ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2023/12/25

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ

ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ


ᠥᠪᠥᠷ ᠵᠠᠰᠠᠭ ᠠᠯᠪᠠᠨ ᠲᠠᠷᠬᠠᠭᠠᠭᠰᠠᠨ ﹇ 2023 ﹈ 14 ᠳ᠋ᠦ᠋ᠭᠡᠷ ᠲᠣᠭᠠᠲᠤ

 

ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ ᠠᠵᠢᠯ ᠢ

ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ

 

ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ᠄

      ︽ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠣᠷᠣᠯᠴᠠᠬᠤ ᠶᠢ ᠵᠣᠷᠢᠭᠵᠢᠭᠤᠯᠬᠤ ᠪᠠ ᠳᠡᠮᠵᠢᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ ︾ ︵ ᠲᠥᠷᠥ ᠠᠯᠪᠠᠨ ᠲᠠᠷᠬᠠᠭᠠᠭᠰᠠᠨ ﹇ 2021 ﹈ 40 ᠳ᠋ᠦ᠋ᠭᠡᠷ ᠲᠣᠭᠠᠲᠤ ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ ᠪᠠᠶᠢᠭᠤᠯᠤᠯ ᠲᠣᠭᠲᠠᠴᠠ ᠶᠢ ᠪᠥᠬᠦ ᠲᠠᠯ᠎ᠠ ᠪᠠᠷ ᠴᠣᠭᠴᠠᠯᠠᠨ ᠂ ᠪᠥᠬᠦ ᠨᠡᠶᠢᠭᠡᠮ ᠤᠨ ᠬᠦᠴᠦᠨ ᠢ ᠳᠠᠶᠢᠴᠢᠯᠠᠨ ᠪᠠᠶᠢᠵᠤ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠣᠯᠴᠠᠭᠤᠯᠵᠤ ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ ᠃

      ᠨᠢᠭᠡ ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ ᠠᠵᠢᠯ ᠤᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠲᠣᠳᠣᠷᠬᠠᠢ ᠲᠣᠭᠲᠠᠭᠠᠨ᠎ᠠ

      ᠪᠦᠬᠦ ᠤᠯᠤᠰ ᠤᠨ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ  ᠰᠡᠷᠭᠦᠭᠡᠬᠦ ᠴᠢᠬᠤᠯᠠ ᠶᠡᠭᠡ ᠢᠨᠵᠧᠨᠧᠷᠢᠩ ᠤᠨ ᠶᠡᠷᠦᠩᠬᠡᠢ ᠪᠠᠶᠢᠷᠢᠰᠢᠭᠤᠯᠤᠯᠲᠠ ᠪᠠᠷ ᠰᠠᠭᠤᠷᠢ ᠪᠤᠯᠭᠠᠵᠦ ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ᠲᠣᠭᠲᠠᠭᠠᠭᠰᠠᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠪᠠᠷ ᠭᠤᠣᠯᠳᠠᠯᠭ᠎ᠠ ᠪᠣᠯᠭᠠᠨ ᠂ ᠥᠪᠥᠷ ᠮᠣᠩᠭᠤᠯ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠢ ᠶᠡᠭᠡ ᠪᠠᠷ ᠠᠬᠢᠭᠤᠯᠤᠨ᠎ᠠ ᠃

      ︵ᠨᠢᠭᠡ ︶ ᠣᠶ ᠰᠢᠭᠤᠢ ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠭᠤᠣᠯᠳᠠᠯᠭ᠎ᠠ ᠲᠠᠢ ᠭᠠᠵᠠᠷ ᠣᠷᠣᠨ ᠃ ᠨᠡᠶᠢᠭᠡᠮ ᠤᠨ ᠬᠥᠷᠥᠩᠭᠡ ᠶᠢ ᠵᠣᠷᠢᠭᠵᠢᠭᠤᠯᠤᠨ ᠳᠡᠮᠵᠢᠵᠦ ᠪᠠᠶᠢᠭᠠᠳ ᠬᠠᠨᠳᠤᠯᠭ᠎ᠠ ᠲᠠᠢ ᠪᠠᠷ ᠶᠡᠭᠡ ᠬᠢᠩᠭᠠᠨ ᠳᠠᠪᠠᠭᠠᠨ ᠤ ᠣᠢ ᠰᠢᠭᠤᠢ ᠂ ᠬᠥᠯᠥᠨ ᠪᠤᠶᠢᠷ ᠤᠨ ᠨᠤᠭᠤ ᠶᠢᠨ ᠬᠡᠭᠡᠷ᠎ᠡ ᠂ ᠬᠤᠷᠴᠢᠨ ᠤ  ᠲᠠᠯ᠎ᠠ ᠨᠤᠲᠤᠭ ᠂ ᠰᠢᠯᠢ ᠶᠢᠨ ᠭᠤᠣᠯ ᠤᠨ ᠨᠡᠶᠢᠲᠡᠯᠢᠭ ᠨᠤᠲᠤᠭ ᠪᠡᠯᠴᠢᠭᠡᠷ ᠂ ᠮᠤᠨᠢ ᠠᠭᠤᠯᠠ ᠶᠢᠨ ᠠᠷᠤ ᠬᠤᠷᠮᠣᠢ ᠶᠢᠨ ᠨᠤᠲᠤᠭ ᠪᠡᠯᠴᠢᠭᠡᠷ ᠪᠠ ᠤᠯᠠᠭᠠᠨᠴᠠᠪ ᠤᠨ ᠴᠥᠯᠡᠷᠬᠡᠭ ᠬᠡᠭᠡᠷ᠎ᠡ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠪᠠ ᠴᠢᠬᠤᠯᠠ ᠪᠣᠯᠬᠤ ᠬᠥᠷᠥᠰᠥ ᠰᠢᠷᠣᠢ ᠶᠢᠨ ᠨᠡᠭᠦᠷᠡᠰᠦᠲᠥ᠋ᠷᠥᠭᠴᠢ ᠬᠤᠷᠠᠭᠤᠯᠬᠤ ᠰᠠᠭᠤᠷᠢᠨ ᠭᠠᠵᠠᠷ ᠲᠤ ᠂ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠂ ᠰᠡᠶᠢᠷᠡᠭᠵᠢᠵᠦ ᠮᠠᠭᠤᠵᠢᠷᠠᠭᠰᠠᠨ ᠣᠶ ᠶᠢ  ᠰᠡᠷᠭᠦᠭᠡᠬᠦ ᠂ ᠣᠶ ᠰᠢᠭᠤᠢ ᠶᠢ ᠠᠷᠠᠴᠢᠯᠠᠨ ᠪᠣᠶᠢᠵᠢᠭᠤᠯᠵᠤ ᠡᠵᠡᠩᠨᠡᠬᠦ ᠂ ᠲᠠᠴᠢᠷᠳᠠᠵᠤ ᠡᠯᠡᠰᠦᠷᠬᠡᠭᠵᠢᠭᠰᠡᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠂ ᠬᠡᠭᠡᠷ᠎ᠡ ᠶᠢᠨ ᠠᠮᠢᠲᠠᠨ ᠤᠷᠭᠤᠮᠠᠯ ᠤᠨ ᠳᠦᠷᠰᠦ ᠶᠢᠨ ᠰᠦᠷᠦᠭᠵᠢᠯ ᠢ ᠬᠠᠮᠠᠭᠠᠯᠠᠨ ᠰᠡᠷᠭᠦᠭᠡᠬᠦ ᠵᠡᠷᠭᠡ ᠶᠢ ᠬᠡᠷᠡᠭᠵᠢᠭᠦᠯᠵᠦ ᠂ ᠣᠢ ᠰᠢᠭᠤᠢ ᠂ ᠨᠤᠲᠤᠭ ᠪᠡᠯᠴᠢᠭᠡᠷ ᠤᠨ ᠠᠮᠢ ᠠᠬᠤᠢ ᠶᠢᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ ᠂ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠬᠤᠷᠠᠭᠤᠯᠬᠤ ᠴᠢᠳᠠᠪᠤᠷᠢ ᠶᠢ ᠨᠡᠮᠡᠭᠳᠡᠭᠦᠯᠵᠦ ᠂ ᠨᠡᠭᠦᠷᠡᠰᠦᠲᠥ᠋ᠷᠥᠭᠴᠢ ᠬᠤᠷᠠᠭᠤᠯᠬᠤ ᠲᠥᠷᠥᠯ ᠵᠦᠢᠯ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ᠎ᠠ ᠃

      ︵ᠬᠤᠶᠠᠷ ︶ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠨ ᠰᠡᠷᠭᠦᠭᠡᠬᠦ ᠭᠤᠣᠯᠳᠠᠯᠭ᠎ᠠ ᠲᠠᠢ ᠭᠠᠵᠠᠷ ᠣᠷᠣᠨ ᠃ ᠨᠡᠶᠢᠭᠡᠮ ᠤᠨ ᠬᠥᠷᠥᠩᠭᠡ ᠶᠢ ᠵᠣᠷᠢᠭᠵᠢᠭᠤᠯᠤᠨ ᠳᠡᠮᠵᠢᠵᠦ ᠪᠠᠶᠢᠭᠠᠳ ᠬᠠᠨᠳᠤᠯᠭ᠎ᠠ ᠲᠠᠢ ᠪᠠᠷ ᠬᠤᠯᠠᠨ ᠰᠢᠷᠭ᠎ᠠ ᠲᠠᠭ᠎ᠠ ᠂ ᠦᠵᠦᠮᠦᠴᠢᠨ ᠂ ᠬᠤᠷᠴᠢᠨ ᠵᠡᠷᠭᠡ ᠴᠢᠬᠤᠯᠠ ᠡᠯᠡᠰᠦᠷᠬᠡᠭ ᠭᠠᠵᠠᠷ ᠪᠠ ᠴᠢᠬᠤᠯᠠ ᠰᠠᠯᠬᠢ ᠡᠯᠡᠰᠦᠨ ᠤ ᠡᠬᠢ ᠶᠢᠨ ᠣᠷᠣᠨ ᠂ ᠬᠥᠪᠴᠢ — ᠮᠤᠤᠠᠤᠰᠤ ᠶᠢᠨ ᠡᠯᠡᠰᠦᠷᠬᠡᠭᠵᠢᠭᠰᠡᠨ ᠭᠠᠵᠠᠷ ᠂ ᠠᠯᠠᠱᠠ ᠠᠭᠤᠯᠠ ᠶᠢᠨ ᠪᠠᠷᠠᠭᠤᠨ ᠬᠤᠷᠮᠣᠢ ᠂ ᠠᠯᠠᠱᠠ ᠶᠢᠨ ᠡᠯᠡᠰᠦᠨ ᠴᠥᠯ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠤᠷᠭᠤᠮᠠᠯ ᠤᠨ ᠬᠤᠴᠢᠯᠭ᠎ᠠ ᠮᠠᠭᠤᠳᠠᠬᠤ ᠂ ᠭᠠᠵᠠᠷ ᠰᠢᠷᠣᠢ ᠶᠢᠨ ᠡᠯᠡᠰᠦᠷᠬᠡᠭᠵᠢᠬᠦ ᠂ ᠬᠥᠷᠥᠰᠥᠨ ᠤ ᠢᠳᠡᠭᠳᠡᠯ ᠂ ᠬᠥᠷᠥᠰᠥ ᠰᠢᠷᠣᠢ ᠶᠢᠨ ᠤᠷᠤᠰᠬᠠᠭᠳᠠᠯ ᠵᠡᠷᠭᠡ ᠠᠰᠠᠭᠤᠳᠠᠯ ᠳᠤ ᠂ ᠡᠯᠡᠰᠦ ᠶᠢ ᠲᠠᠷᠬᠠᠯᠠᠵᠦ ᠣᠶᠢᠵᠢᠭᠤᠯᠬᠤ ᠪᠠ ᠡᠪᠡᠰᠦ ᠤᠷᠭᠤᠭᠤᠯᠬᠤ ᠂ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠂ ᠰᠠᠯᠬᠢᠨ ᠬᠦᠴᠦᠨ ᠤ ᠴᠠᠬᠢᠯᠭᠠᠨ ᠪᠠ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠲᠤᠷᠰᠢᠯᠲᠠ ᠶᠢᠨ ᠴᠡᠭ ᠵᠡᠷᠭᠡ ᠶᠢ ᠬᠡᠷᠡᠭᠵᠢᠭᠦᠯᠵᠦ ᠂ ᠨᠣᠭᠤᠭᠠᠨ ᠬᠠᠯᠬᠠᠪᠴᠢ ᠶᠢ ᠪᠠᠬᠢᠵᠢᠭᠦᠯᠦᠨ ᠂ ᠡᠯᠡᠰᠦᠷᠬᠡᠭ ᠣᠷᠣᠨ ᠤ ᠠᠮᠢ ᠠᠬᠤᠢ ᠶᠢᠨ ᠪᠠᠶᠢᠳᠠᠯ ᠢ ᠰᠠᠶᠢᠵᠢᠷᠠᠭᠤᠯᠤᠨ᠎ᠠ ᠃

      ︵ᠭᠤᠷᠪᠠ ︶ ᠭᠤᠣᠯ ᠨᠠᠭᠤᠷ ᠂ ᠨᠤᠭᠤ ᠭᠠᠵᠠᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠭᠤᠣᠯᠳᠠᠯᠭ᠎ᠠ ᠲᠠᠢ ᠭᠠᠵᠠᠷ ᠣᠷᠣᠨ ᠃ ᠨᠡᠶᠢᠭᠡᠮ ᠤᠨ ᠬᠥᠷᠥᠩᠭᠡ ᠶᠢ ᠵᠣᠷᠢᠭᠵᠢᠭᠤᠯᠤᠨ ᠳᠡᠮᠵᠢᠵᠦ ᠪᠠᠶᠢᠭᠠᠳ ᠬᠠᠨᠳᠤᠯᠭ᠎ᠠ ᠲᠠᠢ ᠪᠠᠷ ᠬᠠᠲᠤᠨ ᠭᠤᠣᠯ ᠤᠨ ᠰᠠᠪᠠ ᠭᠠᠵᠠᠷ ᠤᠨ ᠥᠪᠥᠷ ᠮᠣᠩᠭᠤᠯ ᠳᠠᠬᠢ ᠬᠡᠰᠡᠭ ᠂ ᠶᠡᠭᠡ ᠬᠢᠩᠭᠠᠨ ᠳᠠᠪᠠᠭᠠᠨ ᠤ ᠨᠤᠨ ᠮᠥᠷᠡᠨ ᠤ ᠳᠡᠭᠡᠳᠦ ᠤᠷᠤᠰᠬᠠᠯ ᠤᠨ ᠤᠰᠤᠨ ᠰᠤᠷᠪᠤᠯᠵᠢ ᠶᠢᠨ ᠭᠠᠵᠠᠷ ᠂ ᠡᠷᠭᠦᠨ᠎ᠡ ᠭᠤᠣᠯ ᠤᠨ ᠰᠠᠪᠠ ᠭᠠᠵᠠᠷ ᠂ ᠪᠠᠷᠠᠭᠤᠨ ᠯᠢᠶᠣᠤ ᠾᠧ ᠭᠤᠣᠯ ᠤᠨ ᠴᠢᠬᠤᠯᠠ ᠡᠭᠦᠰᠦᠯ ᠬᠥᠭᠵᠢᠯ ᠤᠨ ᠣᠷᠣᠨ ᠂ ︽ᠭᠤᠷᠪᠠᠨ ᠨᠠᠭᠤᠷ ︾᠂ ᠴᠠᠭᠠᠨᠨᠠᠭᠤᠷ ᠵᠢᠴᠢ ᠡᠵᠡᠨ᠎ᠡ ᠶᠢᠨ ᠨᠣᠭᠤᠭᠠᠨ ᠪᠦᠷᠢᠳᠦ ᠵᠡᠷᠭᠡ ᠭᠤᠣᠯᠳᠠᠯᠭ᠎ᠠ ᠲᠠᠢ ᠨᠠᠭᠤᠷ ᠴᠥᠭᠦᠷᠥᠮ ᠬᠢᠭᠡᠳ ᠨᠤᠭᠤ ᠭᠠᠵᠠᠷ ᠤᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠭᠤᠣᠯᠳᠠᠯᠭ᠎ᠠ ᠲᠠᠢ ᠣᠷᠣᠨ ᠪᠦᠰᠡ ᠳᠤ ᠂ ᠮᠠᠯᠵᠢᠬᠤ ᠶᠢ ᠵᠣᠭᠰᠣᠭᠠᠵᠤ ᠨᠤᠭᠤ ᠭᠠᠵᠠᠷ ᠢ ᠰᠡᠷᠭᠦᠭᠡᠬᠦ ᠂ ᠲᠡᠵᠢᠭᠡᠨ ᠦᠷᠡᠵᠢᠭᠦᠯᠬᠦ ᠶᠢ ᠵᠣᠭᠰᠣᠭᠠᠵᠤ ᠭᠤᠣᠯ ᠤᠨ ᠲᠠᠩ ᠭᠠᠵᠠᠷ ᠢ ᠰᠡᠷᠭᠦᠭᠡᠬᠦ ᠂ ᠨᠠᠭᠤᠷ ᠴᠥᠭᠦᠷᠥᠮ ᠬᠢᠭᠡᠳ ᠲᠠᠴᠢᠷᠳᠠᠭᠰᠠᠨ ᠨᠤᠭᠤ ᠭᠠᠵᠠᠷ ᠢ ᠰᠡᠷᠭᠦᠭᠡᠬᠦ ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠶᠡᠷᠦᠩᠬᠡᠶᠢᠯᠡᠨ ᠵᠠᠰᠠᠬᠤ ᠂ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠵᠡᠷᠭᠡ ᠶᠢ ᠬᠡᠷᠡᠭᠵᠢᠭᠦᠯᠵᠦ ᠂ ᠬᠥᠷᠥᠰᠥ ᠰᠢᠷᠣᠢ ᠶᠢ ᠬᠠᠮᠠᠭᠠᠯᠠᠬᠤ ᠪᠠ ᠪᠣᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ ᠃

      ︵ᠳᠥᠷᠪᠡ ︶ ᠠᠭᠤᠷᠬᠠᠢ ᠶᠢᠨ ᠣᠷᠣᠨ ᠤ ᠠᠮᠢ ᠠᠬᠤᠢ ᠶᠢ ᠬᠠᠮᠠᠭᠠᠯᠠᠨ ᠰᠡᠷᠭᠦᠭᠡᠬᠦ ᠭᠤᠣᠯᠳᠠᠯᠭ᠎ᠠ ᠲᠠᠢ ᠭᠠᠵᠠᠷ ᠣᠷᠣᠨ ᠃ ᠨᠡᠶᠢᠭᠡᠮ ᠤᠨ ᠬᠥᠷᠥᠩᠭᠡ ᠶᠢ ᠵᠣᠷᠢᠭᠵᠢᠭᠤᠯᠤᠨ ᠳᠡᠮᠵᠢᠵᠦ ᠪᠠᠶᠢᠭᠠᠳ ᠬᠠᠨᠳᠤᠯᠭ᠎ᠠ ᠲᠠᠢ ᠪᠠᠷ ᠬᠠᠲᠤᠨ ᠭᠤᠣᠯ ᠤᠨ ᠰᠠᠪᠠ ᠭᠠᠵᠠᠷ ᠂ ᠦᠬᠠᠢ ᠵᠢᠴᠢ ᠲᠡᠭᠦᠨ ᠤ ᠡᠷᠬᠢᠨ ᠲᠣᠭᠤᠷᠢᠨ ᠤ ᠭᠠᠵᠠᠷ ᠣᠷᠣᠨ ᠂ ᠮᠤᠨᠢ ᠠᠭᠤᠯᠠ — ᠳᠠᠯᠠᠨ ᠬᠠᠷ᠎ᠠ ᠠᠭᠤᠯᠠ ᠂ ᠶᠡᠭᠡ ᠬᠢᠩᠭᠠᠨ ᠳᠠᠪᠠᠭᠠᠨ ᠤ ᠡᠮᠦᠨ᠎ᠡ ᠬᠤᠷᠮᠣᠢ ᠂ ᠶᠠᠨᠱᠠᠨ ᠠᠭᠤᠯᠠ ᠵᠡᠷᠭᠡ ᠭᠠᠵᠠᠷ ᠣᠷᠣᠨ ᠤ ᠥᠩᠭᠡᠷᠡᠭᠰᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠬᠠᠶᠠᠭᠳᠠᠮᠠᠯ ᠭᠠᠵᠠᠷ ᠲᠤ ᠬᠠᠨᠳᠤᠭᠤᠯᠤᠨ ᠂ ᠥᠩᠭᠡᠷᠡᠭᠰᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠣᠷᠣᠨ ᠤ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠵᠦ ᠂ ᠠᠭᠤᠷᠬᠠᠢ ᠶᠢᠨ ᠣᠷᠣᠨ ᠤ ᠭᠠᠵᠠᠷ ᠰᠢᠷᠣᠢ ᠶᠢ ᠰᠠᠶᠢᠵᠢᠷᠠᠭᠤᠯᠤᠨ ᠵᠠᠰᠠᠬᠤ ᠂ ᠭᠠᠵᠠᠷ ᠤᠨ ᠪᠠᠶᠢᠴᠠ ᠭᠠᠵᠠᠷ ᠤᠨ ᠭᠠᠳᠠᠷᠭᠤ ᠶᠢ ᠳᠠᠬᠢᠨ ᠴᠣᠭᠴᠠᠯᠠᠬᠤ ᠂ ᠬᠥᠷᠥᠰᠥ ᠶᠢ ᠳᠠᠬᠢᠨ ᠪᠦᠲᠦᠭᠡᠬᠦ ᠪᠠ ᠰᠠᠶᠢᠵᠢᠷᠠᠭᠤᠯᠬᠤ ᠂ ᠣᠶ ᠰᠢᠭᠤᠢ ᠡᠪᠡᠰᠦ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠂ ᠬᠤᠬᠢᠷᠠᠵᠤ ᠰᠦᠢᠳᠦᠭᠰᠡᠨ ᠠᠮᠢ ᠠᠬᠤᠢ ᠶᠢᠨ ᠬᠤᠩᠭᠢᠯ ᠢ ᠵᠠᠰᠠᠵᠤ ᠰᠡᠷᠭᠦᠭᠡᠬᠦ ᠵᠡᠷᠭᠡ ᠢᠨᠵᠧᠨᠧᠷᠢᠩ ᠢ ᠬᠡᠷᠡᠭᠵᠢᠭᠦᠯᠵᠦ ᠂ ᠠᠭᠤᠷᠬᠠᠢ ᠶᠢᠨ ᠣᠷᠣᠨ ᠵᠢᠴᠢ ᠡᠷᠬᠢᠨ ᠲᠣᠭᠤᠷᠢᠨ ᠤ ᠠᠮᠢ ᠠᠬᠤᠢ ᠣᠷᠴᠢᠨ ᠲᠣᠭᠤᠷᠢᠨ ᠢ ᠰᠡᠷᠭᠦᠭᠡᠵᠦ ᠂ ᠵᠠᠰᠠᠨ ᠰᠡᠷᠭᠦᠭᠡᠭᠰᠡᠨ ᠤ ᠳᠠᠷᠠᠭᠠᠬᠢ ᠠᠮᠢ ᠠᠬᠤᠶᠢᠵᠢᠭᠤᠯᠤᠨ ᠠᠰᠢᠭᠯᠠᠬᠤ ᠠᠵᠢᠯ ᠢ ᠵᠦᠢ ᠵᠣᠬᠢᠰᠲᠠᠢ ᠥᠷᠨᠢᠭᠦᠯᠦᠨ᠎ᠡ ᠃

