ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2023 ᠣᠨ ᠤ 32 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/12

12 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ 11 ᠰᠠᠷ᠎ᠠ ᠶᠢᠨ 27 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃

ᠬᠤᠷᠠᠯ ᠠᠴᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠥᠪ ᠤᠨ ᠤᠯᠤᠰ ᠲᠥᠷᠥ ᠶᠢᠨ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠮᠢ ᠠᠬᠤᠢ ᠣᠷᠴᠢᠨ ᠲᠣᠭᠤᠷᠢᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠠᠭᠤᠰᠤᠯᠴᠠᠬᠤ᠂ ᠠᠮᠤᠷ ᠲᠦᠪᠰᠢᠨ ᠬᠥᠭᠵᠢᠯᠲᠡ ᠶᠢ ᠳᠡᠭᠡᠭᠰᠢᠯᠡᠭᠦᠯᠬᠦ ᠲᠠᠯ᠎ᠠ ᠪᠠᠷ ᠬᠦᠴᠦ ᠲᠠᠯᠪᠢᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠪᠠ ᠨᠤᠲᠤᠭ ᠪᠡᠯᠴᠢᠭᠡᠷ ᠲᠤ ᠬᠡᠲᠦᠷᠡᠲᠡᠯ᠎ᠡ ᠮᠠᠯᠵᠢᠬᠤ ᠶᠠᠪᠤᠳᠠᠯ᠂ ᠶᠡᠭᠡ ᠤᠰᠤ ᠪᠠᠷ ᠨᠠᠯᠠᠶᠢᠲᠠᠯ᠎ᠠ ᠤᠰᠤᠯᠠᠬᠤ ᠠᠰᠠᠭᠤᠳᠠᠯ ᠢ ᠰᠢᠢᠳᠪᠦᠷᠢᠯᠡᠬᠦ ᠵᠡᠷᠭᠡ ᠠᠵᠢᠯ ᠤᠨ 2024 ᠣᠨ ᠤ ᠡᠭᠦᠷᠭᠡ ᠶᠢᠨ ᠨᠠᠷᠢᠨ ᠳᠠᠩᠰᠠ ᠶᠢ ᠨᠠᠷᠢᠨ ᠨᠢᠮᠪᠠᠢ ᠲᠣᠭᠲᠠᠭᠠᠵᠤ᠂ ᠬᠢᠯᠢ ᠶᠢᠨ ᠪᠣᠭᠤᠮᠲᠠ ᠶᠢᠨ ᠣᠷᠣᠨ ᠪᠠᠶᠢᠷᠢ ᠶᠢ ᠨᠢ ᠰᠣᠯᠢᠵᠤ ᠬᠥᠭᠵᠢᠭᠦᠯᠬᠦ ᠪᠠ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠣᠯᠣᠩ ᠤᠨ ᠣᠷᠣᠨ ᠳᠤ ᠠᠭᠤᠰᠤᠯᠴᠠᠬᠤ ᠪᠣᠳᠠᠲᠠᠢ ᠠᠷᠭ᠎ᠠ ᠬᠡᠮᠵᠢᠶ᠎ᠡ ᠶᠢ ᠰᠠᠶᠢᠲᠤᠷ ᠲᠥᠯᠥᠪᠯᠡᠵᠦ᠂ ᠠᠶᠢᠮᠠᠭ ᠬᠤᠲᠠ ᠶᠢᠨ ᠬᠤᠭᠤᠷᠣᠨᠳᠤ ᠣᠷᠣᠨ ᠪᠦᠰᠡ ᠠᠯᠤᠰᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠴᠠᠬᠢᠯᠭᠠᠨ ᠬᠦᠴᠦᠨ ᠤ ᠬᠠᠷᠢᠯᠴᠠᠨ ᠲᠤᠰᠠᠯᠠᠬᠤ ᠶᠢ ᠠᠬᠢᠭᠤᠯᠵᠤ᠂ 12 ᠰᠠᠷ᠎ᠠ ᠶᠢᠨ 4 ᠤ ᠡᠳᠦᠷ ᠤᠨ ᠪᠥᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤᠲᠤ ᠬᠤᠷᠠᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ᠂ ᠲᠤᠭ᠎ᠠ ᠪᠠᠷᠢᠮᠲᠠ ᠶᠢᠨ ᠰᠠᠭᠤᠷᠢ ᠳᠦᠷᠢᠮ ᠢ ᠪᠠᠶᠢᠭᠤᠯᠵᠤ ᠲᠤᠭ᠎ᠠ ᠪᠠᠷᠢᠮᠲᠠ ᠶᠢᠨ ᠴᠢᠬᠤᠯᠠ ᠡᠯᠧᠮᠧᠨ᠋ᠲ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠲᠤᠬᠠᠢ ᠠᠵᠢᠯ ᠤᠨ ᠲᠥᠰᠥᠯ ᠢ ᠬᠢᠨᠠᠨ ᠵᠥᠪᠯᠡᠵᠦ ᠪᠠᠲᠤᠯᠠᠨ᠂ ᠢᠷᠡᠬᠦ ᠵᠢᠯ ᠤᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠣᠨ ᠨᠠᠷᠢᠨ ᠳᠠᠩᠰᠠ ᠶᠢ ᠱᠠᠯᠠᠪᠳᠠᠨ ᠰᠤᠳᠤᠯᠤᠨ ᠳᠤᠷᠠᠳᠴᠤ᠂ ᠪᠥᠬᠦ ᠣᠷᠣᠨ ᠤ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠰᠠᠭᠤᠷᠢ ᠲᠠᠪᠴᠠᠩ ᠢ ᠪᠠᠬᠢᠵᠢᠭᠦᠯᠵᠦ᠂ ᠲᠤᠭ᠎ᠠ ᠪᠠᠷᠢᠮᠲᠠ ᠶᠢ ᠨᠡᠶᠢᠳᠬᠡᠬᠦ᠂ ᠲᠥᠪᠯᠡᠷᠡᠭᠦᠯᠬᠦ᠂ ᠵᠠᠰᠠᠬᠤ ᠶᠢ ᠴᠢᠩᠭᠠᠳᠬᠠᠵᠤ᠂ ︽ᠮᠥᠩᠬᠡ ᠰᠤᠪᠠᠭ︾ ᠪᠣᠯᠣᠨ 12345 ︽ᠨᠢᠭᠡ ᠤᠲᠠᠰᠤ ᠪᠠᠷ ᠨᠡᠪᠲᠡᠷᠡᠭᠦᠯᠬᠦ︾ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠲᠤᠭ᠎ᠠ ᠪᠠᠷᠢᠮᠲᠠ ᠶᠢᠨ ᠡᠯᠧᠮᠧᠨ᠋ᠲ ᠤᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠬᠡᠷᠡᠭᠴᠡᠭᠡ ᠶᠢ ᠠᠭᠤᠳᠠᠯᠵᠤ᠂ ᠲᠤᠭ᠎ᠠ ᠪᠠᠷᠢᠮᠲᠠ ᠶᠢ ᠨᠡᠭᠡᠭᠡᠨ ᠠᠰᠢᠭᠯᠠᠬᠤ ᠶᠢ ᠭᠦᠨᠵᠡᠭᠡᠶᠢᠷᠡᠭᠦᠯᠵᠦ᠂ ︽ᠲᠤᠭ᠎ᠠ ᠪᠠᠷᠢᠮᠲᠠ ᠶᠢᠨ ᠥᠨᠥᠴᠢᠨ ᠠᠷᠠᠯ︾ ᠢ ᠬᠦᠴᠦᠯᠡᠨ ᠡᠪᠳᠡᠵᠦ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ ᠭᠡᠵᠦ ᠱᠠᠭᠠᠷᠳᠠᠪᠠ᠃

ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ  ᠤᠨ ᠨᠠᠷᠢᠨ ᠳᠠᠩᠰᠠ ᠶᠢ ᠰᠤᠳᠤᠯᠤᠨ ᠪᠠᠲᠤᠯᠠᠵᠤ᠂ ᠡᠷᠬᠡ ᠶᠢᠨ ᠵᠠᠭᠠᠭ ᠬᠢᠵᠠᠭᠠᠷ ᠢ ᠲᠣᠳᠣᠷᠬᠠᠶᠢᠯᠠᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠠᠭ ᠲᠤᠬᠠᠢ ᠳᠤᠨᠢ ᠰᠠᠶᠢᠲᠤᠷ ᠬᠢᠵᠦ᠂ ᠬᠡᠯᠪᠡᠷᠢ ᠶᠢ ᠨᠢ ᠬᠤᠪᠢᠷᠠᠭᠤᠯᠤᠭᠰᠠᠨ ᠵᠥᠪᠰᠢᠶᠡᠷᠡᠯ ᠢ ᠢᠯᠭᠠᠷᠠᠭᠤᠯᠵᠤ᠂ ︽ᠳᠠᠩᠰᠠᠨ ᠠᠴᠠ ᠭᠠᠳᠠᠨ᠎ᠠ ᠳᠠᠩᠰᠠ ᠦᠭᠡᠢ︾ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