ᠣᠳᠣᠬᠠᠨ ᠳᠤ᠂ ᠬᠥᠪᠴᠢ ᠶᠢᠨ ᠡᠯᠡᠰᠦᠨ ᠤ ᠣᠷᠳᠣᠰ ᠤᠨ ᠳᠤᠮᠳᠠ ᠬᠤᠶᠢᠲᠤ ᠬᠡᠰᠡᠭ ᠤᠨ ᠰᠢᠨ᠎ᠡ ᠡᠨᠧᠷᠭᠢ ᠶᠢᠨ ᠰᠠᠭᠤᠷᠢᠨ ᠤ ᠲᠦᠷᠦᠯ ᠵᠦᠢᠯ ᠢ ᠶᠠᠭ ᠱᠠᠯᠠᠪᠳᠠᠨ ᠪᠦᠲᠦᠭᠡᠨ ᠪᠠᠶᠢᠭᠤᠯᠵᠤ ᠵᠢᠱᠢᠯᠲᠡ ᠪᠠᠷ ᠡᠨᠡ ᠵᠢᠯ ᠤᠨ ᠰᠡᠭᠦᠯᠴᠢ ᠠᠴᠠ ᠡᠮᠦᠨ᠎ᠡ᠂ ᠨᠢᠭᠡᠳᠦᠭᠡᠷ ᠬᠤᠭᠤᠴᠠᠭᠠᠨ ᠤ 100 ᠲᠦᠮᠡᠨ ᠺᠢᠯᠣᠸᠠᠲ ᠤᠨ ᠭᠡᠷᠡᠯᠴᠢ ᠴᠡᠨᠡᠭ ᠢᠶᠠᠷ ᠴᠠᠭᠢᠯᠭᠠᠨ ᠭᠠᠷᠭᠠᠬᠤ ᠲᠦᠷᠦᠯ ᠵᠦᠢᠯ ᠢ ᠲᠣᠣᠷ ᠲᠤ ᠨᠡᠶᠢᠯᠡᠭᠦᠯᠦᠨ ᠴᠠᠭᠢᠯᠭᠠᠨ ᠭᠠᠷᠭᠠᠬᠤ ᠪᠣᠯᠣᠨ᠎ᠠ᠃
︽ᠲᠥᠷᠥᠯ ᠵᠦᠢᠯ ᠤᠨ ᠶᠡᠷᠦᠩᠬᠡᠢ ᠮᠠᠰᠢᠨ ᠴᠣᠭᠴᠠᠯᠠᠪᠤᠷᠢ ᠶᠢᠨ ᠬᠡᠪᠴᠢᠶ᠎ᠡ ᠨᠢ 1600 ᠲᠦᠮᠡᠨ ᠺᠢᠯᠣᠸᠠᠲ ᠪᠠᠶᠢᠵᠤ᠂ ᠭᠡᠷᠡᠯᠴᠢ ᠴᠡᠨᠡᠭ ᠤᠨ 800 ᠲᠦᠮᠡᠨ ᠺᠢᠯᠣᠸᠠᠲ ᠪᠠ ᠰᠠᠯᠬᠢᠨ ᠬᠦᠴᠦᠨ ᠤ ᠴᠠᠭᠢᠯᠭᠠᠨ ᠤ 400 ᠲᠦᠮᠡᠨ ᠺᠢᠯᠣᠸᠠᠲ ᠢ ᠪᠠᠭᠲᠠᠭᠠᠵᠤ᠂ ᠲᠡᠷᠢᠭᠦᠨ ᠤ ᠥᠨᠳᠥᠷ ᠪᠦᠲᠦᠮᠵᠢᠲᠡᠶ ᠨᠡᠭᠦᠷᠡᠰᠦ ᠪᠠᠷ ᠴᠠᠭᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ 400 ᠲᠦᠮᠡᠨ ᠺᠢᠯᠣᠸᠠᠲ ᠢ ᠢᠵᠢ ᠪᠦᠷᠢᠳᠦᠭᠦᠯᠦᠨ ᠥᠭᠡᠷᠡᠴᠢᠯᠡᠵᠦ ᠥᠷᠭᠡᠳᠬᠡᠨ ᠪᠦᠲᠦᠭᠡᠨ ᠪᠠᠶᠢᠭᠤᠯᠤᠨ᠎ᠠ︾ ᠭᠡᠵᠦ ᠲᠥᠷᠥᠯ ᠵᠦᠢᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠨᠢᠯᠴᠠᠭᠤᠯᠪᠠ᠃
ᠬᠥᠪᠴᠢ ᠶᠢᠨ ᠡᠯᠡᠰᠦ ᠶᠢᠨ ᠣᠷᠳᠣᠰ ᠤᠨ ᠳᠤᠮᠳᠠ ᠬᠤᠶᠢᠲᠤ ᠬᠡᠰᠡᠭ ᠤᠨ ᠰᠢᠨ᠎ᠡ ᠡᠨᠧᠷᠭᠢ ᠶᠢᠨ ᠰᠠᠭᠤᠷᠢᠨ ᠤ ᠲᠦᠷᠦᠯ ᠵᠦᠢᠯ ᠪᠣᠯ ᠡᠯᠡᠰᠦᠨ ᠴᠥᠯ᠂ ᠭᠤᠪᠢ᠂ ᠴᠦᠯᠯᠡᠷᠭᠡᠭ ᠭᠠᠵᠠᠷ ᠣᠷᠣᠨ ᠳᠤ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠤᠭᠰᠠᠨ ᠪᠦᠭᠦ ᠪᠥᠮᠪᠥᠷᠴᠡᠭ ᠤᠨ ᠬᠠᠮᠤᠭ ᠤᠨ ᠶᠡᠭᠡ ᠬᠡᠪᠴᠢᠶᠡᠨ ᠤ ᠰᠠᠯᠬᠢᠨ ᠬᠦᠴᠦᠨ ᠢᠶᠠᠷ ᠴᠠᠭᠢᠯᠭᠠᠨ ᠭᠠᠷᠭᠠᠬᠤ ᠭᠡᠷᠡᠯᠴᠢ ᠴᠡᠨᠡᠭ ᠤᠨ ᠰᠠᠭᠤᠷᠢᠨ ᠤ ᠲᠦᠷᠦᠯ ᠵᠦᠢᠯ ᠪᠣᠯᠣᠨ᠎ᠠ᠂ ᠮᠠᠨ ᠤ ᠤᠯᠤᠰ ᠤᠨ ᠠᠩᠬᠠᠳᠠᠭᠴᠢ ᠪᠠᠷᠢᠯᠭ᠎ᠠ ᠡᠬᠢᠯᠡᠭᠦᠯᠵᠦ ᠪᠦᠲᠦᠭᠡᠨ ᠪᠠᠶᠢᠭᠤᠯᠤᠭᠰᠠᠨ ᠮᠢᠩᠭᠠᠨ ᠲᠦᠮᠡᠨ ᠺᠢᠯᠣᠸᠠᠲ ᠤᠨ ᠲᠡᠰ ᠤᠨ ᠰᠢᠨ᠎ᠡ ᠡᠨᠧᠷᠭᠢ ᠶᠢᠨ ᠲᠣᠮᠣ ᠰᠠᠭᠤᠷᠢᠨ ᠤ ᠲᠦᠷᠦᠯ ᠵᠦᠢᠯ ᠪᠣᠯᠣᠨ᠎ᠠ᠂ ᠲᠡᠭᠦᠨ ᠤ ᠭᠠᠷᠭᠠᠭᠰᠠᠨ ᠴᠠᠭᠢᠯᠭᠠᠨ ᠬᠦᠴᠦ ᠨᠢ ᠥᠪᠥᠷ ᠮᠣᠩᠭᠤᠯ ᠤᠨ ᠪᠠᠷᠠᠭᠤᠨ ᠬᠡᠰᠡᠭ ᠠᠴᠠ ᠪᠡᠭᠡᠵᠢᠩ ᠲᠢᠶᠠᠨᠵᠢᠨ ᠾᠧᠪᠧᠢ ᠬᠦᠷᠬᠦ ᠲᠣᠭᠲᠠᠮᠠᠯ ᠭᠦᠶᠦᠳᠡᠯᠲᠦ ᠴᠠᠭᠢᠯᠭᠠᠨ ᠬᠦᠷᠭᠡᠬᠦ ᠵᠠᠮ ᠳᠤ ᠲᠦᠰᠢᠭᠯᠡᠨ ᠪᠡᠭᠡᠵᠢᠩ ᠲᠢᠶᠠᠨᠵᠢᠨ ᠾᠧᠪᠧᠢ ᠶᠢᠨ ᠭᠠᠵᠠᠷ ᠣᠷᠣᠨ ᠳᠤ ᠬᠦᠷᠴᠦ᠂ ᠵᠢᠯ ᠪᠦᠷᠢ ᠪᠡᠭᠡᠵᠢᠩ ᠲᠢᠶᠠᠨᠵᠢᠨ ᠾᠧᠪᠧᠢ ᠶᠢᠨ ᠭᠠᠵᠠᠷ ᠣᠷᠣᠨ ᠳᠤ 440 ᠳ᠋ᠦᠩᠰᠢᠭᠤᠷ ᠺᠢᠯᠣᠸᠠᠲ ᠴᠠᠭ ᠴᠡᠪᠡᠷ ᠴᠠᠭᠢᠯᠭᠠᠨ ᠡᠨᠧᠷᠭᠢ ᠬᠦᠷᠭᠡᠬᠦ ᠪᠣᠯᠣᠨ᠎ᠠ᠃
2022 ᠣᠨ ᠤ 2 ᠰᠠᠷ᠎ᠠ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠡᠨᠧᠷᠭᠢ ᠶᠢᠨ ᠲᠣᠪᠴᠢᠶ᠎ᠠ ︽ᠡᠯᠡᠰᠦᠨ ᠴᠥᠯ᠂ ᠭᠤᠪᠢ᠂ ᠴᠦᠯᠯᠡᠷᠭᠡᠭ ᠭᠠᠵᠠᠷ ᠣᠷᠣᠨ ᠢᠶᠠᠷ ᠭᠤᠣᠯᠳᠠᠯᠭ᠎ᠠ ᠪᠤᠯᠭᠠᠬᠰᠠᠨ ᠲᠣᠮᠣ ᠭᠡᠯᠪᠡᠷᠢ ᠶᠢᠨ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠰᠠᠭᠤᠷᠢᠨ ᠤ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠶᠢᠨ ᠲᠥᠰᠥᠯ︾ ᠢ ᠨᠡᠶᠢᠲᠡᠯᠡᠵᠦ᠂ 2030 ᠣᠨ ᠪᠤᠯᠬᠤ ᠳᠤ᠂ ᠮᠠᠨ ᠤ ᠤᠯᠤᠰ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠰᠠᠭᠤᠷᠢᠨ ᠤ ᠶᠡᠷᠦᠩᠬᠡᠢ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ ᠪᠠᠷᠤᠭ 4.55 ᠳ᠋ᠦᠩᠰᠢᠭᠤᠷ ᠺᠢᠯᠣᠸᠠᠲ ᠲᠥᠯᠥᠪᠵᠢᠭᠦᠯᠦᠨ ᠪᠦᠲᠦᠭᠡᠨ ᠪᠠᠶᠢᠭᠤᠯᠤᠨ᠎ᠠ ᠭᠡᠵᠦ ᠲᠣᠳᠣᠷᠬᠠᠢ ᠲᠣᠭᠲᠠᠭᠠᠪᠠ᠃
ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠳᠠᠭᠢᠨ ᠡᠭᠦᠰᠴᠦ ᠪᠤᠯᠬᠤ ᠡᠨᠧᠷᠭᠢ ᠶᠢᠨ ᠡᠬᠢ ᠪᠠᠶᠠᠯᠢᠭ ᠵᠢᠴᠢ ᠣᠷᠣᠨ ᠪᠠᠶᠢᠷᠢ ᠶᠢᠨ ᠬᠥᠭᠵᠢᠯᠲᠡ ᠶᠢᠨ ᠳᠠᠪᠠᠭᠤᠯᠢᠭ ᠲᠤ ᠴᠢᠩᠭ᠎ᠠ ᠲᠦᠰᠢᠭᠯᠡᠨ᠂ ᠤᠯᠤᠰ ᠤᠨ ᠡᠯᠡᠰᠦᠨ ᠴᠥᠯ᠂ ᠭᠤᠪᠢ᠂ ᠴᠦᠯᠯᠡᠷᠭᠡᠭ ᠭᠠᠵᠠᠷ ᠣᠷᠣᠨ ᠢᠶᠠᠷ ᠭᠤᠣᠯᠳᠠᠯᠭ᠎ᠠ ᠪᠤᠯᠭᠠᠬᠰᠠᠨ ᠲᠣᠮᠣ ᠭᠡᠯᠪᠡᠷᠢ ᠶᠢᠨ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠰᠠᠭᠤᠷᠢᠨ ᠢ ᠪᠠᠶᠢᠷᠢᠯᠠᠭᠤᠯᠤᠨ ᠪᠦᠲᠦᠭᠡᠨ ᠪᠠᠶᠢᠭᠤᠯᠬᠤ ᠴᠢᠬᠤᠯᠠ ᠶᠡᠭᠡ ᠲᠡᠦᠬᠡᠨ ᠠᠵᠠ ᠲᠣᠭᠢᠶᠠᠯ ᠢ ᠪᠠᠲᠤ ᠡᠵᠡᠮᠳᠡᠵᠦ᠂ ︽ᠡᠯᠡᠰᠦᠨ ᠴᠥᠯ ᠭᠤᠪᠢ ᠴᠦᠯᠯᠡᠷᠭᠡᠭ ᠣᠷᠣᠨ︾ ᠤ ᠲᠣᠮᠣ ᠭᠡᠯᠪᠡᠷᠢ ᠶᠢᠨ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠰᠠᠭᠤᠷᠢᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠱᠠᠯᠠᠪᠳᠠᠨ ᠠᠬᠢᠭᠤᠯᠪᠠ᠃
︽ᠡᠬᠢ ᠰᠤᠷᠪᠤᠯᠵᠢ ᠶᠢᠨ ᠲᠣᠣᠷ ᠢ ᠵᠡᠷᠭᠡ ᠪᠠᠷ ᠪᠦᠲᠦᠭᠡᠨ ᠪᠠᠶᠢᠭᠤᠯᠬᠤ᠂ ᠵᠡᠷᠭᠡ ᠪᠠᠷ ᠠᠵᠢᠯᠯᠠᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠰᠢᠨ᠎ᠡ ᠡᠨᠧᠷᠭᠢ ᠶᠢᠨ ᠲᠦᠷᠦᠯ ᠵᠦᠢᠯ ᠢ ᠵᠠᠷᠴᠢᠮ ᠳᠡᠭᠡᠷ᠎ᠡ ᠪᠠᠨ ᠴᠠᠭᠢᠯᠭᠠᠨ ᠢ ᠭᠠᠳᠠᠭᠰᠢ ᠬᠦᠷᠭᠡᠬᠦ ᠵᠠᠮ ᠤᠨ ᠠᠵᠢᠯ ᠢ ᠡᠬᠢᠯᠡᠭᠦᠯᠦᠭᠡᠳ 1 ᠵᠢᠯ ᠪᠣᠯᠤᠭᠰᠠᠨ ᠤ ᠳᠠᠷᠠᠭ᠎ᠠ ᠪᠦᠭᠦ ᠲᠠᠯ᠎ᠠ ᠪᠠᠷ ᠡᠬᠢᠯᠡᠨ ᠪᠦᠲᠦᠭᠡᠨ ᠪᠠᠶᠢᠭᠤᠯᠤᠨ᠎ᠠ᠂ ᠡᠶᠢᠮᠦ ᠠᠴᠠ ᠣᠳᠣᠬᠢ ᠱᠠᠲᠤᠨ ᠤ ᠠᠵᠢᠯ ᠤᠨ ᠭᠤᠣᠯᠳᠠᠯᠭ᠎ᠠ ᠪᠣᠯ ᠮᠥᠨ ᠯᠡ ᠴᠠᠭᠢᠯᠭᠠᠨ ᠢ ᠭᠠᠳᠠᠭᠰᠢ ᠬᠦᠷᠭᠡᠬᠦ ᠵᠠᠮ ᠪᠠ ᠢᠵᠢ ᠪᠦᠷᠢᠳᠦᠭᠦᠯᠬᠦ ᠲᠣᠬᠢᠷᠠᠭᠤᠯᠤᠯᠲᠠ ᠶᠢᠨ ᠴᠢᠨᠠᠷᠲᠠᠢ ᠴᠠᠭᠢᠯᠭᠠᠨ ᠡᠭᠦᠰᠬᠡᠭᠴᠢ ᠶᠢ ᠡᠷᠲᠡᠬᠡᠨ ᠤᠯᠤᠰ ᠤᠨ ᠲᠥᠯᠦᠪᠵᠢᠭᠦᠯᠭᠡ ᠳᠤ ᠣᠷᠣᠭᠤᠯᠬᠤ ᠶᠢ ᠠᠬᠢᠭᠤᠯᠬᠤ ᠶᠠᠪᠤᠳᠠᠯ ᠪᠣᠯᠣᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠨᠢᠯᠴᠠᠭᠤᠯᠪᠠ᠃
ᠥᠪᠥᠷ ᠮᠣᠩᠭᠤᠯ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠢᠯᠠᠩᠭᠤᠶ᠎ᠠ ᠡᠯᠡᠰᠦᠨ ᠴᠥᠯ᠂ ᠭᠤᠪᠢ᠂ ᠴᠦᠯᠯᠡᠷᠭᠡᠭ ᠭᠠᠵᠠᠷ ᠣᠷᠣᠨ ᠢᠶᠠᠷ ᠭᠤᠣᠯᠳᠠᠯᠭ᠎ᠠ ᠪᠤᠯᠭᠠᠬᠰᠠᠨ ᠲᠣᠮᠣ ᠭᠡᠯᠪᠡᠷᠢ ᠶᠢᠨ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠭᠡᠯᠪᠡᠷᠢ ᠶᠢ ᠳᠠᠭᠢᠨ ᠪᠠᠶᠢᠭᠤᠯᠵᠤ ᠳᠠᠭᠢᠨ ᠪᠦᠲᠦᠭᠡᠬᠦ ᠴᠢᠬᠤᠯᠠ ᠶᠡᠭᠡ ᠠᠵᠠ ᠲᠣᠭᠢᠶᠠᠯ ᠢᠶᠠᠷ ᠦᠵᠡᠵᠦ᠂ ᠥᠨᠳᠥᠷ ᠭᠠᠷᠤᠭ᠎ᠠ ᠠᠴᠠ ᠲᠥᠯᠥᠪᠵᠢᠭᠦᠯᠵᠦ᠂ ᠥᠨᠳᠥᠷ ᠪᠠᠷᠢᠮᠵᠢᠶ᠎ᠠ ᠪᠠᠷ ᠠᠬᠢᠭᠤᠯᠵᠤ ᠪᠤᠶ᠃ ᠬᠥᠪᠴᠢ ᠶᠢᠨ ᠡᠯᠡᠰᠦ ᠶᠢᠨ ᠳᠤᠮᠳᠠ ᠬᠤᠶᠢᠲᠤ ᠪᠡᠶ᠎ᠡ᠂ ᠬᠥᠪᠴᠢ ᠶᠢᠨ ᠡᠯᠡᠰᠦ ᠶᠢᠨ ᠡᠮᠦᠨ᠎ᠡ ᠪᠡᠶ᠎ᠡ᠂ ᠲᠡᠭᠷᠢ ᠡᠯᠡᠰᠦ ᠶᠢᠨ ᠲᠣᠮᠣ ᠭᠡᠯᠪᠡᠷᠢ ᠶᠢᠨ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠰᠠᠭᠤᠷᠢᠨ ᠵᠥᠪᠰᠢᠶᠡᠷᠡᠭᠳᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠳᠠᠷᠤᠶᠢᠬᠠᠨ ᠶᠠᠷᠢᠯᠴᠠᠬᠤ ᠬᠤᠷᠠᠯ ᠬᠤᠷᠠᠯᠳᠤᠭᠤᠯᠵᠤ᠂ ᠰᠠᠭᠤᠷᠢᠨ ᠤ ᠲᠥᠷᠥᠯ ᠵᠦᠢᠯ ᠢ ᠠᠬᠢᠭᠤᠯᠬᠤ ᠤᠴᠢᠷ ᠶᠠᠪᠤᠳᠠᠯ ᠢ ᠪᠠᠴᠢᠮ ᠪᠠᠶᠢᠷᠢᠯᠠᠭᠤᠯᠪᠠ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠭᠲᠠ ᠪᠠᠶᠢᠷᠢᠯᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠤᠭᠰᠠᠨ ᠢᠶᠠᠷ᠂ ᠪᠦᠭᠦ ᠣᠷᠣᠨ ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠢᠭᠲᠠ ᠬᠠᠮᠵᠢᠯᠴᠠᠵᠤ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠵᠦ ᠰᠠᠭᠤᠷᠢᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠠᠬᠢᠭᠤᠯᠵᠤ᠂ ᠡᠷᠲᠡ ᠪᠠᠶᠢᠭᠤᠯᠵᠤ ᠳᠠᠭᠤᠰᠬᠠᠨ᠂ ᠡᠷᠲᠡ ᠠᠰᠢᠭᠯᠠᠯᠲᠠ ᠳᠤ ᠣᠷᠣᠭᠤᠯᠵᠤ᠂ ᠡᠷᠲᠡ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠪᠠ᠃
ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠲᠦᠷᠦᠭᠦᠯᠡᠨ ᠬᠢᠬᠦ ᠦᠢᠯᠡᠳᠦᠯ ᠢᠶᠠᠨ ᠦᠨᠡᠨ ᠬᠦ ᠪᠠᠳᠠᠷᠠᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠣᠬᠢᠴᠠᠭᠤᠯᠤᠨ ᠠᠬᠢᠭᠤᠯᠵᠤ᠂ ︽ᠴᠠᠭᠢᠯᠭᠠᠨ ᠲᠣᠣᠷ ᠤᠨ ᠲᠥᠷᠥᠯ ᠵᠦᠢᠯ ᠢ ᠬᠢᠨᠠᠨ ᠵᠥᠪᠰᠢᠶᠡᠷᠡᠬᠦ ᠶᠢ ᠴᠢᠨᠠᠭᠰᠢᠳᠠ ᠳᠥᠭᠦᠮᠴᠢᠯᠡᠬᠦ ᠲᠤᠬᠠᠢ ᠮᠡᠳᠡᠭᠳᠡᠯ︾ ᠢ ᠰᠤᠳᠤᠯᠤᠨ ᠨᠡᠶᠢᠲᠡᠯᠡᠵᠦ᠂ ᠴᠠᠭᠢᠯᠭᠠᠨ ᠲᠣᠣᠷ ᠤᠨ ᠲᠥᠷᠥᠯ ᠵᠦᠢᠯ ᠢ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠦᠨ᠂ ᠴᠠᠭᠢᠯᠭᠠᠨ ᠲᠣᠣᠷ ᠤᠨ ᠲᠥᠷᠥᠯ ᠵᠦᠢᠯ ᠢ ᠬᠢᠨᠠᠨ ᠵᠥᠪᠰᠢᠶᠡᠷᠡᠬᠦ ᠴᠠᠭ ᠢ ᠳᠤᠮᠳᠠᠴᠢ ᠪᠠᠷ ᠬᠠᠭᠠᠰ ᠠᠴᠠ ᠳᠡᠭᠡᠭᠰᠢ ᠪᠠᠭᠠᠰᠬᠠᠵᠤ᠂ ᠴᠠᠭᠢᠯᠭᠠᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠪᠡ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠪᠦᠭᠦ ᠬᠦᠴᠦᠨ ᠢᠶᠠᠷ ᠢᠶᠠᠨ ᠬᠠᠮᠵᠢᠯᠴᠠᠵᠤ᠂ ᠤᠷᠢᠳᠴᠢᠯᠠᠨ ᠣᠷᠣᠯᠴᠠᠵᠤ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠪᠦᠭᠦ ᠶᠠᠪᠤᠴᠠ ᠳᠤ ᠬᠠᠪᠰᠤᠷᠤᠨ ᠭᠦᠢᠴᠡᠳᠬᠡᠵᠦ᠂ ᠭᠠᠷᠳᠠᠮ ᠭᠦᠢᠴᠡᠳᠬᠡᠬᠦ ᠶᠠᠪᠤᠴᠠ ᠶᠢ ᠳᠥᠭᠦᠮᠴᠢᠯᠡᠵᠦ᠂ ᠭᠠᠷᠳᠠᠮ ᠭᠦᠢᠴᠡᠳᠬᠡᠬᠦ ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠪᠠ᠃
