︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/12/14

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ

ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ

 

ᠥᠪᠥᠷ ᠵᠠᠰᠠᠭ ᠠᠯᠪᠠᠨ ᠲᠠᠷᠬᠠᠭᠠᠭᠰᠠᠨ ﹇2023 ﹈ 12 ᠳ᠋ᠤᠭᠠᠷ ᠲᠣᠭᠠᠲᠤ

 

︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ ︶ ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ

 

ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ᠄

      ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ ︶ ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ ᠂ ᠪᠣᠳᠠᠲᠠᠢ ᠲᠠᠢ ᠪᠠᠨ ᠤᠶᠠᠯᠳᠤᠭᠤᠯᠤᠨ ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ ᠃ 

2023 ᠣᠨ ᠤ 1 ᠳ᠋ᠦ᠋ᠭᠡᠷ ᠰᠠᠷ᠎ᠠ ᠶᠢᠨ 14 ᠤ ᠡᠳᠦᠷ

      ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

 

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ ︶

      ᠨᠢᠭᠡᠳᠦᠭᠡᠷ ᠪᠦᠯᠦᠭ  ᠶᠡᠷᠦᠩᠬᠡᠢ ᠳᠦᠷᠢᠮ

      ᠨᠢᠭᠡᠳᠦᠭᠡᠷ ᠵᠦᠢᠯ  ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ ᠂ ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠪᠠ ᠦᠢᠯᠡᠴᠢᠯᠡᠭᠡ ᠶᠢ ᠴᠢᠩᠭᠠᠳᠬᠠᠨ ᠂ ᠠᠮᠤ ᠪᠤᠳᠠᠭ᠎ᠠ ᠬᠤᠳᠠᠯᠳᠤᠨ ᠠᠪᠬᠤ ᠡᠮᠬᠢ ᠵᠢᠷᠤᠮ ᠢ ᠦᠨᠡᠨ ᠬᠦ ᠬᠠᠮᠠᠭᠠᠯᠠᠨ ᠂ ᠠᠮᠤ ᠪᠤᠳᠠᠭᠠᠨ ᠤ ᠦᠢᠯᠡᠳᠪᠦᠷᠢᠯᠡᠭᠴᠢ ᠂ ᠬᠤᠳᠠᠯᠳᠤᠨ ᠠᠪᠤᠭᠴᠢ ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ ᠂ ︽ ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠂ ᠬᠠᠤᠯᠢ ᠲᠣᠭᠲᠠᠭᠠᠯ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠵᠦ ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ ᠂ ᠲᠣᠰ ᠠᠷᠭ᠎ᠠ ᠶᠢ ᠲᠣᠭᠲᠠᠭᠠᠪᠠ ᠃

      ᠬᠤᠶᠠᠳᠤᠭᠠᠷ ᠵᠦᠢᠯ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠴᠠᠷᠠᠭᠠᠨ ᠳᠤ ᠠᠮᠤ ᠪᠤᠳᠠᠭᠠᠨ ᠤ ᠬᠤᠳᠠᠯᠳᠤᠨ ᠠᠪᠬᠤ ᠠᠵᠢᠯᠯᠠᠭ᠎ᠠ ᠡᠷᠬᠢᠯᠡᠵᠦ ᠪᠠᠶᠢᠭ᠎ᠠ ᠪᠠᠶᠢᠭᠠᠯᠢ ᠬᠥᠮᠥᠨ ᠂ ᠬᠠᠤᠯᠢ ᠶᠢᠨ ᠡᠷᠬᠡᠲᠡᠨ ᠂ ᠬᠠᠤᠯᠢ ᠶᠢᠨ ᠡᠷᠬᠡᠲᠡᠨ ᠤ ᠪᠤᠰᠤ ᠵᠣᠬᠢᠶᠠᠨ ᠪᠠᠶᠢᠭᠤᠯᠤᠯᠲᠠ ︵ᠳᠣᠷᠣᠭᠰᠢ ᠠᠮᠤ ᠪᠤᠳᠠᠭᠠᠨ ᠤ ᠬᠤᠳᠠᠯᠳᠤᠨ ᠠᠪᠤᠭᠴᠢ ᠭᠡᠵᠦ ᠶᠡᠷᠦᠩᠬᠡᠶᠢᠯᠡᠨ ᠨᠡᠷᠡᠶᠢᠳᠦᠨ᠎ᠡ ︶ ᠲᠣᠰ ᠠᠷᠭ᠎ᠠ ᠶᠢ ᠵᠢᠷᠤᠮᠯᠠᠨ ᠰᠠᠬᠢᠬᠤ ᠬᠡᠷᠡᠭᠲᠡᠢ ᠃

      ᠲᠣᠰ ᠠᠷᠭ᠎ᠠ ᠳᠤ ᠶᠠᠷᠢᠵᠤ ᠪᠠᠶᠢᠭ᠎ᠠ ᠠᠮᠤ ᠪᠤᠳᠠᠭ᠎ᠠ ᠭᠡᠳᠡᠭ ᠨᠢ ᠪᠤᠭᠤᠳᠠᠢ ᠂ ᠲᠤᠲᠤᠷᠭ᠎ᠠ ᠂ ᠡᠷᠳᠡᠨᠢ ᠰᠢᠰᠢ ᠂ ᠡᠯᠳᠡᠪ ᠠᠮᠤ ᠵᠢᠴᠢ ᠴᠠᠶᠢᠯᠭᠠᠭᠰᠠᠨ ᠠᠮᠤ ᠶᠢ ᠵᠢᠭᠠᠵᠤ ᠪᠣᠢ ᠃

      ᠭᠤᠷᠪᠠᠳᠤᠭᠠᠷ ᠵᠦᠢᠯ  ᠠᠮᠤ ᠪᠤᠳᠠᠭ᠎ᠠ ᠬᠤᠳᠠᠯᠳᠤᠨ ᠠᠪᠬᠤ ᠭᠡᠳᠡᠭ ᠨᠢ ᠠᠮᠤ ᠪᠤᠳᠠᠭ᠎ᠠ ᠲᠠᠷᠢᠵᠤ ᠪᠠᠶᠢᠭ᠎ᠠ ᠲᠠᠷᠢᠶᠠᠴᠢᠨ ᠂ ᠪᠤᠰᠤᠳ ᠠᠮᠤ ᠪᠤᠳᠠᠭᠠᠨ ᠤ ᠦᠢᠯᠡᠳᠪᠦᠷᠢᠯᠡᠭᠴᠢ ᠪᠤᠶᠤ ᠠᠮᠤ ᠪᠤᠳᠠᠭᠠᠨ ᠤ ᠡᠷᠬᠢᠯᠡᠨ ᠡᠵᠡᠩᠨᠡᠭᠴᠢ ᠂ ᠲᠠᠷᠢᠶᠠᠴᠢᠨ ᠤ ᠲᠤᠰᠬᠠᠢ ᠬᠤᠷᠰᠢᠶ᠎ᠠ ᠵᠡᠷᠭᠡ ᠶᠢᠨ ᠪᠥᠭᠡᠮ ᠢᠶᠠᠷ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠶᠢ ᠵᠢᠭᠠᠵᠤ ᠪᠣᠢ ᠃

      ᠠᠮᠤ ᠪᠤᠳᠠᠭᠠᠨ ᠤ ᠡᠷᠬᠢᠯᠡᠨ ᠡᠵᠡᠩᠨᠡᠭᠴᠢ ᠭᠡᠳᠡᠭ ᠨᠢ ᠬᠤᠪᠢ ᠬᠥᠮᠥᠨ ᠪᠤᠶᠤ ᠭᠡᠷ ᠪᠦᠯᠢ ᠪᠠᠷ ᠡᠵᠡᠩᠨᠡᠯᠲᠡ ᠶᠢᠨ ᠭᠤᠣᠯ ᠴᠣᠭᠴᠠ ᠪᠣᠯᠭᠠᠵᠤ ᠰᠢᠭᠤᠳ ᠠᠮᠤ ᠪᠤᠳᠠᠭ᠎ᠠ ᠲᠠᠷᠢᠵᠤ ᠪᠠᠶᠢᠭ᠎ᠠ ᠲᠠᠷᠢᠶᠠᠴᠢᠨ ᠂ ᠪᠤᠰᠤᠳ ᠠᠮᠤ ᠪᠤᠳᠠᠭᠠᠨ ᠤ ᠦᠢᠯᠡᠳᠪᠦᠷᠢᠯᠡᠭᠴᠢ ᠂ ᠲᠠᠷᠢᠶᠠᠴᠢᠨ ᠤ ᠲᠤᠰᠬᠠᠢ ᠬᠤᠷᠰᠢᠶ᠎ᠠ ᠠᠴᠠ ᠪᠥᠭᠡᠮ ᠢᠶᠠᠷ ᠠᠮᠤ ᠪᠤᠳᠠᠭ᠎ᠠ ᠬᠤᠳᠠᠯᠳᠤᠨ ᠠᠪᠳᠠᠭ ᠡᠵᠡᠩᠨᠡᠭᠴᠢ ᠶᠢ ᠵᠢᠭᠠᠵᠤ ᠪᠣᠢ ᠃

      ᠳᠥᠷᠪᠡᠳᠦᠭᠡᠷ ᠵᠦᠢᠯ  ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠳᠤ ᠰᠠᠶᠢᠨ ᠳᠤᠷ᠎ᠠ ᠠᠴᠠ ᠪᠠᠨ ᠂ ᠲᠥᠪ ᠭᠤᠣᠯᠴᠢ ᠂ ᠦᠨᠡᠨᠴᠢ ᠢᠲᠡᠭᠡᠮᠵᠢᠲᠡᠢ ᠪᠠᠶᠢᠬᠤ ᠵᠠᠷᠴᠢᠮ ᠢ ᠵᠢᠷᠤᠮᠯᠠᠵᠤ ᠂ ᠠᠮᠤ ᠪᠤᠳᠠᠭ᠎ᠠ ᠦᠢᠯᠡᠳᠪᠦᠷᠢᠯᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠪᠣᠯᠬᠤ ᠦᠭᠡᠢ ᠂ ᠤᠯᠤᠰ ᠤᠨ ᠠᠰᠢᠭ ᠲᠤᠰᠠ ᠪᠠ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠵᠤ ᠪᠣᠯᠬᠤ ᠦᠭᠡᠢ ᠃

      ᠭᠤᠣᠯ ᠴᠣᠭᠴᠠ ᠶᠢᠨ ᠣᠯᠠᠨ ᠡᠰᠢᠵᠢᠭᠰᠡᠨ ᠂ ᠭᠤᠣᠯᠴᠢ ᠨᠡᠭᠡᠭᠡᠯᠲᠡ ᠲᠠᠢ ᠂ ᠥᠷᠢᠰᠦᠯᠳᠦᠭᠡᠨ ᠨᠢ ᠡᠮᠬᠢ ᠵᠢᠷᠤᠮ ᠲᠠᠢ ᠠᠮᠤ ᠪᠤᠳᠠᠭ᠎ᠠ ᠬᠤᠳᠠᠯᠳᠤᠨ ᠠᠪᠬᠤ ᠵᠠᠬ᠎ᠠ ᠳᠡᠯᠭᠡᠭᠦᠷ ᠢ ᠴᠣᠭᠴᠠᠯᠠᠬᠤ ᠶᠢ ᠵᠣᠷᠢᠭᠵᠢᠭᠤᠯᠬᠤ ᠶᠢᠨ ᠬᠠᠮᠲᠤ ᠂ ᠪᠦᠲᠦᠮᠵᠢᠲᠡᠢ ᠠᠷᠭ᠎ᠠ ᠠᠪᠴᠤ ᠪᠠᠶᠢᠭᠠᠳ ᠠᠮᠤ ᠪᠤᠳᠠᠭ᠎ᠠ ᠪᠦᠷᠢᠯᠭᠡᠨ ᠰᠦᠢᠳᠬᠡᠬᠦ ᠶᠢ ᠰᠡᠷᠭᠡᠶᠢᠯᠡᠬᠦ ᠪᠠ ᠪᠠᠭᠠᠰᠬᠠᠨ᠎ᠠ ᠃

      ᠲᠠᠪᠤᠳᠤᠭᠠᠷ ᠵᠦᠢᠯ  ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠨᠣᠯᠵᠢᠬᠤᠨ ᠢ ᠪᠣᠢ ᠪᠣᠯᠭᠠᠵᠤ ᠂ ᠲᠠᠷᠢᠶᠠᠴᠢᠨ ᠪᠣᠯᠣᠨ ᠠᠵᠤ ᠠᠬᠤᠶᠢᠯᠠᠯ ᠳᠤ ᠦᠢᠯᠡᠴᠢᠯᠡᠬᠦ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠶᠢᠨ ᠠᠵᠢᠯᠯᠠᠭ᠎ᠠ ᠳᠤ ᠪᠠᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ ᠂ ᠬᠠᠤᠯᠢ ᠪᠤᠰᠤ ᠠᠷᠭ᠎ᠠ ᠪᠠᠷᠢᠯ ᠢᠶᠠᠷ ᠠᠮᠤ ᠪᠤᠳᠠᠭᠠᠨ ᠤ ᠴᠢᠯᠦᠭᠡᠲᠡᠢ ᠭᠦᠢᠯᠭᠡᠭᠡᠨ ᠢ ᠬᠠᠷᠰᠢᠯᠠᠬᠤ ᠶᠢ ᠡᠷᠡᠰ ᠴᠠᠭᠠᠵᠠᠯᠠᠨ᠎ᠠ ᠃ ᠠᠮᠤ ᠪᠤᠳᠠᠭ᠎ᠠ ᠬᠤᠳᠠᠯᠳᠤᠨ ᠠᠪᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠥᠨᠥᠭᠡᠵᠦ ᠪᠣᠯᠬᠤ ᠦᠭᠡᠢ ᠃

      ᠵᠢᠷᠭᠤᠳᠤᠭᠠᠷ ᠵᠦᠢᠯ  ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠪᠠ ᠦᠢᠯᠡᠴᠢᠯᠡᠭᠡ ᠪᠠᠨ ᠴᠢᠩᠭᠠᠳᠬᠠᠵᠤ ᠂ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ ᠃

      ᠬᠥᠭᠵᠢᠭᠦᠯᠦᠯᠲᠡ ᠪᠠ ᠥᠭᠡᠷᠡᠴᠢᠯᠡᠯᠲᠡ ᠂ ᠡᠳ᠋ ᠤᠨ ᠵᠠᠰᠠᠭ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠂ ᠵᠠᠮ ᠬᠠᠷᠢᠯᠴᠠᠭ᠎ᠠ ᠲᠡᠭᠡᠭᠡᠪᠦᠷᠢ ᠂ ᠲᠠᠷᠢᠶᠠᠠᠯᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠂ ᠲᠤᠭ᠎ᠠ ᠪᠦᠷᠢᠳᠬᠡᠯ ᠂ ᠡᠷᠡᠭᠦᠯ ᠬᠠᠮᠠᠭᠠᠯᠠᠯ ᠡᠷᠡᠭᠦᠯ ᠮᠡᠨᠳᠦ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠂ ᠠᠷᠠᠳ ᠤᠨ ᠪᠠᠩᠬᠢ ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠵᠡᠷᠭᠡ ᠰᠠᠯᠠᠭ᠎ᠠ ᠮᠥᠴᠢᠷ ᠂ ᠨᠢᠭᠡᠴᠢ ᠨᠢ ᠥᠪᠡᠷ ᠥᠪᠡᠷ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠪᠠᠨ ᠠᠮᠤ ᠪᠤᠳᠠᠭ᠎ᠠ ᠬᠤᠳᠠᠯᠳᠤᠨ ᠠᠪᠬᠤ ᠶᠢᠨ ᠬᠠᠮᠢᠶ᠎ᠠ ᠪᠦᠬᠦᠢ ᠵᠣᠬᠢᠴᠠᠯᠳᠤᠭᠤᠯᠤᠨ ᠬᠠᠮᠵᠢᠯᠴᠠᠬᠤ ᠠᠵᠢᠯ ᠢ ᠰᠠᠶᠢᠲᠤᠷ ᠬᠢᠬᠦ ᠬᠡᠷᠡᠭᠲᠡᠢ ᠃