      ︵ᠲᠠᠪᠤ ︶ ᠲᠠᠷᠢᠶᠠᠨ ᠭᠠᠵᠠᠷ ᠤᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠭᠤᠣᠯᠳᠠᠯᠭ᠎ᠠ ᠲᠠᠢ ᠭᠠᠵᠠᠷ ᠣᠷᠣᠨ ᠃ ᠨᠡᠶᠢᠭᠡᠮ ᠤᠨ ᠬᠥᠷᠥᠩᠭᠡ ᠶᠢ ᠵᠣᠷᠢᠭᠵᠢᠭᠤᠯᠤᠨ ᠳᠡᠮᠵᠢᠵᠦ ᠪᠠᠶᠢᠭᠠᠳ ᠬᠠᠨᠳᠤᠯᠭ᠎ᠠ ᠲᠠᠢ ᠪᠠᠷ ᠰᠤᠮᠤ ᠰᠢᠶᠠᠩ ᠪᠠᠯᠭᠠᠰᠤᠨ ᠤ ᠪᠦᠬᠦᠯᠢ ᠴᠣᠭᠴᠠ ᠪᠤᠶᠤ ᠬᠡᠰᠡᠭ ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠨ ᠂ ᠪᠦᠭᠦᠶᠢᠯᠡ ᠪᠦᠰᠡ ᠶᠢᠨ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ ᠂ ᠲᠠᠷᠢᠶᠠᠨ ᠭᠠᠵᠠᠷ ᠤᠨ ᠠᠮᠢ ᠠᠬᠤᠢ ᠶᠢᠨ ᠰᠢᠰᠲ᠋ᠧᠮ ᠳᠤ ᠲᠠᠷᠢᠶᠠᠯᠠᠬᠤ ᠭᠠᠵᠠᠷ ᠢ ᠬᠠᠮᠠᠭᠠᠯᠠᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠂ ᠵᠡᠭᠦᠨ ᠬᠤᠶᠢᠲᠤ ᠶᠢᠨ ᠬᠠᠷ᠎ᠠ ᠬᠥᠷᠥᠰᠥ ᠶᠢ ᠬᠠᠮᠠᠭᠠᠯᠠᠨ ᠠᠰᠢᠭᠯᠠᠬᠤ ᠂ ᠪᠣᠬᠢᠷᠲᠤᠭᠰᠠᠨ ᠬᠥᠷᠥᠰᠥ ᠰᠢᠷᠣᠢ ᠶᠢ ᠵᠠᠰᠠᠨ ᠰᠡᠷᠭᠦᠭᠡᠬᠦ ᠂ ᠲᠠᠴᠢᠷᠳᠠᠭᠰᠠᠨ ᠲᠠᠷᠢᠶᠠᠨ ᠭᠠᠵᠠᠷ ᠤᠨ ᠠᠮᠢ ᠠᠬᠤᠢ ᠶᠢ ᠰᠡᠷᠭᠦᠭᠡᠬᠦ ᠂ ᠲᠠᠷᠢᠶᠠᠯᠠᠩ ᠤᠨ ᠲᠠᠷᠬᠠᠮᠠᠯ ᠡᠬᠢᠲᠦ ᠪᠣᠬᠢᠷᠲᠤᠯ ᠢ ᠵᠠᠰᠠᠬᠤ ᠂ ᠬᠥᠳᠡᠭᠡ ᠲᠣᠰᠬᠤᠨ ᠤ ᠭᠤᠤ ᠰᠤᠪᠠᠭ ᠂ ᠭᠤᠣᠯ ᠤᠨ ᠵᠠᠮ ᠢ ᠯᠠᠶᠢᠳᠠᠵᠤ ᠨᠡᠪᠲᠡᠷᠡᠭᠦᠯᠬᠦ ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠵᠡᠷᠭᠡ ᠳᠤ ᠭᠤᠣᠯᠳᠠᠯᠭ᠎ᠠ ᠲᠠᠢ ᠬᠠᠨᠳᠤᠭᠤᠯᠤᠨ ᠂ ᠲᠠᠷᠢᠶᠠᠨ ᠭᠠᠵᠠᠷ ᠤᠨ ᠤᠷᠭᠤᠯᠲᠠ ᠶᠢᠨ ᠣᠷᠴᠢᠨ ᠪᠠ ᠨᠥᠬᠦᠴᠡᠯ ᠢ ᠰᠠᠶᠢᠵᠢᠷᠠᠭᠤᠯᠵᠤ ᠂ ᠲᠠᠷᠢᠶᠠᠨ ᠭᠠᠵᠠᠷ ᠤᠨ ᠰᠠᠭᠤᠷᠢ ᠪᠡᠯᠡᠳᠬᠡᠮᠵᠢ ᠶᠢᠨ ᠲᠣᠬᠢᠷᠠᠭᠤᠯᠤᠯᠲᠠ ᠶᠢ ᠳᠡᠭᠡᠭᠰᠢᠯᠡᠭᠦᠯᠦᠨ᠎ᠡ ᠃

      ︵ᠵᠢᠷᠭᠤᠭ᠎ᠠ ︶ ᠬᠤᠲᠠ ᠪᠠᠯᠭᠠᠰᠤᠨ ᠤ ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠭᠤᠣᠯᠳᠠᠯᠭ᠎ᠠ ᠲᠠᠢ ᠭᠠᠵᠠᠷ ᠣᠷᠣᠨ ᠃ ᠨᠡᠶᠢᠭᠡᠮ ᠤᠨ ᠬᠥᠷᠥᠩᠭᠡ ᠶᠢ ᠵᠣᠷᠢᠭᠵᠢᠭᠤᠯᠤᠨ ᠲᠡᠮᠵᠢᠵᠦ ᠪᠠᠶᠢᠭᠠᠳ ᠬᠠᠨᠳᠤᠯᠭ᠎ᠠ ᠲᠠᠢ ᠪᠠᠷ ᠬᠤᠲᠠ ᠪᠠᠯᠭᠠᠰᠤᠨ ᠤ ᠣᠷᠣᠨ ᠵᠠᠢ ᠶᠢ ᠵᠠᠰᠠᠨ ᠰᠡᠷᠭᠦᠭᠡᠬᠦ ᠠᠵᠢᠯ ᠢ ᠥᠷᠨᠢᠭᠦᠯᠵᠦ ᠂ ᠬᠤᠲᠠ ᠪᠠᠯᠭᠠᠰᠤᠨ ᠤ ᠰᠤᠯᠠ ᠲᠠᠯᠪᠢᠭᠳᠠᠵᠤ ᠪᠠᠶᠢᠭ᠎ᠠ ᠦᠷ᠎ᠡ ᠪᠦᠳᠦᠮᠵᠢ ᠪᠠᠷ ᠳᠣᠣᠷ᠎ᠠ ᠭᠠᠵᠠᠷ ᠰᠢᠷᠣᠢ ᠶᠢ ᠲᠥᠪᠯᠡᠷᠡᠭᠦᠯᠦᠨ ᠵᠠᠯᠭᠠᠯᠳᠤᠭᠤᠯᠤᠨ ᠥᠭᠡᠷᠡᠴᠢᠯᠡᠵᠦ ᠠᠰᠢᠭᠯᠠᠬᠤ ᠂ ︽ ᠬᠤᠲᠠᠨ ᠳᠠᠬᠢ ᠲᠣᠰᠬᠤᠨ ︾ ᠵᠡᠷᠭᠡ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠳᠠᠬᠢᠨ ᠨᠡᠭᠡᠭᠡᠨ ᠠᠰᠢᠭᠯᠠᠬᠤ ᠶᠢ ᠬᠡᠷᠡᠭᠵᠢᠭᠦᠯᠦᠨ᠎ᠡ︔ ᠬᠤᠲᠠ ᠶᠢᠨ ᠠᠮᠢ ᠠᠬᠤᠢ ᠶᠢ  ᠰᠡᠷᠭᠦᠭᠡᠬᠦ ᠠᠵᠢᠯ ᠢ ᠥᠷᠨᠢᠭᠦᠯᠵᠦ ᠂ ᠠᠮᠢ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠂ ᠠᠮᠢ ᠠᠬᠤᠢ ᠶᠢᠨ ᠰᠠᠭᠤᠷᠢ ᠪᠡᠯᠡᠳᠬᠡᠮᠵᠢ ᠪᠠ ᠠᠮᠢ ᠠᠬᠤᠢ ᠶᠢᠨ ᠰᠦᠯᠵᠢᠶᠡᠨ ᠤ ᠪᠦᠲᠦᠭᠡᠨ ᠪᠠᠶᠢᠭᠤᠯᠤᠯᠲᠠ ᠵᠡᠷᠭᠡ ᠶᠢ ᠬᠡᠷᠡᠭᠵᠢᠭᠦᠯᠦᠨ᠎ᠡ︔ ᠬᠤᠲᠠ ᠪᠠᠯᠭᠠᠰᠤᠨ ᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ ᠂ ᠬᠤᠲᠠ ᠶᠢᠨ ᠣᠶ ᠰᠢᠭᠤᠢ ᠂ ᠨᠤᠭᠤ ᠂ ᠵᠦᠯᠭᠡ ᠂ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠂ ᠤᠰᠤᠨ ᠤ ᠪᠣᠬᠢᠷᠲᠤᠯ ᠢ ᠶᠡᠷᠦᠩᠬᠡᠶᠢᠯᠡᠨ ᠵᠠᠰᠠᠬᠤ ᠂ ᠬᠤᠲᠠ ᠶᠢᠨ ᠪᠣᠬᠢᠷ ᠦᠮᠡᠬᠡᠢ ᠤᠰᠤᠨ ᠴᠣᠭᠴᠠ ᠶᠢ ᠵᠠᠰᠠᠬᠤ ᠂ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠶᠢ ᠬᠡᠷᠡᠭᠵᠢᠭᠦᠯᠵᠦ ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠣᠯᠠᠨ ᠡᠰᠢᠲᠦ ᠬᠤᠲᠠ ᠪᠠᠯᠭᠠᠰᠤᠨ ᠤ ᠣᠷᠣᠨ ᠵᠠᠢ ᠶᠢ ᠴᠣᠭᠴᠠᠯᠠᠨ᠎ᠠ ᠃

      ︵ᠳᠤᠯᠤᠭ᠎ᠠ ︶ ᠠᠮᠢ ᠠᠬᠤᠢ ᠶᠢᠨ ᠠᠵᠤ ᠦᠢᠯᠡᠰ ᠤᠨ ᠭᠤᠣᠯᠳᠠᠯᠭ᠎ᠠ ᠲᠠᠢ ᠭᠠᠵᠠᠷ ᠣᠷᠣᠨ ᠢ ᠰᠦᠪᠡᠭᠴᠢᠯᠡᠨ ᠬᠥᠭᠵᠢᠭᠦᠯᠦᠨ᠎ᠡ ᠃ ᠨᠡᠶᠢᠭᠡᠮ ᠤᠨ ᠬᠥᠷᠥᠩᠭᠡ ᠶᠢᠨ ᠣᠷᠴᠢᠯ ᠲᠠᠷᠢᠶᠠᠯᠠᠩ ᠣᠶ ᠰᠢᠭᠤᠢ ᠮᠠᠯ ᠠᠵᠤ ᠠᠬᠤᠢ ᠂ ᠠᠮᠢ ᠠᠬᠤᠢ ᠶᠢᠨ ᠵᠢᠭᠤᠯᠴᠢᠯᠠᠯ ᠂ ᠰᠡᠯᠡᠭᠦᠴᠡᠯ ᠡᠷᠡᠭᠦᠯᠵᠢᠯ ᠰᠤᠪᠢᠯᠠᠯᠲᠠ ᠂ ᠪᠠᠶᠢᠭᠠᠯᠢ ᠶᠢᠨ ᠰᠤᠷᠭᠠᠨ ᠬᠥᠮᠦᠵᠢᠯ ᠂ ᠴᠡᠪᠡᠷ ᠡᠨᠧᠷᠭᠢ ᠵᠢᠴᠢ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠠᠵᠤ ᠦᠢᠯᠡᠰ ᠲᠤ ᠣᠷᠣᠭᠤᠯᠤᠯᠲᠠ ᠬᠢᠬᠦ ᠶᠢ ᠵᠣᠷᠢᠭᠵᠢᠭᠤᠯᠤᠨ ᠳᠡᠮᠵᠢᠨ᠎ᠡ︔ ᠠᠵᠤ ᠠᠬᠤᠢ ᠶᠢᠨ ᠣᠶ ᠶᠢᠨ ᠠᠵᠤ ᠦᠢᠯᠡᠰ ᠂ ᠰᠢᠨ᠎ᠡ ᠬᠡᠯᠪᠡᠷᠢ ᠶᠢᠨ ᠦᠷ᠎ᠡ ᠶᠢᠨ ᠦᠢᠯᠡᠰ ᠪᠠ ᠡᠪᠡᠰᠦ ᠂ ᠡᠯᠡᠰᠦ ᠂ ᠠᠮᠢᠳᠤ ᠪᠣᠳᠠᠰ ᠤᠨ ᠮᠠᠰ ᠡᠨᠧᠷᠭᠢ ᠵᠡᠷᠭᠡ ᠣᠨᠴᠠᠯᠢᠭᠲᠤ ᠠᠵᠤ ᠦᠢᠯᠡᠰ ᠢ ᠬᠥᠭᠵᠢᠭᠦᠯᠵᠦ ᠂ ᠣᠶ ᠰᠢᠭᠤᠢ ᠶᠢᠨ ᠡᠬᠢ ᠪᠠᠶᠠᠯᠢᠭ ᠵᠡᠷᠭᠡ ᠣᠯᠠᠨ ᠵᠦᠢᠯ ᠤᠨ ᠠᠮᠢ ᠠᠬᠤᠢ ᠶᠢᠨ ᠡᠳ᠋ ᠬᠥᠷᠥᠩᠭᠡ ᠶᠢ ᠪᠦᠲᠦᠮᠵᠢᠲᠡᠶ ᠭᠦᠢᠯᠭᠡᠭᠡᠨ ᠲᠠᠢ ᠪᠣᠯᠭᠠᠨ᠎ᠠ︔ ᠴᠡᠪᠡᠷ ᠡᠨᠧᠷᠭᠢ ᠶᠢ ᠢᠳᠡᠪᠬᠢᠲᠡᠢ ᠪᠠᠷ ᠬᠥᠭᠵᠢᠭᠦᠯᠵᠦ ᠂ ᠭᠡᠷᠡᠯᠴᠢ ᠴᠡᠨᠡᠭ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ︔ ᠦᠢᠯᠡᠳᠬᠦᠨ ᠤ ᠭᠡᠷᠡᠴᠢᠯᠡᠭᠡ ᠂ ᠠᠮᠢ ᠠᠬᠤᠢ ᠶᠢᠨ ᠢᠯᠭᠠᠬᠤ ᠲᠡᠮᠳᠡᠭ ᠂ ᠨᠡᠷᠡᠲᠦ ᠲᠡᠮᠳᠡᠭ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠥᠷᠨᠢᠭᠦᠯᠦᠨ᠎ᠡ ᠃

      ᠬᠤᠶᠠᠷ ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ ᠠᠵᠢᠯ ᠤᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ

      ︽ᠬᠡᠨ ᠵᠠᠰᠠᠨ ᠰᠡᠷᠭᠦᠭᠡᠭᠰᠡᠨ ᠪᠣᠯ ᠲᠡᠷᠡ ᠠᠰᠢᠭ ᠭᠥᠷᠳᠡᠬᠦ ︾ ᠵᠠᠷᠴᠢᠮ ᠶᠣᠰᠣᠭᠠᠷ ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ ᠂ ᠨᠡᠶᠢᠭᠡᠮ ᠳᠠᠶᠠᠭᠠᠷ ᠣᠷᠣᠯᠴᠠᠭᠰᠠᠨ ᠬᠥᠲᠥᠯᠥᠨ ᠵᠢᠯᠤᠭᠤᠳᠬᠤ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ ᠠᠵᠢᠯ ᠤᠨ ᠬᠠᠮᠢᠶᠠᠷᠤᠯᠲᠠ ᠶᠢ ᠵᠢᠷᠤᠮᠵᠢᠭᠤᠯᠤᠨ ᠂ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠪᠠᠳᠠᠷᠠᠭᠠᠨ᠎ᠠ ᠃

      ︵ᠨᠠᠢᠮᠠ ︶ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ ᠠᠵᠢᠯ ᠤᠨ ᠲᠥᠷᠥᠯ ᠵᠦᠢᠯ ᠤᠨ ᠬᠥᠮᠥᠷᠭᠡ ᠶᠢ ᠪᠠᠶᠢᠭᠤᠯᠤᠨ᠎ᠠ ᠃ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠬᠤᠰᠢᠭᠤ ᠰᠢᠶᠠᠨ ︵ᠬᠤᠲᠠ ᠂ ᠲᠣᠭᠤᠷᠢᠭ ︶ ᠤ ᠠᠷᠠᠳ ᠤᠨ ᠵᠠᠰᠠᠭ ᠤᠨ ᠣᠷᠳᠣᠨ ᠨᠢ ᠲᠤᠰ ᠱᠠᠲᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠂ ᠠᠮᠢ ᠠᠬᠤᠢ ᠶᠢ ᠰᠡᠷᠭᠦᠭᠡᠬᠦ ᠲᠥᠯᠦᠪᠵᠢᠭᠦᠯᠭᠡ ᠵᠡᠷᠭᠡ ᠲᠥᠯᠦᠪᠵᠢᠭᠦᠯᠭᠡ ᠪᠠ ᠬᠤᠯᠪᠣᠭᠳᠠᠯ ᠪᠦᠬᠦᠢ ᠪᠠᠷᠢᠮᠵᠢᠶ᠎ᠠ ᠱᠠᠭᠠᠷᠳᠠᠯᠭ᠎ᠠ ᠶᠢ ᠦᠨᠳᠦᠰᠦᠯᠡᠨ ᠂ ᠲᠥᠷᠥᠯ ᠵᠦᠢᠯ ᠢ ᠬᠠᠮᠢᠶᠠᠷᠬᠤ ᠪᠠ ᠬᠡᠷᠡᠭᠵᠢᠭᠦᠯᠬᠦ ᠡᠷᠬᠡ ᠮᠡᠳᠡᠯ ᠤᠨ ᠶᠣᠰᠣᠭᠠᠷ ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠡᠭᠦᠷᠭᠡ ᠪᠠ ᠭᠤᠣᠯᠳᠠᠯᠭ᠎ᠠ ᠲᠠᠢ ᠲᠥᠷᠥᠯ ᠵᠦᠢᠯ ᠢ ᠡᠮᠬᠢ ᠵᠢᠷᠤᠮ ᠲᠠᠢ ᠪᠠᠷ ᠲᠣᠭᠲᠠᠭᠠᠵᠤ ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ ᠲᠥᠷᠥᠯ ᠵᠦᠢᠯ ᠤᠨ ᠬᠥᠮᠥᠷᠭᠡ ᠪᠠᠶᠢᠭᠤᠯᠤᠨ ᠂ ᠣᠨ ᠢᠶᠠᠷ ᠴᠠᠭ ᠲᠤᠬᠠᠢ ᠳᠤ  ᠨᠢ ᠨᠡᠶᠢᠭᠡᠮ ᠳᠤ ᠨᠡᠶᠢᠲᠡᠯᠡᠬᠦ ᠬᠡᠷᠡᠭᠲᠡᠢ ᠃ ᠲᠥᠷᠥᠯ ᠵᠦᠢᠯ ᠤᠨ ᠬᠥᠮᠥᠷᠭᠡ ᠳᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ ᠂ ᠵᠢᠯ ᠪᠦᠷᠢ ᠴᠠᠭ ᠲᠤᠬᠠᠢ ᠳᠤ  ᠨᠢ ᠰᠢᠨᠡᠳᠬᠡᠨ ᠲᠡᠭᠦᠯᠳᠡᠷᠵᠢᠭᠦᠯᠦᠨ᠎ᠡ ᠃

      ︵ᠶᠢᠰᠦ ︶ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ ᠠᠵᠢᠯ ᠤᠨ ᠬᠠᠮᠢᠶ᠎ᠠ ᠪᠦᠬᠦᠢ ᠵᠦᠢᠯᠡᠰ ᠢ ᠲᠣᠳᠣᠷᠬᠠᠢ ᠲᠣᠭᠲᠠᠭᠠᠨ᠎ᠠ ᠃ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠬᠤᠰᠢᠭᠤ ᠰᠢᠶᠠᠨ ︵ᠬᠤᠲᠠ ᠂ ᠲᠣᠭᠤᠷᠢᠭ ︶ ᠤ ᠠᠷᠠᠳ ᠤᠨ ᠵᠠᠰᠠᠭ ᠤᠨ ᠣᠷᠳᠣᠨ ᠨᠢ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ ᠠᠵᠢᠯ ᠤᠨ ᠲᠥᠰᠥᠯ ᠢ ᠨᠠᠶᠢᠷᠠᠭᠤᠯᠤᠨ ᠵᠣᠬᠢᠶᠠᠬᠤ ᠳᠤ ᠪᠡᠨ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢᠨ ᠣᠷᠣᠯᠴᠠᠬᠤ ᠲᠦᠷᠦᠯ ᠵᠦᠢᠯ ᠤᠨ ᠡᠭᠦᠷᠭᠡ ᠬᠠᠷᠠᠯᠲᠠ ᠪᠤᠶᠤ ᠭᠤᠣᠯ ᠭᠦᠢᠴᠡᠳᠬᠡᠯ ᠲᠤᠭ᠎ᠠ ᠂ ᠢᠨᠵᠧᠨᠧᠷᠢᠩ ᠤᠨ ᠠᠷᠭ᠎ᠠ ᠬᠡᠮᠵᠢᠶ᠎ᠡ ᠂ ᠪᠡᠯᠡ ᠣᠷᠣᠭᠤᠯᠤᠯᠲᠠ ᠶᠢᠨ ᠲᠣᠶᠢᠮᠣ ᠲᠥᠰᠥᠪ ᠂ ᠳᠡᠮᠵᠢᠯᠭᠡ ᠶᠢᠨ ᠲᠥᠷᠥ ᠶᠢᠨ ᠪᠣᠳᠣᠯᠭ᠎ᠠ ᠂ ᠲᠣᠭᠲᠠᠭᠠᠯ ᠳᠤ ᠨᠡᠶᠢᠴᠡᠬᠦ ᠪᠠᠶᠢᠭᠠᠯᠢ ᠶᠢᠨ ᠡᠬᠢ ᠪᠠᠶᠠᠯᠢᠭ ᠤᠨ ᠪᠡᠯᠡ ᠬᠥᠷᠥᠩᠭᠡ ᠶᠢᠨ ᠲᠣᠬᠢᠷᠠᠭᠤᠯᠤᠯᠲᠠ ᠂ ᠰᠡᠯᠭᠦᠬᠦ ᠠᠵᠤ ᠦᠢᠯᠡᠰ ᠤᠨ ᠬᠥᠭᠵᠢᠯᠲᠡ ᠶᠢᠨ ᠱᠠᠭᠠᠷᠳᠠᠯᠭ᠎ᠠ ᠵᠡᠷᠭᠡ ᠭᠤᠣᠯ ᠠᠭᠤᠯᠭ᠎ᠠ ᠶᠢ ᠲᠣᠳᠣᠷᠬᠠᠢ ᠲᠣᠭᠲᠠᠭᠠᠵᠤ ᠂ ᠡᠳ᠋ ᠤᠨ ᠵᠠᠰᠠᠭ ᠭᠠᠶᠢᠯᠢ ᠶᠢᠨ ᠳᠡᠮᠵᠢᠯᠭᠡ ᠶᠢᠨ ᠠᠷᠭ᠎ᠠ ᠮᠠᠶ᠋ᠢᠭ ᠵᠢᠴᠢ ᠪᠡᠯᠡ ᠮᠥᠩᠭᠦᠨ ᠤ ᠬᠠᠷᠢᠴᠠᠯ ᠢ ᠵᠦᠢ ᠵᠣᠬᠢᠰᠲᠠᠢ ᠲᠣᠭᠲᠠᠭᠠᠬᠤ ᠶᠢᠨ ᠬᠠᠮᠲᠤ ᠂ ᠲᠣᠭᠲᠠᠭᠠᠯ ᠶᠣᠰᠣᠭᠠᠷ ᠡᠳᠦᠢ ᠲᠡᠳᠦᠢ ᠬᠤᠪᠢᠶᠠᠷᠢ ᠲᠥᠷᠥᠯ ᠵᠦᠢᠯ ᠢ ᠲᠣᠬᠢᠷᠠᠭᠤᠯᠵᠤ ᠪᠣᠯᠣᠨ᠎ᠠ ᠂ ᠡᠭᠦᠨ ᠳᠤ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠬᠦ ᠪᠠ ᠬᠠᠰᠤᠭᠳᠠᠬᠤ ᠶᠢ ᠬᠤᠯᠪᠣᠭᠳᠠᠭᠤᠯᠬᠤ ᠂ ᠰᠢᠷᠣᠢ ᠴᠢᠯᠠᠭᠤᠨ ᠮᠠᠲ᠋ᠧᠷᠢᠶᠠᠯ ᠢ ᠠᠰᠢᠭᠯᠠᠬᠤ ᠂ ︵ ᠥᠩᠭᠡᠷᠡᠭᠰᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ︶ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠂ ᠬᠥᠷᠥᠰᠥ ᠰᠢᠷᠣᠢ ᠶᠢᠨ ᠤᠷᠤᠰᠬᠠᠭᠳᠠᠯ ᠢ ᠰᠡᠷᠭᠡᠶᠢᠯᠡᠨ ᠵᠠᠰᠠᠬᠤ ᠂ ᠭᠤᠣᠯ ᠤᠨ ᠵᠠᠮ ᠢ ᠬᠠᠮᠠᠭᠠᠯᠠᠨ ᠵᠠᠰᠠᠬᠤ ᠂ ᠤᠰᠤᠨ ᠤ ᠠᠮᠢ ᠠᠬᠤᠢ ᠶᠢ ᠬᠠᠮᠠᠭᠠᠯᠠᠨ ᠰᠡᠷᠭᠦᠭᠡᠬᠦ ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠂ ᠮᠣᠳᠣ ᠳᠠᠷᠢᠵᠤ ᠣᠶᠢᠵᠢᠭᠤᠯᠬᠤ ᠂ ᠣᠶ ᠰᠢᠭᠤᠢ ᠶᠢᠨ ᠶᠠᠰᠤ ᠴᠢᠨᠠᠷ ᠢ ᠰᠠᠶᠢᠵᠢᠷᠠᠭᠤᠯᠬᠤ ᠂ ᠡᠪᠡᠰᠦᠨ ᠦᠷ᠎ᠡ ᠶᠢᠨ ᠦᠢᠯᠡᠰ ᠢ ᠬᠥᠭᠵᠢᠭᠦᠯᠬᠦ ᠂ ᠠᠮᠢ ᠠᠬᠤᠢ ᠶᠢᠨ ᠠᠵᠤ ᠦᠢᠯᠡᠰ ᠢ ᠬᠥᠭᠵᠢᠭᠦᠯᠬᠦ ᠵᠡᠷᠭᠡ ᠶᠢ ᠪᠠᠭᠲᠠᠭᠠᠬᠤ ᠪᠣᠯᠪᠠᠴᠣ ᠡᠳᠡᠬᠡᠷ ᠲᠤ ᠯᠡ ᠬᠢᠵᠠᠭᠠᠷᠯᠠᠭᠳᠠᠬᠤ ᠦᠭᠡᠢ ᠃

      ︵ᠠᠷᠪᠠ ︶ ᠢᠯᠡ ᠪᠠᠷ ᠨᠡᠶᠢᠭᠡᠮ ᠤᠨ ᠬᠥᠷᠥᠩᠭᠡ ᠶᠢ ᠣᠷᠣᠭᠤᠯᠤᠨ ᠠᠪᠴᠢᠷᠠᠵᠤ ᠪᠠᠶᠢᠭᠠᠳ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠣᠯᠴᠠᠭᠤᠯᠤᠨ᠎ᠠ ᠃ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠬᠤᠰᠢᠭᠤ ᠰᠢᠶᠠᠨ ︵ᠬᠤᠲᠠ ᠂ ᠲᠣᠭᠤᠷᠢᠭ ︶ ᠤ ᠠᠷᠠᠳ ᠤᠨ ᠵᠠᠰᠠᠭ ᠤᠨ ᠣᠷᠳᠣᠨ ᠪᠤᠶᠤ ᠲᠡᠭᠦᠨ ᠤ ᠡᠷᠬᠡ ᠣᠯᠭᠤᠭᠰᠠᠨ ᠰᠠᠯᠠᠭ᠎ᠠ ᠮᠥᠴᠢᠷ ᠤᠳ ᠢᠯᠡ ᠪᠠᠷ ᠳᠠᠭᠠᠭᠠᠴᠢᠯᠠᠯᠲᠠ ᠵᠠᠷᠯᠠᠬᠤ ᠂ ᠤᠷᠢᠵᠤ ᠳᠠᠭᠠᠭᠠᠴᠢᠯᠠᠯᠲᠠ ᠵᠠᠷᠯᠠᠬᠤ ᠂ ᠥᠷᠢᠰᠦᠯᠳᠦᠭᠡᠨ ᠤ ᠴᠢᠨᠠᠷᠲᠠᠢ ᠬᠡᠯᠡᠯᠴᠡᠭᠡ ᠬᠢᠬᠦ ᠂ ᠥᠷᠢᠰᠦᠯᠳᠦᠭᠡᠨ ᠤ ᠴᠢᠨᠠᠷᠲᠠᠢ ᠵᠥᠪᠳᠡᠯᠴᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠡᠶᠢᠭᠡᠮ ᠤᠨ ᠬᠥᠷᠥᠩᠭᠡ ᠶᠢ ᠣᠷᠣᠭᠤᠯᠤᠨ ᠠᠪᠴᠢᠷᠠᠵᠤ ᠪᠠᠶᠢᠭᠠᠳ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠣᠯᠴᠠᠭᠤᠯᠵᠤ ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠵᠥᠪᠯᠡᠯᠴᠡᠭᠡᠷ ᠪᠠ ᠪᠠᠶᠢᠭᠠᠯᠢ ᠶᠢᠨ ᠡᠬᠢ ᠪᠠᠶᠠᠯᠢᠭ ᠤᠨ ᠪᠡᠯᠡ ᠬᠥᠷᠥᠩᠭᠡ ᠶᠢ ᠲᠣᠬᠢᠷᠠᠭᠤᠯᠬᠤ ᠵᠥᠪᠯᠡᠯᠴᠡᠭᠡᠷ ᠲᠣᠭᠲᠠᠵᠤ ᠂ ᠰᠡᠷᠭᠦᠭᠡᠨ ᠵᠠᠰᠠᠬᠤ ᠱᠠᠭᠠᠷᠳᠠᠯᠭ᠎ᠠ ᠂ ᠲᠥᠷᠥᠯ ᠵᠦᠢᠯ ᠤᠨ ᠪᠡᠯᠡ ᠣᠷᠣᠭᠤᠯᠤᠯᠲᠠ ᠂ ᠵᠢᠷᠤᠭᠯᠠᠨ ᠲᠥᠯᠥᠪᠯᠡᠵᠦ ᠬᠡᠷᠡᠭᠵᠢᠭᠦᠯᠬᠦ ᠂ ᠬᠠᠮᠢᠶᠠᠷᠤᠨ ᠬᠠᠮᠠᠭᠠᠯᠠᠬᠤ ᠵᠢᠴᠢ ᠦᠷᠭᠦᠯᠵᠢᠯᠡᠨ ᠨᠡᠭᠡᠭᠡᠨ ᠬᠥᠭᠵᠢᠭᠦᠯᠬᠦ ᠵᠡᠷᠭᠡ ᠵᠦᠢᠯᠡᠰ ᠤᠨ ᠠᠵᠢᠯᠯᠠᠭᠠᠨ ᠤ ᠵᠠᠭᠪᠤᠷ ᠵᠢᠴᠢ ᠡᠯ᠎ᠡ ᠲᠠᠯ᠎ᠠ ᠶᠢᠨ ᠡᠷᠬᠡ ᠠᠰᠢᠭ ᠡᠭᠦᠷᠭᠡ ᠪᠠ ᠭᠡᠷ᠎ᠡ ᠠᠴᠠ ᠵᠥᠷᠢᠴᠡᠭᠰᠡᠨ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠬᠤ ᠶᠢᠨ ᠬᠠᠮᠲᠤ ᠂ ᠴᠠᠭ ᠲᠤᠬᠠᠢ ᠳᠤ  ᠨᠢ ᠨᠡᠶᠢᠭᠡᠮ ᠳᠤ ᠵᠠᠷᠯᠠᠨ ᠨᠡᠶᠢᠲᠡᠯᠡᠬᠦ ᠪᠤᠶᠤ ᠢᠯᠡ ᠨᠡᠶᠢᠲᠡᠯᠡᠨ᠎ᠡ ᠃ ᠨᠡᠶᠢᠭᠡᠮ ᠤᠨ ᠬᠥᠷᠥᠩᠭᠡ ᠨᠢ ᠲᠤᠰᠠᠭᠠᠷ ᠪᠤᠶᠤ ᠬᠤᠯᠪᠣᠭᠠᠲᠤ ᠴᠣᠭᠴᠠ ᠂ ᠠᠵᠤ ᠦᠢᠯᠡᠰ ᠤᠨ ᠬᠤᠯᠪᠣᠭ᠎ᠠ ᠵᠡᠷᠭᠡ ᠡᠯ᠎ᠡ ᠲᠥᠷᠥᠯ ᠤᠨ ᠬᠡᠯᠪᠡᠷᠢ ᠪᠠᠷ ᠪᠡᠯᠡ ᠭᠠᠷᠭᠠᠵᠤ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠢ ᠥᠷᠨᠢᠭᠦᠯᠵᠦ ᠪᠣᠯᠣᠨ᠎ᠠ ᠂ ᠪᠠᠰᠠ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ ᠰᠠᠭᠤᠷᠢ ᠮᠥᠩᠭᠦ ᠭᠠᠷᠭᠠᠵᠤ ᠪᠡᠯᠡ ᠤᠷᠤᠭᠤᠯᠤᠯᠲᠠ ᠬᠢᠵᠦ ᠴᠤ ᠪᠣᠯᠣᠨ᠎ᠠ ᠃

      ︵ᠠᠷᠪᠠᠨ ᠨᠢᠭᠡ ︶ ᠨᠡᠶᠢᠭᠡᠮ ᠤᠨ ᠬᠥᠷᠥᠩᠭᠡ ᠤᠷᠤᠯᠴᠬᠠᠰᠠᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠦᠷᠦᠯ ᠵᠦᠢᠯ ᠢ ᠬᠡᠷᠡᠭᠵᠢᠭᠦᠯᠬᠦ ᠪᠠᠲᠤᠯᠠᠭ᠎ᠠ ᠶᠢ ᠴᠢᠩᠭᠠᠷᠠᠭᠤᠯᠤᠨ᠎ᠠ ᠃ ᠨᠡᠶᠢᠭᠡᠮ ᠤᠨ ᠬᠥᠷᠥᠩᠭᠡ ᠣᠷᠣᠯᠴᠠᠭᠰᠠᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠦᠷᠦᠯ ᠵᠦᠢᠯ ᠳᠤ ᠪᠣᠯ ᠂ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠬᠤᠰᠢᠭᠤ ᠰᠢᠶᠠᠨ ︵ᠬᠤᠲᠠ ᠂ ᠲᠣᠭᠤᠷᠢᠭ ︶ ᠤ ᠠᠷᠠᠳ ᠤᠨ ᠵᠠᠰᠠᠭ ᠤᠨ ᠣᠷᠳᠣᠨ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠥᠪᠳᠡᠯᠴᠡᠭᠡᠷ ᠲᠤ ᠪᠣᠯᠵᠣᠵᠤ ᠲᠣᠭᠲᠠᠭᠰᠠᠨ ᠶᠣᠰᠣᠭᠠᠷ ᠲᠥᠷᠥᠯ ᠵᠦᠢᠯ ᠤᠨ ᠬᠡᠷᠡᠭᠵᠢᠭᠦᠯᠦᠯᠲᠡ ᠶᠢ ᠠᠬᠢᠭᠤᠯᠵᠤ ᠂ ᠨᠡᠶᠢᠭᠡᠮ ᠤᠨ ᠬᠥᠷᠥᠩᠭᠡ ᠶᠢ ᠵᠢᠯᠣᠭᠤᠳᠤᠨ ᠲᠤᠰᠬᠠᠢ ᠪᠠᠶᠢᠭᠤᠯᠤᠮᠵᠢ ᠰᠣᠩᠭᠤᠭᠤᠯᠵᠤ ᠪᠠᠶᠢᠭᠠᠳ ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠤᠨ ᠬᠠᠶᠢᠨ ᠪᠠᠶᠢᠴᠠᠭᠠᠬᠤ ᠂ ᠵᠢᠷᠤᠭᠯᠠᠨ ᠲᠥᠯᠥᠪᠯᠡᠬᠦ ᠂ ᠪᠠᠷᠢᠯᠭ᠎ᠠ ᠪᠠᠷᠢᠬᠤ ᠂ ᠬᠢᠨᠠᠨ ᠬᠠᠮᠢᠶᠠᠷᠬᠤ ᠵᠡᠷᠭᠡ ᠠᠵᠢᠯ ᠢ ᠡᠭᠦᠷᠭᠡᠯᠡᠭᠦᠯᠬᠦ ᠶᠢᠨ ᠬᠠᠮᠲᠤ ᠂ ᠬᠢᠨᠠᠨ ᠵᠥᠪᠰᠢᠶᠡᠷᠡᠭᠰᠡᠨ ᠲᠥᠯᠦᠪᠵᠢᠭᠦᠯᠭᠡ ᠵᠢᠷᠤᠭ ᠲᠥᠯᠥᠪᠯᠡᠭᠡ ᠪᠠ ᠬᠠᠮᠢᠶ᠎ᠠ ᠪᠦᠬᠦᠢ ᠮᠡᠷᠭᠡᠵᠢᠯ ᠤᠨ ᠵᠢᠷᠤᠮᠵᠢᠯ ᠂ ᠠᠵᠢᠯ ᠲᠥᠷᠥᠯ ᠤᠨ ᠪᠠᠷᠢᠮᠵᠢᠶ᠎ᠠ ᠶᠣᠰᠣᠭᠠᠷ ᠢᠨᠵᠧᠨᠧᠷᠢᠩ ᠢ ᠴᠢᠩᠭ᠎ᠠ ᠬᠡᠷᠡᠭᠵᠢᠭᠦᠯᠵᠦ ᠂ ᠢᠨᠵᠧᠨᠧᠷᠢᠩ ᠤᠨ ᠶᠠᠰᠤ ᠴᠢᠨᠠᠷ ᠢ ᠪᠠᠲᠤᠯᠠᠬᠤ ᠬᠡᠷᠡᠭᠲᠡᠢ ᠃ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠥᠰᠥᠯ ᠳᠤ ᠲᠣᠭᠲᠠᠭᠠᠭᠰᠠᠨ ᠬᠠᠨᠳᠤᠰᠢ ᠪᠠᠷ ᠵᠠᠰᠠᠨ ᠰᠡᠷᠭᠦᠭᠡᠬᠦ ᠠᠵᠢᠯ ᠢ ᠥᠷᠨᠢᠭᠦᠯᠦᠭᠰᠡᠨ ᠦᠭᠡᠢ ᠪᠤᠶᠤ ᠭᠠᠵᠠᠷ ᠰᠢᠷᠣᠢ ᠶᠢᠨ ᠬᠡᠷᠡᠭᠯᠡᠯᠲᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠵᠡᠷᠭᠡ ᠪᠠᠶᠢᠳᠠᠯ ᠭᠠᠷᠤᠭᠰᠠᠨ ᠪᠠᠶᠢᠪᠠᠯ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠭᠤᠯᠬᠤ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠬᠡᠨ ᠰᠢᠢᠳᠪᠦᠷᠢᠯᠡᠵᠦ ᠂ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ ᠶᠢᠨ ᠬᠠᠮᠲᠤ ᠰᠢᠯᠭᠠᠨ ᠠᠪᠬᠤ ᠪᠠᠷ ᠳᠠᠮᠵᠢᠭᠤᠯᠤᠨ ᠬᠠᠮᠢᠶ᠎ᠠ ᠪᠦᠬᠦᠢ ᠱᠠᠭᠠᠷᠳᠠᠯᠭ᠎ᠠ ᠳᠤ ᠬᠦᠷᠦᠭᠰᠡᠨ ᠤ ᠳᠠᠷᠠᠭ᠎ᠠ ᠦᠷᠭᠦᠯᠵᠢᠯᠡᠨ ᠬᠡᠷᠡᠭᠵᠢᠭᠦᠯᠵᠦ ᠪᠣᠯᠣᠨ᠎ᠠ ᠃ ᠵᠣᠬᠢᠴᠠᠬᠤ ᠴᠢᠨᠠᠷᠲᠠᠢ ᠬᠠᠮᠢᠶᠠᠷᠤᠯᠲᠠ ᠶᠢ ᠴᠢᠩᠭᠠᠳᠬᠠᠵᠤ ᠂ ᠠᠮᠢ ᠠᠬᠤᠢ ᠶᠢ ᠰᠡᠷᠭᠦᠭᠡᠬᠦ ᠬᠠᠷᠠᠯᠲᠠ ᠠᠴᠠ ᠵᠠᠶᠢᠳᠠᠬᠤ ᠪᠤᠶᠤ ᠠᠮᠢ ᠠᠬᠤᠢ ᠶᠢᠨ ᠰᠢᠰᠲ᠋ᠧᠮ ᠳᠤ ᠰᠢᠨ᠎ᠡ ᠡᠪᠳᠡᠯᠡᠭᠡ ᠤᠴᠠᠷᠠᠭᠤᠯᠵᠤ ᠮᠡᠳᠡᠬᠦ ᠰᠡᠷᠭᠦᠭᠡᠬᠦ ᠠᠷᠭ᠎ᠠ ᠬᠡᠮᠵᠢᠶ᠎ᠡ ᠳᠤ ᠲᠥᠷᠥᠯ ᠵᠦᠢᠯ ᠤᠨ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ᠪᠦᠲᠦᠭᠡᠨ ᠪᠠᠶᠢᠭᠤᠯᠬᠤ ᠨᠢᠭᠡᠴᠢ ᠶᠢ ᠵᠢᠯᠤᠭᠤᠳᠴᠤ ᠪᠠᠶᠢᠭᠠᠳ ᠲᠣᠬᠢᠷᠠᠭᠤᠯᠤᠯᠲᠠ ᠬᠢᠬᠦ ᠲᠥᠰᠥᠯ ᠢ ᠨᠠᠶᠢᠷᠠᠭᠤᠯᠤᠨ ᠵᠣᠬᠢᠶᠠᠵᠤ ᠂ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠭᠦᠢᠴᠡᠳ ᠨᠤᠲᠠᠯᠠᠭᠰᠠᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠢ ᠂ ᠲᠣᠬᠢᠷᠠᠭᠤᠯᠤᠯᠲᠠ ᠬᠢᠬᠦ ᠶᠢᠨ ᠳᠠᠭᠠᠤ ᠬᠡᠷᠡᠭᠵᠢᠭᠦᠯᠵᠦ ᠪᠣᠯᠬᠤ ᠦᠭᠡᠢ ᠃

      ︵ᠠᠷᠪᠠᠨ ᠬᠤᠶᠠᠷ ︶ ᠨᠡᠶᠢᠭᠡᠮ ᠤᠨ ᠬᠥᠷᠥᠩᠭᠡ ᠶᠢᠨ ᠤᠷᠤᠯᠴᠬᠠᠰᠠᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠠᠵᠢᠯ ᠢ ᠴᠢᠩᠳᠠᠯᠠᠨ᠎ᠠ ᠃ ᠨᠡᠶᠢᠭᠡᠮ ᠤᠨ ᠬᠥᠷᠥᠩᠭᠡ ᠶᠢᠨ ᠤᠷᠤᠯᠴᠬᠠᠰᠠᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠤ ᠳᠠᠷᠠᠭ᠎ᠠ ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠭᠤᠣᠯ ᠴᠣᠭᠴᠠ ᠨᠢ ᠢᠨᠵᠧᠨᠧᠷᠢᠩ ᠤᠨ ᠠᠵᠢᠯ ᠢ ᠳᠠᠬᠢᠨ ᠬᠢᠨᠠᠬᠤ ᠂ ᠢᠨᠵᠧᠨᠧᠷᠢᠩ ᠤᠨ ᠳ᠋ᠦᠩᠨᠡᠨ ᠪᠣᠳᠣᠯᠲᠠ ᠂ ᠡᠳ᠋ ᠤᠨ ᠶᠠᠪᠤᠳᠠᠯ ᠤᠨ ᠲᠥᠰᠥᠪ ᠤᠨ ᠭᠦᠢᠴᠡᠳᠬᠡᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠂ ᠭᠠᠵᠠᠷ ᠰᠢᠷᠣᠢ ᠶᠢ ᠳᠠᠬᠢᠨ ᠦᠨᠡᠯᠡᠨ ᠵᠢᠱᠢᠬᠦ ᠵᠡᠷᠭᠡ ᠠᠵᠢᠯ ᠪᠠ ᠬᠠᠮᠢᠶ᠎ᠠ ᠪᠦᠬᠦᠢ ᠲᠠᠩᠰᠠ ᠡᠪᠬᠡᠮᠡᠯ ᠢ ᠡᠮᠬᠢᠯᠡᠬᠦ ᠶᠢᠨ ᠬᠠᠮᠲᠤ ᠂ ᠰᠠᠷ᠎ᠠ ᠶᠢᠨ ᠳᠣᠲᠣᠷ᠎ᠠ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠬᠤᠰᠢᠭᠤ ᠰᠢᠶᠠᠨ ︵ᠬᠤᠲᠠ ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠳᠤ ᠰᠢᠯᠭᠠᠨ ᠠᠪᠤᠭᠤᠯᠬᠤ ᠭᠤᠶᠤᠴᠢᠯᠠᠯ ᠳᠤᠷᠠᠳᠤᠨ ᠭᠠᠷᠭᠠᠬᠤ ᠬᠡᠷᠡᠭᠲᠡᠢ ᠃ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠬᠤᠰᠢᠭᠤ ᠰᠢᠶᠠᠨ ︵ᠬᠤᠲᠠ ᠂ ᠲᠣᠭᠤᠷᠢᠭ ︶ ᠤ ᠠᠷᠠᠳ ᠤᠨ ᠵᠠᠰᠠᠭ ᠤᠨ ᠣᠷᠳᠣᠨ ᠨᠢ ᠰᠢᠯᠭᠠᠨ ᠠᠪᠬᠤ ᠠᠵᠢᠯ ᠢ ᠴᠢᠩᠭ᠎ᠠ ᠵᠣᠬᠢᠶᠠᠨ ᠪᠠᠶᠢᠭᠤᠯᠤᠨ ᠥᠷᠨᠢᠭᠦᠯᠵᠦ ᠂ ᠰᠢᠯᠭᠠᠨ ᠠᠪᠤᠯᠲᠠ ᠳᠤ ᠪᠠᠲᠤᠯᠠᠭᠳᠠᠭᠰᠠᠨ ᠪᠣᠯ ᠂ ᠰᠢᠯᠭᠠᠨ ᠠᠪᠴᠤ ᠴᠣᠬᠤᠯᠠᠪᠤᠷᠢᠯᠠᠭᠰᠠᠨ ᠰᠠᠨᠠᠯ ᠢ ᠭᠠᠷᠭᠠᠬᠤ ᠶᠢᠨ ᠬᠠᠮᠲᠤ ᠂ ᠵᠥᠪᠯᠡᠯᠴᠡᠭᠡᠷ ᠲᠤ ᠪᠣᠯᠵᠣᠨ ᠲᠣᠭᠲᠠᠭᠰᠠᠨ ᠶᠣᠰᠣᠭᠠᠷ ᠨᠡᠶᠢᠭᠡᠮ ᠤᠨ ᠪᠡᠯᠡ ᠣᠷᠣᠭᠤᠯᠤᠯᠲᠠ ᠶᠢᠨ ᠭᠤᠣᠯ ᠴᠣᠭᠴᠠ ᠶᠢᠨ ᠠᠰᠢᠭ ᠣᠯᠵᠠᠪᠤᠷᠢ ᠶᠢ ᠴᠠᠭ ᠲᠤᠬᠠᠢ ᠳᠤ ᠨᠢ ᠲᠣᠭᠠᠴᠠᠨ ᠪᠤᠳᠤᠵᠦ ᠂ ᠬᠠᠮᠢᠶ᠎ᠠ ᠪᠦᠬᠦᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠪᠡᠨ ᠪᠡᠶᠡᠯᠡᠭᠦᠯᠬᠦ ᠬᠡᠷᠡᠭᠲᠡᠢ︔ ᠰᠢᠯᠭᠠᠨ ᠠᠪᠤᠯᠲᠠ ᠳᠤ ᠦᠯᠦ ᠪᠠᠲᠤᠯᠠᠭᠳᠠᠭᠰᠠᠨ ᠪᠣᠯ ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠭᠤᠯᠵᠦ ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠵᠠᠷᠴᠢᠮ ᠳᠡᠭᠡᠷ᠎ᠡ ᠪᠠᠨ 1 ᠵᠢᠯ ᠠᠴᠠ ᠬᠡᠲᠦᠷᠡᠭᠦᠯᠵᠦ ᠪᠣᠯᠬᠤ ᠦᠭᠡᠢ ᠃

      ︵ᠠᠷᠪᠠᠨ ᠭᠤᠷᠪᠠ ︶ ᠨᠡᠶᠢᠭᠡᠮ ᠤᠨ ᠬᠥᠷᠥᠩᠭᠡ ᠶᠢᠨ ᠤᠷᠤᠯᠴᠬᠠᠰᠠᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠥᠷᠥᠯ ᠵᠦᠢᠯ ᠤᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠨ ᠬᠠᠮᠠᠭᠠᠯᠠᠬᠤ ᠠᠵᠢᠯ ᠢ ᠴᠢᠩᠭᠠᠳᠬᠠᠨ᠎ᠠ ᠃ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠬᠤᠰᠢᠭᠤ ᠰᠢᠶᠠᠨ ︵ᠬᠤᠲᠠ ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠠᠮᠢ ᠠᠬᠤᠢ ᠶᠢ ᠬᠠᠮᠠᠭᠠᠯᠠᠨ ᠰᠡᠷᠭᠦᠭᠡᠬᠦ ᠭᠤᠣᠯ ᠴᠣᠭᠴᠠ ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠠᠵᠢᠯ ᠤᠨ ᠭᠤᠣᠯ ᠴᠣᠭᠴᠠ ᠶᠢ ᠵᠣᠬᠢᠶᠠᠨ ᠪᠠᠶᠢᠭᠤᠯᠤᠨ ᠭᠤᠷᠪᠠᠨ ᠲᠠᠯ᠎ᠠ ᠶᠢᠨ ᠬᠠᠮᠢᠶᠠᠷᠴᠤ ᠬᠠᠮᠠᠭᠠᠯᠠᠬᠤ ᠭᠡᠷ᠎ᠡ ᠲᠣᠭᠲᠠᠵᠤ ᠂ ᠲᠥᠷᠥᠯ ᠵᠦᠢᠯ ᠤᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠪᠠ ᠠᠵᠢᠯᠯᠠᠭᠤᠯᠵᠤ ᠬᠠᠮᠠᠭᠠᠯᠠᠬᠤ ᠠᠵᠢᠯ ᠤᠨ ᠵᠠᠭᠠᠭ ᠬᠢᠵᠠᠭᠠᠷ ᠢ ᠵᠦᠢ ᠵᠣᠬᠢᠰᠲᠠᠢ ᠲᠣᠭᠲᠠᠭᠠᠨ ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠵᠠᠷᠤᠳᠠᠯ ᠢ ᠨᠠᠶᠢᠳᠠᠪᠤᠷᠢᠵᠢᠭᠤᠯᠵᠤ ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠂ ᠬᠠᠮᠢᠶᠠᠷᠴᠤ ᠬᠠᠮᠠᠭᠠᠯᠠᠬᠤ ᠬᠤᠭᠤᠴᠠᠭ᠎ᠠ ᠪᠠ ᠬᠠᠮᠢᠶᠠᠷᠴᠤ ᠬᠠᠮᠠᠭᠠᠯᠠᠬᠤ ᠠᠭᠤᠯᠭ᠎ᠠ ᠵᠡᠷᠭᠡ ᠶᠢ ᠲᠣᠳᠣᠷᠬᠠᠢ ᠲᠣᠭᠲᠠᠭᠠᠬᠤ ᠬᠡᠷᠡᠭᠲᠡᠢ ᠃ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠵᠠᠷᠤᠳᠠᠯ ᠢ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠥᠷᠥᠯ ᠵᠦᠢᠯ ᠤᠨ ᠲᠥᠰᠥᠪ ᠲᠤ ᠣᠷᠣᠭᠤᠯᠤᠨ ᠭᠦᠢᠴᠡᠳ ᠲᠤᠭ᠎ᠠ ᠪᠠᠷ ᠪᠠᠲᠤᠯᠠᠵᠤ ᠂ ᠬᠠᠮᠢᠶᠠᠷᠴᠤ ᠬᠠᠮᠠᠭᠠᠯᠠᠬᠤ ᠬᠤᠭᠤᠴᠠᠭ᠎ᠠ ᠶᠢ ᠲᠥᠷᠥᠯ ᠵᠦᠢᠯ ᠤᠨ ᠰᠢᠯᠭᠠᠨ ᠠᠪᠬᠤ ᠶᠢ ᠨᠤᠲᠠᠯᠠᠭᠰᠠᠨ ᠴᠠᠭ ᠠᠴᠠ ᠡᠬᠢᠯᠡᠨ ᠪᠤᠳᠤᠵᠤ ᠂ ᠬᠠᠮᠢᠶᠠᠷᠴᠤ ᠬᠠᠮᠠᠭᠠᠯᠠᠬᠤ ᠬᠤᠭᠤᠴᠠᠭ᠎ᠠ ᠶᠢ 3 ᠵᠢᠯ ᠠᠴᠠ ᠳᠤᠲᠠᠭᠤ ᠪᠠᠶᠢᠯᠭᠠᠵᠤ ᠪᠣᠯᠬᠤ ᠦᠭᠡᠢ ᠃

      ︵ᠠᠷᠪᠠᠨ ᠳᠥᠷᠪᠡ ︶ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ ᠠᠵᠢᠯ ᠤᠨ ᠢᠲᠡᠭᠡᠮᠵᠢ ᠶᠢ ᠦᠨᠡᠯᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ ᠃ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠬᠤᠰᠢᠭᠤ ᠰᠢᠶᠠᠨ ︵ᠬᠤᠲᠠ ᠂ ᠲᠣᠭᠤᠷᠢᠭ ︶ ᠤ ᠠᠷᠠᠳ ᠤᠨ ᠵᠠᠰᠠᠭ ᠤᠨ ᠣᠷᠳᠣᠨ ᠨᠤᠭᠤᠳ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠲᠣᠭᠲᠠᠯᠴᠠᠭ᠎ᠠ ᠶᠢ ᠪᠠᠶᠢᠭᠤᠯᠤᠨ ᠂ ᠨᠡᠶᠢᠭᠡᠮ ᠤᠨ ᠪᠡᠯᠡ ᠣᠷᠣᠭᠤᠯᠤᠯᠲᠠ ᠶᠢᠨ ᠭᠤᠣᠯ ᠴᠣᠭᠴᠠ ᠶᠢᠨ ᠢᠲᠡᠭᠡᠮᠵᠢ ᠶᠢᠨ ᠦᠨᠡᠯᠡᠯᠲᠡ ︵ᠭᠡᠷ᠎ᠡ ᠭᠦᠢᠴᠡᠳᠬᠡᠬᠦ ᠂ ᠡᠷᠬᠢᠯᠡᠭᠰᠡᠨ ᠠᠵᠢᠯ ᠤᠨ ᠠᠵᠢᠯᠯᠠᠭ᠎ᠠ ᠂ ᠦᠢᠯᠡᠴᠢᠯᠡᠬᠦ ᠣᠪᠣᠷ ᠂ ᠢᠨᠵᠧᠨᠧᠷᠢᠩ ᠤᠨ ᠶᠠᠰᠤ ᠴᠢᠨᠠᠷ ︶ ᠪᠠ ᠲᠥᠷᠥᠯ ᠵᠦᠢᠯ ᠤᠨ ᠦᠷ᠎ᠡ ᠠᠰᠢᠭ ᠤᠨ ᠦᠨᠡᠯᠡᠯᠲᠡ ︵ᠠᠮᠢ ᠠᠬᠤᠢ ᠶᠢᠨ ᠦᠷ᠎ᠡ ᠠᠰᠢᠭ ᠂ ᠨᠡᠶᠢᠭᠡᠮ ᠤᠨ ᠦᠷ᠎ᠡ ᠠᠰᠢᠭ ᠂ ᠠᠵᠤ ᠠᠬᠤᠢ ᠶᠢᠨ ᠦᠷ᠎ᠡ ᠠᠰᠢᠭ ︶ ᠥᠷᠨᠢᠭᠦᠯᠵᠦ ᠂ ᠦᠨᠡᠯᠡᠭᠰᠡᠨ ᠦᠷ᠎ᠡ ᠳ᠋ᠦᠩ ᠢ ᠨᠡᠶᠢᠭᠡᠮ ᠤᠨ ᠬᠥᠷᠥᠩᠭᠡ ᠶᠢᠨ ᠲᠠᠯ᠎ᠠ ᠶᠢᠨ ᠬᠢᠨ ᠤ ᠣᠷᠤᠯᠴᠠᠬᠤ ᠲᠥᠷᠥᠯ ᠵᠦᠢᠯ ᠤᠨ ᠢᠲᠡᠭᠡᠮᠵᠢ ᠶᠢᠨ ᠲᠠᠰ ᠲᠤ ᠦᠨᠡᠯᠡᠯᠲᠡ ᠬᠢᠬᠦ ᠪᠠ ᠵᠠᠰᠠᠭ ᠤᠨ ᠣᠷᠳᠣᠨ ᠤ ᠬᠢᠨ ᠨᠡᠶᠢᠭᠡᠮ ᠤᠨ ᠪᠡᠯᠡ ᠣᠷᠣᠭᠤᠯᠤᠯᠲᠠ ᠶᠢᠨ ᠭᠤᠣᠯ ᠴᠣᠭᠴᠠ ᠶᠢᠨ ᠠᠰᠢᠭ ᠣᠯᠵᠠᠪᠤᠷᠢ ᠶᠢ ᠲᠣᠭᠲᠠᠭᠠᠬᠤ ᠦᠨᠳᠦᠰᠦᠯᠡᠯ ᠪᠣᠯᠭᠠᠵᠦ ᠪᠤᠯᠬᠤ ᠶᠢᠨ ᠬᠠᠮᠲᠤ ᠴᠠᠭ ᠲᠤᠬᠠᠢ ᠳᠤ  ᠨᠢ ᠨᠡᠶᠢᠭᠡᠮ ᠳᠤ ᠨᠡᠶᠢᠲᠡᠯᠡᠨ᠎ᠡ ᠃

      ︵ᠠᠷᠪᠠᠨ ᠲᠠᠪᠤ ︶ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ ᠡᠷᠬᠡ ᠶᠢᠨ ᠬᠠᠷᠢᠶᠠᠯᠠᠯ ᠤᠨ ᠬᠠᠮᠢᠶᠠᠷᠤᠯᠲᠠ ᠶᠢ ᠴᠢᠩᠭᠠᠳᠬᠠᠨ᠎ᠠ ᠃ ᠨᠡᠶᠢᠭᠡᠮ ᠤᠨ ᠬᠥᠷᠥᠩᠭᠡ ᠶᠢᠨ ᠤᠷᠤᠯᠴᠬᠠᠰᠠᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠦᠷᠦᠯ ᠵᠦᠢᠯ ᠤᠨ ᠬᠡᠪᠴᠢᠶᠡᠨ ᠳᠠᠬᠢ ᠬᠡᠷᠡᠭᠯᠡᠬᠦ ᠭᠠᠵᠠᠷ ᠨᠢ ᠣᠷᠣᠨ ᠵᠠᠢ ᠶᠢ ᠰᠣᠯᠢᠬᠤ ᠪᠠ ᠪᠠᠶᠢᠷᠢᠰᠢᠭᠤᠯᠤᠯ ᠢ ᠰᠢᠯᠢᠳᠡᠭᠵᠢᠭᠦᠯᠬᠦ ᠳᠤ ᠬᠤᠯᠪᠣᠭᠳᠠᠪᠠᠯ ᠂ ᠬᠠᠤᠯᠢ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠭᠦᠯᠬᠦ ᠭᠠᠷᠳᠠᠮ ᠢ ᠭᠦᠢᠴᠡᠳᠬᠡᠨ᠎ᠡ ᠃ ᠲᠥᠷᠥᠯ ᠵᠦᠢᠯ ᠨᠢ ᠰᠢᠯᠭᠠᠨ ᠠᠪᠤᠯᠲᠠ ᠪᠠᠷ ᠴᠣᠬᠤᠯᠠᠪᠤᠷᠢᠯᠠᠭᠰᠠᠨ ᠰᠠᠨᠠᠯ ᠢ ᠳᠤᠰᠤᠭᠰᠠᠨ ᠤ ᠳᠠᠷᠠᠭ᠎ᠠ ᠂ ᠣᠨ ᠤ ᠭᠠᠵᠠᠷ ᠰᠢᠷᠣᠢ ᠶᠢᠨ ᠬᠤᠪᠢᠷᠠᠯᠲᠠ ᠶᠢᠨ ᠪᠠᠶᠢᠴᠠᠭᠠᠯᠲᠠ ᠪᠠᠷ ᠳᠠᠮᠵᠢᠭᠤᠯᠤᠨ ᠭᠠᠵᠠᠷ ᠰᠢᠷᠣᠢ ᠶᠢᠨ ᠬᠡᠷᠡᠭᠯᠡᠯᠲᠡ ᠶᠢ ᠨᠢᠭᠡᠳᠦᠯᠲᠡᠢ ᠲᠣᠬᠢᠷᠠᠭᠤᠯᠵᠤ ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠨ ᠲᠡᠮᠳᠡᠭᠯᠡᠬᠦ ᠪᠠᠶᠢᠭᠤᠯᠤᠮᠵᠢ ᠨᠢ ᠭᠠᠵᠠᠷ ᠰᠢᠷᠣᠢ ᠶᠢᠨ ᠬᠡᠷᠡᠭᠴᠡᠭᠡ ᠶᠢ ᠲᠣᠬᠢᠷᠠᠭᠤᠯᠬᠤ ᠪᠢᠴᠢᠭ ᠮᠠᠲ᠋ᠧᠷᠢᠶᠠᠯ ᠢ ᠦᠨᠳᠦᠰᠦᠯᠡᠨ ᠬᠠᠮᠢᠶ᠎ᠠ ᠪᠦᠬᠦᠢ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢ ᠭᠦᠢᠴᠡᠳᠬᠡᠨ᠎ᠡ ᠃ ᠬᠠᠮᠲᠤ ᠶᠢᠨ ᠭᠠᠵᠠᠷ ᠰᠢᠷᠣᠢ ᠶᠢᠨ ᠡᠷᠬᠡ ᠶᠢᠨ ᠬᠠᠷᠢᠶᠠᠯᠠᠯ ᠢ ᠲᠣᠬᠢᠷᠠᠭᠤᠯᠬᠤ ᠳᠤ ᠬᠤᠯᠪᠣᠭᠳᠠᠪᠠᠯ ᠂ ᠳᠡᠰ ᠳᠠᠷᠠᠭᠠᠯᠠᠯ ᠤᠨ ᠶᠣᠰᠣᠭᠠᠷ ᠡᠷᠬᠡ ᠠᠰᠢᠭ ᠤᠨ ᠡᠯ᠎ᠡ ᠲᠠᠯ᠎ᠠ ᠶᠢ ᠵᠣᠬᠢᠶᠠᠨ ᠪᠠᠶᠢᠭᠤᠯᠤᠨ ᠲᠣᠬᠢᠷᠠᠭᠤᠯᠤᠯᠲᠠ ᠶᠢᠨ ᠵᠥᠪᠯᠡᠯᠴᠡᠭᠡᠷ ᠲᠣᠭᠲᠠᠵᠤ ᠂ ᠦᠯᠦ ᠬᠥᠳᠡᠯᠬᠦ ᠬᠥᠷᠥᠩᠭᠡ ᠶᠢᠨ ᠳᠠᠩᠰᠠᠯᠠᠨ ᠲᠡᠮᠳᠡᠭᠯᠡᠬᠦ ᠪᠠᠶᠢᠭᠤᠯᠤᠮᠵᠢ ᠨᠢ ᠬᠠᠤᠯᠢ ᠶᠣᠰᠣᠭᠠᠷ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢ ᠭᠦᠢᠴᠡᠳᠬᠡᠬᠦ ᠬᠡᠷᠡᠭᠲᠡᠢ ᠃ ᠬᠤᠰᠢᠭᠤ ᠰᠢᠶᠠᠨ ︵ᠬᠤᠲᠠ ᠂ ᠲᠣᠭᠤᠷᠢᠭ ︶ ᠤ ᠠᠷᠠᠳ ᠤᠨ ᠵᠠᠰᠠᠭ ᠤᠨ ᠣᠷᠳᠣᠨ ᠨᠢ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠥᠷᠥᠯ ᠵᠦᠢᠯ ᠤᠨ ᠪᠠᠶᠢᠭ᠎ᠠ ᠭᠠᠵᠠᠷ ᠤᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠲᠠᠷᠢᠶᠠᠴᠢᠨ ᠮᠠᠯᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ ᠂ ᠵᠢᠭᠤᠷᠠᠯᠳᠤᠭᠠᠨ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ ᠃

      ᠭᠤᠷᠪᠠ ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ ᠠᠵᠢᠯ ᠤᠨ ᠬᠠᠮᠢᠶ᠎ᠠ ᠪᠦᠬᠦᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ

      ︵ᠠᠷᠪᠠᠨ ᠵᠢᠷᠭᠤᠭ᠎ᠠ ︶ ᠭᠠᠵᠠᠷ ᠰᠢᠷᠣᠢ ᠬᠡᠷᠡᠭᠯᠡᠬᠦ ᠲᠠᠯ᠎ᠠ ᠪᠠᠷ ᠵᠥᠷᠢᠶᠡᠴᠢᠯᠡᠭᠰᠡᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ ᠃ ᠡᠯ᠎ᠡ ᠭᠠᠵᠠᠷ ᠣᠷᠣᠨ ᠤ ᠬᠢᠨ ᠨᠡᠶᠢᠭᠡᠮ ᠤᠨ ᠬᠥᠷᠥᠩᠭᠡ ᠶᠢᠨ ᠣᠷᠣᠯᠴᠠᠭᠰᠠᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠥᠷᠥᠯ ᠵᠦᠢᠯ ᠳᠤ ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠣᠷᠣᠨ ᠪᠦᠰᠡ ᠶᠢᠨ ᠳᠣᠲᠣᠷᠠᠬᠢ ᠡᠯ᠎ᠡ ᠲᠥᠷᠥᠯ ᠤᠨ ᠬᠡᠷᠡᠭᠯᠡᠬᠦ ᠭᠠᠵᠠᠷ ᠤᠨ ᠪᠦᠲᠦᠴᠡ ᠂ ᠪᠠᠶᠢᠷᠢᠰᠢᠭᠤᠯᠤᠯᠲᠠ ᠪᠠ ᠴᠠᠭ ᠤᠨ ᠳᠠᠷᠠᠭᠠᠯᠠᠯ ᠢ ᠵᠣᠬᠢᠰᠲᠠᠢ ᠲᠣᠬᠢᠷᠠᠭᠤᠯᠬᠤ ᠬᠡᠷᠡᠭᠲᠡᠢ︔ ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠤᠨ ᠣᠷᠣᠨ ᠤ ᠳᠣᠲᠣᠷᠠᠬᠢ ᠭᠠᠵᠠᠷ ᠰᠢᠷᠣᠢ ᠶᠢ ᠠᠰᠢᠭᠯᠠᠨ ᠵᠢᠭᠤᠯᠴᠢᠯᠠᠯ ᠪᠠ ᠡᠷᠡᠭᠦᠯᠵᠢᠯ ᠰᠤᠪᠢᠯᠠᠯᠲᠠ ᠶᠢᠨ ᠦᠢᠯᠡᠴᠢᠯᠡᠭᠡᠨ ᠤ ᠠᠵᠤ ᠦᠢᠯᠡᠰ ᠢ ᠬᠥᠭᠵᠢᠭᠦᠯᠬᠦ ᠳᠤ ᠪᠡᠨ᠂ ᠲᠠᠲᠠᠪᠤᠷᠢᠯᠠᠬᠤ ᠦᠭᠡᠢ ᠪᠣᠯᠤᠭᠰᠠᠨ ᠴᠦ ᠪᠣᠯᠬᠤ ᠂ ᠰᠢᠯᠵᠢᠭᠦᠯᠦᠨ ᠬᠡᠷᠡᠭᠯᠡᠬᠦ ᠦᠭᠡᠢ ᠪᠠᠶᠢᠭᠰᠠᠨ ᠴᠦ ᠪᠣᠯᠬᠤ ᠨᠥᠬᠦᠴᠡᠯ ᠢ ᠬᠠᠩᠭᠠᠬᠤ ᠪᠠᠶᠢᠭᠠᠯᠢ ᠶᠢᠨ ᠦᠵᠡᠮᠦᠷᠢ ᠪᠣᠯᠭᠠᠨ ᠬᠡᠷᠡᠭᠯᠡᠬᠦ ᠭᠠᠵᠠᠷ ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠲᠠᠷᠢᠵᠦ ᠤᠷᠭᠤᠭᠤᠯᠬᠤ ᠂ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠭᠠᠵᠠᠷ ᠪᠠ ᠦᠵᠡᠮᠵᠢ ᠪᠠᠭ᠋ᠠᠷᠬᠠᠬᠤ ᠭᠠᠵᠠᠷ ᠂ ᠬᠥᠭᠦᠷᠭᠡᠨ ᠵᠠᠮ ᠪᠠᠶᠢᠭᠤᠯᠬᠤ ᠵᠡᠷᠭᠡ ᠥᠨᠢᠳᠡ ᠶᠢᠨ ᠴᠢᠨᠠᠷᠲᠠᠢ ᠪᠤᠰᠤ ᠳᠠᠭᠠᠯᠲᠠ ᠪᠡᠯᠡᠳᠬᠡᠮᠵᠢ ᠶᠢᠨ ᠬᠡᠷᠡᠭᠯᠡᠬᠦ ᠭᠠᠵᠠᠷ ᠢ ᠣᠲᠣ ᠶᠢᠨ ᠬᠡᠷᠡᠭᠴᠡᠭᠡ ᠪᠠᠷ ᠬᠠᠮᠢᠶᠠᠷᠴᠤ ᠂ ᠪᠣᠳᠠᠲᠠᠢ ᠠᠷᠭ᠎ᠠ ᠬᠡᠮᠵᠢᠶ᠎ᠡ ᠲᠣᠭᠲᠠᠭᠠᠨ ᠂ ᠡᠬᠡ ᠲᠠᠩᠰᠠ ᠶᠢᠨ ᠬᠠᠮᠢᠶᠠᠷᠤᠯᠲᠠ ᠳᠤ ᠣᠷᠣᠭᠤᠯᠵᠤ ᠂ ᠨᠡᠶᠢᠭᠡᠮ ᠤᠨ ᠬᠥᠷᠥᠩᠭᠡ ᠶᠢ ᠵᠢᠷᠤᠮᠵᠢᠭᠤᠯᠤᠨ ᠬᠡᠷᠡᠭᠯᠡᠭᠦᠯᠬᠦ ᠪᠠᠷ ᠵᠢᠯᠤᠭᠤᠳᠴᠤ ᠂ ᠲᠡᠳᠡᠨ ᠤ ᠵᠦᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠢ︔ ᠲᠥᠯᠥᠪᠦᠷᠢᠲᠡᠢ ᠰᠢᠯᠵᠢᠭᠦᠯᠬᠦ ᠂ ᠲᠦᠷᠢᠶᠡᠰᠦᠯᠡᠭᠦᠯᠬᠦ ᠠᠷᠭ᠎ᠠ ᠮᠠᠶ᠋ᠢᠭ ᠢᠶᠠᠷ ᠨᠡᠶᠢᠭᠡᠮ ᠤᠨ ᠬᠥᠷᠥᠩᠭᠡ ᠳᠤ ᠭᠠᠵᠠᠷ ᠰᠢᠷᠣᠢ ᠶᠢ ᠠᠮᠢᠳᠤᠯᠢᠭ ᠢᠶᠠᠷ ᠬᠠᠩᠭᠠᠬᠤ ᠶᠢ ᠵᠣᠷᠢᠭᠵᠢᠭᠤᠯᠵᠤ ᠂ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠬᠤᠰᠢᠭᠤ ᠰᠢᠶᠠᠨ ︵ᠬᠤᠲᠠ ᠂ ᠲᠣᠭᠤᠷᠢᠭ ︶ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠪᠠᠷ ᠬᠠᠩᠰᠢᠯᠠᠨ ᠪᠡᠯᠡ ᠭᠠᠷᠭᠠᠬᠤ ᠂ ᠬᠤᠪᠢ ᠣᠷᠣᠭᠤᠯᠬᠤ ᠠᠷᠭ᠎ᠠ ᠮᠠᠶ᠋ᠢᠭ ᠢᠶᠠᠷ ᠭᠠᠵᠠᠷ ᠰᠢᠷᠣᠢ ᠬᠠᠩᠭᠠᠵᠤ ᠂ ᠨᠡᠶᠢᠭᠡᠮ ᠤᠨ ᠬᠥᠷᠥᠩᠭᠡ ᠯᠦᠭᠡ ᠬᠠᠮᠲᠤ ᠪᠠᠷ ᠪᠡᠯᠡ ᠣᠷᠣᠭᠤᠯᠤᠨ ᠪᠦᠲᠦᠭᠡᠨ ᠪᠠᠶᠢᠭᠤᠯᠬᠤ ᠶᠢ ᠨᠢ ᠲᠡᠮᠵᠢᠨ᠎ᠡ ᠃

      ︵ᠠᠷᠪᠠᠨ ᠳᠣᠯᠤᠭ᠎ᠠ ︶ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠢ ᠭᠦᠢᠯᠭᠡᠭᠡᠨ ᠳᠤ ᠣᠷᠣᠭᠤᠯᠤᠨ᠎ᠠ ᠃ ᠡᠯ᠎ᠡ ᠭᠠᠵᠠᠷ ᠣᠷᠣᠨ ᠤ ᠬᠢᠨ ᠨᠡᠶᠢᠭᠡᠮ ᠤᠨ ᠬᠥᠷᠥᠩᠭᠡ ᠶᠢᠨ ᠣᠷᠣᠯᠴᠠᠭᠰᠠᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠰᠤᠯᠠᠯᠠᠵᠤ ᠭᠠᠷᠭᠠᠭᠰᠠᠨ ᠲᠥᠯᠦᠪᠵᠢᠭᠦᠯᠭᠡ ᠶᠢᠨ ᠬᠡᠪᠴᠢᠶᠡᠵᠢᠯ ᠪᠠ ᠡᠭᠦᠰᠦᠭᠰᠡᠨ ᠲᠠᠷᠢᠶᠠᠯᠠᠬᠤ ᠭᠠᠵᠠᠷ ᠢ ᠡᠵᠡᠯᠡᠵᠦ ᠨᠥᠬᠦᠪᠦᠷᠢᠯᠡᠬᠦ ᠶᠢ ᠲᠡᠩᠴᠡᠭᠦᠷᠢᠰᠢᠭᠦᠯᠦᠭᠰᠡᠨ ᠂ ᠨᠡᠮᠡᠭᠳᠡᠬᠦ ᠪᠠ ᠬᠠᠰᠤᠭᠳᠠᠬᠤ ᠶᠢ ᠬᠤᠯᠪᠣᠭᠳᠠᠭᠤᠯᠤᠭᠰᠠᠨ ᠵᠡᠷᠭᠡ ᠭᠦᠢᠴᠡᠳᠬᠡᠯ ᠲᠤᠭ᠎ᠠ ᠶᠢ ᠭᠦᠢᠴᠡᠳ ᠬᠡᠷᠡᠭᠯᠡᠬᠦ ᠶᠢ ᠵᠥᠪᠰᠢᠶᠡᠷᠡᠵᠦ ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠰᠡᠷᠭᠦᠭᠡᠨ ᠵᠠᠰᠠᠭᠠᠳ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠭᠰᠠᠨ ᠪᠠᠶᠢᠪᠠᠯ ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠤᠨ ᠭᠦᠢᠴᠡᠳᠬᠡᠯ ᠲᠤᠭ᠎ᠠ ᠪᠣᠯᠭᠠᠨ ᠬᠡᠷᠡᠭᠯᠡᠵᠦ ᠪᠣᠯᠣᠨ᠎ᠠ︔ ᠰᠡᠷᠭᠦᠭᠡᠨ ᠵᠠᠰᠠᠭᠠᠳ ᠤᠷᠳᠤ ᠬᠤᠭᠤᠴᠠᠭᠠᠨ ᠤ ᠪᠦᠳᠦᠮᠵᠢᠳᠡᠢ ᠲᠣᠭᠲᠠᠪᠤᠷᠢᠲᠠᠢ ᠠᠰᠢᠭᠯᠠᠬᠤ ᠲᠠᠷᠢᠶᠠᠯᠠᠬᠤ ᠭᠠᠵᠠᠷ ᠪᠤᠯᠭᠠᠨᠨᠰᠠᠨ ᠪᠣᠯ ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠲᠠᠷᠢᠶᠠᠯᠠᠬᠤ ᠭᠠᠵᠠᠷ ᠢ ᠡᠵᠡᠯᠡᠬᠦ ᠨᠥᠬᠦᠪᠦᠷᠢᠯᠡᠬᠦ ᠶᠢ ᠨᠢ ᠲᠡᠩᠴᠡᠭᠦᠷᠢᠰᠢᠭᠦᠯᠬᠦ ᠳᠤ ᠬᠡᠷᠡᠭᠯᠡᠵᠦ ᠪᠣᠯᠣᠨ᠎ᠠ︔ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠬᠦ ᠪᠠ ᠬᠠᠰᠤᠭᠳᠠᠬᠤ ᠶᠢ ᠬᠤᠯᠪᠣᠭᠳᠠᠭᠤᠯᠬᠤ ᠲᠦᠷᠦᠯ ᠵᠦᠢᠯ ᠤᠨ ᠬᠡᠷᠡᠭᠵᠢᠭᠦᠯᠬᠦ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ ᠂ ᠡᠭᠦᠰᠦᠭᠰᠡᠨ ᠨᠡᠮᠡᠭᠳᠡᠬᠦ ᠪᠠ ᠬᠠᠰᠤᠭᠳᠠᠬᠤ ᠶᠢ ᠬᠤᠯᠪᠣᠭᠳᠠᠭᠤᠯᠤᠭᠰᠠᠨ ᠭᠦᠢᠴᠡᠳᠬᠡᠯ ᠲᠤᠭ᠎ᠠ ᠶᠢ ᠣᠷᠣᠨ ᠤ ᠳᠣᠲᠣᠷ᠎ᠠ ᠡᠷᠭᠢᠯᠳᠦᠭᠦᠯᠦᠨ ᠠᠷᠠᠯᠵᠢᠶᠠᠯᠠᠵᠤ ᠪᠣᠯᠣᠨ᠎ᠠ ᠃ ᠨᠥᠬᠦᠪᠦᠷᠢ ᠲᠠᠷᠢᠶᠠᠯᠠᠬᠤ ᠭᠠᠵᠠᠷ ᠤᠨ ᠭᠦᠢᠴᠡᠳᠬᠡᠯ ᠲᠤᠭ᠎ᠠ ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠬᠦ ᠪᠠ ᠬᠠᠰᠤᠭᠳᠠᠬᠤ ᠶᠢ ᠬᠤᠯᠪᠣᠭᠳᠠᠭᠤᠯᠬᠤ ᠭᠦᠢᠴᠡᠳᠬᠡᠯ ᠲᠤᠭ᠎ᠠ ᠡᠭᠦᠰᠬᠦ ᠳᠤ ᠬᠤᠯᠪᠣᠭᠳᠠᠬᠤ ᠲᠦᠷᠦᠯ ᠵᠦᠢᠯ ᠪᠣᠯ ᠂ ᠰᠡᠷᠭᠦᠭᠡᠬᠦ ᠲᠥᠰᠥᠯ ᠢ ᠨᠠᠶᠢᠷᠠᠭᠤᠯᠤᠨ ᠵᠣᠬᠢᠶᠠᠬᠤ ᠳᠤ ᠪᠡᠨ ᠠᠰᠢᠭᠯᠠᠬᠤ ᠲᠥᠰᠥᠯ ᠪᠦᠬᠦᠢ ᠪᠦᠯᠦᠭ ᠬᠡᠰᠡᠭ ᠢ ᠠᠰᠲᠠᠭᠠᠨ ᠲᠣᠬᠢᠷᠠᠭᠤᠯᠵᠤ ᠂ ᠬᠠᠮᠢᠶ᠎ᠠ ᠪᠦᠬᠦᠢ ᠱᠠᠭᠠᠷᠳᠠᠯᠭ᠎ᠠ ᠶᠢ ᠲᠣᠳᠣᠷᠬᠠᠶᠢᠯᠠᠨ ᠂ ᠰᠡᠷᠭᠦᠭᠡᠬᠦ ᠲᠥᠰᠥᠯ ᠢ ᠳᠠᠭᠠᠯᠳᠤᠭᠤᠯᠵᠤ ᠬᠠᠮᠲᠤ ᠳᠤ  ᠨᠢ ᠬᠡᠷᠡᠭᠵᠢᠭᠦᠯᠬᠦ ᠪᠠ ᠰᠢᠯᠭᠠᠨ ᠠᠪᠤᠭᠤᠯᠬᠤ ᠪᠠᠷ ᠴᠣᠬᠤᠯᠠᠪᠤᠷᠢᠯᠠᠵᠤ ᠂ ᠳᠠᠭᠢᠵᠤ ᠲᠤᠰᠠᠭᠠᠷ ᠬᠢᠨᠠᠨ ᠵᠥᠪᠰᠢᠶᠡᠷᠡᠬᠦ ᠦᠭᠡᠢ ᠃ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠢ ᠭᠤᠷᠪᠠᠨ ᠲᠡᠰ ᠢᠶᠠᠷ ᠬᠠᠷᠭᠤᠭᠤᠯᠤᠨ ᠲᠣᠭᠲᠠᠭᠠᠬᠤ ᠪᠠ ᠲᠠᠷᠢᠶᠠᠯᠠᠬᠤ ᠭᠠᠵᠠᠷ ᠢ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠭᠦᠢᠴᠡᠳᠬᠡᠯ ᠲᠤᠭ᠎ᠠ ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠬᠦ ᠪᠠ ᠬᠠᠰᠤᠭᠳᠠᠬᠤ ᠶᠢ ᠬᠤᠯᠪᠣᠭᠳᠠᠭᠤᠯᠬᠤ  ᠭᠦᠢᠴᠡᠳᠬᠡᠯ ᠲᠤᠭ᠎ᠠ ᠶᠢ ᠬᠥᠮᠥᠷᠭᠡ ᠳᠤ ᠣᠷᠣᠭᠤᠯᠤᠨ ᠬᠠᠮᠢᠶᠠᠷᠬᠤ ᠪᠠ ᠠᠷᠠᠯᠵᠢᠶᠠᠯᠠᠬᠤ ᠵᠡᠷᠭᠡ ᠵᠠᠯᠭᠠᠮᠵᠢ ᠶᠢᠨ ᠠᠵᠢᠯ ᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ ᠃

