᠯᠠᠭᠤᠯᠤᠭᠰᠠᠨ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠬᠡᠵᠦ᠂ ᠭᠠᠳᠠᠭᠠᠳᠤ ᠳᠤ ᠬᠤᠯᠪᠣᠭᠳᠠᠭᠰᠠᠨ ᠠᠵᠤ ᠠᠬᠤᠢ ᠠᠷᠠᠯᠵᠢᠶ᠎ᠠ ᠬᠤᠳᠠᠯᠳᠤᠭ᠎ᠠ ᠳᠤ ᠬᠤᠯᠪᠣᠭᠳᠠᠭᠰᠠᠨ ᠨᠢᠭᠡ ᠪᠦᠯᠦᠭ ᠬᠠᠮ ᠭᠡᠯᠪᠡᠷᠢ ᠶᠢᠨ ᠬᠠᠤᠯᠢᠵᠢᠯ ᠤᠨ ᠴᠢᠳᠠᠪᠤᠷᠢᠲᠠᠨ ᠢ ᠬᠥᠮᠥᠵᠢᠭᠦᠯᠵᠦ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠴᠢᠷᠮᠠᠶᠢᠨ ᠬᠠᠮᠠᠭᠠᠯᠠᠬᠤ ᠬᠡᠷᠡᠭᠲᠡᠢ ᠭᠡᠪᠡ᠃
ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠪᠣᠯ ᠮᠠᠨ ᠤ ᠨᠠᠮ ᠤᠨ ᠦᠨᠳᠦᠰᠦᠲᠡᠨ ᠤ ᠠᠵᠢᠯ ᠤᠨ ᠨᠢᠭᠡᠨ ᠦᠨᠳᠦᠰᠦᠨ ᠲᠤᠷᠰᠢᠯᠭ᠎ᠠ ᠮᠥᠨ᠃ ᠵᠠᠩ ᠽᠢ ᠵᠢᠶᠦ᠋ᠨ᠂ ᠪᠢᠳᠠ ᠬᠠᠤᠯᠢᠵᠢᠯ ᠤᠨ ᠵᠠᠮ ᠳᠡᠭᠡᠷ᠎ᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠠᠶᠢᠭᠤᠯᠬᠤ ᠳᠤ ᠦᠢᠯᠡᠴᠢᠯᠡᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ ᠪᠠᠷᠢᠬᠤ᠂ ᠪᠦᠭᠦ ᠠᠷᠠᠳ ᠢᠶᠠᠷ ᠢᠶᠠᠨ ᠬᠠᠤᠯᠢ ᠶᠢ ᠰᠠᠬᠢᠬᠤ ᠪᠦᠭᠦ ᠶᠠᠪᠤᠴᠠ ᠳᠤ ᠢᠯᠡᠷᠡᠭᠦᠯᠬᠦ ᠶᠢ ᠪᠠᠷᠢᠮᠲᠠᠯᠠᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ ᠦᠨᠳᠦᠰᠦᠲᠡᠨ ᠤ ᠬᠦᠷᠢᠶᠡᠨ ᠤ ᠬᠠᠤᠯᠢ ᠲᠣᠭᠲᠠᠭᠠᠯ ᠤᠨ ᠰᠢᠰᠲ᠋ᠧᠮ ᠢ ᠲᠠᠰᠤᠷᠠᠯᠳᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠨᠳᠦᠰᠦᠲᠡᠨ ᠳᠤ ᠬᠤᠯᠪᠣᠭᠳᠠᠬᠤ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠣᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠤᠯᠭᠠᠬᠤ ᠶᠢ ᠡᠮᠬᠢ ᠵᠢᠷᠤᠮ ᠲᠠᠢ ᠪᠠᠷ ᠠᠬᠢᠭᠤᠯᠵᠤ᠂ ᠬᠠᠤᠯᠢ ᠲᠣᠭᠲᠠᠭᠠᠬᠤ ᠪᠠᠷ ᠳᠠᠮᠵᠢᠭᠤᠯᠤᠨ ᠵᠢᠷᠤᠮᠵᠢᠬᠰᠠᠨ ᠦᠨᠳᠦᠰᠦᠯᠡᠯ᠂ ᠨᠡᠶᠢᠳᠬᠡᠬᠦ ᠠᠷᠭ᠎ᠠ ᠪᠠᠷᠢᠯ ᠪᠣᠯᠣᠨ ᠠᠯᠪᠠᠳᠠᠯᠭ᠎ᠠ ᠶᠢᠨ ᠪᠠᠲᠤᠯᠠᠭ᠎ᠠ ᠬᠠᠩᠭᠠᠨ᠎ᠠ᠃ ᠨᠢᠭᠡ ᠯᠡ ᠠᠳᠠᠯᠢ ᠪᠠᠷ ᠬᠠᠨᠳᠤᠬᠤ᠂ ᠨᠢᠭᠡ ᠯᠡ ᠠᠳᠠᠯᠢ ᠪᠠᠷ ᠬᠠᠤᠯᠢ ᠪᠠᠷ ᠵᠠᠰᠠᠬᠤ ᠶᠢ ᠪᠠᠷᠢᠮᠲᠠᠯᠠᠵᠤ᠂ ᠤᠳᠤᠷᠢᠳᠬᠤ ᠺᠠᠳ᠋ᠷᠴᠤᠳ ᠤᠨ ᠬᠠᠤᠯᠢᠵᠢᠯ ᠤᠨ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠨ᠎ᠠ᠃ ᠦᠨᠳᠦᠰᠦᠲᠡᠨ ᠤ ᠠᠵᠢᠯ ᠤᠨ ᠲᠠᠯ᠎ᠠ ᠪᠠᠷ ᠬᠢ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾᠂ ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ
ᠭᠠᠷᠠᠭ︾᠂ ︽ᠪᠦᠭᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠵᠡᠷᠭᠡ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠥᠰᠥᠭ ᠪᠢᠴᠢᠭ ᠤᠨ ᠬᠠᠤᠯᠢ︾ ᠶᠢ ᠶᠡᠭᠡ ᠪᠠᠷ ᠤᠬᠠᠭᠤᠯᠤᠨ ᠲᠤᠭᠤᠰᠢᠯᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠶᠣᠰᠣᠭᠠᠷ ᠠᠵᠢᠯ ᠶᠠᠪᠤᠳᠠᠯ ᠭᠦᠢᠴᠡᠳᠬᠡᠬᠦ᠂ ᠤᠴᠢᠷ ᠶᠠᠪᠤᠳᠠᠯ ᠳᠠᠭᠠᠷᠠᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠨᠠᠮᠳᠠᠭᠤᠯᠬᠤ ᠳᠤ ᠬᠠᠤᠯᠢ ᠳᠤ ᠲᠦᠰᠢᠭᠯᠡᠬᠦ ᠪᠣᠯᠭᠠᠨ᠎ᠠ᠃ ᠦᠨᠳᠦᠰᠦᠲᠡᠨ ᠤ ᠬᠡᠷᠡᠭ ᠶᠠᠪᠤᠳᠠᠯ ᠢ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠲᠤᠤᠷᠵᠢᠭᠤᠯᠤᠯᠲᠠ ᠶᠢᠨ ᠦᠢᠯᠡᠴᠢᠯᠡᠭᠡ ᠬᠠᠮᠢᠶᠠᠷᠤᠯᠲᠠ ᠳᠤ ᠣᠷᠣᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠪᠤᠶ ᠪᠣᠯᠭᠠᠨ᠎ᠠ ᠭᠡᠵᠦ ᠬᠡᠯᠡᠪᠡ᠃