ᠤᠯᠤᠰ ᠤᠨ ᠴᠠᠭᠢᠯᠭᠠᠨ ᠲᠣᠣᠷ ᠤᠨ ᠺᠤᠮᠫᠠᠨᠢ ᠪᠣᠯᠣᠨ ᠥᠪᠥᠷ ᠮᠣᠩᠭᠤᠯ ᠤᠨ ᠴᠠᠭᠢᠯᠭᠠᠨ ᠬᠦᠴᠦᠨ ᠤ ᠺᠤᠮᠫᠠᠨᠢ ︽ᠡᠯᠡᠰᠦᠨ ᠴᠥᠯ ᠭᠤᠪᠢ ᠴᠦᠯᠯᠡᠷᠭᠡᠭ ᠣᠷᠣᠨ︾ ᠤ ᠲᠣᠮᠣ ᠭᠡᠯᠪᠡᠷᠢ ᠶᠢᠨ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠰᠠᠭᠤᠷᠢᠨ ᠤ ︽ᠭᠤᠷᠪᠠ ᠶᠢ ᠨᠢᠭᠡ ᠴᠣᠭᠴᠠᠵᠢᠭᠤᠯᠤᠭᠰᠠᠨ︾ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠰᠠᠭᠤᠷᠢᠨ ᠤ ᠳᠣᠲᠣᠭᠠᠳᠤ ᠶᠢᠨ ᠰᠢᠨ᠎ᠡ ᠡᠨᠧᠷᠭᠢ᠂ ᠢᠵᠢ ᠪᠦᠷᠢᠳᠦᠭᠦᠯᠦᠭᠰᠡᠨ ᠨᠡᠭᠦᠷᠡᠰᠦ ᠪᠠᠷ ᠴᠠᠭᠢᠯᠭᠠᠨ ᠭᠠᠷᠭᠠᠬᠤ ᠵᠢᠴᠢ ᠢᠵᠢ ᠪᠦᠷᠢᠳᠦᠭᠦᠯᠦᠭᠰᠡᠨ ᠴᠠᠭᠢᠯᠭᠠᠨ ᠲᠣᠣᠷ ᠤᠨ ᠢᠨᠵᠧᠨᠧᠷᠢᠩ ᠤᠨ ᠰᠤᠳᠤᠯᠭᠠᠨ ᠢ ᠰᠢᠰᠲ᠋ᠧᠮᠲᠦ ᠴᠢᠨᠠᠷᠲᠠᠢ ᠥᠷᠨᠢᠭᠦᠯᠵᠦ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠭᠢᠯᠭᠠᠨ ᠲᠣᠣᠷ ᠤᠨ ᠢᠷᠡᠭᠡᠳᠦᠢ ᠶᠢᠨ ᠲᠣᠣᠷ ᠤᠨ ᠪᠦᠷᠢᠯᠳᠦᠴᠡ ᠶᠢᠨ ᠪᠠᠶᠢᠷᠢᠰᠢᠯ ᠢ ᠢᠳᠡᠪᠬᠢᠲᠡᠢ ᠰᠦᠪᠡᠭᠴᠢᠯᠡᠵᠦ᠂ ᠳᠣᠲᠣᠭᠠᠳᠤ ᠠᠴᠠ ᠲᠥᠪᠯᠡᠷᠡᠭᠦᠯᠦᠨ ᠬᠦᠷᠭᠡᠬᠦ ᠪᠠ ᠭᠠᠳᠠᠭᠠᠳᠤ ᠴᠠᠭᠢᠯᠭᠠᠨ ᠲᠣᠣᠷ ᠢᠶᠠᠷ ᠲᠤᠯᠭᠠᠭᠤᠷᠢᠯᠠᠬᠤ ᠬᠤᠶᠠᠷ ᠲᠠᠯ᠎ᠠ ᠠᠴᠠ ︽ᠡᠯᠡᠰᠦᠨ ᠴᠥᠯ ᠭᠤᠪᠢ ᠴᠦᠯᠯᠡᠷᠭᠡᠭ ᠣᠷᠣᠨ︾ ᠤ ᠲᠣᠮᠣ ᠭᠡᠯᠪᠡᠷᠢ ᠶᠢᠨ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠳᠤ ᠪᠠᠲᠤᠯᠠᠭ᠎ᠠ ᠬᠠᠩᠭᠠᠪᠠ᠃ ᠬᠤᠸᠠ ᠨᠧᠩ᠂ ᠭᠤᠷᠪᠠᠨ ᠬᠠᠪᠴᠢᠯ᠂ ᠬᠤᠸᠠ ᠳ᠋ᠢᠶᠠᠨ᠂ ᠮᠧᠩ ᠨᠧᠩ ᠵᠡᠷᠭᠡ ᠲᠥᠷᠥᠯ ᠵᠦᠢᠯ ᠤᠨ ᠲᠦᠷᠦᠭᠦᠯᠡᠨ ᠬᠢᠬᠦ ᠠᠵᠤ ᠠᠬᠤᠶᠢᠯᠠᠯ ᠤᠳ ᠪᠦᠯᠦᠭᠯᠡᠯ ᠤᠨ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠤᠯᠭᠠᠬᠰᠠᠨ ᠤᠳᠤᠷᠢᠳᠬᠤ ᠳᠤᠭᠤᠶᠢᠯᠠᠩ ᠢ ᠦᠳᠲᠡᠷ ᠲᠦᠷᠭᠡᠨ ᠪᠠᠶᠢᠭᠤᠯᠵᠤ᠂ ᠡᠳᠦᠷ ᠪᠦᠷᠢ ᠶᠢᠨ ᠠᠵᠢᠯ ᠤᠨ ᠵᠤᠷᠰᠢᠯᠲᠤ ᠬᠤᠷᠠᠯ ᠤᠨ ᠳᠦᠷᠢᠮ ᠢ ᠪᠠᠶᠢᠭᠤᠯᠵᠤ᠂ ᠠᠵᠢᠯ ᠤᠨ ᠲᠤᠰᠬᠠᠢ ᠠᠩᠭᠢ ᠶᠢ ᠵᠣᠬᠢᠶᠠᠨ ᠪᠠᠶᠢᠭᠤᠯᠵᠤ᠂ ᠠᠵᠢᠯ ᠢᠶᠠᠨ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠠᠰᠠᠭᠤᠳᠠᠯ ᠢ ᠲᠤᠬᠠᠢ ᠶᠢᠨ ᠲᠠᠯᠠᠪᠠᠢ ᠳᠤᠨᠢ ᠲᠣᠬᠢᠷᠠᠭᠤᠯᠤᠨ ᠰᠢᠢᠳᠪᠦᠷᠢᠯᠡᠵᠦ᠂ ᠲᠥᠷᠥᠯ ᠵᠦᠢᠯ ᠤᠨ ᠪᠣᠯᠣᠮᠵᠢᠲᠤ ᠰᠤᠳᠤᠯᠤᠯ ᠤᠨ ᠣᠷᠣᠨ ᠲᠤᠭ᠎ᠠ ᠶᠢᠨ ᠠᠵᠢᠯ ᠢ ᠡᠬᠢᠯᠡᠭᠦᠯᠪᠡ᠃
︽ᠲᠠᠷᠠᠭᠠᠴᠢ ᠶᠢᠨ ᠠᠯᠬᠤᠮ ᠳᠤ᠂ ᠤᠯᠤᠰ ᠤᠨ ᠲᠠᠰ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠥᠨᠳᠦᠷᠯᠢᠭ ᠢ ᠪᠠᠶᠢᠭᠤᠯᠬᠤ ᠪᠠᠷ ᠬᠠᠷᠠᠯᠲᠠ ᠪᠤᠯᠭᠠᠵᠤ ︿ᠡᠯᠡᠰᠦᠨ ᠴᠥᠯ ᠭᠤᠪᠢ ᠴᠦᠯᠯᠡᠷᠭᠡᠭ ᠣᠷᠣᠨ﹀ ᠤ ᠲᠣᠮᠣ ᠭᠡᠯᠪᠡᠷᠢ ᠶᠢᠨ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠠᠬᠢᠭᠤᠯᠵᠤ᠂ 2024 ᠣᠨ ᠤ ᠡᠴᠦᠰ ᠠᠴᠠ ᠡᠮᠦᠨ᠎ᠡ 4 ᠭᠡᠷᠡᠯᠴᠢ ᠴᠡᠨᠡᠭ ᠤᠨ ᠬᠤᠰᠢᠭᠤᠴᠢ ᠢᠨᠵᠧᠨᠧᠷᠢᠩ ᠤᠨ ᠲᠥᠷᠥᠯ ᠵᠦᠢᠯ ᠢ ᠲᠣᠣᠷ ᠲᠤ ᠨᠡᠶᠢᠯᠡᠭᠦᠯᠦᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ ᠳᠤ ᠥᠪᠥᠷ ᠮᠣᠩᠭᠤᠯ ᠤᠨ ᠬᠤᠪᠢ ᠨᠡᠮᠡᠷᠢ ᠪᠠᠨ ᠦᠵᠡᠭᠦᠯᠦᠨ᠎ᠡ︾ ᠭᠡᠵᠦ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠨᠢᠯᠴᠠᠭᠤᠯᠪᠠ᠃