      ᠬᠤᠶᠠᠳᠤᠭᠠᠷ ᠪᠦᠯᠦᠭ  ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ ᠳᠠᠩᠰᠠᠯᠠᠬᠤ

      ᠳᠣᠯᠣᠳᠤᠭᠠᠷ ᠵᠦᠢᠯ  ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠠᠵᠢᠯ ᠳᠤ ︽ᠢᠯᠡ ᠪᠠᠶᠢᠯᠭᠠᠬᠤ ᠂ ᠲᠥᠪ ᠴᠢᠬᠡᠴᠢ ᠂ ᠲᠥᠪ ᠭᠤᠣᠯᠴᠢ ᠂ ᠠᠷᠠᠳ ᠲᠤ ᠳᠥᠭᠦᠮ ᠦᠵᠡᠭᠦᠯᠦᠨ ᠠᠵᠤ ᠠᠬᠤᠶᠢᠯᠠᠯ ᠳᠤ ᠠᠰᠢᠭ ᠬᠦᠷᠲᠡᠭᠡᠬᠦ ᠂ ᠤᠶᠠᠨ ᠬᠠᠳᠠᠨ ᠮᠥᠷᠲᠡᠭᠡᠨ ᠥᠨᠳᠥᠷ ᠪᠦᠲᠦᠮᠵᠢᠲᠡᠢ ︾ ︽ᠬᠡᠨ ᠪᠦᠷᠢᠳᠬᠡᠨ ᠳᠠᠩᠰᠠᠯᠠᠪᠠᠯ ᠲᠡᠷᠡ ᠬᠢᠨᠠᠨ ᠬᠠᠮᠢᠶᠠᠷᠬᠤ ︾ ᠵᠠᠷᠴᠢᠮ ᠢ ᠪᠠᠷᠢᠮᠲᠠᠯᠠᠬᠤ ᠬᠡᠷᠡᠭᠲᠡᠢ ᠃

      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠥᠬᠦ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠠᠵᠢᠯ ᠢ ᠵᠢᠭᠠᠨ ᠵᠢᠯᠣᠭᠤᠳᠤᠨ᠎ᠠ ᠃

      ᠠᠶᠢᠮᠠᠭ ᠤᠨ ᠵᠠᠬᠢᠷᠭ᠎ᠠ ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠠᠷᠢᠶᠠᠲᠤ ᠣᠷᠣᠨ  ᠳᠠᠬᠢ ᠡᠯ᠎ᠡ ᠬᠤᠰᠢᠭᠤ ᠰᠢᠶᠠᠨ ︵ᠬᠤᠲᠠ ᠂ ᠲᠣᠭᠤᠷᠢᠭ ︶ ᠤ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠠᠵᠢᠯ ᠳᠤ ᠵᠢᠭᠠᠨ ᠵᠢᠯᠣᠭᠤᠳᠤᠯᠭ᠎ᠠ ᠬᠢᠬᠦ ᠪᠠ ᠬᠢᠨᠠᠯᠲᠠ ᠲᠠᠯᠪᠢᠨ᠎ᠠ ᠃

      ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠣᠰ ᠬᠠᠷᠢᠶᠠᠲᠤ ᠣᠷᠣᠨ ᠳᠠᠬᠢ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃

      ᠨᠠᠢᠮᠠᠳᠤᠭᠠᠷ ᠵᠦᠢᠯ  ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ ᠳᠠᠩᠰᠠᠯᠠᠬᠤ ᠪᠠ ᠬᠤᠪᠢᠷᠠᠭᠠᠬᠤ ᠠᠵᠢᠯ ᠢ ᠲᠤᠬᠠᠢ ᠶᠢᠨ ᠲᠠᠯᠠᠪᠠᠢ ᠂ ᠰᠦᠯᠵᠢᠶᠡᠨ ᠳᠤ ᠪᠦᠷᠢᠳᠬᠡᠨ ᠳᠠᠩᠰᠠᠯᠠᠬᠤ ᠵᠢᠴᠢ ᠵᠠᠬᠢᠳᠠᠯ ᠂ ᠹᠠᠺᠰ ᠂ ᠡᠯᠧᠺᠲᠷᠣᠨ ᠰᠢᠤᠳᠠᠨ ᠵᠡᠷᠭᠡ ᠣᠯᠡᠨ ᠵᠦᠢᠯ ᠤᠨ ᠠᠷᠭ᠎ᠠ ᠬᠡᠯᠪᠡᠷᠢ ᠪᠠᠷ ᠶᠠᠪᠤᠭᠳᠠᠭᠤᠯᠤᠨ᠎ᠠ ᠃

      ᠶᠢᠰᠦᠳᠦᠭᠡᠷ ᠵᠦᠢᠯ  ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠦᠷᠢᠳᠬᠡᠨ ᠳᠠᠩᠰᠠᠯᠠᠬᠤ ᠠᠷᠭ᠎ᠠ ᠬᠡᠯᠪᠡᠷᠢ ᠂ ᠬᠠᠷᠢᠯᠴᠠᠬᠤ ᠬᠥᠮᠥᠨ ᠵᠢᠴᠢ ᠬᠠᠷᠢᠯᠴᠠᠬᠤ ᠠᠷᠭ᠎ᠠ ᠮᠠᠶ᠋ᠢᠭ ᠢᠶᠠᠨ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠢᠯᠡ ᠨᠡᠶᠢᠲᠡᠯᠡᠵᠦ ᠂ ᠲᠡᠭᠦᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠰᠦᠯᠵᠢᠶᠡᠨ ᠳᠡᠭᠡᠷ᠎ᠡ ᠪᠠᠨ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ ᠳᠠᠩᠰᠠᠯᠠᠬᠤ ᠵᠦᠢᠯᠡᠰ ᠤᠨ ᠦᠢᠯᠡᠴᠢᠯᠡᠭᠡᠨ ᠤ ᠵᠦᠭᠯᠡᠭᠦᠷ ᠂ ᠭᠦᠢᠴᠡᠳᠬᠡᠬᠦ ᠴᠤᠪᠤᠷᠠᠯ ᠵᠡᠷᠭᠡ ᠶᠢ ᠨᠡᠶᠢᠲᠡ ᠳᠤ ᠵᠠᠷᠯᠠᠵᠤ ᠂ ᠬᠤᠯᠪᠣᠭᠳᠠᠯ ᠪᠦᠬᠦᠢ ᠪᠦᠷᠢᠳᠬᠡᠨ ᠳᠠᠩᠰᠠᠯᠠᠬᠤ ᠮᠠᠲ᠋ᠧᠷᠢᠶᠠᠯ ᠢ ᠲᠠᠭᠯᠠᠬᠤ ᠶᠢᠨ ᠦᠯᠢᠭᠡᠷ ᠪᠢᠴᠢᠭ ᠰᠡᠯᠲᠡ ᠶᠢ ᠬᠠᠩᠭᠠᠵᠤ ᠂ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠠᠮᠤ ᠪᠤᠳᠠᠭ᠎ᠠ ᠬᠤᠳᠠᠯᠳᠤᠨ ᠠᠪᠬᠤ ᠶᠢᠨ ᠪᠦᠷᠢᠳᠬᠡᠨ ᠳᠠᠩᠰᠠᠯᠠᠬᠤ ᠲᠠᠢ ᠬᠠᠮᠢᠶ᠎ᠠ ᠦᠭᠡᠢ ᠮᠠᠲ᠋ᠧᠷᠢᠶᠠᠯ ᠬᠠᠩᠭᠠᠬᠤ ᠪᠠᠷ ᠱᠠᠭᠠᠷᠳᠠᠵᠤ ᠪᠣᠯᠬᠤ ᠦᠭᠡᠢ ᠃

      ᠠᠷᠪᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯᠲᠠᠨ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ ᠳᠠᠩᠰᠠᠯᠠᠬᠤ ᠠᠵᠢᠯ ᠢ ᠭᠦᠢᠴᠡᠳᠬᠡᠬᠦ ᠳᠤ ᠪᠠᠨ ᠶᠠᠮᠠᠷ ᠴᠦ ᠰᠦᠢᠳᠬᠡᠯ ᠬᠤᠷᠢᠶᠠᠵᠤ ᠪᠣᠯᠬᠤ ᠦᠭᠡᠢ ᠂ ᠪᠤᠰᠤᠳ ᠠᠴᠠ ᠡᠳ᠋ ᠪᠣᠳᠠᠰ ᠨᠡᠬᠡᠬᠦ ᠪᠤᠶᠤ ᠬᠦᠯᠢᠶᠡᠨ ᠠᠪᠴᠤ ᠪᠣᠯᠬᠤ ᠦᠭᠡᠢ ᠂ ᠵᠦᠢ ᠪᠤᠰᠤ ᠠᠰᠢᠭ ᠲᠤᠰᠠ ᠶᠢᠨ ᠬᠤᠶᠢᠨ᠎ᠠ ᠠᠴᠠ ᠬᠥᠭᠡᠭᠡᠴᠡᠯᠳᠦᠵᠦ ᠪᠣᠯᠬᠤ ᠦᠭᠡᠢ ᠃

      ᠠᠷᠪᠠᠨ ᠨᠢᠭᠡᠳᠦᠭᠡᠷ ᠵᠦᠢᠯ  ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠨ ᠬᠠᠮᠢᠶᠠᠷᠬᠤ ᠳᠦᠷᠢᠮ ︾ ᠵᠡᠷᠭᠡ ᠶᠢᠨ ᠲᠣᠭᠲᠠᠭᠠᠯ ᠶᠣᠰᠣᠭᠠᠷ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠭᠤᠯᠤᠨ ᠲᠡᠮᠳᠡᠭᠯᠡᠬᠦ ᠠᠵᠢᠯ ᠢ ᠭᠦᠢᠴᠡᠳᠬᠡᠬᠦ ᠮᠥᠷᠲᠡᠭᠡᠨ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠡᠷᠬᠢᠯᠡᠵᠦ ᠪᠠᠶᠢᠭ᠎ᠠ ᠠᠵᠤ ᠠᠬᠤᠶᠢᠯᠠᠯ ᠨᠢ ᠬᠤᠳᠠᠯᠳᠤᠨ ᠠᠪᠬᠤ ᠭᠠᠵᠠᠷ ᠤᠨ ᠢᠶᠠᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠠᠵᠤ ᠠᠬᠤᠶᠢᠯᠠᠯ ᠤᠨ ᠨᠡᠷᠡᠶᠢᠳᠦᠯ ᠂ ᠬᠠᠶ᠋ᠢᠭ ᠂ ᠬᠠᠷᠢᠭᠤᠴᠠᠯᠭᠠᠲᠠᠨ ᠵᠢᠴᠢ ᠬᠥᠮᠥᠷᠭᠡᠯᠡᠬᠦ ᠪᠡᠯᠡᠳᠬᠡᠮᠵᠢ ᠵᠡᠷᠭᠡ ᠮᠡᠳᠡᠭᠡ ᠵᠠᠩᠭᠢ ᠪᠠᠨ ᠪᠦᠷᠢᠳᠬᠡᠨ ᠳᠠᠩᠰᠠᠯᠠᠭᠤᠯᠤᠭᠰᠠᠨ ᠪᠠᠶᠢᠬᠤ ᠬᠡᠷᠡᠭᠲᠡᠢ ᠃ ᠪᠦᠷᠢᠳᠬᠡᠨ ᠳᠠᠩᠰᠠᠯᠠᠭᠤᠯᠤᠭᠰᠠᠨ ᠠᠭᠤᠯᠭ᠎ᠠ ᠨᠢ ᠬᠤᠪᠢᠷᠠᠯᠲᠠ ᠭᠠᠷᠪᠠᠯ ᠴᠠᠭ ᠲᠤᠬᠠᠢ ᠳᠤ ᠨᠢ ᠬᠤᠪᠢᠷᠠᠭᠤᠯᠤᠨ ᠳᠠᠩᠰᠠᠯᠠᠭᠤᠯᠬᠤ ᠬᠡᠷᠡᠭᠲᠡᠢ ᠃

      ᠠᠷᠪᠠᠨ ᠬᠤᠶᠠᠳᠤᠭᠠᠷ ᠵᠦᠢᠯ  ᠨᠡᠭᠡᠭᠡᠯᠲᠡ ᠶᠢᠨ ᠲᠣᠭᠤᠷᠢᠭ ᠵᠡᠷᠭᠡ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ ᠳᠠᠩᠰᠠᠯᠠᠬᠤ ᠠᠵᠢᠯ ᠥᠷᠨᠢᠭᠦᠯᠵᠦ ᠪᠣᠯᠬᠤ ᠦᠭᠡᠢ ᠶᠢ ᠨᠢ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠡᠭᠡᠭᠡᠯᠲᠡ ᠶᠢᠨ ᠲᠣᠭᠤᠷᠢᠭ ᠵᠡᠷᠭᠡ ᠶᠢᠨ ᠪᠠᠶᠢᠭ᠎ᠠ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠣᠶᠢᠷ᠎ᠠ ᠬᠠᠪᠢ ᠶᠢᠨ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠢᠭᠠᠨ ᠲᠣᠭᠲᠠᠭᠠᠵᠤ ᠭᠦᠢᠴᠡᠳᠬᠡᠯᠭᠡᠨ ᠂ ᠵᠠᠷᠴᠢᠮ ᠳᠡᠭᠡᠷ᠎ᠡ ᠪᠠᠨ ᠠᠳᠠᠯᠢ ᠨᠢᠭᠡᠨ ᠣᠷᠣᠨ ᠬᠡᠪᠴᠢᠶᠡᠨ ᠤ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠳᠤ ᠠᠳᠠᠯᠢ ᠨᠢᠭᠡᠨ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠢᠭᠠᠨ ᠲᠣᠭᠲᠠᠭᠠᠵᠤ ᠪᠠᠶᠢᠭᠠᠳ ᠠᠮᠤ ᠪᠤᠳᠠᠭ᠎ᠠ ᠬᠤᠳᠠᠯᠳᠤᠨ ᠠᠪᠬᠤ ᠪᠦᠷᠢᠳᠬᠡᠨ ᠳᠠᠩᠰᠠᠯᠠᠬᠤ ᠠᠵᠢᠯ ᠢ ᠭᠦᠢᠴᠡᠳᠬᠡᠯᠭᠡᠨ᠎ᠡ ᠃

      ᠠᠷᠪᠠᠨ ᠭᠤᠷᠪᠠᠳᠤᠭᠠᠷ ᠵᠦᠢᠯ  ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠳᠣᠣᠷᠠᠬᠢ ᠪᠦᠷᠢᠳᠬᠡᠨ ᠳᠠᠩᠰᠠᠯᠠᠬᠤ ᠮᠠᠲ᠋ᠧᠷᠢᠶᠠᠯ ᠢ ᠲᠤᠰᠢᠶᠠᠬᠤ ᠴᠢᠬᠤᠯᠠᠲᠠᠢ᠄

      ︵ᠨᠢᠭᠡ ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠤᠨ ᠪᠦᠷᠢᠳᠬᠡᠨ ᠳᠠᠩᠰᠠᠯᠠᠭᠤᠯᠬᠤ ᠮᠡᠳᠡᠭᠡ ᠵᠠᠩᠭᠢ ᠶᠢᠨ ᠬᠦᠰᠦᠨᠦᠭᠲᠦ ︾ ︔

      ︵ᠬᠤᠶᠠᠷ︶ ᠡᠵᠡᠩᠨᠡᠯᠲᠡ ᠶᠢᠨ ᠦᠨᠡᠮᠯᠡᠯ ︵ᠪᠠᠭᠤᠯᠭᠠᠪᠤᠷᠢ ︶ ︔

      ︵ᠭᠤᠷᠪᠠ ︶ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠬᠠᠷᠢᠭᠤᠴᠠᠯᠭᠠᠲᠠᠨ ᠤ ᠪᠡᠶ᠎ᠡ ᠶᠢᠨ ᠦᠨᠡᠮᠯᠡᠯ ︵ ᠪᠠᠭᠤᠯᠭᠠᠪᠤᠷᠢ ︶ ︔

      ︵ᠳᠥᠷᠪᠡ ︶ ᠨᠥᠭᠡᠴᠡᠯᠡᠬᠦ ᠪᠡᠯᠡᠳᠬᠡᠮᠵᠢ ᠶᠢᠨ ᠥᠮᠴᠢᠯᠡᠯ ᠤᠨ ᠡᠷᠬᠡ ᠶᠢᠨ ᠭᠡᠷᠡᠴᠢ ︵ ᠪᠠᠭᠤᠯᠭᠠᠪᠤᠷᠢ ︶ ᠪᠤᠶᠤ ᠬᠦᠴᠦᠨ ᠪᠦᠬᠦᠢ ᠲᠦᠷᠢᠶᠡᠰᠦᠯᠡᠬᠦ ᠭᠡᠷ᠎ᠡ ︵ ᠪᠠᠭᠤᠯᠭᠠᠪᠤᠷᠢ ︶ ᠵᠡᠷᠭᠡ ︔

      ᠰᠠᠯᠠᠭ᠎ᠠ ᠮᠥᠴᠢᠷ ᠬᠤᠭᠤᠷᠣᠨᠳᠤ ᠪᠠᠨ ᠭᠤᠶᠤᠴᠢᠯᠠᠬᠤ ᠮᠠᠲ᠋ᠧᠷᠢᠶᠠᠯ ᠤᠨ ᠮᠡᠳᠡᠭᠡ ᠵᠠᠩᠭᠢ ᠶᠢ ᠬᠠᠮᠲᠤ ᠪᠠᠷ ᠬᠦᠷᠲᠡᠵᠦ ᠬᠡᠷᠡᠭᠯᠡᠬᠦ ᠶᠢ ᠪᠡᠶᠡᠯᠡᠭᠦᠯᠦᠭᠰᠡᠨ ᠪᠣᠯ ᠬᠠᠩᠭᠠᠬᠤ ᠦᠭᠡᠢ ᠪᠠᠶᠢᠵᠤ ᠪᠣᠯᠣᠨ᠎ᠠ ᠃

      ᠠᠷᠪᠠᠨ ᠳᠥᠷᠪᠡᠳᠦᠭᠡᠷ ᠵᠦᠢᠯ  ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠨᠢ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠡᠬᠢᠯᠡᠭᠦᠯᠬᠦ ᠠᠴᠠ ᠡᠮᠦᠨ᠎ᠡ ᠠᠮᠤ ᠪᠤᠳᠠᠭ᠎ᠠ ᠬᠤᠳᠠᠯᠳᠤᠨ ᠠᠪᠬᠤ ᠳᠤ ᠪᠦᠷᠢᠳᠬᠡᠨ ᠳᠠᠩᠰᠠᠯᠠᠬᠤ ᠪᠠᠨ ᠪᠡᠶᠡᠯᠡᠭᠦᠯᠦᠭᠰᠡᠨ ᠪᠠᠶᠢᠬᠤ ᠬᠡᠷᠡᠭᠲᠡᠢ ᠃

      ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠤᠨ ᠪᠦᠷᠢᠳᠬᠡᠨ ᠳᠠᠩᠰᠠᠯᠠᠭᠤᠯᠤᠭᠰᠠᠨ ᠠᠭᠤᠯᠭ᠎ᠠ ᠶᠢᠨ ᠠᠯᠢ ᠨᠢᠭᠡᠨ ᠵᠦᠢᠯ ᠳᠤ ᠬᠤᠪᠢᠷᠠᠯᠲᠠ ᠭᠠᠷᠪᠠᠯ ᠂ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠡᠬᠢᠯᠡᠭᠦᠯᠬᠦ ᠠᠴᠠ ᠡᠮᠦᠨ᠎ᠡ ᠪᠦᠷᠢᠳᠬᠡᠨ ᠳᠠᠩᠰᠠᠯᠠᠭᠰᠠᠨ ᠢᠶᠠᠨ ᠬᠤᠪᠢᠷᠠᠭᠠᠬᠤ ᠶᠢᠨ ᠬᠠᠮᠲᠤ ᠬᠠᠮᠢᠶ᠎ᠠ ᠪᠦᠬᠦᠢ ᠮᠠᠲ᠋ᠧᠷᠢᠶᠠᠯ ᠢᠶᠠᠨ ᠬᠠᠩᠭᠠᠬᠤ ᠬᠡᠷᠡᠭᠲᠡᠢ ᠃ 

      ᠠᠷᠪᠠᠨ ᠲᠠᠪᠤᠳᠤᠭᠠᠷ ᠵᠦᠢᠯ  ᠪᠦᠷᠢᠳᠬᠡᠨ ᠳᠠᠩᠰᠠᠯᠠᠬᠤ ᠪᠠᠶᠢᠭᠤᠯᠭ᠎ᠠ ᠨᠢ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠤᠨ ᠲᠤᠰᠢᠶᠠᠭᠰᠠᠨ ᠪᠦᠷᠢᠳᠬᠡᠨ ᠳᠠᠩᠰᠠᠯᠠᠭᠤᠯᠬᠤ ︵ ᠬᠤᠪᠢᠷᠠᠭᠠᠬᠤ ︶ ᠮᠠᠲ᠋ᠧᠷᠢᠶᠠᠯ ᠢ ᠬᠦᠯᠢᠶᠡᠨ ᠠᠪᠤᠭᠰᠠᠨ ᠤ ᠳᠠᠷᠠᠭ᠎ᠠ ᠂ ᠲᠤᠰᠢᠶᠠᠭᠰᠠᠨ ᠮᠠᠲ᠋ᠧᠷᠢᠶᠠᠯ ᠳᠤ ᠬᠡᠯᠪᠡᠷᠢ ᠶᠢᠨ ᠬᠢᠨᠠᠨ ᠪᠠᠶᠢᠴᠠᠭᠠᠯᠲᠠ ᠬᠢᠬᠦ ᠬᠡᠷᠡᠭᠲᠡᠢ ᠃

      ᠠᠵᠤ ᠠᠬᠤᠶᠢᠯᠠᠯ ᠤᠨ ᠲᠤᠬᠠᠢ ᠶᠢᠨ ᠲᠠᠯᠠᠪᠠᠢ ᠳᠤ ᠲᠤᠰᠢᠶᠠᠭᠰᠠᠨ ᠮᠠᠲ᠋ᠧᠷᠢᠶᠠᠯ ᠨᠢ ᠪᠦᠷᠢᠨ ᠭᠦᠢᠴᠡᠳ ᠂ ᠲᠠᠭᠯᠠᠭᠰᠠᠨ ᠮᠡᠳᠡᠭᠡ ᠵᠠᠩᠭᠢ ᠠᠯᠳᠠᠭ᠎ᠠ ᠦᠭᠡᠢ ᠪᠣᠯ ᠪᠦᠷᠢᠳᠬᠡᠨ ᠳᠠᠩᠰᠠᠯᠠᠬᠤ ᠪᠠᠶᠢᠭᠤᠯᠭ᠎ᠠ ᠨᠢ 11 ᠠᠵᠢᠯᠯᠠᠬᠤ ᠡᠳᠦᠷ ᠤᠨ ᠳᠣᠲᠣᠷ᠎ᠠ ᠭᠦᠢᠴᠡᠳᠬᠡᠵᠦ ᠳᠠᠭᠤᠰᠬᠠᠬᠤ ᠬᠡᠷᠡᠭᠲᠡᠢ ᠂ ᠡᠭᠦᠨ ᠤ ᠬᠠᠮᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ ᠳᠠᠩᠰᠠᠯᠠᠭᠰᠠᠨ ᠬᠦᠰᠦᠨᠦᠭᠲᠦ ︾ ᠶᠢ ᠭᠠᠷᠭᠠᠵᠤ ᠥᠭᠬᠦ ᠬᠡᠷᠡᠭᠲᠡᠢ ᠃

      ᠲᠤᠬᠠᠢ ᠶᠢᠨ ᠲᠠᠯᠠᠪᠠᠢ ᠳᠤ ᠭᠤᠶᠤᠴᠢᠯᠠᠭᠰᠠᠨ ᠦᠭᠡᠢ ᠶᠢ ᠨᠢ ᠪᠦᠷᠢᠳᠬᠡᠨ ᠳᠠᠩᠰᠠᠯᠠᠯᠲᠠ ᠶᠢ ᠬᠦᠯᠢᠶᠡᠨ ᠠᠪᠤᠭᠰᠠᠨ ᠡᠳᠦᠷ ᠠᠴᠠ ᠡᠬᠢᠯᠡᠨ 2 ᠠᠵᠢᠯᠯᠠᠬᠤ ᠡᠳᠦᠷ ᠤᠨ ᠳᠣᠲᠣᠷ᠎ᠠ ᠪᠦᠷᠢᠳᠬᠡᠨ ᠳᠠᠩᠰᠠᠯᠠᠬᠤ ︵ ᠬᠤᠪᠢᠷᠠᠭᠠᠬᠤ ︶ ᠶᠢ ᠪᠡᠶᠡᠯᠡᠭᠦᠯᠬᠦ ᠬᠡᠷᠡᠭᠲᠡᠢ ᠃ ᠪᠦᠷᠢᠳᠬᠡᠨ ᠳᠠᠩᠰᠠᠯᠠᠬᠤ ᠪᠠᠶᠢᠭᠤᠯᠭ᠎ᠠ ᠨᠢ ᠪᠦᠷᠢᠳᠬᠡᠨ ᠳᠠᠩᠰᠠᠯᠠᠭᠰᠠᠨ ︵ ᠬᠤᠪᠢᠷᠠᠭᠠᠭᠰᠠᠨ ︶ ᠤ ᠬᠤᠶᠢᠨ᠎ᠠ ᠂ ᠪᠦᠷᠢᠳᠬᠡᠨ ᠳᠠᠩᠰᠠᠯᠠᠭᠤᠯᠤᠭᠰᠠᠨ ᠠᠵᠤ ᠠᠬᠤᠶᠢᠯᠠᠯ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ ᠳᠠᠩᠰᠠᠯᠠᠭᠰᠠᠨ ᠬᠦᠰᠦᠨᠦᠭᠲᠦ ︾ ᠪᠠᠨ ᠬᠠᠷᠢᠭᠤ ᠲᠤᠰᠬᠠᠬᠤ ᠬᠡᠷᠡᠭᠲᠡᠢ ᠃ 

      ᠮᠠᠲ᠋ᠧᠷᠢᠶᠠᠯ ᠨᠢ ᠪᠦᠷᠢᠨ ᠪᠤᠰᠤ ᠂ ᠲᠠᠭᠯᠠᠭᠰᠠᠨ ᠮᠡᠳᠡᠭᠡ ᠵᠠᠩᠭᠢ ᠨᠢ ᠠᠯᠳᠠᠭ᠎ᠠ ᠲᠠᠢ ᠪᠣᠯ ᠪᠦᠷᠢᠳᠬᠡᠨ ᠳᠠᠩᠰᠠᠯᠠᠬᠤ ᠪᠠᠶᠢᠭᠤᠯᠭ᠎ᠠ ᠨᠢ ᠪᠦᠷᠢᠳᠬᠡᠨ ᠳᠠᠩᠰᠠᠯᠠᠭᠤᠯᠬᠤ ᠠᠵᠤ ᠠᠬᠤᠶᠢᠯᠠᠯ ᠳᠤ ᠨᠥᠬᠦᠪᠦᠷᠢᠯᠡᠵᠦ ᠵᠠᠯᠠᠷᠠᠭᠤᠯᠬᠤ ᠪᠥᠬᠦ ᠠᠭᠤᠯᠭ᠎ᠠ ᠶᠢ ᠨᠢᠭᠡ ᠯᠡ ᠤᠳᠠᠭᠠᠨ ᠳᠤ ᠮᠡᠳᠡᠭᠳᠡᠬᠦ ᠬᠡᠷᠡᠭᠲᠡᠢ ᠃

      ᠠᠷᠪᠠᠨ ᠵᠢᠷᠭᠤᠳᠤᠭᠠᠷ ᠵᠦᠢᠯ  ᠪᠦᠷᠢᠳᠬᠡᠨ ᠳᠠᠩᠰᠠᠯᠠᠬᠤ ᠪᠠᠶᠢᠭᠤᠯᠭ᠎ᠠ ᠨᠢ ᠪᠦᠷᠢᠳᠬᠡᠨ ᠳᠠᠩᠰᠠᠯᠠᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠪᠠᠨ ᠴᠠᠭ ᠲᠤᠬᠠᠢ ᠳᠤ ᠨᠢ ᠪᠦᠷᠢᠳᠬᠡᠨ ᠳᠠᠩᠰᠠᠯᠠᠭᠰᠠᠨ ᠨᠣᠮᠧᠷ ᠢ ᠪᠣᠢ ᠪᠣᠯᠭᠠᠵᠤ ᠂ ᠪᠦᠷᠢᠳᠬᠡᠨ ᠳᠠᠩᠰᠠᠯᠠᠭᠤᠯᠤᠭᠰᠠᠨ ᠠᠭᠤᠯᠭ᠎ᠠ ᠳᠤ ᠨᠢ ᠬᠤᠪᠢᠷᠠᠯᠲᠠ ᠭᠠᠷᠤᠭᠰᠠᠨ ᠤ ᠤᠤᠯ ᠤᠨ ᠪᠦᠷᠢᠳᠬᠡᠨ ᠳᠠᠩᠰᠠᠯᠠᠭᠰᠠᠨ ᠨᠣᠮᠧᠷ ᠢ ᠨᠢ ᠬᠤᠪᠢᠷᠠᠭᠤᠯᠬᠤ ᠦᠭᠡᠢ ᠃

      ᠠᠷᠪᠠᠨ ᠳᠣᠯᠣᠳᠤᠭᠠᠷ ᠵᠦᠢᠯ  ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠤᠨ ᠪᠦᠷᠢᠳᠬᠡᠨ ᠳᠠᠩᠰᠠᠯᠠᠭᠤᠯᠤᠭᠰᠠᠨ ᠪᠥᠬᠦ ᠮᠠᠲ᠋ᠧᠷᠢᠶᠠᠯ ᠢ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠦᠯᠡᠳᠡᠭᠡᠨ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠨ᠎ᠡ ᠃

      ᠭᠤᠷᠪᠠᠳᠤᠭᠠᠷ ᠪᠦᠯᠦᠭ  ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭᠠᠨ ᠤ ᠵᠢᠷᠤᠮᠵᠢᠯ

      ᠠᠷᠪᠠᠨ ᠨᠠᠢᠮᠠᠳᠤᠭᠠᠷ ᠵᠦᠢᠯ  ᠠᠮᠤ ᠪᠤᠳᠠᠭ᠎ᠠ ᠬᠤᠳᠠᠯᠳᠤᠨ ᠠᠪᠤᠭᠴᠢ ᠲᠡᠭᠦᠨ ᠤ ᠬᠤᠳᠠᠯᠳᠤᠨ ᠠᠪᠬᠤ ᠠᠮᠤ ᠪᠤᠳᠠᠭᠠᠨ ᠤ ᠲᠥᠷᠥᠯ ᠵᠦᠢᠯ ᠂ ᠲᠤᠭ᠎ᠠ ᠬᠡᠮᠵᠢᠶ᠎ᠡ ᠯᠦᠭᠡ ᠬᠠᠷᠢᠯᠴᠠᠨ ᠲᠣᠬᠢᠷᠠᠯᠴᠠᠭᠰᠠᠨ ᠨᠥᠭᠡᠴᠡᠯᠡᠬᠦ ᠪᠡᠯᠡᠳᠬᠡᠮᠵᠢ ᠂ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠ ᠪᠡᠯᠡ ᠮᠥᠩᠭᠦ ᠴᠤᠭᠯᠠᠭᠤᠯᠬᠤ ᠴᠢᠳᠠᠪᠤᠷᠢ ᠶᠢ ᠪᠦᠷᠢᠳᠦᠭᠦᠯᠦᠭᠰᠡᠨ ᠪᠠᠶᠢᠬᠤ ᠬᠡᠷᠡᠭᠲᠡᠢ ᠃

