ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠢᠭᠡᠳ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠠᠷᠪᠠᠨ ᠭᠤᠷᠪᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠬᠤᠷᠠᠯᠳᠤᠪᠠ  ᠵᠠᠩ ᠱᠣᠣ ᠴᠦᠨ ᠶᠠᠷᠢᠶ᠎ᠠ ᠲᠠᠯᠪᠢᠵᠤ  ᠶᠣᠣ ᠶᠦᠩ ᠪᠥᠸᠧ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2023/12/18

12 ᠳ᠋ᠤᠭᠠᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠢᠭᠡᠳ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠠᠷᠪᠠᠨ ᠭᠤᠷᠪᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠵᠠᠩ ᠱᠤᠤ ᠴᠦᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠥᠸᠧ ᠬᠤᠷᠠᠯ ᠢ ᠡᠷᠬᠢᠯᠡᠪᠡ᠃

ᠬᠤᠷᠠᠯ ᠳᠤ ᠬᠠᠮᠲᠤᠷᠠᠭᠰᠠᠨ ᠬᠤᠷᠠᠯ ᠤᠨ ᠠᠵᠢᠯ ᠤᠨ ᠳᠦᠷᠢᠮ᠂ ᠠᠵᠢᠯᠲᠠᠨ ᠠᠵᠢᠯᠴᠢᠨ ᠤ ᠠᠮᠠᠷᠠᠵᠤ ᠰᠤᠪᠢᠯᠠᠬᠤ ᠶᠢ ᠴᠢᠩᠭᠠᠳᠬᠠᠬᠤ᠂ ᠠᠵᠢᠯᠲᠠᠨ ᠠᠵᠢᠯᠴᠢᠨ ᠤ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠵᠡᠷᠭᠡ ᠶᠠᠪᠤᠳᠠᠯ ᠤᠳ ᠢ ᠬᠢᠨᠠᠨ ᠵᠥᠪᠯᠡᠵᠦ ᠪᠠᠲᠤᠯᠠᠪᠠ᠃

ᠬᠤᠷᠠᠯ ᠳᠤ ᠡᠯ᠎ᠡ ᠱᠠᠲᠤᠨ ᠤ ᠠᠵᠢᠯᠴᠢᠨ ᠤ ᠡᠪᠯᠡᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠯᠳᠡ ᠪᠠᠨ ᠪᠣᠰᠬᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠵᠠᠰᠠᠭ ᠤᠨ ᠣᠷᠳᠣᠨ ᠪᠣᠯᠣᠨ ᠠᠵᠢᠯᠴᠢᠨ ᠤ ᠡᠪᠯᠡᠯ ᠤᠨ ᠬᠠᠮᠲᠤᠷᠠᠭᠰᠠᠨ ᠬᠤᠷᠠᠯ ᠤᠨ ᠳᠦᠷᠢᠮ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠤᠨ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