︽ᠡᠭᠦᠨ ᠤ ᠬᠠᠮᠲᠤ᠂ ᠪᠢᠳᠡ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠦᠭᠦ ᠣᠷᠣᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠶᠢ ᠪᠠᠲᠤᠯᠠᠬᠤ ᠬᠡᠷᠡᠭᠲᠡᠢ᠃ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠵᠤ ᠠᠬᠤᠢ᠂ ᠰᠣᠶᠣᠯ᠂ ᠨᠡᠶᠢᠭᠡᠮ᠂ ᠠᠮᠢ ᠠᠬᠤᠢ ᠶᠢᠨ ᠡᠯ᠎ᠡ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠣᠷᠣᠨ ᠪᠦᠰᠡ ᠶᠢᠨ ᠴᠢᠨᠠᠷᠲᠠᠢ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠰᠢᠰᠲ᠋ᠧᠮ ᠪᠠ ᠭᠡᠨᠡᠳᠲᠡ ᠶᠢᠨ ᠬᠡᠷᠡᠭ ᠢ ᠪᠠᠴᠢᠮ ᠠᠷᠭᠠᠴᠠᠭᠠᠬᠤ ᠲᠥᠰᠥᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠵᠠᠭᠪᠤᠷ ᠤᠨ ᠤᠷᠢᠳᠴᠢᠯᠠᠨ ᠰᠡᠷᠭᠡᠶᠢᠯᠡᠬᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ︿ᠹᠧᠩ ᠴᠢᠶᠣᠤ ᠶᠢᠨ ᠲᠤᠷᠰᠢᠯᠭ᠎ᠠ﹀ ᠶᠢ ᠪᠠᠷᠢᠮᠲᠠᠯᠠᠨ ᠬᠥᠭᠵᠢᠭᠦᠯᠵᠦ᠂ ︿ᠨᠢᠭᠡ ᠥᠷᠲᠡᠭᠡᠴᠢᠯᠡᠭᠰᠡᠨ ᠮᠠᠶ᠋ᠢᠭ﹀ ᠤᠨ ᠵᠥᠷᠢᠴᠡᠯ ᠵᠠᠭᠤᠷᠠᠯᠳᠤᠭᠠᠨ ᠢ ᠨᠠᠮᠳᠠᠭᠤᠯᠵᠤ ᠡᠶᠡᠳᠡᠭᠦᠯᠦᠨ ᠰᠢᠢᠳᠪᠦᠷᠢᠯᠡᠬᠦ ᠲᠠᠪᠴᠠᠩ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ ᠶᠡᠭᠡ ᠪᠠᠷ ᠬᠡᠷᠡᠭᠵᠢᠭᠦᠯᠵᠦ᠂ ︿ᠤᠳᠤᠷᠢᠳᠤᠯᠭ᠎ᠠ ᠰᠤᠷᠪᠤᠯᠵᠢᠯᠠᠯ ᠢ ᠭᠥᠯᠢᠶᠡᠨ ᠠᠪᠬᠤ᠂ ᠺᠠᠳ᠋ᠷ ᠭᠡᠷ ᠤᠨ ᠰᠤᠷᠪᠤᠯᠵᠢᠯᠠᠯ ᠬᠢᠬᠦ᠂ ᠨᠡᠶᠢᠭᠡᠮ ᠲᠣᠭᠤᠷᠢᠭ ᠣᠷᠣᠯᠠᠨ ᠭᠦᠢᠴᠡᠳᠬᠡᠬᠦ᠂ ᠲᠥᠪ ᠠᠴᠠ ᠡᠶᠡᠳᠡᠭᠦᠯᠦᠨ ᠨᠠᠮᠳᠠᠭᠤᠯᠬᠤ﹀ ᠪᠦᠲᠦᠮᠵᠢᠲᠡᠶ ᠲᠣᠭᠲᠠᠴᠠ ᠶᠢ ᠪᠦᠷᠢᠯᠳᠦᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠠᠬᠢᠭᠤᠯᠵᠤ᠂ ᠱᠠᠯᠢᠭ ᠵᠠᠪᠬᠠᠢ ᠵᠦᠢᠯ᠂ ᠵᠣᠭᠤᠰ ᠨᠠᠭᠠᠳᠬᠤ᠂ ᠬᠤᠣᠷᠲᠤ ᠡᠳ᠋ ᠫᠠᠨᠽᠠᠯᠠᠵᠤ ᠲᠠᠲᠠᠬᠤ᠂ ᠢᠳᠡᠭᠡᠨ ᠤᠮᠳᠠᠭᠠᠨ᠂ ᠡᠮ ᠤᠨ ᠵᠦᠢᠯᠡᠰ᠂ ᠣᠷᠴᠢᠨ ᠲᠣᠭᠤᠷᠢᠨ᠂ ᠬᠤᠯᠠᠭᠠᠶᠢᠯᠠᠬᠤ᠂ ᠪᠤᠯᠢᠶᠠᠬᠤ᠂ ᠮᠡᠬᠡᠯᠡᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠪᠠ ᠠᠮᠢᠨ ᠬᠡᠷᠡᠭ ᠤᠨ ᠳᠠᠷᠤᠭᠳᠠᠮᠠᠯ ᠬᠡᠷᠡᠭ ᠤᠨ ᠪᠣᠭᠤᠮᠲᠠ ᠰᠢᠪᠲᠤᠯᠬᠤ ᠠᠵᠢᠯ ᠢ ᠭᠦᠨᠵᠡᠭᠡᠶᠢᠷᠡᠭᠦᠯᠵᠦ᠂ ᠴᠠᠭᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ ᠥᠭᠴᠦ ᠵᠠᠰᠠᠬᠤ ᠠᠵᠢᠯ ᠢ ᠴᠢᠩᠭᠠᠳᠬᠠᠨ᠎ᠠ︾ ᠭᠡᠵᠦ ᠵᠠᠩ ᠽᠢ ᠵᠢᠶᠦ᠋ᠨ ᠬᠡᠯᠡᠪᠡ᠃
ᠥᠪᠥᠷ ᠮᠣᠩᠭᠤᠯ ᠳᠤ ᠪᠠᠶᠢᠯᠳᠤᠬᠤ ᠪᠣᠳᠣᠯᠭ᠎ᠠ ᠶᠢᠨ ᠠᠮᠤᠷ ᠲᠦᠪᠰᠢᠨ ᠤ ᠬᠤᠰᠢᠭᠤᠷᠠᠯ ᠪᠠ ᠨᠡᠭᠡᠭᠡᠯᠲᠡᠲᠤ ᠬᠥᠭᠵᠢᠯᠲᠡ ᠶᠢᠨ ᠳᠣᠲᠣᠷ ᠭᠠᠵᠠᠷ ᠤᠨ ︽ᠳᠠᠪᠬᠤᠷ ᠰᠢᠨᠵᠢ ᠴᠢᠨᠠᠷ︾ ᠲᠠᠢ ᠶᠤᠮ᠃ ᠡᠭᠦᠨ ᠳᠤ᠂ ᠵᠠᠩ ᠽᠢ ᠵᠢᠶᠦ᠋ᠨ᠂ ᠪᠢᠳᠠ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠶᠢ ᠪᠠᠷᠢᠮᠲᠠᠯᠠᠵᠤ᠂ ᠬᠢᠯᠢ ᠬᠢᠵᠠᠭᠠᠷ ᠤᠨ ᠠᠮᠤᠷ ᠲᠦᠪᠰᠢᠨ ᠲᠣᠭᠲᠠᠭᠤᠨ ᠥᠨᠳᠦᠷᠯᠢᠭ ᠪᠠ ᠬᠢᠯᠢ ᠳᠠᠭᠠᠤ ᠨᠡᠭᠡᠭᠡᠯᠲᠡ ᠬᠢᠬᠦ ᠴᠢᠬᠤᠯᠠ ᠲᠤᠯᠭᠠᠭᠤᠷᠢᠯᠠᠯ ᠢ ᠴᠣᠭᠴᠠᠯᠠᠬᠤ ᠬᠡᠷᠡᠭᠲᠡᠢ᠃ ᠬᠢᠯᠢ ᠬᠢᠵᠠᠭᠠᠷ ᠢᠶᠠᠨ ᠬᠦᠴᠦᠷᠬᠡᠭᠵᠢᠭᠦᠯᠬᠦ᠂ ᠬᠢᠯᠢ ᠬᠢᠵᠠᠭᠠᠷ ᠢᠶᠠᠨ ᠠᠮᠤᠷᠵᠢᠭᠤᠯᠬᠤ᠂ ᠬᠢᠯᠢ ᠬᠢᠵᠠᠭᠠᠷ ᠢᠶᠠᠨ ᠪᠠᠬᠢᠵᠢᠭᠦᠯᠬᠦ᠂ ᠬᠢᠯᠢ ᠬᠢᠵᠠᠭᠠᠷ ᠢᠶᠠᠨ ᠪᠠᠶᠠᠵᠢᠭᠤᠯᠬᠤ᠂ ᠬᠢᠯᠢ ᠬᠢᠵᠠᠭᠠᠷ ᠢᠶᠠᠨ ᠡᠶ᠎ᠡ ᠨᠠᠶᠢᠷᠠᠮᠳᠠᠭᠤ ᠪᠠᠶᠢᠯᠭᠠᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠬᠢᠯᠢ ᠬᠢᠵᠠᠭᠠᠷ ᠢᠶᠠᠨ ᠪᠠᠬᠢᠵᠢᠭᠦᠯᠦᠨ ᠬᠢᠯᠢ ᠬᠢᠵᠠᠭᠠᠷ ᠢᠶᠠᠨ ᠮᠠᠨᠳᠤᠭᠤᠯᠵᠤ ᠠᠷᠠᠳ ᠢᠶᠠᠨ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ ᠬᠢᠯᠢ ᠶᠢᠨ ᠴᠡᠴᠡᠭᠯᠡᠨ ᠬᠥᠭᠵᠢᠬᠦ᠂ ᠬᠢᠯᠢ ᠶᠢᠨ ᠠᠷᠠᠳ ᠤᠨ ᠪᠦᠯᠬᠦᠮᠳᠡᠨ ᠵᠣᠯ ᠵᠢᠷᠭᠠᠯ ᠲᠠᠢ ᠪᠠᠶᠢᠬᠤ᠂ ᠬᠢᠯᠢ ᠶᠢᠨ ᠬᠠᠮᠠᠭᠠᠯᠠᠯᠲᠠ ᠶᠢᠨ ᠠᠮᠤᠷ ᠲᠦᠪᠰᠢᠨ ᠲᠣᠭᠲᠠᠭᠤᠨ ᠪᠠᠶᠢᠬᠤ ᠶᠢ ᠠᠬᠢᠭᠤᠯᠤᠨ᠎ᠠ᠃ ᠠᠮᠤᠷ ᠠᠮᠤᠭᠤᠯᠠᠩ ᠬᠢᠯᠢ ᠬᠢᠵᠠᠭᠠᠷ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠲᠠᠯ᠎ᠠ ᠨᠤᠲᠤᠭ ᠤᠨ 110᠂ ᠬᠢᠯᠢ ᠶᠢᠨ ᠬᠠᠮᠠᠭᠠᠯᠠᠯᠲᠠ ᠶᠢᠨ ᠴᠠᠭᠳᠠᠭᠠᠨ ᠤ ᠶᠠᠪᠤᠳᠠᠯ ᠤᠨ ᠲᠠᠰᠤᠭ᠂
︽ᠬᠤᠪᠢᠰᠬᠠᠯᠲᠤ ᠪᠠᠬᠢᠯᠡᠯᠲᠡ ᠡᠷᠦᠭᠡ︾᠂ ︽ᠠᠷᠪᠠᠨ ᠡᠷᠦᠭᠡ ᠬᠤᠯᠪᠤᠭᠠᠯᠠᠨ ᠰᠡᠷᠭᠡᠶᠢᠯᠡᠬᠦ︾ ᠵᠡᠷᠭᠡ ᠪᠦᠲᠦᠮᠵᠢᠲᠡᠶ ᠠᠷᠭ᠎ᠠ ᠬᠢᠳᠡᠯ ᠢ ᠬᠡᠷᠡᠭᠵᠢᠭᠦᠯᠵᠦ᠂ ︽ᠲᠣᠭᠠᠴᠢᠯᠠᠭᠰᠠᠨ ᠬᠢᠯᠢ ᠶᠢᠨ ᠬᠠᠮᠠᠭᠠᠯᠠᠯᠲᠠ︾᠂ ︽ᠣᠶᠤᠨᠴᠢ ᠬᠢᠯᠢ ᠶᠢᠨ ᠬᠠᠮᠠᠭᠠᠯᠠᠯᠲᠠ︾ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠰᠡᠷᠭᠡᠶᠢᠯᠡᠯᠲᠡ᠂ ᠪᠣᠳᠠᠰ ᠤᠨ ᠰᠡᠷᠭᠡᠶᠢᠯᠡᠯᠲᠡ᠂ ᠮᠡᠷᠭᠡᠵᠢᠯ ᠤᠨ ᠰᠡᠷᠭᠡᠶᠢᠯᠡᠯᠲᠡ ᠶᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠵᠤ᠂ ᠬᠢᠯᠢ ᠶᠢᠨ ᠬᠠᠮᠢᠶᠠᠷᠤᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠢᠯᠢ ᠳᠠᠭᠠᠤ ᠣᠷᠣᠨ ᠤ ︽ᠤᠰᠤ ᠴᠠᠭᠢᠯᠭᠠᠨ ᠵᠠᠮ ᠴᠢᠮᠡᠭᠡ ᠬᠤᠯᠪᠤᠭ᠎ᠠ︾ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠲᠤᠶᠢᠯ ᠤᠨ ᠣᠨᠣᠪᠴᠢᠲᠠᠶ ᠵᠦᠷᠢᠶᠡᠴᠢᠯᠡᠭᠰᠡᠨ ᠲᠥᠷᠥ ᠶᠢᠨ ᠪᠣᠳᠣᠯᠭ᠎ᠠ ᠲᠣᠭᠲᠠᠭᠠᠬᠤ ᠶᠢ ᠢᠳᠡᠪᠬᠢᠲᠡᠢ ᠠᠬᠢᠭᠤᠯᠤᠨ᠂ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠢᠯᠢ ᠬᠢᠵᠠᠭᠠᠷ ᠣᠷᠣᠨ ᠳᠤ ᠣᠷᠣᠭᠤᠯᠬᠤ︾ ᠠᠵᠢᠯᠯᠠᠭ᠎ᠠ ᠶᠢ ᠥᠷᠨᠢᠭᠦᠯᠵᠦ᠂ ᠬᠢᠯᠢ ᠳᠠᠭᠠᠤ ᠣᠷᠣᠨ ᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠪᠠ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠶᠢ ᠪᠠᠷᠢᠮᠲᠠᠯᠠᠵᠤ᠂ ᠪᠣᠭᠤᠮᠲᠠ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠨᠢᠭᠲᠠ ᠴᠢᠩᠭ᠎ᠠ ᠰᠢᠰᠲ᠋ᠧᠮ ᠢ ᠪᠠᠶᠢᠭᠤᠯᠤᠨ᠂ ᠭᠤᠣᠯᠳᠠᠯᠭ᠎ᠠ ᠲᠠᠢ ᠡᠳ᠋ ᠪᠣᠳᠠᠰ ᠲᠡᠷᠭᠡ ᠬᠥᠰᠬᠡ ᠶᠢᠨ ᠬᠢᠯᠢ ᠶᠢᠨ ᠪᠠᠶᠢᠴᠠᠭᠠᠯᠲᠠ ᠶᠢᠨ ︽ᠰᠠᠭᠠᠳ ᠦᠭᠡᠢ ᠨᠡᠪᠲᠡᠷᠡᠬᠦ ᠵᠠᠮ︾ ︽ᠲᠦᠷᠭᠡᠨ ᠨᠡᠪᠲᠡᠷᠡᠬᠦ ᠵᠠᠮ︾ ᠢ ᠪᠠᠶᠢᠭᠤᠯᠵᠤ᠂ ︽ᠥᠯᠥ ᠬᠦᠯᠢᠶᠡᠯᠭᠡᠨ︾ ᠠᠵᠢᠯᠯᠠᠬᠤ᠂ ︽ᠥᠯᠥ ᠬᠤᠶᠢᠰᠢᠯᠠᠭᠤᠯᠤᠨ︾ ᠰᠢᠯᠭᠠᠨ ᠥᠩᠭᠡᠷᠡᠭᠦᠯᠬᠦ ᠶᠢ ᠬᠡᠷᠡᠭᠵᠢᠭᠦᠯᠦᠨ᠂ ᠪᠣᠭᠤᠮᠲᠠ ᠶᠢᠨ ᠶᠡᠭᠡ ᠪᠠᠷ ᠭᠠᠷᠭᠠᠵᠤ ᠶᠡᠭᠡ ᠪᠠᠷ ᠣᠷᠣᠭᠤᠯᠬᠤ᠂ ᠲᠦᠷᠭᠡᠨ ᠭᠠᠷᠭᠠᠵᠤ ᠲᠦᠷᠭᠡᠨ ᠣᠷᠣᠭᠤᠯᠬᠤ᠂ ᠲᠣᠭᠲᠠᠭᠤᠨ ᠢᠶᠠᠷ ᠭᠠᠷᠭᠠᠵᠤ ᠲᠣᠭᠲᠠᠭᠤᠨ ᠢᠶᠠᠷ ᠣᠷᠣᠭᠤᠯᠬᠤ ᠶᠢ ᠠᠬᠢᠭᠤᠯᠵᠤ᠂ ᠨᠠᠩ ᠥᠨᠳᠥᠷ ᠲᠦᠪᠰᠢᠨ ᠢᠶᠠᠷ ᠤᠮᠠᠷᠠᠰᠢ ᠨᠡᠭᠡᠭᠡᠯᠲᠡ ᠬᠢᠬᠦ ᠶᠢ ᠪᠠᠲᠤᠯᠠᠨ᠎ᠠ ᠭᠡᠵᠦ ᠬᠡᠯᠡᠪᠡ᠃