      ᠠᠷᠪᠠ ᠶᠢᠰᠦᠳᠦᠭᠡᠷ ᠵᠦᠢᠯ  ᠠᠮᠤ ᠪᠤᠳᠠᠭ᠎ᠠ ᠬᠤᠳᠠᠯᠳᠤᠨ ᠠᠪᠤᠭᠴᠢ ᠶᠢᠨ ᠬᠡᠷᠡᠭᠯᠡᠵᠦ ᠪᠠᠶᠢᠭ᠎ᠠ ᠨᠥᠭᠡᠴᠡᠯᠡᠬᠦ ᠪᠡᠯᠡᠳᠬᠡᠮᠵᠢ ᠨᠢ ᠠᠮᠤ ᠪᠤᠳᠠᠭ᠎ᠠ ᠨᠥᠭᠡᠴᠡᠯᠡᠬᠦ ᠬᠤᠯᠪᠣᠭᠳᠠᠯ ᠪᠦᠬᠦᠢ ᠪᠠᠷᠢᠮᠵᠢᠶ᠎ᠠ ᠪᠠ ᠮᠡᠷᠭᠡᠵᠢᠯ ᠤᠨ ᠵᠢᠷᠤᠮᠵᠢᠯ ᠵᠢᠴᠢ ᠠᠶᠤᠯ ᠦᠭᠡᠢ ᠦᠢᠯᠡᠳᠪᠦᠷᠢᠯᠡᠯ ᠤᠨ ᠬᠠᠤᠯᠢ ᠴᠠᠭᠠᠵᠠ ᠂ ᠬᠠᠤᠯᠢ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠵᠤ ᠂ ᠨᠥᠭᠡᠴᠡᠯᠡᠬᠦ ᠲᠥᠷᠥᠯ ᠵᠦᠢᠯ ᠂ ᠬᠡᠪᠴᠢᠶ᠎ᠡ ᠂ ᠦᠶᠡᠯᠡᠯ ᠵᠡᠷᠭᠡ ᠯᠦᠭᠡ ᠬᠠᠷᠢᠯᠴᠠᠨ ᠵᠣᠬᠢᠴᠠᠯᠳᠤᠭᠰᠠᠨ ᠨᠥᠭᠡᠴᠡᠯᠡᠬᠦ ᠨᠥᠬᠦᠴᠡᠯ ᠲᠠᠢ ᠪᠠᠶᠢᠵᠤ ᠂ ᠠᠮᠤ ᠪᠤᠳᠠᠭᠠᠨ ᠤ ᠨᠥᠭᠡᠴᠡᠯᠡᠵᠦ ᠬᠠᠳᠠᠭᠠᠯᠠᠬᠤ ᠶᠢᠨ ᠬᠤᠷᠣᠭᠳᠠᠯ ᠢ ᠪᠠᠭᠠᠰᠬᠠᠬᠤ ᠬᠡᠷᠡᠭᠲᠡᠢ ᠃

      ᠠᠮᠤ ᠪᠤᠳᠠᠭ᠎ᠠ ᠶᠢ ᠠᠮᠤ ᠪᠤᠳᠠᠭᠠᠨ ᠳᠤ ᠪᠣᠬᠢᠷᠲᠤᠯ ᠡᠭᠦᠰᠬᠡᠬᠦ ᠪᠣᠯᠣᠮᠵᠢ ᠲᠠᠢ ᠬᠤᠣᠷ ᠬᠥᠨᠥᠭᠡᠯᠳᠦ ᠪᠣᠳᠠᠰ ᠲᠠᠢ ᠬᠤᠯᠢᠯᠳᠤᠭᠤᠯᠤᠨ ᠨᠥᠭᠡᠴᠡᠯᠡᠵᠦ ᠪᠣᠯᠬᠤ ᠦᠭᠡᠢ ᠂ ᠠᠮᠤ ᠪᠤᠳᠠᠭ᠎ᠠ ᠨᠥᠭᠡᠴᠡᠯᠡᠵᠦ ᠬᠠᠳᠠᠭᠠᠯᠠᠬᠤ ᠳᠤ ᠤᠯᠤᠰ ᠠᠴᠠ ᠬᠡᠷᠡᠭᠯᠡᠬᠦ ᠶᠢ ᠴᠠᠭᠠᠵᠠᠯᠠᠬᠤ ᠬᠢᠮᠢ ᠶᠢᠨ ᠡᠮ ᠨᠠᠶᠢᠷᠠᠯᠭ᠎ᠠ ᠶᠢ ᠬᠡᠷᠡᠭᠯᠡᠬᠦ ᠪᠤᠶᠤ ᠬᠢᠮᠢ ᠶᠢᠨ ᠡᠮ ᠨᠠᠶᠢᠷᠠᠯᠭ᠎ᠠ ᠶᠢ ᠬᠡᠮᠵᠢᠶᠡᠨ ᠠᠴᠠ ᠨᠢ ᠳᠠᠪᠠᠭᠤᠯᠤᠨ ᠬᠡᠷᠡᠭᠯᠡᠵᠦ ᠪᠣᠯᠬᠤ ᠦᠭᠡᠢ ᠃

      ᠬᠤᠷᠢᠳᠤᠭᠠᠷ ᠵᠦᠢᠯ  ᠠᠮᠤ ᠪᠤᠳᠠᠭ᠎ᠠ ᠬᠤᠳᠠᠯᠳᠤᠨ ᠠᠪᠤᠭᠴᠢ ᠨᠢ ᠤᠯᠤᠰ ᠤᠨ ᠠᠮᠤ ᠪᠤᠳᠠᠭ᠎ᠠ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠂ ᠠᠮᠤ ᠪᠤᠳᠠᠭᠠᠨ ᠤ ᠶᠠᠰᠤ ᠴᠢᠨᠠᠷ ᠤᠨ ᠪᠠᠷᠢᠮᠵᠢᠶ᠎ᠠ ᠵᠢᠴᠢ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ ᠶᠣᠰᠣᠭᠠᠷ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠡᠷᠬᠢᠯᠡᠬᠦ ᠬᠡᠷᠡᠭᠲᠡᠢ ᠃

      ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠤᠨ ᠬᠤᠭᠤᠴᠠᠭᠠᠨ ᠳᠤ ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠲᠣᠭᠲᠠᠭᠠᠯ ᠢ ᠬᠡᠷᠡᠭᠵᠢᠭᠦᠯᠬᠦ ᠬᠡᠷᠡᠭᠲᠡᠢ ᠃

      ᠬᠤᠷᠢᠨ ᠨᠢᠭᠡᠳᠦᠭᠡᠷ ᠵᠦᠢᠯ  ᠠᠮᠤ ᠪᠤᠳᠠᠭ᠎ᠠ ᠬᠤᠳᠠᠯᠳᠤᠨ ᠠᠪᠤᠭᠴᠢ ᠠᠮᠤ ᠪᠤᠳᠠᠭ᠎ᠠ ᠬᠤᠳᠠᠯᠳᠤᠨ ᠠᠪᠬᠤ ᠳᠤ ᠪᠠᠨ ᠠᠮᠤ ᠪᠤᠳᠠᠭ᠎ᠠ ᠬᠤᠳᠠᠯᠳᠤᠭᠴᠢ ᠳᠤ ᠮᠡᠳᠡᠭᠳᠡᠬᠦ ᠪᠤᠶᠤ ᠬᠤᠳᠠᠯᠳᠤᠨ ᠠᠪᠬᠤ ᠭᠠᠵᠠᠷ ᠲᠤ ᠬᠤᠳᠠᠯᠳᠤᠨ ᠠᠪᠬᠤ ᠠᠮᠤ ᠪᠤᠳᠠᠭᠠᠨ ᠤ ᠲᠥᠷᠥᠯ ᠵᠦᠢᠯ ᠂ ᠶᠠᠰᠤ ᠴᠢᠨᠠᠷ ᠤᠨ ᠪᠠᠷᠢᠮᠵᠢᠶ᠎ᠠ ᠪᠠ ᠬᠤᠳᠠᠯᠳᠤᠨ ᠠᠪᠬᠤ ᠦᠨ᠎ᠡ ᠬᠠᠩᠰᠢ ᠶᠢ ᠵᠠᠷᠯᠠᠨ ᠨᠡᠶᠢᠲᠡᠯᠡᠬᠦ ᠬᠡᠷᠡᠭᠲᠡᠢ ᠃

      ᠠᠮᠤ ᠪᠤᠳᠠᠭ᠎ᠠ ᠬᠤᠳᠠᠯᠳᠤᠨ ᠠᠪᠤᠭᠴᠢ ᠠᠮᠤ ᠪᠤᠳᠠᠭ᠎ᠠ ᠬᠤᠳᠠᠯᠳᠤᠨ ᠠᠪᠬᠤ ᠳᠤ ᠪᠠᠨ ᠤᠯᠤᠰ ᠤᠨ ᠠᠮᠤ ᠪᠤᠳᠠᠭᠠᠨ ᠤ ᠶᠠᠰᠤ ᠴᠢᠨᠠᠷ ᠤᠨ ᠪᠠᠷᠢᠮᠵᠢᠶ᠎ᠠ ᠶᠢ ᠬᠡᠷᠡᠭᠵᠢᠭᠦᠯᠵᠦ ᠂ ᠴᠢᠨᠠᠷ ᠢᠶᠠᠷ ᠦᠨ᠎ᠡ ᠬᠠᠶᠠᠯᠴᠠᠨ ᠂ ᠲᠠᠷᠢᠶᠠᠴᠢᠨ ᠪᠠ ᠪᠤᠰᠤᠳ ᠠᠮᠤ ᠪᠤᠳᠠᠭᠠᠨ ᠤ ᠦᠢᠯᠡᠳᠪᠦᠷᠢᠯᠡᠭᠴᠢ ᠶᠢᠨ ᠠᠰᠢᠭ ᠲᠤᠰᠠ ᠶᠢ ᠬᠤᠬᠢᠷᠠᠭᠤᠯᠵᠤ ᠪᠣᠯᠬᠤ ᠦᠭᠡᠢ︔ ᠠᠮᠤ ᠪᠤᠳᠠᠭ᠎ᠠ ᠬᠤᠳᠠᠯᠳᠤᠭᠴᠢ ᠳᠤ ᠴᠠᠭ ᠲᠤᠬᠠᠢ ᠳᠤ ᠨᠢ ᠠᠮᠤ ᠬᠤᠳᠠᠯᠳᠤᠭᠰᠠᠨ ᠵᠣᠭᠤᠰ ᠢ ᠨᠢ ᠥᠭᠴᠦ ᠂ ᠥᠷᠢᠲᠦᠵᠦ ᠪᠣᠯᠬᠤ ᠦᠭᠡᠢ︔ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠤ ᠨᠡᠶᠢᠳᠠᠯᠭ᠎ᠠ ᠶᠢ ᠬᠦᠯᠢᠶᠡᠵᠦ ᠶᠠᠮᠠᠷᠪᠠ ᠭᠠᠶᠢᠯᠢ ᠂ ᠵᠠᠷᠤᠳᠠᠯ ᠪᠠ ᠪᠤᠰᠤᠳ ᠵᠣᠭᠤᠰᠤᠨ ᠤ ᠲᠥᠷᠥᠯ ᠢ ᠣᠷᠣᠯᠠᠨ ᠰᠠᠭᠤᠯᠭᠠᠵᠤ ᠣᠷᠣᠯᠠᠨ ᠲᠤᠰᠢᠶᠠᠵᠤ ᠪᠣᠯᠬᠤ ᠦᠭᠡᠢ︔ ᠮᠡᠬᠡᠯᠡᠨ ᠬᠢᠬᠠᠬᠤ ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ ᠵᠡᠷᠭᠡ ᠬᠠᠤᠯᠢ ᠪᠤᠰᠤ ᠠᠷᠭ᠎ᠠ ᠪᠠᠷᠢᠯ ᠢᠶᠠᠷ ᠠᠮᠤ ᠪᠤᠳᠠᠭᠠᠨ ᠤ ᠦᠨ᠎ᠡ ᠬᠠᠩᠰᠢ ᠶᠢ ᠡᠵᠡᠮᠳᠡᠵᠦ ᠪᠣᠯᠬᠤ ᠦᠭᠡᠢ ᠃

      ᠬᠤᠷᠢᠨ ᠬᠤᠶᠠᠳᠤᠭᠠᠷ ᠵᠦᠢᠯ  ᠠᠮᠤ ᠪᠤᠳᠠᠭ᠎ᠠ ᠬᠤᠳᠠᠯᠳᠤᠨ ᠠᠪᠤᠭᠴᠢ ᠨᠢ ᠠᠮᠤ ᠪᠤᠳᠠᠭᠠᠨ ᠤ ᠡᠵᠡᠩᠨᠡᠯᠲᠡ ᠶᠢᠨ ᠡᠬᠡ ᠳᠠᠩᠰᠠ ᠪᠠᠶᠢᠭᠤᠯᠬᠤ ᠶᠢᠨ ᠬᠠᠮᠲᠤ ᠂ ᠬᠤᠳᠠᠯᠳᠤᠨ ᠠᠪᠬᠤ ᠭᠠᠵᠠᠷ ᠤᠨ ᠢᠶᠠᠨ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠠᠮᠤ ᠪᠤᠳᠠᠭ᠎ᠠ ᠬᠤᠳᠠᠯᠳᠤᠨ ᠠᠪᠴᠤ ᠣᠷᠣᠭᠤᠯᠤᠭᠰᠠᠨ ᠂ ᠪᠣᠷᠣᠯᠠᠭᠤᠯᠤᠭᠰᠠᠨ ᠂ ᠬᠥᠮᠥᠷᠭᠡ ᠶᠢᠨ ᠬᠠᠳᠠᠭᠠᠯᠠᠮᠵᠢ ᠵᠡᠷᠭᠡ ᠦᠨᠳᠦᠰᠦᠨ ᠲᠤᠭ᠎ᠠ ᠪᠠᠷᠢᠮᠲᠠ ᠪᠠ ᠬᠤᠯᠪᠣᠭᠳᠠᠯ ᠪᠦᠬᠦᠢ ᠪᠠᠶᠢᠳᠠᠯ ᠢᠶᠠᠨ ᠮᠡᠳᠡᠭᠦᠯᠬᠦ ᠬᠡᠷᠡᠭᠲᠡᠢ ᠃ ᠠᠮᠤ ᠪᠤᠳᠠᠭᠠᠨ ᠤ ᠡᠵᠡᠩᠨᠡᠯᠲᠡ ᠶᠢᠨ ᠡᠬᠡ ᠳᠠᠩᠰᠠ ᠪᠠᠨ ᠬᠠᠳᠠᠭᠠᠯᠠᠬᠤ ᠬᠤᠭᠤᠴᠠᠭ᠎ᠠ ᠬᠢᠵᠠᠭᠠᠷ ᠨᠢ 3 ᠵᠢᠯ ᠠᠴᠠ ᠳᠤᠲᠠᠭᠤ ᠪᠠᠶᠢᠵᠤ ᠪᠣᠯᠬᠤ ᠦᠭᠡᠢ ᠃

      ᠨᠢᠭᠤᠴᠠ ᠳᠤ ᠬᠤᠯᠪᠣᠭᠳᠠᠭᠰᠠᠨ ᠮᠡᠳᠡᠭᠡ ᠵᠠᠩᠭᠢ ᠶᠢ ᠳᠠᠮᠵᠢᠭᠤᠯᠬᠤ ᠂ ᠰᠢᠢᠳᠪᠦᠷᠢᠯᠡᠬᠦ ᠂ ᠬᠠᠳᠠᠭᠠᠯᠠᠬᠤ ᠵᠡᠷᠭᠡ ᠳᠤ ᠨᠢᠭᠤᠴᠠ ᠶᠢ ᠬᠠᠮᠠᠭᠠᠯᠠᠬᠤ ᠬᠠᠮᠢᠶ᠎ᠠ ᠪᠦᠬᠦᠢ ᠳᠦᠷᠢᠮ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠢ︔ ᠬᠤᠳᠠᠯᠳᠤᠭᠠᠨ ᠤ ᠨᠢᠭᠤᠴᠠ ᠳᠤ ᠬᠤᠯᠪᠣᠭᠳᠠᠭᠰᠠᠨ ᠮᠠᠲ᠋ᠧᠷᠢᠶᠠᠯ ᠢ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ  ᠬᠢᠨ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠬᠡᠷᠡᠭᠲᠡᠢ ᠃

      ᠬᠤᠷᠢᠨ ᠭᠤᠷᠪᠠᠳᠤᠭᠠᠷ ᠵᠦᠢᠯ  ᠠᠮᠤ ᠪᠤᠳᠠᠭ᠎ᠠ ᠬᠤᠳᠠᠯᠳᠤᠨ ᠠᠪᠤᠭᠴᠢ ᠨᠢ ᠬᠤᠳᠠᠯᠳᠤᠨ ᠠᠪᠬᠤ ᠭᠠᠵᠠᠷ ᠤᠨ ᠢᠶᠠᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠠᠮᠤ ᠪᠤᠳᠠᠭ᠎ᠠ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠵᠡᠷᠭᠡ ᠬᠤᠯᠪᠣᠭᠳᠠᠯ ᠪᠦᠬᠦᠢ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠬᠡᠷᠡᠭᠲᠡᠢ ᠃

      ᠮᠤᠵᠢ ︵ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ︶ ᠠᠯᠤᠰᠯᠠᠨ ᠠᠮᠤ ᠪᠤᠳᠠᠭ᠎ᠠ ᠬᠤᠳᠠᠯᠳᠤᠨ ᠠᠪᠬᠤ ᠳᠤ ᠂ ᠬᠤᠳᠠᠯᠳᠤᠨ ᠠᠪᠬᠤ ᠭᠠᠵᠠᠷ ᠪᠠ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠤᠨ ᠪᠠᠶᠢᠭ᠎ᠠ ᠰᠢᠶᠠᠨ  ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠠᠮᠤ ᠪᠤᠳᠠᠭ᠎ᠠ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠵᠡᠷᠭᠡ ᠬᠤᠯᠪᠣᠭᠳᠠᠯ ᠪᠦᠬᠦᠢ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠬᠡᠷᠡᠭᠲᠡᠢ ᠃

