ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠢ ᠬᠦᠴᠦᠨ ᠦᠭᠡᠢ ᠪᠣᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ
ᠨᠡᠶᠢᠲᠡᠯᠡᠭᠰᠡᠨ ᠴᠠᠭ᠄
2023/12/11

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 263 ᠳ᠋ᠤᠭᠠᠷ ᠲᠣᠭᠠᠲᠤ

 

︽ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠢ ᠬᠦᠴᠦᠨ ᠦᠭᠡᠢ ᠪᠣᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠨᠢᠭᠡᠨᠲᠡ 2023 ᠣᠨ ᠤ 11 ᠳ᠋ᠦ᠋ᠭᠡᠷ ᠰᠠᠷ᠎ᠠ ᠶᠢᠨ 2 ᠤᠨ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 28 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ  ᠡᠳᠦᠭᠡ ᠨᠡᠶᠢᠲᠡᠯᠡᠪᠡ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃

 

ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ   ᠸᠠᠩ ᠯᠢ ᠰᠢᠶᠠ        

2023 ᠣᠨ ᠤ 11 ᠳ᠋ᠦ᠋ᠭᠡᠷ ᠰᠠᠷ᠎ᠠ ᠶᠢᠨ 7 ᠤ ᠡᠳᠦᠷ        

 

ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠢ ᠬᠦᠴᠦᠨ ᠦᠭᠡᠢ ᠪᠣᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ

 

ᠨᠡᠶᠢᠭᠡᠮ ᠵᠢᠷᠤᠮ ᠤᠨ ᠬᠠᠤᠯᠢ ᠳᠦᠷᠢᠮ ᠤᠨ ᠨᠢᠭᠡᠳᠦᠯ ᠢ ᠬᠠᠮᠠᠭᠠᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 11 ᠳ᠋ᠦ᠋ᠭᠡᠷ ᠰᠠᠷ᠎ᠠ ᠶᠢᠨ 2 ᠤᠨ ᠡᠳᠦᠷ ᠤᠨ 28 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠭᠠᠳ᠂ ᠳᠣᠣᠷᠠᠬᠢ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠬᠦᠴᠦᠨ ᠦᠭᠡᠢ ᠪᠣᠯᠭᠠᠬᠤ ᠪᠠᠷ ᠲᠣᠭᠲᠠᠪᠠ᠄

ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠠᠵᠢᠯᠯᠠᠭ᠎ᠠ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ︾ ︵2015 ᠣᠨ ᠤ 12 ᠳ᠋ᠤᠭᠠᠷ ᠰᠠᠷ᠎ᠠ ᠶᠢᠨ 1 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 217 ᠳ᠋ᠤᠭᠠᠷ ᠲᠣᠭᠠᠲᠤ ᠪᠠᠷ ᠨᠡᠶᠢᠲᠡᠯᠡᠪᠡ︶

ᠬᠤᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠡᠷ ᠬᠤᠨᠢ ᠢᠮᠠᠭ᠎ᠠ ᠨᠢᠲᠤᠯᠬᠤ ᠬᠠᠮᠢᠶᠠᠷᠤᠯᠲᠠ ᠶᠢᠨ ᠠᠷᠭ᠎ᠠ︾ ︵2016 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 218 ᠳ᠋ᠤᠭᠠᠷ ᠲᠣᠭᠠᠲᠤ ᠪᠠᠷ ᠨᠡᠶᠢᠲᠡᠯᠡᠪᠡ︶

ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃

 

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

2023 ᠣᠨ ᠤ 11 ᠳ᠋ᠦ᠋ᠭᠡᠷ ᠰᠠᠷ᠎ᠠ ᠶᠢᠨ 8 ᠤ ᠡᠳᠦᠷ ᠳᠠᠷᠤᠮᠠᠯᠯᠠᠨ ᠲᠠᠷᠬᠠᠭᠠᠪᠠ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