      ᠠᠮᠤ ᠪᠤᠳᠠᠭ᠎ᠠ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠵᠡᠷᠭᠡ ᠬᠤᠯᠪᠣᠭᠳᠠᠯ ᠪᠦᠬᠦᠢ ᠪᠠᠶᠢᠳᠠᠯ ᠢ ᠮᠡᠳᠡᠭᠦᠯᠬᠦ ᠳᠤ ︽ᠤᠯᠤᠰ ᠤᠨ ᠠᠮᠤ ᠪᠤᠳᠠᠭᠠᠨ ᠤ ᠭᠦᠢᠯᠭᠡᠭᠡᠨ ᠢ ᠪᠦᠷᠢᠳᠬᠡᠨ ᠪᠠᠶᠢᠴᠠᠭᠠᠬᠤ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠬᠡᠷᠡᠭᠵᠢᠭᠦᠯᠦᠨ᠎ᠡ ᠃

      ᠬᠤᠷᠢᠨ ᠳᠥᠷᠪᠡᠳᠦᠭᠡᠷ ᠵᠦᠢᠯ  ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠨᠢ ᠠᠮᠤ ᠪᠤᠳᠠᠭ᠎ᠠ ᠬᠤᠳᠠᠯᠳᠤᠨ ᠠᠪᠬᠤ ᠳᠤ ᠪᠠᠨ ᠬᠤᠳᠠᠯᠳᠤᠨ ᠠᠪᠤᠭᠰᠠᠨ ᠪᠠᠷᠢᠮᠲᠠ ᠭᠠᠷᠭᠠᠵᠤ ᠂ ᠡᠵᠡᠩᠨᠡᠯᠲᠡ ᠶᠢᠨ ᠡᠬᠡ ᠳᠠᠩᠰᠠ ᠪᠠᠶᠢᠭᠤᠯᠬᠤ ᠶᠢᠨ ᠬᠠᠮᠲᠤ ᠂ ᠴᠠᠭ ᠲᠤᠬᠠᠢ ᠳᠤ  ᠨᠢ ᠲᠡᠮᠳᠡᠭᠯᠡᠬᠦ ᠬᠡᠷᠡᠭᠲᠡᠢ ᠃

      ᠬᠤᠷᠢᠨ ᠲᠠᠪᠤᠳᠤᠭᠠᠷ ᠵᠦᠢᠯ  ᠤᠯᠤᠰ ᠤᠨ ᠥᠮᠴᠢᠯᠡᠯ ᠤᠨ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠨᠢ ᠤᠯᠤᠰ ᠤᠨ ᠠᠮᠤ ᠪᠤᠳᠠᠭ᠎ᠠ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ ᠬᠡᠷᠡᠭᠵᠢᠭᠦᠯᠵᠦ ᠂ ᠢᠳᠡᠪᠬᠢᠲᠡᠢ ᠪᠠᠷ ᠵᠠᠬ᠎ᠠ ᠳᠡᠯᠭᠡᠭᠦᠷ ᠲᠤ ᠣᠷᠣᠯᠴᠠᠨ ᠠᠮᠤ ᠪᠤᠳᠠᠭ᠎ᠠ ᠬᠤᠳᠠᠯᠳᠤᠨ ᠠᠪᠬᠤ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ ᠰᠠᠶᠢᠲᠤᠷ ᠬᠢᠵᠦ ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠬᠤᠷᠸ᠎ᠠ ᠲᠣᠬᠢᠷᠠᠭᠤᠯᠭ᠎ᠠ ᠶᠢ ᠳᠠᠭᠠᠬᠤ ᠪᠠ ᠲᠡᠭᠦᠨ ᠳᠤ ᠦᠢᠯᠡᠴᠢᠯᠡᠬᠦ ᠬᠡᠷᠡᠭᠲᠡᠢ ᠃

      ᠬᠤᠷᠢᠨ ᠵᠢᠷᠭᠤᠳᠤᠭᠠᠷ ᠵᠦᠢᠯ  ᠵᠠᠰᠠᠭ ᠤᠨ ᠣᠷᠳᠣᠨ ᠨᠥᠭᠡᠴᠡᠯᠡᠬᠦ ᠪᠠᠷ ᠬᠤᠳᠠᠯᠳᠤᠨ ᠠᠪᠬᠤ ᠳᠤ ︽ᠵᠠᠰᠠᠭ ᠤᠨ ᠣᠷᠳᠣᠨ ᠤ ᠨᠥᠭᠡᠴᠡᠯᠡᠬᠦ ᠠᠮᠤ ᠪᠤᠳᠠᠭ᠎ᠠ ᠶᠢᠨ ᠬᠥᠮᠥᠷᠭᠡᠯᠡᠬᠦ ᠬᠠᠮᠢᠶᠠᠷᠤᠯᠲᠠ ᠶᠢᠨ ᠠᠷᠭ᠎ᠠ︾ ︽ᠵᠠᠰᠠᠭ ᠤᠨ ᠣᠷᠳᠣᠨ ᠤ ᠨᠥᠭᠡᠴᠡᠯᠡᠬᠦ ᠠᠮᠤ ᠪᠤᠳᠠᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠬᠡᠷᠡᠭᠵᠢᠭᠦᠯᠬᠦ ᠬᠡᠷᠡᠭᠲᠡᠢ ᠃

      ᠳᠥᠷᠪᠡᠳᠦᠭᠡᠷ ᠪᠦᠯᠦᠭ  ᠠᠮᠤ ᠪᠤᠳᠠᠭ᠎ᠠ ᠬᠤᠳᠠᠯᠳᠤᠨ ᠠᠪᠬᠤ ᠶᠠᠰᠤ ᠴᠢᠨᠠᠷ ᠤᠨ ᠬᠠᠮᠢᠶᠠᠷᠤᠯᠲᠠ

      ᠬᠤᠷᠢᠨ ᠳᠣᠯᠣᠳᠤᠭᠠᠷ ᠵᠦᠢᠯ  ᠠᠮᠤ ᠪᠤᠳᠠᠭ᠎ᠠ ᠬᠤᠳᠠᠯᠳᠤᠨ ᠠᠪᠤᠭᠴᠢ ᠠᠮᠤ ᠪᠤᠳᠠᠭ᠎ᠠ ᠬᠤᠳᠠᠯᠳᠤᠨ ᠠᠪᠬᠤ ᠳᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠶᠠᠰᠤ ᠴᠢᠨᠠᠷ ᠤᠨ ᠠᠮᠤᠷ ᠲᠦᠪᠰᠢᠨ ᠤ ᠰᠢᠯᠭᠠᠨ ᠪᠠᠶᠢᠴᠠᠭᠠᠯᠲᠠ ᠬᠢᠵᠦ ᠂ ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠃ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠦᠭᠡᠢ ᠠᠮᠤ ᠪᠤᠳᠠᠭ᠎ᠠ ᠶᠢ ᠢᠳᠡᠭᠡᠨ ᠤ ᠪᠤᠰᠤ ᠬᠡᠷᠡᠭᠴᠡᠭᠡ ᠪᠠᠷ ᠲᠤᠰᠬᠠᠢ ᠨᠥᠭᠡᠴᠡᠯᠡᠬᠦ ᠶᠢᠨ ᠬᠠᠮᠲᠤ ᠰᠢᠢᠳᠪᠦᠷᠢᠯᠡᠵᠦ ᠂ ᠬᠦᠨᠡᠰᠦᠨ ᠠᠮᠤ ᠶᠢᠨ ᠵᠠᠬ᠎ᠠ ᠳᠡᠯᠭᠡᠭᠦᠷ ᠪᠠ ᠢᠳᠡᠭᠡᠨ ᠢ ᠡᠳ᠋ᠰᠢᠭᠦᠯᠬᠦ ᠵᠠᠮ ᠮᠥᠷ ᠲᠤ ᠣᠷᠣᠭᠤᠯᠵᠤ ᠪᠣᠯᠬᠤ ᠦᠭᠡᠢ ᠃ 

      ᠬᠤᠷᠢᠨ ᠨᠠᠢᠮᠠᠳᠤᠭᠠᠷ ᠵᠦᠢᠯ  ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠨᠢ ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠪᠦᠷᠢᠳᠦᠭᠦᠯᠬᠦ ᠬᠡᠷᠡᠭᠲᠡᠢ ᠃ ᠬᠤᠳᠠᠯᠳᠤᠨ ᠠᠪᠤᠭᠰᠠᠨ ᠠᠮᠤ ᠪᠤᠳᠠᠭᠠᠨ ᠤ ᠶᠠᠰᠤ ᠴᠢᠨᠠᠷ ᠲᠤ ᠰᠢᠯᠭᠠᠨ ᠪᠠᠶᠢᠴᠠᠭᠠᠯᠲᠠ ᠬᠢᠵᠦ ᠂ ᠶᠡᠷᠦ ᠳᠤ ᠪᠠᠨ ᠳᠡᠰ ᠂ ᠴᠢᠭᠢᠭ ᠂ ᠬᠤᠯᠢᠴᠠ ᠂ ᠲᠡᠭᠦᠯᠳᠡᠷ ᠪᠤᠰᠤ ᠮᠥᠬᠦᠯᠢᠭ ᠂ ᠡᠵᠡᠯᠡᠬᠦᠨ ᠤ ᠬᠦᠨᠳᠦ ᠂ ᠪᠦᠳᠦᠭᠦᠯᠢᠭ ᠠᠮᠤ ᠭᠠᠷᠬᠤ ᠨᠣᠷᠮ᠎ᠠ ᠂ ᠬᠦᠨᠳᠦ ᠲᠡᠮᠦᠷᠯᠢᠭ ᠂ ᠵᠢᠩᠬᠢᠨᠢ ᠮᠥᠬᠦ ᠶᠢᠨ ᠬᠤᠣᠷ ᠵᠡᠷᠭᠡ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶ᠎ᠠ ᠪᠠᠭᠲᠠᠬᠤ ︵ᠬᠢᠵᠠᠭᠠᠷᠯᠠᠭᠳᠠᠬᠤ ᠦᠭᠡᠢ︶ ᠬᠡᠷᠡᠭᠲᠡᠢ ᠃

      ᠬᠤᠷᠢ ᠶᠢᠰᠦᠳᠦᠭᠡᠷ ᠵᠦᠢᠯ  ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠤᠨ ᠬᠡᠷᠡᠭᠴᠡᠭᠡ ᠪᠠᠨ ᠦᠨᠳᠦᠰᠦᠯᠡᠨ ᠱᠠᠭᠠᠷᠳᠠᠯᠭ᠎ᠠ ᠳᠤ ᠨᠡᠶᠢᠴᠡᠬᠦ ᠠᠮᠤ ᠪᠤᠳᠠᠭ᠎ᠠ ᠬᠤᠳᠠᠯᠳᠤᠵᠤ ᠠᠪᠬᠤ ᠶᠢᠨ ᠬᠠᠮᠲᠤ ᠬᠥᠮᠥᠷᠭᠡ ᠬᠤᠪᠢᠶᠠᠨ ᠨᠥᠭᠡᠴᠡᠯᠡᠬᠦ ᠶᠢ ᠵᠣᠷᠢᠭᠵᠢᠭᠤᠯᠵᠤ ᠂ ᠨᠥᠬᠦᠴᠡᠯ ᠲᠠᠢ ᠪᠠᠶᠢᠭ᠎ᠠ ᠨᠢ ᠴᠢᠨᠠᠷ ᠤᠨ ᠵᠢᠭᠠᠯᠲᠠ ᠲᠣᠭᠠᠨ ᠤ ᠲᠦᠷᠭᠡᠨ ᠰᠢᠯᠭᠠᠨ ᠪᠠᠶᠢᠴᠠᠭᠠᠯᠲᠠ ᠬᠢᠵᠦ ᠂ ᠣᠨᠣᠴᠠᠲᠠᠢ ᠪᠠᠷ ᠬᠠᠮᠢᠶᠠᠷᠤᠨ ᠂ ᠰᠢᠯᠢᠳᠡᠭ ᠠᠮᠤ ᠶᠢ ᠰᠢᠯᠢᠳᠡᠭᠴᠢᠯᠡᠨ ᠨᠥᠭᠡᠴᠡᠯᠡᠬᠦ ᠶᠢ ᠪᠡᠶᠡᠯᠡᠭᠦᠯᠦᠨ᠎ᠡ ᠃

      ᠭᠤᠴᠢᠳᠤᠭᠠᠷ ᠵᠦᠢᠯ  ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠨᠢ ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠪᠠᠶᠢᠭᠤᠯᠵᠤ ᠂ ᠶᠠᠰᠤ ᠴᠢᠨᠠᠷ ᠤᠨ ᠠᠮᠤᠷ ᠲᠦᠪᠰᠢᠨ ᠢ ᠡᠵᠡᠮᠰᠢᠬᠦ ᠲᠣᠭᠲᠠᠯᠴᠠᠭ᠎ᠠ ᠶᠢ ᠪᠦᠷᠢᠨᠰᠢᠭᠦᠯᠵᠦ ᠂ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠢ ᠪᠣᠯᠭᠠᠵᠤ ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯᠲᠠᠨ ᠳᠤ ᠪᠠᠨ ᠬᠠᠮᠢᠶ᠎ᠠ ᠪᠦᠬᠦᠢ ᠬᠠᠤᠯᠢ ᠴᠠᠭᠠᠵᠠ ᠂ ᠬᠠᠤᠯᠢ ᠲᠣᠭᠲᠠᠭᠠᠯ ᠂ ᠲᠥᠷᠥ ᠶᠢᠨ ᠪᠣᠳᠣᠯᠭ᠎ᠠ ᠂ ᠪᠠᠷᠢᠮᠵᠢᠶ᠎ᠠ ᠪᠠ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠲᠡᠭᠡᠬᠦ ᠬᠡᠷᠡᠭᠲᠡᠢ ᠃

      ᠭᠤᠴᠢᠨ ᠨᠢᠭᠡᠳᠦᠭᠡᠷ ᠵᠦᠢᠯ  ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠨᠢ ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠡᠬᠡ ᠳᠠᠩᠰᠠ ᠪᠠᠶᠢᠭᠤᠯᠵᠤ ᠂ ᠠᠮᠤ ᠪᠤᠳᠠᠭᠠᠨ ᠤ ᠲᠥᠷᠥᠯ ᠵᠦᠢᠯ ᠂ ᠪᠠᠷᠠᠭ᠎ᠠ ᠬᠠᠩᠭᠠᠬᠤ ᠡᠲᠡᠭᠡᠳ ᠂ ᠠᠮᠤ ᠪᠤᠳᠠᠭᠠᠨ ᠤ ᠭᠠᠷᠤᠯᠲᠠ ᠶᠢᠨ ᠣᠷᠣᠨ ᠂ ᠬᠤᠷᠢᠶᠠᠯᠲᠠ ᠣᠯᠣᠭᠰᠠᠨ ᠣᠨ ᠵᠢᠯ ᠂ ᠬᠤᠳᠠᠯᠳᠤᠨ ᠠᠪᠤᠭᠰᠠᠨ ᠪᠤᠶᠤ ᠬᠥᠮᠥᠷᠭᠡ ᠳᠤ ᠣᠷᠣᠭᠤᠯᠤᠭᠰᠠᠨ ᠴᠠᠭ ᠬᠤᠭᠤᠴᠠᠭ᠎ᠠ ᠂ ᠪᠠᠷᠠᠭᠠᠨ ᠤ ᠪᠠᠶᠢᠷᠢᠯᠠᠯ ᠵᠢᠴᠢ ᠲᠤᠭ᠎ᠠ ᠬᠡᠮᠵᠢᠶ᠎ᠡ ᠂ ᠶᠠᠰᠤ ᠴᠢᠨᠠᠷ ᠤᠨ ᠳᠡᠰ ᠂ ᠴᠢᠨᠠᠷ ᠤᠨ ᠪᠠᠶᠢᠳᠠᠯ ᠂ ᠪᠣᠷᠣᠯᠠᠭᠤᠯᠤᠭᠰᠠᠨ ᠵᠦᠭ ᠴᠢᠭᠯᠡᠯ ᠂ ᠬᠥᠮᠥᠷᠭᠡ ᠠᠴᠠ ᠭᠠᠷᠤᠭᠰᠠᠨ ᠴᠠᠭ ᠬᠤᠭᠤᠴᠠᠭ᠎ᠠ ᠵᠢᠴᠢ ᠬᠤᠯᠪᠣᠭᠳᠠᠯ ᠪᠦᠬᠦᠢ ᠪᠤᠰᠤᠳ ᠠᠭᠤᠯᠭ᠎ᠠ ᠶᠢ ᠦᠨᠡᠨ ᠪᠣᠳᠠᠲᠠᠢ ᠪᠠᠷ ᠲᠡᠮᠳᠡᠭᠯᠡᠬᠦ ᠬᠡᠷᠡᠭᠲᠡᠢ ᠃

      ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠡᠬᠡ ᠳᠠᠩᠰᠠ ᠶᠢᠨ ᠬᠠᠳᠠᠭᠠᠯᠠᠬᠤ ᠬᠤᠭᠤᠴᠠᠭ᠎ᠠ ᠶᠢ ᠠᠮᠤ ᠪᠤᠳᠠᠭ᠎ᠠ ᠶᠢ ᠪᠣᠷᠣᠯᠠᠭᠤᠯᠬᠤ ᠪᠠᠷ ᠬᠥᠮᠥᠷᠭᠡ ᠠᠴᠠ ᠭᠠᠷᠭᠠᠭᠰᠠᠨ ᠡᠳᠦᠷ ᠠᠴᠠ ᠡᠬᠢᠯᠡᠨ ᠪᠣᠳᠣᠵᠤ ᠂ 5 ᠵᠢᠯ ᠠᠴᠠ ᠳᠤᠲᠠᠭᠤ ᠪᠠᠶᠢᠯᠭᠠᠵᠤ ᠪᠣᠯᠬᠤ ᠦᠭᠡᠢ ᠃

      ᠲᠠᠪᠤᠳᠤᠭᠠᠷ ᠪᠦᠯᠦᠭ  ᠠᠮᠤ ᠪᠤᠳᠠᠭ᠎ᠠ ᠬᠤᠳᠠᠯᠳᠤᠨ ᠠᠪᠬᠤ ᠦᠢᠯᠡᠴᠢᠯᠡᠭᠡᠨ ᠤ ᠪᠠᠲᠤᠯᠠᠭ᠎ᠠ

      ᠭᠤᠴᠢᠨ ᠬᠤᠶᠠᠳᠤᠭᠠᠷ ᠵᠦᠢᠯ  ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ ᠂ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ︔ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ ᠂ ᠲᠠᠷᠢᠶᠠᠯᠠᠩ ᠳᠤ ᠦᠢᠯᠡᠴᠢᠯᠡᠬᠦ ᠠᠷᠭ᠎ᠠ ᠬᠡᠮᠵᠢᠶ᠎ᠡ ᠪᠠᠨ ᠴᠢᠩᠭᠠᠳᠬᠠᠨ᠎ᠠ︔ ᠦᠢᠯᠡᠳᠪᠦᠷᠢᠯᠡᠭᠰᠡᠨ ᠤ ᠳᠠᠷᠠᠭᠠᠬᠢ ᠦᠢᠯᠡᠴᠢᠯᠡᠭᠡ ᠪᠠᠨ ᠴᠢᠩᠭᠠᠳᠬᠠᠵᠤ ᠂ ᠣᠷᠣᠯᠠᠨ ᠴᠡᠪᠡᠷᠯᠡᠬᠦ ᠂ ᠣᠷᠣᠯᠠᠨ ᠬᠠᠭᠤᠷᠠᠶᠢᠰᠢᠭᠤᠯᠬᠤ ᠂ ᠣᠷᠣᠯᠠᠨ ᠬᠠᠳᠠᠭᠠᠯᠠᠬᠤ ᠂ ᠣᠷᠣᠯᠠᠨ ᠡᠳ᠋ᠰᠢᠭᠦᠯᠬᠦ ᠂ ᠣᠷᠣᠯᠠᠨ ᠪᠣᠷᠣᠯᠠᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠵᠤ ᠂ ᠠᠮᠤ ᠪᠤᠳᠠᠭᠠᠨ ᠤ ᠬᠤᠬᠢᠷᠠᠯ ᠰᠦᠢᠳᠬᠡᠯ ᠢ ᠪᠠᠭᠤᠷᠠᠭᠤᠯᠤᠨ᠎ᠠ ᠃ ᠲᠠᠷᠢᠶᠠᠴᠢᠨ ᠡᠷᠦᠬᠡ ᠶᠢᠨ ᠬᠦᠷᠢᠶ᠎ᠡ ᠬᠠᠰᠢᠶ᠎ᠠ ᠳᠤ ᠠᠮᠤ ᠨᠥᠭᠡᠴᠡᠯᠡᠬᠦ ᠮᠡᠷᠭᠡᠵᠢᠯ ᠤᠨ ᠵᠢᠭᠠᠨ ᠵᠢᠯᠣᠭᠤᠳᠤᠯᠭ᠎ᠠ ᠶᠢᠨ ᠡᠷᠴᠢᠮ ᠢᠶᠠᠨ ᠴᠢᠩᠭᠠᠳᠬᠠᠵᠤ ᠂ ᠠᠮᠤ ᠨᠥᠭᠡᠴᠡᠯᠡᠬᠦ ᠰᠠᠪᠠᠯᠠᠬᠤ ᠬᠡᠷᠡᠭᠰᠡᠯ ᠵᠡᠷᠭᠡ ᠪᠡᠯᠡᠳᠬᠡᠮᠵᠢ ᠲᠥᠬᠦᠭᠡᠷᠦᠮᠵᠢ ᠲᠠᠭᠠᠷᠠᠭᠤᠯᠬᠤ ᠶᠢ ᠳᠡᠮᠵᠢᠵᠦ ᠂ ᠰᠢᠨᠵᠢᠯᠡᠬᠦ ᠤᠬᠠᠭᠠᠨᠴᠢ ᠪᠠᠷ ᠠᠮᠤ ᠨᠥᠭᠡᠴᠡᠯᠡᠬᠦ ᠮᠡᠷᠭᠡᠵᠢᠯ ᠤᠨ ᠪᠣᠯᠪᠠᠰᠤᠷᠠᠯ ᠪᠠ ᠦᠢᠯᠡᠴᠢᠯᠡᠭᠡ ᠬᠠᠩᠭᠠᠬᠤ ᠬᠡᠷᠡᠭᠲᠡᠢ ᠃

      ᠭᠤᠴᠢᠨ ᠭᠤᠷᠪᠠᠳᠤᠭᠠᠷ ᠵᠦᠢᠯ  ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠰᠠᠨᠠᠭᠠᠴᠢᠯᠠᠭ᠎ᠠ ᠠᠴᠠ ᠪᠠᠨ ᠠᠮᠤ ᠪᠤᠳᠠᠭᠠᠨ ᠤ ᠦᠨ᠎ᠡ ᠬᠠᠩᠰᠢ ᠂ ᠬᠤᠳᠠᠯᠳᠤᠨ ᠠᠪᠬᠤ ᠠᠬᠢᠴᠠ ᠵᠡᠷᠭᠡ ᠮᠡᠳᠡᠭᠡ ᠵᠠᠩᠭᠢ ᠶᠢ ᠨᠡᠶᠢᠲᠡᠯᠡᠵᠦ ᠂ ᠠᠮᠤ ᠪᠤᠳᠠᠭ᠎ᠠ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠣᠯᠠᠨ ᠵᠦᠢᠯ ᠤᠨ ᠬᠡᠯᠪᠡᠷᠢ ᠪᠠᠷ ᠤᠬᠠᠭᠤᠯᠤᠨ ᠲᠠᠶᠢᠯᠤᠮᠵᠢ ᠬᠢᠵᠦ ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠵᠦᠢᠯᠡᠰ ᠢ ᠢᠳᠡᠪᠬᠢᠲᠡᠢ ᠪᠠᠷ ᠬᠠᠷᠢᠭᠤᠯᠵᠤ ᠂ ᠵᠠᠬ᠎ᠠ ᠳᠡᠯᠭᠡᠭᠦᠷ ᠤᠨ ᠵᠢᠱᠢᠯᠲᠡ ᠶᠢ ᠬᠥᠲᠥᠯᠥᠨ ᠵᠢᠯᠤᠭᠤᠳᠴᠤ ᠂ ᠠᠮᠤ ᠪᠤᠳᠠᠭᠠᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠲᠣᠭᠲᠠᠭᠤᠨ ᠠᠵᠢᠯᠯᠠᠭᠠᠨ ᠢ ᠠᠬᠢᠭᠤᠯᠬᠤ ᠬᠡᠷᠡᠭᠲᠡᠢ ᠃

      ᠭᠤᠴᠢᠨ ᠳᠥᠷᠪᠡᠳᠦᠭᠡᠷ ᠵᠦᠢᠯ  ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠬᠦ ᠪᠠᠨ ᠴᠢᠩᠭᠠᠳᠬᠠᠵᠤ ᠂ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠪᠠ ᠵᠠᠬ᠎ᠠ ᠳᠡᠯᠭᠡᠭᠦᠷ ᠤᠨ ᠬᠥᠳᠡᠯᠦᠩᠭᠦᠢ ᠪᠠᠶᠢᠳᠠᠯ ᠢ ᠨᠢᠭᠲᠠ ᠠᠩᠬᠠᠷᠴᠤ ᠂ ᠠᠮᠤ ᠪᠤᠳᠠᠭ᠎ᠠ ᠬᠤᠳᠠᠯᠳᠤᠨ ᠠᠪᠬᠤ ᠤᠯᠠᠷᠢᠯ ᠳᠤ ᠬᠤᠳᠠᠯᠳᠤᠨ ᠠᠪᠬᠤ ᠠᠬᠢᠴᠠ ᠪᠠ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠭᠤᠣᠯᠳᠠᠯᠭ᠎ᠠ ᠲᠠᠢ ᠪᠠᠷ ᠬᠢᠨᠠᠨ ᠬᠡᠮᠵᠢᠵᠦ ᠂ ᠬᠥᠭᠵᠢᠭᠦᠯᠦᠯᠲᠡ ᠪᠠ ᠥᠭᠡᠷᠡᠴᠢᠯᠡᠯᠲᠡ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠂ ᠲᠤᠭ᠎ᠠ ᠪᠦᠷᠢᠳᠬᠡᠯ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠂ ᠵᠠᠮ ᠬᠠᠷᠢᠯᠴᠠᠭ᠎ᠠ ᠲᠡᠭᠡᠭᠡᠪᠦᠷᠢ ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠵᠡᠷᠭᠡ ᠰᠠᠯᠠᠭ᠎ᠠ ᠮᠥᠴᠢᠷ ᠂ ᠨᠢᠭᠡᠴᠢ ᠯᠦᠭᠡ ᠵᠥᠪᠳᠡᠯᠴᠡᠬᠦ ᠲᠣᠭᠲᠠᠴᠠ  ᠪᠠᠶᠢᠭᠤᠯᠵᠤ ᠂ ᠠᠮᠤ ᠪᠤᠳᠠᠭ᠎ᠠ ᠬᠤᠳᠠᠯᠳᠤᠨ ᠠᠪᠬᠤ ᠲᠠᠯ᠎ᠠ ᠶᠢᠨ ᠪᠠᠶᠢᠳᠠᠯ ᠢ ᠴᠠᠭ ᠲᠤᠬᠠᠢ ᠳᠤ ᠨᠢ ᠵᠠᠳᠠᠯᠤᠨ ᠰᠢᠨᠵᠢᠯᠡᠵᠦ ᠰᠤᠳᠤᠯᠤᠨ ᠮᠠᠭᠠᠳᠯᠠᠬᠤ ᠬᠡᠷᠡᠭᠲᠡᠢ ᠃ ᠭᠡᠨᠡᠳᠲᠡ ᠡᠭᠦᠰᠬᠦ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠪᠠ ᠣᠨᠴᠠᠭᠠᠢ ᠴᠠᠭ ᠠᠭᠤᠷ ᠵᠡᠷᠭᠡ ᠶᠢᠨ ᠨᠥᠯᠥᠭᠡᠯᠡᠯ ᠢ ᠨᠢᠭᠲᠠ ᠠᠩᠬᠠᠷᠴᠤ ᠂ ᠣᠯᠠᠨ ᠠᠷᠭ᠎ᠠ ᠶᠢ ᠵᠡᠷᠭᠡ ᠪᠠᠷ ᠬᠡᠷᠡᠭᠯᠡᠵᠦ ᠂ ᠨᠠᠮᠤᠷ ᠤᠨ ᠠᠮᠤ ᠲᠥᠪᠯᠡᠷᠡᠨ ᠵᠠᠬ᠎ᠠ ᠳᠡᠯᠭᠡᠭᠦᠷ ᠲᠤ ᠭᠠᠷᠬᠤ ᠬᠤᠭᠤᠴᠠᠭᠠᠨ ᠳᠤ ᠣᠷᠣᠨ ᠪᠦᠰᠡ ᠶᠢᠨ ᠴᠢᠨᠠᠷ ᠲᠠᠢ ᠂ ᠱᠠᠲᠤᠴᠢ ᠴᠢᠨᠠᠷ ᠲᠠᠢ ᠲᠠᠷᠢᠶᠠᠴᠢᠨ ᠤ ︽ᠠᠮᠤ ᠬᠤᠳᠠᠯᠳᠤᠬᠤ ᠳᠤ ᠪᠡᠷᠬᠡ︾ ᠠᠰᠠᠭᠤᠳᠠᠯ ᠡᠭᠦᠰᠬᠦ ᠶᠢ ᠡᠷᠡᠰ ᠰᠡᠷᠭᠡᠶᠢᠯᠡᠬᠦ ᠬᠡᠷᠡᠭᠲᠡᠢ ᠃

      ᠭᠤᠴᠢᠨ ᠲᠠᠪᠤᠳᠤᠭᠠᠷ ᠵᠦᠢᠯ  ᠮᠡᠳᠡᠭᠡ ᠵᠠᠩᠭᠢᠴᠢᠯᠠᠭᠰᠠᠨ ᠂ ᠣᠶᠤᠨᠴᠢᠯᠠᠭᠰᠠᠨ ᠮᠡᠷᠭᠡᠵᠢᠯ ᠢ ᠠᠰᠢᠭᠯᠠᠬᠤ ᠶᠢ ᠵᠣᠷᠢᠭᠵᠢᠭᠤᠯᠵᠤ ᠂ ︽ᠢᠨᠲ᠋ᠧᠷ ᠰᠦᠯᠵᠢᠶ᠎ᠡ +︾ ᠬᠤᠳᠠᠯᠳᠤᠨ ᠠᠪᠬᠤ ᠂ ᠪᠣᠯᠵᠣᠨ ᠬᠤᠳᠠᠯᠳᠤᠨ ᠠᠪᠬᠤ ᠂ ᠡᠭᠦᠳᠡᠨ ᠳᠤ ᠨᠢ ᠬᠦᠷᠴᠦ ᠬᠤᠳᠠᠯᠳᠤᠨ ᠠᠪᠬᠤ ᠵᠡᠷᠭᠡ ᠲᠠᠷᠢᠶᠠᠴᠢᠨ ᠳᠤ ᠳᠥᠭᠦᠮ ᠦᠵᠡᠭᠦᠯᠬᠦ ᠠᠷᠭ᠎ᠠ ᠪᠠᠷᠢᠯ ᠤᠨ ᠬᠡᠷᠡᠭᠯᠡᠭᠡᠨ ᠢ ᠳᠡᠯᠭᠡᠷᠡᠭᠦᠯᠵᠦ ᠂ ᠠᠮᠤ ᠪᠤᠳᠠᠭ᠎ᠠ ᠨᠥᠭᠡᠴᠡᠯᠡᠨ ᠲᠡᠭᠡᠭᠡᠪᠦᠷᠢᠯᠡᠬᠦ ᠪᠠ ᠠᠮᠤ ᠠᠷᠪᠢᠯᠠᠨ ᠬᠤᠷᠣᠭᠳᠠᠯ ᠢ ᠪᠠᠭᠠᠰᠬᠠᠬᠤ ᠲᠡᠷᠢᠭᠦᠨ ᠤ ᠮᠡᠷᠭᠡᠵᠢᠯ ᠢ ᠨᠡᠭᠡᠭᠡᠨ ᠠᠰᠢᠭᠯᠠᠬᠤ ᠪᠠ ᠳᠡᠯᠭᠡᠷᠡᠭᠦᠯᠬᠦ ᠶᠢ ᠳᠡᠮᠵᠢᠵᠦ ᠂ ᠠᠮᠤ  ᠪᠤᠳᠠᠭ᠎ᠠ ᠬᠤᠳᠠᠯᠳᠤᠨ ᠠᠪᠤᠭᠴᠢ ᠶᠢᠨ ᠠᠮᠤ ᠶᠢ ᠬᠠᠶᠢᠷᠠᠯᠠᠨ ᠠᠮᠤ ᠶᠢ ᠠᠷᠪᠢᠯᠠᠬᠤ ᠦᠵᠡᠯ ᠤᠬᠠᠮᠰᠠᠷ ᠢ ᠨᠢ ᠳᠡᠭᠡᠭᠰᠢᠯᠡᠭᠦᠯᠬᠦ ᠪᠠᠷ ᠬᠥᠲᠥᠯᠥᠨ ᠵᠢᠯᠤᠭᠤᠳᠴᠤ ᠂ ᠠᠮᠤ ᠪᠤᠳᠠᠭᠠᠨ ᠤ ᠬᠤᠷᠣᠭᠳᠠᠯ ᠢ ᠪᠠᠭᠤᠷᠠᠭᠤᠯᠬᠤ ᠬᠡᠷᠡᠭᠲᠡᠢ ᠃

      ᠭᠤᠴᠢᠨ ᠵᠢᠷᠭᠤᠳᠤᠭᠠᠷ ᠵᠦᠢᠯ  ᠵᠠᠮ ᠬᠠᠷᠢᠯᠴᠠᠭ᠎ᠠ ᠲᠡᠭᠡᠭᠡᠪᠦᠷᠢ ᠂ ᠲᠡᠮᠦᠷ ᠵᠠᠮ ᠤᠨ ᠰᠠᠯᠠᠭ᠎ᠠ ᠮᠥᠴᠢᠷ ᠨᠢ ᠠᠮᠤ ᠪᠤᠳᠠᠭ᠎ᠠ ᠲᠡᠭᠡᠭᠡᠪᠦᠷᠢᠯᠡᠬᠦ ᠬᠡᠷᠡᠭᠴᠡᠭᠡ ᠱᠠᠭᠠᠷᠳᠠᠯᠭ᠎ᠠ ᠬᠢᠭᠡᠳ ᠲᠡᠭᠡᠭᠡᠪᠦᠷᠢᠯᠡᠬᠦ ᠴᠢᠳᠠᠪᠤᠷᠢ ᠬᠠᠩᠭᠠᠬᠤ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ ᠂ ᠵᠠᠮ ᠤᠨ ᠲᠣᠣᠷ ᠂ ᠲᠡᠮᠦᠷ ᠵᠠᠮ ᠤᠨ ᠲᠡᠭᠡᠭᠡᠪᠦᠷᠢᠯᠡᠬᠦ ᠴᠢᠳᠠᠪᠤᠷᠢ ᠶᠢᠨ ᠬᠢᠨᠠᠨ ᠬᠡᠮᠵᠢᠬᠦ ᠪᠠ ᠮᠡᠳᠡᠭᠡ ᠵᠠᠩᠭᠢ ᠶᠢᠨ ᠦᠢᠯᠡᠴᠢᠯᠡᠭᠡ ᠪᠠᠨ ᠴᠢᠩᠭᠠᠳᠬᠠᠵᠤ ᠂ ᠠᠮᠤ ᠪᠤᠳᠠᠭ᠎ᠠ ᠲᠥᠪᠯᠡᠷᠡᠨ ᠵᠠᠬ᠎ᠠ ᠳᠡᠯᠭᠡᠭᠦᠷ ᠲᠤ ᠭᠠᠷᠬᠤ ᠠᠴᠠ ᠡᠮᠦᠨ᠎ᠡ ᠴᠢᠬᠤᠯᠠ ᠪᠦᠬᠦᠢ ᠲᠡᠭᠡᠭᠡᠪᠦᠷᠢᠯᠡᠬᠦ ᠪᠠᠲᠤᠯᠠᠭ᠎ᠠ ᠬᠠᠩᠭᠠᠬᠤ ᠬᠡᠷᠡᠭᠲᠡᠢ ᠃

      ᠠᠮᠤ ᠪᠤᠳᠠᠭ᠎ᠠ ᠲᠡᠭᠡᠭᠡᠪᠦᠷᠢᠯᠡᠬᠦ ᠳᠤ ᠪᠠᠨ ᠤᠯᠤᠰ ᠤᠨ ᠠᠮᠤ ᠪᠤᠳᠠᠭ᠎ᠠ ᠲᠡᠭᠡᠭᠡᠪᠦᠷᠢᠯᠡᠬᠦ ᠮᠡᠷᠭᠡᠵᠢᠯ ᠤᠨ ᠵᠢᠷᠤᠮᠵᠢᠯ ᠢ ᠴᠢᠩᠭ᠎ᠠ ᠬᠡᠷᠡᠭᠵᠢᠭᠦᠯᠵᠦ ᠂ ᠠᠮᠤ ᠪᠤᠳᠠᠭᠠᠨ ᠤ ᠲᠡᠭᠡᠭᠡᠪᠦᠷᠢ ᠶᠢᠨ ᠬᠤᠷᠣᠭᠳᠠᠯ ᠢ ᠪᠠᠭᠠᠰᠬᠠᠬᠤ ᠬᠡᠷᠡᠭᠲᠡᠢ ᠃ ᠪᠣᠬᠢᠷᠲᠤᠭᠰᠠᠨ ᠲᠡᠭᠡᠭᠡᠪᠦᠷᠢ ᠶᠢᠨ ᠪᠠᠭᠠᠵᠢ ᠪᠤᠶᠤ ᠪᠣᠭᠤᠳᠠᠯᠯᠠᠬᠤ ᠮᠠᠲ᠋ᠧᠷᠢᠶᠠᠯ ᠢᠶᠠᠷ ᠠᠮᠤ ᠪᠤᠳᠠᠭ᠎ᠠ ᠲᠡᠭᠡᠭᠡᠪᠦᠷᠢᠯᠡᠵᠦ ᠪᠣᠯᠬᠤ ᠦᠭᠡᠢ ᠂ ᠬᠤᠣᠷ ᠬᠥᠨᠥᠭᠡᠯᠳᠦ  ᠪᠣᠳᠠᠰ   ᠲᠠᠢ ᠬᠤᠯᠢᠯᠳᠤᠭᠤᠯᠤᠨ ᠲᠡᠭᠡᠭᠡᠪᠦᠷᠢᠯᠡᠵᠦ ᠪᠣᠯᠬᠤ ᠦᠭᠡᠢ ᠃

      ᠭᠤᠴᠢᠨ ᠳᠣᠯᠣᠳᠤᠭᠠᠷ ᠵᠦᠢᠯ  ᠵᠢᠭᠡᠯᠡᠯᠭᠡ ᠶᠢᠨ ᠨᠥᠬᠦᠴᠡᠯ ᠳᠤ ᠨᠡᠶᠢᠴᠡᠭᠰᠡᠨ ᠠᠮᠤ ᠪᠤᠳᠠᠭ᠎ᠠ ᠬᠤᠳᠠᠯᠳᠤᠨ ᠠᠪᠤᠭᠴᠢ ᠳᠤ ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠠᠭ ᠲᠤᠬᠠᠢ ᠳᠤ ᠨᠢ ᠬᠤᠳᠠᠯᠳᠤᠨ ᠠᠪᠬᠤ ᠵᠢᠭᠡᠯᠡᠯᠭᠡ ᠶᠢᠨ ᠮᠥᠩᠭᠦ ᠬᠠᠩᠭᠠᠬᠤ ᠬᠡᠷᠡᠭᠲᠡᠢ ᠃

      ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠵᠢᠴᠢ ᠰᠠᠯᠪᠤᠷᠢ ᠪᠠᠶᠢᠭᠤᠯᠤᠮᠵᠢ ᠨᠢ ᠣᠷᠣᠨ ᠨᠤᠲᠤᠭ ᠤᠨ ᠨᠥᠭᠡᠴᠡᠯᠡᠬᠦ ᠠᠮᠤ ᠬᠢᠭᠡᠳ ᠪᠤᠰᠤᠳ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠮᠤ ᠪᠤᠳᠠᠭᠠᠨ ᠳᠠᠬᠢ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦᠨ ᠤ ᠬᠡᠷᠡᠭᠴᠡᠭᠡ ᠶᠢ ᠪᠠᠲᠤᠯᠠᠵᠤ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠂ ᠲᠣᠮᠣ ᠬᠡᠯᠪᠡᠷᠢ ᠶᠢᠨ ᠠᠮᠤ ᠪᠤᠳᠠᠭᠠᠨ ᠤ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ ᠪᠠ ᠪᠤᠰᠤᠳ ᠠᠮᠤ ᠪᠤᠳᠠᠭᠠᠨ ᠤ ᠠᠵᠤ ᠠᠬᠤᠶᠢᠯᠠᠯ ᠳᠤ ᠂ ᠠᠵᠤ ᠠᠬᠤᠶᠢᠯᠠᠯ ᠤᠨ ᠲᠦᠭᠰᠢᠭᠦᠷᠢ ᠶᠢ ᠳᠠᠭᠠᠭᠠᠬᠤ ᠴᠢᠳᠠᠪᠤᠷᠢ ᠶᠢ  ᠨᠢ ᠦᠨᠳᠦᠰᠦᠯᠡᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦᠨ ᠤ ᠳᠡᠮᠵᠢᠯᠭᠡ ᠦᠵᠡᠭᠦᠯᠬᠦ ᠬᠡᠷᠡᠭᠲᠡᠢ ᠃

      ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠮᠤ ᠪᠤᠳᠠᠭ᠎ᠠ ᠬᠤᠳᠠᠯᠳᠤᠨ ᠠᠪᠬᠤ ᠪᠡᠯᠡ ᠮᠥᠩᠭᠦ ᠳᠤ ᠲᠤᠰᠬᠠᠢ ᠵᠣᠭᠤᠰ ᠢ ᠲᠤᠰᠬᠠᠢ ᠬᠡᠷᠡᠭᠯᠡᠵᠦ ᠂ ᠪᠢᠲᠡᠭᠦᠮᠵᠢᠯᠡᠵᠦ ᠠᠵᠢᠯᠯᠠᠭᠤᠯᠬᠤ ᠬᠡᠷᠡᠭᠲᠡᠢ ᠃

      ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠮᠤ ᠪᠤᠳᠠᠭ᠎ᠠ ᠬᠤᠳᠠᠯᠳᠤᠨ ᠠᠪᠬᠤ ᠳᠠᠬᠢ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ ᠡᠷᠴᠢᠮ ᠢᠶᠠᠨ ᠴᠢᠩᠭᠠᠳᠬᠠᠬᠤ ᠶᠢ ᠨᠢ ᠵᠣᠷᠢᠭᠵᠢᠭᠤᠯᠵᠤ ᠂ ᠠᠮᠤ ᠪᠤᠳᠠᠭᠠᠨ ᠤ ᠵᠠᠬ᠎ᠠ ᠳᠡᠯᠭᠡᠭᠦᠷᠴᠢᠯᠡᠨ ᠬᠤᠳᠠᠯᠳᠤᠨ ᠠᠪᠬᠤ ᠪᠡᠯᠡ ᠣᠷᠣᠭᠤᠯᠬᠤ ᠵᠠᠮ ᠮᠥᠷ ᠢ ᠥᠷᠭᠡᠳᠬᠡᠵᠦ ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠢᠯᠢᠳᠡᠭᠵᠢᠭᠦᠯᠦᠨ ᠂ ᠵᠢᠭᠡᠯᠡᠯᠭᠡ ᠶᠢᠨ ᠨᠥᠬᠦᠴᠡᠯ ᠳᠤ ᠨᠡᠶᠢᠴᠡᠬᠦ ᠠᠮᠤ ᠪᠤᠳᠠᠭ᠎ᠠ ᠬᠤᠳᠠᠯᠳᠤᠨ ᠠᠪᠤᠭᠴᠢ ᠳᠤ  ᠂ ᠲᠣᠭᠲᠠᠭᠠᠯ ᠶᠣᠰᠣᠭᠠᠷ ᠴᠠᠭ ᠲᠤᠬᠠᠢ ᠳᠤ ᠨᠢ ᠬᠤᠳᠠᠯᠳᠤᠨ ᠠᠪᠬᠤ ᠵᠢᠭᠡᠯᠡᠯᠭᠡ ᠬᠠᠩᠭᠠᠬᠤ ᠬᠡᠷᠡᠭᠲᠡᠢ ᠃

      ᠵᠢᠷᠭᠤᠳᠤᠭᠠᠷ  ᠪᠦᠯᠦᠭ  ᠠᠮᠤ ᠪᠤᠳᠠᠭ᠎ᠠ ᠬᠤᠳᠠᠯᠳᠤᠨ ᠠᠪᠬᠤ ᠳᠤ ᠬᠢᠨᠠᠯᠲᠠ ᠲᠠᠯᠪᠢᠵᠤ ᠪᠠᠶᠢᠴᠠᠭᠠᠬᠤ

      ᠭᠤᠴᠢᠨ ᠨᠠᠢᠮᠠᠳᠤᠭᠠᠷ ᠵᠦᠢᠯ  ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ︽ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ︾ ᠪᠠ ᠲᠣᠰ ᠠᠷᠭ᠎ᠠ ᠶᠢᠨ ᠲᠣᠭᠲᠠᠭᠠᠯ ᠶᠣᠰᠣᠭᠠᠷ ᠂ ᠠᠮᠤ ᠪᠤᠳᠠᠭ᠎ᠠ ᠬᠤᠳᠠᠯᠳᠤᠨ ᠠᠪᠤᠭᠴᠢ ᠶᠢᠨ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠡᠷᠬᠢᠯᠡᠬᠦ ᠂ ᠮᠡᠳᠡᠭᠡ ᠵᠠᠩᠭᠢ ᠪᠦᠷᠢᠳᠬᠡᠨ ᠳᠠᠩᠰᠠᠯᠠᠬᠤ ᠵᠢᠴᠢ ︽ᠤᠯᠤᠰ ᠤᠨ ᠠᠮᠤ ᠪᠤᠳᠠᠭᠠᠨ ᠤ ᠭᠦᠢᠯᠭᠡᠭᠡᠨ ᠤ ᠪᠦᠷᠢᠳᠬᠡᠨ ᠪᠠᠶᠢᠴᠠᠭᠠᠬᠤ ᠳᠦᠷᠢᠮ︾ ᠢ ᠬᠡᠷᠡᠭᠵᠢᠭᠦᠯᠬᠦ ᠵᠡᠷᠭᠡ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ ᠃

      ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠢᠨᠠᠯᠲᠠ ᠲᠠᠯᠪᠢᠵᠤ ᠪᠠᠶᠢᠴᠠᠭᠠᠬᠤ ᠶᠠᠪᠤᠴᠠ ᠳᠤ ᠠᠮᠤ ᠪᠤᠳᠠᠭᠠᠨ ᠤ ᠡᠵᠡᠩᠨᠡᠯᠲᠡ ᠶᠢᠨ ᠲᠠᠯᠠᠪᠤᠷ ᠭᠠᠵᠠᠷ ᠲᠤ ᠭᠦᠨᠵᠡᠭᠡᠶᠢᠷᠡᠵᠦ ᠂ ᠬᠤᠯᠪᠣᠭᠳᠠᠯ ᠪᠦᠬᠦᠢ ᠮᠠᠲ᠋ᠧᠷᠢᠶᠠᠯ ᠂ ᠭᠡᠷᠡᠴᠢ ᠪᠠᠷᠢᠮᠲᠠ ᠶᠢ ᠪᠠᠶᠢᠴᠠᠭᠠᠨ ᠦᠵᠡᠵᠦ ᠪᠣᠯᠣᠨ᠎ᠠ︔ ᠠᠮᠤ ᠪᠤᠳᠠᠭᠠᠨ ᠤ ᠲᠤᠭ᠎ᠠ ᠬᠡᠮᠵᠢᠶ᠎ᠡ ᠂ ᠶᠠᠰᠤ ᠴᠢᠨᠠᠷ ᠪᠠ ᠨᠥᠭᠡᠴᠡᠯᠡᠬᠦ ᠠᠮᠤᠷ ᠲᠦᠪᠰᠢᠨ ᠤ ᠪᠠᠶᠢᠳᠠᠯ ᠢ ᠪᠠᠶᠢᠴᠠᠭᠠᠨ᠎ᠠ︔ ᠠᠮᠤ ᠪᠤᠳᠠᠭᠠᠨ ᠤ ᠨᠥᠭᠡᠴᠡᠯᠡᠬᠦ ᠪᠡᠯᠡᠳᠬᠡᠮᠵᠢ ᠂ ᠲᠥᠬᠦᠭᠡᠷᠦᠮᠵᠢ ᠶᠢᠨ ᠬᠤᠯᠪᠣᠭᠳᠠᠯ ᠪᠦᠬᠦᠢ ᠪᠠᠷᠢᠮᠵᠢᠶ᠎ᠠ ᠪᠠ ᠮᠡᠷᠭᠡᠵᠢᠯ ᠤᠨ ᠵᠢᠷᠤᠮᠵᠢᠯ ᠳᠤ ᠨᠡᠶᠢᠴᠡᠬᠦ ᠡᠰᠡᠬᠦ ᠶᠢ ᠨᠢ ᠪᠠᠶᠢᠴᠠᠭᠠᠨ᠎ᠠ︔ ᠬᠤᠯᠪᠣᠭᠳᠠᠯ ᠪᠦᠬᠦᠢ ᠨᠢᠭᠡᠴᠢ ᠪᠠ ᠠᠵᠢᠯᠲᠠᠨ ᠠᠴᠠ ᠬᠠᠮᠢᠶ᠎ᠠ ᠪᠦᠬᠦᠢ ᠪᠠᠶᠢᠳᠠᠯ ᠢ ᠪᠠᠶᠢᠴᠠᠭᠠᠨ ᠣᠶᠢᠯᠠᠭᠠᠨ᠎ᠠ︔ ᠬᠠᠤᠯᠢ ᠪᠤᠰᠤ ᠪᠠᠷ ᠬᠤᠳᠠᠯᠳᠤᠵᠤ ᠠᠪᠤᠭᠰᠠᠨ ᠪᠤᠶᠤ ᠤᠯᠤᠰ ᠤᠨ ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠦᠭᠡᠢ ᠠᠮᠤ ᠪᠤᠳᠠᠭ᠎ᠠ ᠂ ᠬᠠᠤᠯᠢ ᠠᠴᠠ ᠵᠥᠷᠢᠴᠡᠨ ᠡᠵᠡᠩᠨᠡᠬᠦ ᠳᠤ ᠬᠡᠷᠡᠭᠯᠡᠬᠦ ᠪᠤᠶᠤ ᠪᠣᠬᠢᠷᠲᠤᠭᠰᠠᠨ ᠪᠠᠭᠠᠵᠢ ᠬᠡᠷᠡᠭᠰᠡᠯ ᠂ ᠲᠥᠬᠦᠭᠡᠷᠦᠮᠵᠢ ᠵᠢᠴᠢ ᠬᠤᠯᠪᠣᠭᠳᠠᠯ ᠪᠦᠬᠦᠢ ᠳᠠᠩᠰᠠᠨ ᠳᠡᠪᠲᠡᠷ ᠤᠨ ᠮᠠᠲ᠋ᠧᠷᠢᠶᠠᠯ ᠢ ᠪᠠᠶᠢᠴᠠᠭᠠᠨ ᠪᠢᠲᠡᠭᠦᠮᠵᠢᠯᠡᠵᠦ ᠂ ᠪᠡᠷᠢᠴᠠᠭᠠᠨ ᠳᠤ ᠦᠯᠡᠳᠡᠭᠡᠨ᠎ᠡ︔ ᠬᠠᠤᠯᠢ ᠠᠴᠠ ᠵᠥᠷᠢᠴᠡᠨ ᠠᠮᠤ ᠪᠤᠳᠠᠭᠠᠨ ᠤ ᠡᠵᠡᠩᠨᠡᠯᠲᠡ ᠶᠢᠨ ᠦᠢᠯᠡ ᠠᠵᠢᠯᠯᠠᠭ᠎ᠠ ᠡᠷᠬᠢᠯᠡᠵᠦ ᠪᠠᠶᠢᠭ᠎ᠠ ᠲᠠᠯᠠᠪᠤᠷ ᠭᠠᠵᠠᠷ ᠢ ᠪᠠᠶᠢᠴᠠᠭᠠᠨ ᠪᠢᠲᠡᠭᠦᠮᠵᠢᠯᠡᠨ᠎ᠡ ᠃

      ᠭᠤᠴᠢ ᠶᠢᠰᠦᠳᠦᠭᠡᠷ ᠵᠦᠢᠯ  ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ  ᠵᠡᠷᠭᠡ ᠰᠠᠯᠠᠭ᠎ᠠ ᠮᠥᠴᠢᠷ ᠨᠢ ᠥᠪᠡᠷ ᠥᠪᠡᠷ ᠤᠨ ᠢᠶᠠᠨ ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠂ ᠬᠤᠯᠪᠣᠭᠳᠠᠯ ᠪᠦᠬᠦᠢ ᠬᠠᠤᠯᠢ ᠴᠠᠭᠠᠵᠠ ᠂ ᠬᠠᠤᠯᠢ ᠲᠣᠭᠲᠠᠭᠠᠯ ᠢ ᠦᠨᠳᠦᠰᠦᠯᠡᠨ ᠂ ᠠᠮᠤ ᠪᠤᠳᠠᠭᠠᠨ ᠤ ᠡᠵᠡᠩᠨᠡᠯᠲᠡ ᠶᠢᠨ ᠠᠵᠢᠯᠯᠠᠭᠠᠨ ᠳᠠᠬᠢ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠮᠠᠭᠤᠷᠠᠭᠤᠯᠬᠤ ᠦᠢᠯᠡ ᠠᠵᠢᠯᠯᠠᠭ᠎ᠠ ᠂ ᠬᠠᠤᠯᠢ ᠪᠤᠰᠤ ᠪᠠᠷ ᠠᠷᠠᠯᠵᠢᠶᠠᠯᠠᠬᠤ ᠵᠢᠴᠢ ᠬᠠᠤᠯᠢ ᠠᠴᠠ ᠵᠥᠷᠢᠴᠡᠭᠰᠡᠨ ᠦᠨ᠎ᠡ ᠬᠠᠩᠰᠢ ᠶᠢᠨ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠨ᠎ᠠ ᠃

      ᠳᠥᠴᠢᠳᠦᠭᠡᠷ ᠵᠦᠢᠯ  ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠂ ︽ ᠬᠤᠶᠠᠷ ᠢ ᠲᠠᠰᠢᠷᠠᠮ ᠢᠶᠠᠷ ᠭᠦᠢᠴᠡᠳᠬᠡᠬᠦ ᠂ ᠨᠢᠭᠡ ᠶᠢ ᠢᠯᠡ ᠪᠣᠯᠭᠠᠬᠤ︾ ᠬᠢᠨᠠᠨ ᠬᠠᠮᠢᠶᠠᠷᠬᠤ ᠠᠷᠭ᠎ᠠ ᠬᠡᠯᠪᠡᠷᠢ ᠪᠠᠷ ᠠᠮᠤ ᠪᠤᠳᠠᠭ᠎ᠠ ᠬᠤᠳᠠᠯᠳᠤᠨ ᠠᠪᠬᠤ ᠶᠢᠨ ᠲᠤᠰᠠᠭᠠᠷ ᠪᠠᠶᠢᠴᠠᠭᠠᠬᠤ ᠪᠠ ᠣᠷᠣᠨ ᠪᠦᠰᠡ ᠂ ᠰᠠᠯᠠᠭ᠎ᠠ ᠮᠥᠴᠢᠷ ᠠᠯᠤᠰᠯᠠᠨ ᠬᠠᠮᠲᠤᠷᠠᠵᠤ ᠪᠠᠶᠢᠴᠠᠭᠠᠬᠤ ᠠᠵᠢᠯ ᠥᠷᠨᠢᠭᠦᠯᠬᠦ ᠬᠡᠷᠡᠭᠲᠡᠢ ᠃

      ᠳᠥᠴᠢᠨ ᠨᠢᠭᠡᠳᠦᠭᠡᠷ ᠵᠦᠢᠯ  ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ ᠂ ᠠᠵᠤ ᠠᠬᠤᠶᠢᠯᠠᠯ ᠤᠨ ᠢᠲᠡᠭᠡᠮᠵᠢ ᠶᠢᠨ ᠡᠬᠡ ᠳᠠᠩᠰᠠ ᠶᠢ ᠪᠠᠶᠢᠭᠤᠯᠵᠤ ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠢ ᠳᠤ ᠨᠢ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠲᠤ ᠳᠤ ᠪᠠᠨ ᠬᠦᠷᠲᠡᠭᠡᠬᠦ ᠲᠠᠪᠴᠠᠩ ᠳᠤ ᠣᠷᠣᠭᠤᠯᠬᠤ ᠶᠢᠨ ᠬᠠᠮᠲᠤ ᠨᠡᠶᠢᠭᠡᠮ ᠳᠤ ᠨᠡᠶᠢᠲᠡᠯᠡᠨ ᠂ ᠬᠦᠨᠳᠦ ᠨᠣᠴᠢᠲᠠᠢ ᠢᠲᠡᠭᠡᠯ ᠠᠯᠳᠠᠭᠰᠠᠨ ᠠᠵᠤ ᠠᠬᠤᠶᠢᠯᠠᠯ ᠢ ᠬᠠᠤᠯᠢ ᠶᠣᠰᠣᠭᠠᠷ ᠬᠠᠮᠲᠤᠷᠠᠵᠤ ᠵᠠᠯᠬᠠᠭᠠᠨ ᠴᠡᠭᠡᠷᠯᠡᠭᠦᠯᠦᠨ᠎ᠡ ᠃

      ᠳᠥᠴᠢᠨ ᠬᠤᠶᠠᠳᠤᠭᠠᠷ ᠵᠦᠢᠯ  ᠶᠠᠮᠠᠷᠪᠠ ᠪᠠᠶᠢᠭᠤᠯᠭ᠎ᠠ ᠪᠠ ᠬᠤᠪᠢ ᠬᠥᠮᠥᠨ ᠭᠡᠳ ᠴᠥᠮ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠡᠷᠬᠡ ᠲᠠᠢ ᠃ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠢᠯᠡᠴᠢᠯᠡᠨ ᠮᠡᠳᠡᠭᠦᠯᠦᠯᠲᠡ ᠶᠢ ᠲᠣᠰᠴᠤ ᠣᠯᠣᠭᠰᠠᠨ ᠤ ᠳᠠᠷᠠᠭ᠎ᠠ ᠴᠠᠭ ᠲᠤᠬᠠᠢ ᠳᠤ ᠨᠢ ᠬᠢᠨᠠᠨ ᠬᠠᠷᠭᠤᠭᠤᠯᠵᠤ ᠰᠢᠢᠳᠪᠦᠷᠢᠯᠡᠬᠦ ᠶᠢᠨ ᠬᠠᠮᠲᠤ ᠢᠯᠡᠴᠢᠯᠡᠨ ᠮᠡᠳᠡᠭᠦᠯᠦᠭᠴᠢ ᠳᠤ ᠨᠢᠭᠤᠴᠠ ᠬᠠᠮᠠᠭᠠᠯᠠᠬᠤ ᠬᠡᠷᠡᠭᠲᠡᠢ ᠃ ᠬᠠᠷᠭᠤᠭᠤᠯᠤᠨ ᠪᠠᠶᠢᠴᠠᠭᠠᠳ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠨᠢᠭᠡᠴᠢ ᠪᠠ ᠬᠤᠪᠢ ᠬᠥᠮᠥᠨ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ ᠃

      ᠳᠣᠯᠣᠳᠤᠭᠠᠷ ᠪᠦᠯᠦᠭ  ᠳᠠᠭᠠᠯᠳᠤᠭᠤᠯᠤᠯ ᠳᠦᠷᠢᠮ

      ᠳᠥᠴᠢᠨ ᠭᠤᠷᠪᠠᠳᠤᠭᠠᠷ ᠵᠦᠢᠯ  ᠰᠢᠷ᠎ᠠ ᠪᠤᠷᠴᠠᠭ ᠂ ᠲᠣᠰᠣᠯᠢᠭ ᠲᠠᠷᠢᠮᠠᠯ ᠪᠠ ᠢᠳᠡᠭᠡᠨ ᠤ ᠤᠷᠭᠤᠮᠠᠯ ᠤᠨ ᠲᠣᠰᠣᠨ ᠤ ᠬᠤᠳᠠᠯᠳᠤᠨ ᠠᠪᠬᠤ ᠡᠵᠡᠩᠨᠡᠯᠲᠡ ᠶᠢᠨ ᠠᠵᠢᠯᠯᠠᠭ᠎ᠠ ᠳᠤ ᠂ ᠲᠣᠰ ᠠᠷᠭ᠎ᠠ ᠶᠢᠨ ᠨᠠᠢᠮᠠᠳᠤᠭᠠᠷ ᠂ ᠠᠷᠪᠠᠨ ᠨᠢᠭᠡᠳᠦᠭᠡᠷ ᠂ ᠠᠷᠪᠠᠨ ᠭᠤᠷᠪᠠᠳᠤᠭᠠᠷ ᠂ ᠠᠷᠪᠠᠨ ᠳᠥᠷᠪᠡᠳᠦᠭᠡᠷ ᠵᠦᠢᠯ ᠠᠴᠠ ᠪᠤᠰᠤᠳ ᠲᠣᠭᠲᠠᠭᠠᠯ ᠢ ᠲᠣᠬᠢᠷᠠᠭᠤᠯᠤᠨ ᠬᠡᠷᠡᠭᠯᠡᠨ᠎ᠡ ᠃

      ᠳᠥᠴᠢᠨ ᠳᠥᠷᠪᠡᠳᠦᠭᠡᠷ ᠵᠦᠢᠯ  ᠲᠣᠰ ᠠᠷᠭ᠎ᠠ ᠳᠤ ᠦᠯᠦ ᠬᠤᠯᠪᠣᠭᠳᠠᠭᠰᠠᠨ ᠠᠭᠤᠯᠭ᠎ᠠ ᠶᠢ ︽ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ︾ ᠤᠨ ᠶᠣᠰᠣᠭᠠᠷ ᠬᠡᠷᠡᠭᠵᠢᠭᠦᠯᠦᠨ᠎ᠡ ᠃ ᠥᠪᠡᠷᠲᠡᠭᠡᠨ ᠵᠠᠰᠠᠬᠤ ᠣᠷᠣᠨ ᠤ ᠥᠩᠭᠡᠷᠡᠭᠰᠡᠨ ᠤ ᠬᠤᠯᠪᠣᠭᠳᠠᠯ ᠪᠦᠬᠦᠢ ᠲᠣᠭᠲᠠᠭᠠᠯ ᠨᠢ ᠲᠣᠰ ᠠᠷᠭ᠎ᠠ ᠲᠠᠢ ᠨᠢᠭᠡᠳᠦᠯ ᠦᠭᠡᠢ ᠪᠠᠶᠢᠪᠠᠯ ᠂ ᠲᠣᠰ ᠠᠷᠭ᠎ᠠ ᠪᠠᠷ ᠪᠠᠷᠢᠮᠵᠢᠶ᠎ᠠ ᠪᠣᠯᠭᠠᠨ᠎ᠠ ᠃ ᠤᠯᠤᠰ ᠠᠴᠠ ᠠᠮᠤ ᠪᠤᠳᠠᠭ᠎ᠠ ᠬᠤᠳᠠᠯᠳᠤᠨ ᠠᠪᠬᠤ ᠲᠠᠢ ᠬᠤᠯᠪᠣᠭᠳᠠᠭᠰᠠᠨ ᠬᠤᠯᠪᠣᠭᠳᠠᠯ ᠪᠦᠬᠦᠢ ᠲᠣᠭᠲᠠᠭᠠᠯ ᠢ ᠰᠢᠨ᠎ᠡ ᠪᠠᠷ ᠨᠡᠶᠢᠲᠡᠯᠡᠪᠡᠯ ᠂ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠦᠨ᠎ᠡ ᠃

      ᠳᠥᠴᠢᠨ ᠲᠠᠪᠤᠳᠤᠭᠠᠷ ᠵᠦᠢᠯ  ᠲᠣᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃

 

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

2023 ᠣᠨ ᠤ 1 ᠳ᠋ᠦ᠋ᠭᠡᠷ ᠰᠠᠷ᠎ᠠ ᠶᠢᠨ

14  ᠤ ᠡᠳᠦᠷ ᠳᠠᠷᠤᠮᠠᠯᠯᠠᠨ ᠲᠠᠷᠬᠠᠭᠠᠪᠠ

      

        

      

      


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