      ︵ᠠᠷᠪᠠᠨ ᠨᠠᠢᠮᠠ ︶ ᠰᠢᠷᠣᠢ ᠴᠢᠯᠠᠭᠤᠨ ᠮᠠᠲ᠋ᠧᠷᠢᠶᠠᠯ ᠢ ᠵᠣᠬᠢᠰᠲᠠᠢ ᠠᠰᠢᠭᠯᠠᠨ᠎ᠠ ᠃ ᠡᠯ᠎ᠡ ᠭᠠᠵᠠᠷ ᠣᠷᠣᠨ ᠤ  ᠬᠢᠨ ᠨᠡᠶᠢᠭᠡᠮ ᠤᠨ ᠬᠥᠷᠥᠩᠭᠡ ᠶᠢᠨ ᠣᠷᠣᠯᠴᠠᠭᠰᠠᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠤᠨ ᠶᠠᠪᠤᠴᠠ ᠳᠤ ᠰᠢᠨ᠎ᠡ ᠪᠠᠷ ᠪᠤᠢ ᠪᠣᠯᠤᠭᠰᠠᠨ ᠰᠢᠷᠣᠢ ᠴᠢᠯᠠᠭᠤᠨ ᠮᠠᠲ᠋ᠧᠷᠢᠶᠠᠯ ᠵᠢᠴᠢ ᠤᠭ ᠭᠠᠵᠠᠷ ᠲᠠᠬᠢ ᠦᠯᠡᠳᠡᠭᠳᠡᠯ ᠰᠢᠷᠣᠢ ᠴᠢᠯᠠᠭᠤᠨ ᠮᠠᠲ᠋ᠧᠷᠢᠶᠠᠯ ᠂ ᠭᠤᠣᠯ ᠮᠥᠷᠡᠨ ᠨᠠᠭᠤᠷ ᠴᠥᠭᠦᠷᠥᠮ ᠤᠨ ᠰᠢᠪᠠᠷ ᠰᠢᠷᠣᠢ ᠶᠢ ᠴᠡᠪᠡᠷᠯᠡᠵᠦ ᠯᠠᠶᠢᠳᠠᠵᠤ ᠨᠡᠪᠲᠡᠷᠡᠭᠦᠯᠦᠭᠡᠳ ᠡᠭᠦᠰᠦᠭᠰᠡᠨ ᠨᠦᠯᠦᠮᠡᠯ ᠰᠢᠪᠠᠷ ᠂ ᠡᠯᠡᠰᠦ ᠰᠢᠪᠠᠷ ᠵᠢᠴᠢ ᠴᠢᠨᠠᠷ ᠰᠠᠶᠢᠲᠠᠢ ᠦᠩᠬᠡᠨ ᠬᠥᠷᠥᠰᠥ ᠪᠠ ᠨᠤᠲᠤᠭ ᠤᠨ ᠤᠷᠭᠤᠮᠠᠯ ᠢ ᠲᠤᠰ ᠰᠡᠷᠭᠦᠭᠡᠬᠦ ᠢᠨᠵᠧᠨᠧᠷᠢᠩ ᠳᠤ ᠲᠥᠯᠥᠪᠦᠷᠢ ᠦᠭᠡᠢ ᠪᠠᠷ ᠬᠡᠷᠡᠭᠯᠡᠭᠦᠯᠬᠦ ᠶᠢ ᠵᠥᠪᠰᠢᠶᠡᠷᠡᠵᠦ ᠂ ᠥᠷᠲᠡᠭ ᠤᠨ ᠬᠠᠮᠢᠶᠠᠷᠤᠯᠲᠠ ᠳᠤ ᠣᠷᠣᠭᠤᠯᠤᠨ ᠂ ᠦᠨᠡᠨ ᠬᠦ ᠦᠯᠡᠳᠡᠪᠦᠷᠢ ᠲᠠᠢ ᠪᠣᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠣᠷᠣᠭᠤᠯᠵᠤ ᠂ ᠣᠷᠣᠯᠭ᠎ᠠ ᠵᠠᠷᠤᠯᠭ᠎ᠠ ᠶᠢ ᠠᠰ ᠲᠤ  ᠨᠢ ᠪᠤᠳᠤᠵᠦ ᠬᠡᠷᠡᠭᠵᠢᠭᠦᠯᠦᠨ ᠂ ᠰᠡᠷᠭᠦᠭᠡᠬᠦ ᠵᠥᠪᠯᠡᠯᠴᠡᠭᠡᠷ ᠲᠣᠭᠲᠠᠬᠤ ᠦᠶ᠎ᠡ ᠳᠤ ᠪᠡᠨ ᠲᠣᠳᠣᠷᠬᠠᠶᠢᠯᠠᠬᠤ ᠬᠡᠷᠡᠭᠲᠡᠢ ᠃ ᠰᠢᠷᠣᠢ ᠴᠢᠯᠠᠭᠤᠨ ᠮᠠᠲ᠋ᠧᠷᠢᠶᠠᠯ ᠢ ᠠᠰᠢᠭᠯᠠᠬᠤ ᠳᠤ ᠬᠤᠯᠪᠣᠭᠳᠠᠭᠰᠠᠨ ᠪᠠᠶᠢᠪᠠᠯ ᠂ ᠰᠡᠷᠭᠦᠭᠡᠬᠦ ᠲᠥᠰᠥᠯ ᠢ ᠨᠠᠶᠢᠷᠠᠭᠤᠯᠤᠨ ᠵᠣᠬᠢᠶᠠᠬᠤ ᠳᠤ ᠪᠡᠨ ᠠᠰᠢᠭᠯᠠᠬᠤ ᠲᠥᠰᠥᠯ ᠪᠦᠬᠦᠢ ᠪᠦᠯᠦᠭ ᠬᠡᠰᠡᠭ ᠢ ᠠᠰᠲᠠᠭᠠᠨ ᠲᠣᠬᠢᠷᠠᠭᠤᠯᠤᠨ ᠂ ᠬᠠᠮᠢᠶ᠎ᠠ ᠪᠦᠬᠦᠢ ᠱᠠᠭᠠᠷᠳᠠᠯᠭ᠎ᠠ ᠶᠢ ᠲᠣᠳᠣᠷᠬᠠᠶᠢᠯᠠᠵᠤ ᠂ ᠰᠡᠷᠭᠦᠭᠡᠬᠦ ᠲᠥᠰᠥᠯ ᠢ ᠳᠠᠭᠠᠯᠳᠤᠭᠤᠯᠤᠨ ᠬᠠᠮᠲᠤ ᠪᠠᠷ ᠬᠠᠷᠢᠭᠤ ᠴᠣᠬᠤᠯᠲᠠ ᠥᠭᠴᠦ ᠬᠡᠷᠡᠭᠵᠢᠭᠦᠯᠦᠨ ᠂ ᠳᠠᠭᠢᠵᠤ ᠠᠰ ᠲᠤ  ᠨᠢ ᠬᠢᠨᠠᠨ ᠵᠥᠪᠰᠢᠶᠡᠷᠡᠭᠦᠯᠬᠦ ᠦᠭᠡᠢ ᠃

      ︵ᠠᠷᠪᠠ ᠶᠢᠰᠦ ︶ ᠣᠢ ᠮᠣᠳᠣᠨ ᠤ ᠬᠠᠮᠢᠶᠠᠷᠤᠯᠲᠠ ᠶᠢᠨ ᠲᠣᠭᠲᠠᠴᠠ ᠳᠤ ᠰᠢᠨ᠎ᠡ ᠶᠢ ᠡᠭᠦᠳᠦᠨ᠎ᠡ ᠃ ᠡᠯ᠎ᠡ ᠭᠠᠵᠠᠷ ᠣᠷᠣᠨ ᠤ ᠬᠢᠨ ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠤᠨ ᠪᠠᠶᠢᠭᠤᠯᠤᠭᠰᠠᠨ ᠠᠮᠢ ᠠᠬᠤᠢ ᠶᠢᠨ ᠣᠶ ᠵᠡᠷᠭᠡ ᠶᠢᠨ ᠵᠠᠯᠭᠠᠯᠳᠤᠭᠰᠠᠨ ᠲᠠᠯᠠᠪᠠᠶ ᠨᠢ ᠵᠣᠬᠢᠬᠤ ᠬᠡᠪᠴᠢᠶᠡᠵᠢᠯ ᠪᠠ ᠵᠢᠱᠢᠭᠰᠡᠨ ᠬᠠᠷᠠᠯᠲᠠ ᠳᠤ ᠬᠦᠷᠦᠭᠰᠡᠨ ᠪᠠᠶᠢᠪᠠᠯ ᠂ ᠲᠥᠷᠥᠯ ᠵᠦᠢᠯ ᠤᠨ ᠣᠷᠣᠨ ᠤ ᠳᠣᠲᠣᠷᠠᠬᠢ ᠶᠡᠷᠦᠩᠬᠡᠢ ᠰᠡᠷᠭᠦᠭᠡᠨ ᠵᠠᠰᠠᠭᠰᠠᠨ ᠲᠠᠯᠠᠪᠠᠶ ᠶᠢᠨ 1% ᠠᠴᠠ ᠬᠡᠲᠦᠷᠡᠭᠦᠯᠬᠦ ᠦᠭᠡᠢ ᠰᠡᠷᠭᠦᠭᠡᠨ ᠵᠠᠰᠠᠬᠤ ᠲᠠᠯᠠᠪᠠᠢ ᠶᠢ ᠠᠰᠢᠭᠯᠠᠵᠤ ᠪᠠᠶᠢᠭᠠᠳ ᠠᠮᠢ ᠠᠬᠤᠢ ᠶᠢᠨ ᠠᠵᠤ ᠦᠢᠯᠡᠰ ᠲᠤ ᠬᠡᠷᠡᠭᠯᠡᠬᠦ ᠭᠠᠵᠠᠷ ᠪᠣᠯᠭᠠᠵᠤ ᠂ ᠵᠤᠭᠠᠴᠠᠨ ᠦᠵᠡᠬᠦ ᠪᠠ ᠰᠡᠯᠡᠭᠦᠴᠡᠨ ᠠᠮᠠᠷᠠᠬᠤ ᠵᠢᠭᠤᠯᠴᠢᠯᠠᠯ ᠂ ᠡᠳ᠋ᠰᠢᠭᠦᠯᠵᠦ ᠭᠦᠢᠯᠭᠡᠭᠡᠬᠦ ᠵᠡᠷᠭᠡ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠦᠨ ᠂ ᠬᠠᠤᠯᠢ ᠶᠣᠰᠣᠭᠠᠷ ᠬᠠᠮᠢᠶ᠎ᠠ ᠪᠦᠬᠦᠢ ᠭᠠᠷᠳᠠᠮ ᠢ ᠭᠦᠢᠴᠡᠳᠬᠡᠵᠦ ᠪᠣᠯᠣᠨ᠎ᠠ ᠃ ᠨᠡᠶᠢᠭᠡᠮ ᠤᠨ ᠬᠥᠷᠥᠩᠭᠡ ᠶᠢᠨ ᠤᠷᠤᠯᠴᠬᠠᠰᠠᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠬᠤ ᠬᠡᠷᠡᠭᠴᠡᠭᠡ ᠪᠠ ᠠᠮᠢ ᠠᠬᠤᠢ ᠶᠢᠨ ᠠᠵᠤ ᠦᠢᠯᠡᠰ ᠨᠢ ᠣᠶᠢᠲᠤ ᠭᠠᠵᠠᠷ ᠪᠠ ᠣᠶ ᠮᠣᠳᠣ ᠶᠢ ᠣᠭᠲᠣᠯᠬᠤ ᠳᠤ ᠬᠤᠯᠪᠣᠭᠳᠠᠭᠰᠠᠨ ᠪᠠᠶᠢᠪᠠᠯ ᠂ ᠣᠶᠢᠲᠤ ᠭᠠᠵᠠᠷ ᠤᠨ ᠲᠣᠭᠲᠠᠭᠰᠠᠨ ᠨᠣᠷᠮ᠎ᠠ ᠵᠢᠴᠢ ᠣᠶ ᠮᠣᠳᠣ ᠣᠭᠲᠣᠯᠬᠤ ᠬᠢᠵᠠᠭᠠᠷ ᠲᠤᠭ᠎ᠠ ᠶᠢ ᠤᠷᠢᠳ ᠢᠶᠠᠷ ᠪᠠᠲᠤᠯᠠᠭᠰᠠᠨ ᠪᠠᠶᠢᠬᠤ ᠬᠡᠷᠡᠭᠲᠡᠢ ᠃ ᠣᠶᠢᠲᠤ ᠭᠠᠵᠠᠷ ᠂ ᠣᠶ ᠮᠣᠳᠣ ᠶᠢ ᠰᠢᠯᠵᠢᠭᠦᠯᠦᠨ ᠡᠷᠭᠢᠯᠳᠦᠭᠦᠯᠬᠦ ᠳᠦᠷᠢᠮ ᠤᠨ ᠪᠠᠶᠢᠭᠤᠯᠤᠯᠲᠠ ᠶᠢ ᠲᠦᠷᠭᠡᠳᠬᠡᠵᠦ ᠂ ᠰᠢᠯᠵᠢᠭᠦᠯᠦᠨ ᠡᠷᠭᠢᠯᠳᠦᠭᠦᠯᠬᠦ ᠪᠠ ᠡᠵᠡᠩᠨᠡᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠬᠦ ᠶᠢ ᠵᠣᠷᠢᠭᠵᠢᠭᠤᠯᠵᠤ ᠂ ᠥᠮᠴᠢᠯᠡᠬᠦ ᠡᠷᠬᠡ ᠶᠢᠨ ᠠᠷᠠᠯᠵᠢᠶᠠᠯᠠᠬᠤ ᠲᠠᠪᠴᠠᠩ ᠢ ᠪᠠᠶᠢᠭᠤᠯᠤᠨ ᠪᠦᠷᠢᠨᠰᠢᠭᠦᠯᠵᠦ ᠂ ᠢᠯᠡ ᠵᠠᠬ᠎ᠠ ᠳᠡᠯᠭᠡᠭᠦᠷ ᠤᠨ ᠠᠷᠠᠯᠵᠢᠶ᠎ᠠ ᠶᠢ ᠳᠡᠮᠵᠢᠵᠦ ᠂ ᠣᠶ ᠰᠢᠭᠤᠢ ᠶᠢᠨ ᠡᠷᠬᠡ ᠶᠢ ᠡᠮᠬᠢ ᠵᠢᠷᠤᠮ ᠲᠠᠢ ᠪᠠᠷ ᠰᠢᠯᠵᠢᠭᠦᠯᠦᠨ ᠡᠷᠭᠢᠯᠳᠦᠭᠦᠯᠬᠦ ᠶᠢ ᠪᠠᠲᠤᠯᠠᠬᠤ ᠬᠡᠷᠡᠭᠲᠡᠢ ᠃ ᠠᠮᠢ ᠠᠬᠤᠢ ᠶᠢᠨ ᠴᠢᠳᠠᠮᠵᠢ ᠶᠢ ᠡᠪᠳᠡᠬᠦ ᠦᠭᠡᠢ ᠂ ᠠᠮᠢ ᠠᠬᠤᠢ ᠶᠢᠨ ᠨᠡᠶᠢᠲᠡ ᠶᠢᠨ ᠠᠰᠠᠷᠠᠮᠵᠢ ᠶᠢᠨ ᠣᠶ ᠶᠢᠨ ᠰᠢᠨᠵᠢ ᠴᠢᠨᠠᠷ ᠢ ᠬᠤᠪᠢᠷᠠᠭᠤᠯᠬᠤ ᠦᠭᠡᠢ ᠪᠠᠶᠢᠬᠤ ᠤᠷᠢᠲᠠᠯ ᠳᠣᠣᠷ᠎ᠠ ᠂ ᠳᠠᠭᠠᠭᠠᠴᠢᠯᠠᠬᠤ ᠂ ᠪᠡᠯᠡ ᠨᠡᠶᠢᠯᠡᠭᠦᠯᠦᠨ ᠬᠤᠷᠰᠢᠬᠤ ᠂ ᠲᠦᠷᠢᠶᠡᠰᠦᠯᠡᠭᠦᠯᠬᠦ ᠠᠷᠭ᠎ᠠ ᠮᠠᠶ᠋ᠢᠭ ᠢ ᠠᠪᠴᠤ ᠣᠶ ᠶᠢᠨ ᠬᠤᠷᠮᠣᠢ ᠶᠢᠨ ᠲᠠᠷᠢᠵᠤ ᠲᠡᠵᠢᠭᠡᠬᠦ ᠦᠢᠯᠡᠰ ᠪᠠ ᠣᠶ ᠰᠢᠭᠤᠢ ᠶᠢᠨ ᠵᠢᠭᠤᠯᠴᠢᠯᠠᠯ ᠤᠨ ᠦᠢᠯᠡᠰ ᠢ ᠬᠥᠭᠵᠢᠭᠦᠯᠵᠦ ᠪᠣᠯᠣᠨ᠎ᠠ ᠃

      ︵ᠬᠤᠷᠢ ︶ ᠨᠡᠭᠦᠷᠡᠰᠦᠲᠥ᠋ᠷᠥᠭᠴᠢ ᠬᠤᠷᠠᠭᠤᠯᠬᠤ ᠦᠢᠯᠡᠳᠬᠦᠨ ᠤ ᠥᠷᠲᠡᠭ ᠢ ᠪᠡᠶᠡᠯᠡᠭᠦᠯᠬᠦ ᠵᠠᠭᠪᠤᠷ ᠢ ᠰᠦᠪᠡᠭᠴᠢᠯᠡᠨ᠎ᠡ ᠃ ᠨᠡᠶᠢᠭᠡᠮ ᠤᠨ ᠬᠥᠷᠥᠩᠭᠡ ᠶᠢ ᠵᠣᠷᠢᠭᠵᠢᠭᠤᠯᠵᠤ ᠪᠠᠶᠢᠭᠠᠳ ᠣᠶ ᠰᠢᠭᠤᠢ ᠂ ᠨᠤᠲᠤᠭ ᠪᠡᠯᠴᠢᠭᠡᠷ ᠂ ᠨᠤᠭᠤ ᠭᠠᠵᠠᠷ ᠵᠡᠷᠭᠡ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠳᠤ ᠪᠡᠯᠡ ᠤᠷᠤᠭᠤᠯᠬᠤ ᠶᠠᠪᠤᠴᠠ ᠳᠤ ᠪᠡᠨ ᠨᠡᠭᠦᠷᠡᠰᠦᠲᠥ᠋ᠷᠥᠭᠴᠢ ᠬᠤᠷᠠᠭᠤᠯᠬᠤ ᠲᠥᠷᠥᠯ ᠵᠦᠢᠯ ᠢ ᠨᠡᠭᠡᠭᠡᠨ ᠬᠥᠭᠵᠢᠭᠦᠯᠵᠦ ᠂ ᠨᠡᠭᠦᠷᠡᠰᠦᠲᠥ᠋ᠷᠥᠭᠴᠢ ᠬᠤᠷᠠᠭᠤᠯᠬᠤ ᠦᠢᠯᠡᠳᠬᠦᠨ ᠢ ᠨᠡᠭᠡᠭᠡᠨ ᠬᠥᠭᠵᠢᠭᠦᠯᠬᠦ ᠡᠷᠴᠢᠮ ᠢ ᠴᠢᠩᠭᠠᠷᠠᠭᠤᠯᠤᠨ ᠂ ᠤᠯᠤᠰ ᠤᠨ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠰᠠᠶᠢᠨ ᠳᠤᠷ᠎ᠠ ᠠᠴᠠ ᠪᠡᠨ ᠪᠠᠭᠠᠰᠬᠠᠬᠤ ᠲᠥᠷᠥᠯ ᠵᠦᠢᠯ ᠢ ᠭᠤᠶᠤᠴᠢᠯᠠᠬᠤ ᠪᠠ ᠰᠠᠶᠢᠨ ᠳᠤᠷ᠎ᠠ ᠠᠴᠠ ᠪᠠᠨ ᠭᠠᠳᠠᠭᠰᠢᠯᠠᠭᠤᠯᠤᠯᠲᠠ ᠶᠢ ᠪᠠᠭᠠᠰᠬᠠᠬᠤ ᠬᠡᠮᠵᠢᠶ᠎ᠡ ︵CCER ︶ ᠶᠢ ᠬᠢᠨᠠᠨ ᠬᠠᠷᠭᠤᠭᠤᠯᠵᠤ ᠪᠦᠷᠢᠳᠬᠡᠨ ᠳᠠᠩᠰᠠᠯᠠᠭᠤᠯᠵᠤ ᠂ ᠪᠥᠬᠦ ᠤᠯᠤᠰ ᠤᠨ ᠨᠡᠭᠦᠷᠡᠰᠦᠲᠥ᠋ᠷᠥᠭᠴᠢ ᠶᠢ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠳᠤ ᠣᠷᠣᠯᠴᠠᠨ ᠂ ᠠᠮᠢ ᠠᠬᠤᠢ ᠶᠢᠨ ᠦᠢᠯᠡᠳᠬᠦᠨ ᠤ ᠥᠷᠲᠡᠭ ᠢ ᠨᠢ ᠥᠷᠭᠡᠳᠬᠡᠬᠦ ᠪᠠᠷ ᠳᠠᠮᠵᠢᠭᠤᠯᠤᠨ ᠬᠡᠪᠴᠢᠶᠡᠵᠢᠯ ᠢ ᠨᠢ ᠪᠡᠶᠡᠯᠡᠭᠦᠯᠵᠦ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠲᠣᠭᠲᠠᠪᠤᠷᠢᠵᠢᠭᠤᠯᠬᠤ ᠴᠢᠳᠠᠪᠤᠷᠢ ᠶᠢ ᠮᠡᠳᠡᠭᠳᠡᠬᠦᠶᠢᠴᠡ ᠳᠡᠭᠡᠭᠰᠢᠯᠡᠭᠦᠯᠦᠨ᠎ᠡ ᠃

      ︵ᠬᠤᠷᠢᠨ ᠨᠢᠭᠡ ︶ ᠡᠳ᠋ ᠤᠨ ᠵᠠᠰᠠᠭ ᠤᠨ ᠬᠥᠲᠥᠯᠥᠨ ᠵᠢᠯᠤᠭᠤᠳᠬᠤ ᠪᠠ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ ᠃ ᠲᠣᠭᠲᠠᠮᠠᠯ ᠡᠵᠡᠩᠨᠡᠯᠲᠡ ᠶᠢᠨ ᠴᠢᠨᠠᠷᠲᠠᠢ ᠣᠷᠣᠯᠭ᠎ᠠ ᠲᠠᠢ ᠳᠥᠷᠦᠯ ᠵᠦᠢᠯ ᠳᠤ ᠂ ᠠᠶᠢᠮᠠᠭ ᠤᠨ ᠵᠠᠬᠢᠷᠭ᠎ᠠ ᠂ ᠬᠤᠳᠡ ᠶᠢᠨ ᠠᠷᠠᠳ ᠤᠨ ᠵᠠᠰᠠᠭ ᠤᠨ ᠣᠷᠳᠣᠨ ᠂ ᠬᠤᠰᠢᠭᠤ ᠰᠢᠶᠠᠨ ︵ᠬᠤᠳᠡ ᠂ ᠲᠣᠭᠤᠷᠢᠭ ︶ ᠤ ᠠᠷᠠᠳ ᠤᠨ ᠵᠠᠰᠠᠭ ᠤᠨ ᠣᠷᠳᠣᠨ ᠢ ᠵᠣᠷᠢᠭᠵᠢᠭᠤᠯᠵᠤ ᠪᠠᠶᠢᠭᠠᠳ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ︵PPP ︶ ᠵᠡᠷᠭᠡ ᠵᠠᠭᠪᠤᠷ ᠢᠶᠠᠷ ᠳᠠᠮᠵᠢᠭᠤᠯᠤᠨ ᠂ ᠨᠡᠶᠢᠭᠡᠮ ᠤᠨ ᠬᠥᠷᠥᠩᠭᠡ ᠶᠢ ᠣᠷᠣᠭᠤᠯᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠢ ᠥᠷᠨᠢᠭᠦᠯᠵᠦ ᠂ ᠨᠥᠬᠦᠴᠡᠯ ᠳᠤ ᠨᠡᠶᠢᠴᠡᠬᠦ ᠳᠤ  ᠨᠢ ᠲᠣᠭᠲᠠᠭᠠᠯ ᠶᠣᠰᠣᠭᠠᠷ ᠣᠷᠴᠢᠨ ᠲᠣᠭᠤᠷᠢᠨ ᠢ ᠬᠠᠮᠠᠭᠠᠯᠠᠬᠤ ᠂ ᠡᠨᠧᠷᠭᠢ ᠠᠷᠪᠢᠯᠠᠵᠤ ᠤᠰᠤ ᠭᠠᠮᠨᠠᠬᠤ ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠦᠷᠲᠡᠭᠡᠵᠦ ᠪᠣᠯᠣᠨ᠎ᠠ ᠃ ᠨᠡᠶᠢᠭᠡᠮ ᠤᠨ ᠬᠥᠷᠥᠩᠭᠡ ᠶᠢᠨ ᠣᠷᠣᠯᠴᠠᠭᠰᠠᠨ ᠣᠶ ᠰᠢᠭᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠵᠢᠭᠡᠯᠡᠯᠭᠡ ᠳᠤ ᠳᠠᠮ ᠬᠦᠦ ᠮᠥᠩᠭᠦ ᠥᠭᠬᠦ ᠂ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ ᠬᠠᠰᠤᠵᠤ ᠬᠡᠯᠲᠦᠷᠢᠭᠦᠯᠬᠦ ᠂ ᠣᠶ ᠰᠢᠭᠤᠢ ᠶᠢᠨ ᠳᠠᠭᠠᠳᠬᠠᠯ ᠤᠨ ᠵᠠᠷᠤᠳᠠᠯ ᠤᠨ ᠨᠡᠮᠡᠭᠦᠷᠢ ᠶᠢ ᠬᠦᠷᠲᠡᠭᠡᠵᠦ ᠂ ᠤᠢ ᠰᠢᠭᠤᠢ ᠶᠢᠨ ᠦᠢᠯᠡᠰ ᠤᠨ ppp ᠲᠥᠷᠥᠯ ᠵᠦᠢᠯ ᠤᠨ ᠲᠦᠭᠰᠢᠭᠦᠷᠢ ᠶᠢ ᠪᠠᠭᠤᠷᠠᠭᠤᠯᠵᠤ ᠂ ᠲᠥᠷᠥᠯ ᠵᠦᠢᠯ ᠤᠨ ᠠᠰᠢᠭ ᠣᠯᠵᠠᠪᠤᠷᠢ ᠶᠢᠨ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ ᠃ ᠲᠠᠷᠢᠶᠠᠯᠠᠩ ᠤᠨ ᠡᠵᠡᠩᠨᠡᠯᠲᠡ ᠳᠤ ᠨᠡᠶᠢᠭᠡᠮ ᠤᠨ ᠬᠥᠷᠥᠩᠭᠡ ᠣᠷᠣᠯᠴᠠᠭᠰᠠᠨ ᠪᠠᠶᠢᠪᠠᠯ ᠂ ᠲᠣᠭᠲᠠᠭᠠᠯ‌‍ᠶᠣᠰᠣᠭᠠᠷ ᠦᠢᠯᠡᠳᠪᠦᠷᠢᠯᠡᠭᠴᠢ ᠶᠢᠨ ᠨᠡᠮᠡᠭᠦᠷᠢ ᠂ ᠲᠠᠷᠢᠶᠠᠯᠠᠩ ᠤᠨ ᠵᠢᠭᠡᠯᠡᠯᠭᠡ ᠶᠢᠨ ᠳᠠᠮ ᠬᠦᠦ ᠶᠢᠨ ᠨᠥᠬᠦᠪᠦᠷᠢ ᠪᠠ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠡᠮᠡᠭᠦᠷᠢ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠵᠦ ᠪᠣᠯᠣᠨ᠎ᠠ 

      ᠳᠥᠷᠪᠡ ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠡᠨ ᠴᠢᠩᠭᠠᠳᠬᠠᠨ᠎ᠠ

      ︵ᠬᠤᠷᠢᠨ ᠬᠤᠶᠠᠷ ︶ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠎ᠠ ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠣᠰ ᠵᠠᠰᠠᠭ ᠵᠠᠬᠢᠷᠭᠠᠨ ᠤ ᠣᠷᠣᠨ ᠪᠦᠰᠡ ᠶᠢᠨ ᠳᠣᠲᠣᠷᠠᠬᠢ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠰᠢᠮᠳᠠᠭᠤᠯᠤᠨ ᠠᠬᠢᠭᠤᠯᠵᠤ ᠂ ᠪᠠᠶᠢᠭᠠᠯᠢ ᠶᠢᠨ ᠡᠬᠢ ᠪᠠᠶᠠᠯᠢᠭ ᠂ ᠬᠥᠭᠵᠢᠭᠦᠯᠦᠯᠲᠡ ᠪᠠ ᠥᠭᠡᠷᠡᠴᠢᠯᠡᠯᠲᠡ ᠂ ᠠᠮᠢ ᠠᠬᠤᠢ ᠣᠷᠴᠢᠨ ᠲᠣᠭᠤᠷᠢᠨ ᠂ ᠤᠰᠤᠨ ᠠᠰᠢᠭᠯᠠᠯᠲᠠ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠂ ᠡᠨᠧᠷᠭᠢ ᠂ ᠣᠶ ᠰᠢᠭᠤᠢ ᠪᠠ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ᠣᠷᠣᠯᠴᠠᠭᠰᠠᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ ᠂ ᠠᠵᠢᠯ ᠤᠨ ᠶᠠᠪᠤᠴᠠ ᠳᠠᠬᠢ ᠴᠢᠬᠤᠯᠠ ᠶᠡᠭᠡ ᠵᠦᠢᠯᠡᠰ ᠪᠠ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ ᠃

      ︵ᠬᠤᠷᠢᠨ ᠭᠤᠷᠪᠠ ︶ ᠵᠢᠱᠢᠶ᠎ᠡ ᠦᠵᠡᠭᠦᠯᠦᠨ ᠬᠥᠲᠥᠯᠥᠨ ᠵᠢᠯᠤᠭᠤᠳᠬᠤ ᠪᠡᠨ ᠴᠢᠩᠭᠠᠳᠬᠠᠨ᠎ᠠ ᠃ ᠡᠯ᠎ᠡ ᠭᠠᠵᠠᠷ ᠣᠷᠣᠨ ᠨᠢ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠂ ᠭᠤᠣᠯᠳᠠᠯᠭ᠎ᠠ ᠲᠠᠢ ᠭᠠᠵᠠᠷ ᠣᠷᠣᠨ ᠳᠤ ᠪᠡᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ ᠲᠠᠯ᠎ᠠ ᠪᠠᠷ ᠲᠦᠷᠦᠯ ᠵᠦᠢᠯ ᠤᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠢᠨᠵᠧᠨᠧᠷᠢᠩ ᠭᠠᠷᠭᠠᠬᠤ ᠶᠢ ᠵᠣᠷᠢᠭᠵᠢᠭᠤᠯᠵᠤ ᠂ ᠵᠢᠱᠢᠶ᠎ᠡ ᠦᠵᠡᠭᠦᠯᠵᠦ ᠬᠥᠲᠥᠯᠥᠨ ᠵᠢᠯᠤᠭᠤᠳᠬᠤ ᠪᠡᠨ ᠴᠢᠩᠭᠠᠷᠠᠭᠤᠯᠤᠨ ᠂ ᠲᠤᠷᠰᠢᠯᠭ᠎ᠠ ᠠᠷᠭ᠎ᠠ ᠬᠢᠳᠡᠯ ᠢ ᠰᠦᠪᠡᠭᠴᠢᠯᠡᠨ᠎ᠡ ᠃ ᠲᠥᠪ ᠠᠵᠤ ᠠᠬᠤᠶᠢᠯᠠᠯ ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠵᠡᠷᠭᠡ ᠨᠢᠷᠤᠭᠤᠪᠴᠢ ᠠᠵᠤ ᠠᠬᠤᠶᠢᠯᠠᠯ ᠤᠨ ᠲᠦᠷᠦᠭᠦᠯᠡᠨ ᠬᠢᠵᠦ ᠬᠥᠲᠥᠯᠥᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ ᠂ ᠨᠤᠲᠤᠭ ᠤᠨ ᠠᠵᠤ ᠠᠬᠤᠶᠢᠯᠠᠯ ᠤᠨ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ ᠂ ᠡᠯ᠎ᠡ ᠲᠦᠷᠦᠯ ᠤᠨ ᠬᠥᠷᠥᠩᠭᠡ ᠪᠠ ᠠᠵᠤ ᠦᠢᠯᠡᠰ ᠤᠨ ᠬᠠᠮᠵᠢᠯᠴᠠᠭ᠎ᠠ ᠶᠢ ᠠᠬᠢᠭᠤᠯᠤᠨ᠎ᠠ ᠃ ᠠᠮᠢ ᠠᠬᠤᠢ ᠶᠢ ᠬᠠᠮᠠᠭᠠᠯᠠᠨ ᠰᠡᠷᠭᠦᠭᠡᠬᠦ ᠤᠨᠤᠯ ᠪᠠ ᠠᠷᠭ᠎ᠠ ᠵᠡᠷᠭᠡ ᠰᠠᠭᠤᠷᠢ ᠰᠤᠳᠤᠯᠭᠠᠨ ᠂ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠪᠠ ᠬᠤᠷᠠᠮᠳᠤᠭᠤᠯᠤᠨ ᠵᠢᠱᠢᠶ᠎ᠡ ᠦᠵᠡᠭᠦᠯᠵᠦ ᠳᠡᠯᠭᠡᠷᠡᠭᠦᠯᠬᠦ ᠠᠵᠢᠯᠯᠠᠭᠠᠨ ᠥᠷᠨᠢᠭᠦᠯᠬᠦ ᠶᠢ ᠵᠣᠷᠢᠭᠵᠢᠭᠤᠯᠵᠤ ᠂ ᠰᠢᠨᠵᠢᠯᠡᠬᠦ ᠤᠬᠠᠭᠠᠨ ᠤ ᠰᠤᠳᠤᠯᠤᠯ ᠤᠨ ᠴᠢᠳᠠᠪᠤᠷᠢᠲᠠᠨ ᠤ ᠱᠠᠲᠤᠯᠵᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠤᠶᠠᠯᠳᠤᠭᠤᠯᠤᠭᠰᠠᠨ ᠰᠠᠶᠢᠨ ᠰᠠᠶᠢᠬᠠᠨ ᠬᠥᠭᠵᠢᠯᠲᠡ ᠶᠢᠨ ᠲᠣᠭᠲᠠᠴᠠ ᠶᠢ ᠪᠠᠶᠢᠭᠤᠯᠤᠨ᠎ᠠ ᠃

      ︵ᠬᠤᠷᠢᠨ ᠳᠥᠷᠪᠡ ︶ ᠬᠢᠨᠠᠯᠲᠠ ᠬᠠᠮᠢᠶᠠᠷᠤᠯᠲᠠ ᠦᠢᠯᠡᠴᠢᠯᠡᠭᠡ ᠶᠢ ᠴᠢᠩᠭᠠᠳᠬᠠᠨ᠎ᠠ ᠃ ᠡᠯ᠎ᠡ ᠠᠶᠢᠮᠠᠭ ᠤᠨ ᠵᠠᠬᠢᠷᠭ᠎ᠠ ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠢ ᠲᠦᠷᠦᠯ ᠵᠦᠢᠯ ᠢ ᠬᠡᠷᠡᠭᠵᠢᠭᠦᠯᠬᠦ ᠪᠦᠬᠦ ᠶᠠᠪᠤᠴᠠ ᠶᠢ ᠬᠠᠮᠤᠷᠤᠭᠰᠠᠨ ᠲᠦᠷᠦᠯ ᠵᠦᠢᠯ ᠤᠨ ᠬᠠᠤᠯᠢ ᠶᠢᠨ ᠡᠲᠡᠭᠡᠳ ᠤᠨ ᠳᠦᠷᠢᠮ ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠳᠦᠷᠢᠮ ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠢᠨᠠᠨ ᠬᠠᠮᠢᠶᠠᠷᠬᠤ ᠳᠦᠷᠢᠮ ᠂ ᠭᠡᠷ᠎ᠡ ᠶᠢᠨ ᠬᠠᠮᠢᠶᠠᠷᠤᠯᠲᠠ ᠶᠢᠨ ᠳᠦᠷᠢᠮ ᠂ ᠰᠢᠯᠭᠠᠨ ᠠᠪᠬᠤ ᠳᠦᠷᠢᠮ ᠵᠢᠴᠢ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠵᠡᠷᠭᠡ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠵᠤ ᠲᠣᠭᠲᠠᠭᠠᠨ ᠲᠡᠭᠦᠯᠳᠡᠷᠵᠢᠭᠦᠯᠵᠦ ᠂ ᠨᠡᠶᠢᠭᠡᠮ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ  ᠵᠢᠷᠤᠮᠵᠢᠭᠤᠯᠤᠨ ᠂ ᠠᠮᠢ ᠠᠬᠤᠢ ᠶᠢ ᠰᠡᠷᠭᠦᠭᠡᠬᠦ ᠨᠡᠷ᠎ᠡ ᠪᠠᠷ ᠬᠠᠤᠯᠢ ᠶᠢ ᠵᠥᠷᠢᠴᠡᠨ ᠠᠭᠤᠷᠬᠠᠢ ᠮᠠᠯᠲᠠᠨ ᠭᠠᠵᠠᠷ ᠡᠵᠡᠯᠡᠬᠦ ᠦᠢᠯᠡ ᠦᠢᠯᠡᠳᠬᠦ ᠶᠢ ᠴᠢᠩᠭ᠎ᠠ ᠴᠠᠭᠠᠵᠠᠯᠠᠬᠤ ᠬᠡᠷᠡᠭᠲᠡᠢ ᠃ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠬᠤᠰᠢᠭᠤ ᠰᠢᠶᠠᠨ ︵ᠬᠤᠲᠠ ᠂ ᠲᠣᠭᠤᠷᠢᠭ ︶ ᠤ ᠠᠷᠠᠳ ᠤᠨ ᠵᠠᠰᠠᠭ ᠤᠨ ᠣᠷᠳᠣᠨ ᠨᠢ ᠲᠥᠷᠥᠯ ᠵᠦᠢᠯ ᠤᠨ ᠪᠥᠬᠦ ᠴᠤᠪᠤᠷᠠᠯ ᠤᠨ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠵᠦ ᠂ ᠲᠥᠷᠥᠯ ᠵᠦᠢᠯ ᠢ ᠨᠠᠶᠢᠷᠠᠭᠤᠯᠤᠨ ᠵᠣᠬᠢᠶᠠᠬᠤ ᠂ ᠬᠢᠨᠠᠨ ᠵᠥᠪᠰᠢᠶᠡᠷᠡᠬᠦ ᠂ ᠬᠢᠨᠠᠨ ᠬᠠᠮᠢᠶᠠᠷᠬᠤ ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠡᠯ᠎ᠡ ᠵᠦᠢᠯ ᠤᠨ ᠠᠵᠢᠯ ᠢ ᠬᠢᠨᠠᠮᠠᠭᠠᠢ ᠰᠠᠶᠢᠲᠤᠷ ᠬᠢᠵᠦ ᠂ ᠬᠡᠰᠡᠭ ᠪᠤᠰᠠᠭ ᠢᠶᠠᠷ ᠵᠠᠰᠠᠬᠤ ᠂ ᠣᠶ ᠰᠢᠭᠤᠢ ᠨᠤᠲᠤᠭ ᠪᠡᠯᠴᠢᠭᠡᠷ ᠤᠨ ᠬᠡᠪ ᠤᠨ ᠪᠠᠶᠢᠳᠠᠯ ᠢ ᠠᠯᠳᠠᠭᠤᠯᠬᠤ ᠵᠡᠷᠭᠡ ᠠᠮᠢ ᠠᠬᠤᠢ ᠶᠢ ᠬᠠᠮᠠᠭᠠᠯᠠᠨ ᠰᠡᠷᠭᠦᠭᠡᠬᠦ ᠬᠡᠯᠪᠡᠷᠢᠴᠢ ᠦᠵᠡᠯ ᠤᠨ ᠦᠶᠯᠡ ᠠᠵᠢᠯᠯᠠᠭ᠎ᠠ ᠶᠢ ᠰᠡᠷᠭᠡᠶᠢᠯᠡᠬᠦ ᠬᠡᠷᠡᠭᠲᠡᠢ ᠃ ᠡᠯ᠎ᠡ ᠱᠠᠲᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠂ ᠡᠳ᠋ ᠤᠨ ᠵᠠᠰᠠᠭ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠂ ᠠᠮᠢ ᠠᠬᠤᠢ ᠣᠷᠴᠢᠨ ᠲᠣᠭᠤᠷᠢᠨ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠂ ᠪᠠᠶᠢᠭᠠᠯᠢ ᠶᠢᠨ ᠡᠬᠢ ᠪᠠᠶᠠᠯᠢᠭ ᠂ ᠤᠰᠤᠨ ᠠᠰᠢᠭᠯᠠᠯᠲᠠ ᠂ ᠣᠶ ᠰᠢᠭᠤᠢ ᠪᠠ ᠨᠤᠲᠤᠭ ᠪᠡᠯᠴᠢᠭᠡᠷ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ ᠂ ᠬᠠᠮᠢᠶ᠎ᠠ ᠪᠦᠬᠦᠢ ᠲᠥᠬᠦᠷ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠨ ᠲᠡᠭᠦᠯᠳᠡᠷᠵᠢᠭᠦᠯᠵᠦ ᠂ ᠠᠵᠢᠯᠯᠠᠬᠤ ᠲᠠᠰ ᠳᠠᠷᠠᠭᠠᠯᠠᠯ ᠢ ᠨᠠᠷᠢᠯᠢᠭᠵᠢᠭᠤᠯᠤᠨ ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ ᠠᠵᠢᠯ ᠢ ᠬᠠᠮᠵᠢᠯᠴᠠᠨ ᠠᠬᠢᠭᠤᠯᠵᠤ ᠪᠠᠶᠢᠭᠠᠳ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ ᠃

 

      ᠳᠠᠭᠠᠯᠳᠤᠭᠤᠯᠤᠯ

      1. ×× ᠬᠤᠰᠢᠭᠤᠨ ︵ᠰᠢᠶᠠᠨ ᠂ ᠬᠤᠲᠠ ᠂ ᠲᠣᠭᠤᠷᠢᠭ ︶ ᠤ ×× ᠠᠮᠢ ᠠᠬᠤᠢ ᠶᠢ ᠰᠡᠷᠭᠦᠭᠡᠬᠦ ᠲᠦᠷᠦᠯ ᠵᠦᠢᠯ ᠤᠨ ᠵᠠᠬ᠎ᠠ ᠳᠡᠯᠭᠡᠭᠦᠷᠴᠢᠯᠡᠨ ᠠᠮᠢ ᠠᠬᠤᠢ ᠶᠢ ᠰᠡᠷᠭᠦᠭᠡᠬᠦ ᠲᠥᠰᠥᠯ ︵ᠯᠠᠪᠯᠠᠯᠲᠠ ᠶᠢᠨ ᠲᠣᠪᠴᠢ ︶

      2. ×× ᠬᠤᠰᠢᠭᠤᠨ ︵ᠰᠢᠶᠠᠨ ᠂ ᠬᠤᠲᠠ ᠂ ᠲᠣᠭᠤᠷᠢᠭ ︶ ᠤ ×× ᠥᠩᠭᠡᠷᠡᠭᠰᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢ ᠵᠠᠬ᠎ᠠ ᠳᠡᠯᠭᠡᠭᠦᠷᠴᠢᠯᠡᠨ ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠤᠨ ᠰᠢᠷᠣᠢ ᠴᠢᠯᠠᠭᠤᠨ ᠮᠠᠲ᠋ᠧᠷᠢᠶᠠᠯ ᠢ ᠠᠰᠢᠭᠯᠠᠬᠤ ᠲᠥᠰᠥᠯ ︵ᠯᠠᠪᠯᠠᠯᠲᠠ ᠶᠢᠨ ᠲᠣᠪᠴᠢ ︶

      3. ×× ᠬᠤᠰᠢᠭᠤᠨ ︵ᠰᠢᠶᠠᠨ ᠂ ᠬᠤᠲᠠ ᠂ ᠲᠣᠭᠤᠷᠢᠭ ︶ ᠤ ×× ᠠᠮᠢ ᠠᠬᠤᠢ ᠶᠢ ᠰᠡᠷᠭᠦᠭᠡᠬᠦ ᠲᠦᠷᠦᠯ ᠵᠦᠢᠯ ᠤᠨ ᠰᠢᠨ᠎ᠡ ᠨᠡᠮᠡᠭᠳᠡᠭᠰᠡᠨ ᠲᠠᠷᠢᠶᠠᠯᠠᠬᠤ ᠭᠠᠵᠠᠷ ᠢ ᠡᠵᠡᠯᠡᠬᠦ ᠨᠥᠬᠦᠪᠦᠷᠢᠯᠡᠬᠦ ᠶᠢ ᠨᠢ ᠲᠡᠩᠴᠡᠭᠦᠷᠢᠰᠢᠭᠦᠯᠦᠨ ᠠᠰᠢᠭᠯᠠᠬᠤ ᠲᠥᠰᠥᠯ ︵ᠯᠠᠪᠯᠠᠯᠲᠠ ᠶᠢᠨ ᠲᠣᠪᠴᠢ ︶

      4. ×× ᠬᠤᠰᠢᠭᠤᠨ ︵ᠰᠢᠶᠠᠨ ᠂ ᠬᠤᠲᠠ ᠂ ᠲᠣᠭᠤᠷᠢᠭ ︶ ᠤ ×× ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠬᠦ ᠪᠠ ᠬᠠᠰᠤᠭᠳᠠᠬᠤ ᠶᠢ ᠬᠤᠯᠪᠣᠭᠳᠠᠭᠤᠯᠤᠨ ᠠᠰᠢᠭᠯᠠᠬᠤ ᠲᠥᠷᠥᠯ ᠵᠦᠢᠯ ᠤᠨ ᠲᠥᠰᠥᠯ ︵ᠯᠠᠪᠯᠠᠯᠲᠠ ᠶᠢᠨ ᠲᠣᠪᠴᠢ ︶

      2023 ᠣᠨ ᠤ 2 ᠳ᠋ᠤᠭᠠᠷ ᠰᠠᠷ᠎ᠠ ᠶᠢᠨ 7 ᠤ ᠡᠳᠦᠷ

      ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶

 

 

 

 

 

 

ᠳᠠᠭᠠᠯᠳᠤᠭᠤᠯᠤᠯ 1

 

×× ᠬᠤᠰᠢᠭᠤᠨ ︵ᠰᠢᠶᠠᠨ ᠂ ᠬᠤᠲᠠ ᠂ ᠲᠣᠭᠤᠷᠢᠭ ︶ ᠤ ××ᠠᠮᠢ ᠠᠬᠤᠢ ᠶᠢ ᠰᠡᠷᠭᠦᠭᠡᠬᠦ

ᠲᠦᠷᠦᠯ ᠵᠦᠢᠯ ᠤᠨ ᠵᠠᠬ᠎ᠠ ᠳᠡᠯᠭᠡᠭᠦᠷᠴᠢᠯᠡᠨ ᠠᠮᠢ ᠠᠬᠤᠢ ᠶᠢ ᠰᠡᠷᠭᠦᠭᠡᠬᠦ ᠲᠥᠰᠥᠯ

 

︵ᠯᠠᠪᠯᠠᠯᠲᠠ ᠶᠢᠨ ᠲᠣᠪᠴᠢ ︶

 

×× ᠬᠤᠰᠢᠭᠤᠨ ︵ᠰᠢᠶᠠᠨ ᠂ ᠬᠤᠲᠠ ᠂ ᠲᠣᠭᠤᠷᠢᠭ ︶ ᠤ ᠠᠷᠠᠳ ᠤᠨ ᠵᠠᠰᠠᠭ ᠤᠨ ᠣᠷᠳᠣᠨ

×××× ᠣᠨ ᠤ ×× ᠳ᠋ᠤᠭᠠᠷ ︵ᠳ᠋ᠦ᠋ᠭᠡᠷ ︶ ᠰᠠᠷ᠎ᠠ

 

ᠨᠢᠭᠡᠳᠦᠭᠡᠷ ᠪᠦᠯᠦᠭ   ᠡᠮᠦᠨᠡᠬᠢ ᠦᠭᠡ

      ᠭᠤᠣᠯᠳᠠᠭᠤ ᠲᠥᠰᠥᠯ ᠢ ᠨᠠᠶᠢᠷᠠᠭᠤᠯᠤᠨ ᠵᠣᠬᠢᠶᠠᠬᠤ ᠡᠭᠦᠷᠭᠡ ᠶᠢᠨ ᠢᠷᠡᠯᠲᠡ ᠂ ᠨᠠᠶᠢᠷᠠᠭᠤᠯᠤᠨ ᠵᠣᠬᠢᠶᠠᠬᠤ ᠦᠨᠳᠦᠰᠦᠯᠡᠯ ᠂ ᠵᠣᠷᠢᠯᠭ᠎ᠠ ᠬᠢᠭᠡᠳ ᠡᠭᠦᠷᠭᠡ ᠂ ᠵᠢᠯᠤᠭᠤᠳᠬᠤ ᠦᠵᠡᠯ ᠰᠠᠨᠠᠭ᠎ᠠ ᠶᠢ ᠲᠣᠳᠣᠷᠬᠠᠶᠢᠯᠠᠨ᠎ᠠ ᠃

ᠬᠤᠶᠠᠳᠤᠭᠠᠷ ᠪᠦᠯᠦᠭ   ᠲᠥᠷᠥᠯ ᠵᠦᠢᠯ ᠤᠨ ᠦᠨᠳᠦᠰᠦᠨ ᠪᠠᠶᠢᠳᠠᠯ

      ᠨᠢᠭᠡᠳᠦᠭᠡᠷ ᠬᠡᠰᠡᠭ   ᠲᠥᠷᠥᠯ ᠵᠦᠢᠯ ᠤᠨ ᠲᠣᠶᠢᠮᠣ ᠪᠠᠶᠢᠳᠠᠯ

      ᠲᠥᠷᠥᠯ ᠵᠦᠢᠯ ᠤᠨ ᠣᠷᠣᠨ ᠤ ᠭᠠᠵᠠᠷ ᠵᠦᠢ ᠶᠢᠨ ᠪᠠᠶᠢᠷᠢᠯᠠᠯ ᠵᠢᠴᠢ ᠬᠤᠯᠪᠣᠭᠳᠠᠬᠤ ᠵᠠᠰᠠᠭ ᠵᠠᠬᠢᠷᠭᠠᠨ ᠤ ᠣᠷᠣᠨ ᠂ ᠲᠠᠯᠠᠪᠠᠶ ᠂ ᠪᠠᠶᠢᠭ᠎ᠠ ᠰᠠᠪᠠ ᠭᠠᠵᠠᠷ ᠪᠤᠶᠤ ᠪᠠᠶᠢᠭᠠᠯᠢ ᠶᠢᠨ ᠭᠠᠵᠠᠷ ᠵᠦᠢ ᠶᠢᠨ ᠨᠢᠭᠡᠴᠢ ᠶᠢᠨ ᠨᠡᠷᠡᠶᠢᠳᠦᠯ ᠂ ᠠᠮᠢ ᠠᠬᠤᠢ ᠶᠢᠨ ᠰᠢᠰᠲ᠋ᠧᠮ ᠤᠨ ᠪᠠᠶᠢᠳᠠᠯ ᠪᠠ ᠦᠢᠯᠡᠴᠢᠯᠡᠭᠡᠨ ᠤ ᠴᠢᠳᠠᠮᠵᠢ ᠂ ᠪᠠᠶᠢᠭᠠᠯᠢ ᠶᠢᠨ ᠭᠠᠵᠠᠷ ᠵᠦᠢ ᠶᠢᠨ ᠨᠥᠬᠦᠴᠡᠯ ᠂ ᠭᠠᠵᠠᠷ ᠤᠨ ᠪᠠᠶᠢᠴᠠ ᠭᠠᠵᠠᠷ ᠤᠨ ᠭᠠᠳᠠᠷᠭᠤ ᠶᠢᠨ ᠨᠥᠬᠦᠴᠡᠯ ᠂ ᠠᠭᠤᠷ ᠠᠮᠢᠰᠬᠤᠯ ᠤᠨ ᠨᠥᠬᠦᠴᠡᠯ ᠂ ᠤᠰᠤᠨ ᠵᠦᠢ ᠶᠢᠨ ᠭᠠᠵᠠᠷ ᠰᠢᠨᠵᠢᠯᠡᠭᠡᠨ ᠂ ᠬᠥᠷᠥᠰᠥ ᠰᠢᠷᠣᠢ ᠂ ᠪᠠᠶᠢᠭᠠᠯᠢ ᠶᠢᠨ ᠡᠬᠢ ᠪᠠᠶᠠᠯᠢᠭ ᠤᠨ ᠪᠠᠶᠢᠳᠠᠯ ᠂ ᠠᠮᠢ ᠠᠬᠤᠢ ᠶᠢᠨ ᠶᠠᠰᠤ ᠴᠢᠨᠠᠷ ᠤᠨ ᠪᠠᠶᠢᠳᠠᠯ ᠂ ᠭᠠᠵᠠᠷ ᠰᠢᠷᠣᠢ ᠶᠢᠨ ᠠᠰᠢᠭᠯᠠᠯᠲᠠ ᠶᠢᠨ ᠣᠳᠣᠬᠢ ᠪᠠᠶᠢᠳᠠᠯ ᠂ ᠨᠡᠶᠢᠭᠡᠮ ᠤᠨ ᠠᠵᠤ ᠠᠬᠤᠢ ᠶᠢᠨ ᠪᠠᠶᠢᠳᠠᠯ ᠵᠡᠷᠭᠡ ᠬᠦᠴᠦᠨ ᠵᠦᠢᠯ ᠤᠨ ᠪᠠᠶᠢᠳᠠᠯ ᠵᠢᠴᠢ ᠲᠡᠭᠦᠨ ᠤ ᠭᠤᠣᠯ ᠣᠨᠴᠠᠯᠢᠭ ᠪᠠ ᠲᠥᠷᠥᠯ ᠵᠦᠢᠯ ᠳᠤ ᠬᠤᠯᠪᠣᠭᠳᠠᠬᠤ ᠬᠠᠮᠢᠶ᠎ᠠ ᠪᠦᠬᠦᠢ ᠲᠥᠯᠦᠪᠵᠢᠭᠦᠯᠭᠡ ᠵᠡᠷᠭᠡ ᠶᠢ ᠲᠣᠳᠣᠷᠬᠠᠶᠢᠯᠠᠨ᠎ᠠ ᠃

      ᠬᠤᠶᠠᠳᠤᠭᠠᠷ ᠬᠡᠰᠡᠭ   ᠠᠮᠢ ᠠᠬᠤᠢ ᠶᠢᠨ ᠠᠰᠠᠭᠤᠳᠠᠯ

      ᠣᠷᠣᠨ ᠪᠦᠰᠡ ᠶᠢᠨ ᠠᠮᠢ ᠠᠬᠤᠢ ᠶᠢᠨ ᠰᠢᠰᠲ᠋ᠧᠮ ᠳᠤ ᠣᠷᠣᠰᠢᠵᠤ ᠪᠠᠶᠢᠭ᠎ᠠ ᠭᠤᠣᠯ ᠪᠣᠯᠬᠤ ᠠᠮᠢ ᠠᠬᠤᠢ ᠶᠢᠨ ᠠᠰᠠᠭᠤᠳᠠᠯ ︵ᠬᠤᠬᠢᠷᠠᠵᠤ ᠰᠦᠢᠳᠦᠭᠰᠡᠨ ᠂ ᠰᠡᠶᠢᠷᠡᠭᠵᠢᠵᠦ ᠮᠠᠭᠤᠵᠢᠷᠠᠭᠰᠠᠨ ᠂ ᠴᠢᠳᠠᠮᠵᠢ ᠨᠢ ᠪᠠᠭᠤᠷᠠᠭᠰᠠᠨ ᠵᠡᠷᠭᠡ ᠲᠥᠷᠥᠯ ᠬᠡᠯᠪᠡᠷᠢ ᠂ ᠲᠠᠯᠠᠪᠠᠶ ᠪᠠ ᠬᠡᠮᠵᠢᠶ᠎ᠡ ︶ ᠢ ᠲᠣᠳᠣᠷᠬᠠᠶᠢᠯᠠᠵᠤ ᠂ ᠤᠴᠢᠷ ᠰᠢᠯᠲᠠᠭᠠᠨ ᠢ ᠨᠢ ᠵᠠᠳᠠᠯᠤᠨ ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠡᠲᠡᠭᠡᠳ ᠢ ᠲᠣᠳᠣᠷᠬᠠᠢ ᠲᠣᠭᠲᠠᠭᠠᠨ᠎ᠠ ᠃

ᠭᠤᠷᠪᠠᠳᠤᠭᠠᠷ ᠬᠡᠰᠡᠭ   ᠡᠮᠦᠨᠡᠬᠢ ᠬᠤᠭᠤᠴᠠᠭᠠᠨ ᠤ ᠠᠵᠢᠯ ᠤᠨ ᠪᠠᠶᠢᠳᠠᠯ

      ᠣᠷᠣᠨ ᠪᠦᠰᠡ ᠶᠢᠨ ᠠᠮᠢ ᠠᠬᠤᠢ ᠶᠢ ᠬᠠᠮᠠᠭᠠᠯᠠᠬᠤ ᠬᠢᠭᠡᠳ ᠰᠡᠷᠭᠦᠭᠡᠬᠦ ᠠᠵᠢᠯ ᠥᠷᠨᠢᠭᠦᠯᠦᠭᠰᠡᠨ ᠥᠩᠭᠡᠷᠡᠭᠰᠡᠨ ᠤ ᠪᠠᠶᠢᠳᠠᠯ ᠢ ᠲᠣᠪᠴᠢ ᠲᠣᠭᠠᠴᠢᠨ᠎ᠠ ᠃

ᠭᠤᠷᠪᠠᠳᠤᠭᠠᠷ ᠪᠦᠯᠦᠭ   ᠴᠢᠬᠤᠯᠠ ᠴᠢᠨᠠᠷ ᠂ ᠵᠠᠶᠢᠯᠠᠰᠢ ᠦᠭᠡᠢ ᠴᠢᠨᠠᠷ ᠬᠢᠭᠡᠳ ᠪᠣᠯᠣᠮᠵᠢᠲᠤ ᠴᠢᠨᠠᠷ ᠤᠨ ᠵᠠᠳᠠᠯᠤᠯᠲᠠ

ᠨᠢᠭᠡᠳᠦᠭᠡᠷ ᠬᠡᠰᠡᠭ   ᠴᠢᠬᠤᠯᠠ ᠴᠢᠨᠠᠷ

      ᠢᠨᠵᠧᠨᠧᠷᠢᠩ ᠤᠨ ᠬᠦᠷᠢᠶ᠎ᠡ ᠬᠡᠪᠴᠢᠶ᠎ᠡ ᠨᠢ ᠤᠯᠤᠰ ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠠᠮᠤᠷ ᠲᠦᠪᠰᠢᠨ ᠳᠤ ᠬᠤᠯᠪᠣᠭᠳᠠᠬᠤ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠭᠤᠣᠯᠯᠠᠬᠤ ᠣᠷᠣᠨ ᠪᠦᠰᠡ ᠪᠤᠶᠤ ᠭᠤᠣᠯᠳᠠᠯᠭ᠎ᠠ ᠲᠠᠢ ᠣᠷᠣᠨ ᠪᠦᠰᠡ ᠳᠤ ᠬᠠᠷᠢᠶᠠᠯᠠᠭᠳᠠᠬᠤ ᠡᠰᠡᠬᠦ ᠂ ᠠᠮᠢ ᠠᠬᠤᠢ ᠣᠷᠴᠢᠨ ᠲᠣᠭᠤᠷᠢᠨ ᠤ ᠲᠣᠪᠣᠶᠢᠮ᠎ᠠ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠡᠰᠡᠬᠦ  ︔ ᠲᠥᠷᠥᠯ ᠵᠦᠢᠯ ᠤᠨ ᠬᠡᠷᠡᠭᠵᠢᠭᠦᠯᠦᠯᠲᠡ ᠨᠢ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠂ ᠴᠢᠬᠤᠯᠠ ᠶᠡᠭᠡ ᠲᠥᠯᠦᠪᠵᠢᠭᠦᠯᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠯᠤᠭ᠎ᠠ ᠶᠢᠨ ᠬᠠᠷᠢᠴᠠᠭ᠎ᠠ ᠵᠡᠷᠭᠡ ᠶᠢ ᠲᠣᠳᠣᠷᠬᠠᠶᠢᠯᠠᠨ ᠥᠭᠦᠯᠡᠨ᠎ᠡ ᠃ ᠡᠨᠡ ᠨᠢ ᠤᠯᠤᠰ ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠥᠯᠦᠪᠵᠢᠭᠦᠯᠭᠡ ᠶᠢᠨ ᠪᠠᠶᠢᠳᠠᠯ ᠳᠤ ᠨᠡᠶᠢᠴᠡᠨ᠎ᠡ ᠭᠡᠳᠡᠭ ᠢ ᠲᠣᠳᠣᠷᠬᠠᠶᠢᠯᠠᠨ᠎ᠠ ᠃

ᠬᠤᠶᠠᠳᠤᠭᠠᠷ ᠬᠡᠰᠡᠭ   ᠴᠢᠬᠤᠯᠠ ᠴᠢᠨᠠᠷ

      ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠤᠨ ᠬᠦᠨᠳᠦ ᠨᠣᠴᠢᠲᠠᠢ ᠴᠢᠨᠠᠷ ᠂ ᠵᠠᠩᠭᠢᠯᠠᠭ᠎ᠠ ᠶᠢᠨ ᠴᠢᠨᠠᠷ ᠵᠢᠴᠢ ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢᠨ ᠲᠤᠯᠭᠠᠮ᠎ᠠ ᠴᠢᠨᠠᠷ ᠲᠤ ᠬᠠᠨᠳᠤᠭᠤᠯᠵᠤ ᠂ ᠠᠮᠢ ᠠᠬᠤᠢ ᠶᠢᠨ ᠠᠮᠤᠷ ᠲᠦᠪᠰᠢᠨ ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠂ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠦᠷᠭᠦᠯᠵᠢᠯᠡᠨ ᠠᠰᠢᠭᠯᠠᠬᠤ ᠂ ᠬᠥᠮᠥᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠵᠡᠷᠭᠡ ᠲᠠᠯ᠎ᠠ ᠠᠴᠠ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠬᠦ ᠂ ᠠᠮᠢ ᠠᠬᠤᠢ ᠣᠷᠴᠢᠨ ᠲᠣᠭᠤᠷᠢᠨ ᠤ ᠬᠦᠴᠢᠷ ᠠᠰᠠᠭᠤᠳᠠᠯ ᠢ  ᠠᠷᠢᠯᠭᠠᠨ ᠰᠢᠢᠳᠪᠦᠷᠢᠯᠡᠬᠦ ᠶᠢᠨ ᠴᠢᠬᠤᠯᠠ ᠴᠢᠨᠠᠷ ᠢ ᠲᠣᠳᠣᠷᠬᠠᠶᠢᠯᠠᠨ ᠥᠭᠦᠯᠡᠨ᠎ᠡ ᠃

ᠭᠤᠷᠪᠠᠳᠤᠭᠠᠷ ᠬᠡᠰᠡᠭ   ᠪᠣᠯᠣᠮᠵᠢᠲᠤ ᠴᠢᠨᠠᠷ

      ᠲᠥᠷᠥᠯ ᠵᠦᠢᠯ ᠢ ᠬᠡᠷᠡᠭᠵᠢᠭᠦᠯᠬᠦ ᠪᠦᠬᠦᠯᠢ ᠴᠣᠭᠴᠠᠲᠤ ᠴᠢᠨᠠᠷ ᠂ ᠰᠢᠰᠲ᠋ᠧᠮᠲᠦ ᠴᠢᠨᠠᠷ ᠂ ᠰᠢᠨᠵᠢᠯᠡᠬᠦ ᠤᠬᠠᠭᠠᠨᠴᠢ ᠴᠢᠨᠠᠷ ᠵᠢᠴᠢ ᠮᠡᠷᠭᠡᠵᠢᠯ ᠪᠠ ᠲᠥᠷᠥ ᠶᠢᠨ ᠪᠣᠳᠣᠯᠭ᠎ᠠ ᠶᠢᠨ ᠪᠣᠯᠣᠮᠵᠢᠲᠤ ᠴᠢᠨᠠᠷ ᠢ ᠨᠤᠲᠠᠯᠠᠵᠤ ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢ ᠶᠢ ᠲᠣᠳᠣᠷᠬᠠᠶᠢᠯᠠᠨ᠎ᠠ ᠂ ᠡᠭᠦᠨ ᠳᠤ ᠬᠡᠷᠡᠭᠵᠢᠭᠦᠯᠬᠦ ᠪᠠᠷ ᠪᠠᠶᠢᠭ᠎ᠠ ᠲᠦᠷᠦᠯ ᠵᠦᠢᠯ ᠤᠨ ᠢᠶᠠᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠤᠭᠰᠠᠨ ᠪᠠᠶᠢᠳᠠᠯ ᠂ ᠠᠰᠢᠭ ᠲᠤᠰᠠ ᠬᠠᠮᠢᠶᠠᠲᠠᠳ ᠢ ᠵᠣᠬᠢᠴᠠᠭᠤᠯᠤᠭᠰᠠᠨ ᠪᠠᠶᠢᠳᠠᠯ ᠂ ᠪᠡᠯᠡ ᠮᠥᠩᠭᠦ ᠤᠷᠤᠭᠤᠯᠬᠤ ᠵᠠᠮ ᠮᠥᠷ ᠂ ᠲᠤᠭ᠎ᠠ ᠬᠡᠮᠵᠢᠶ᠎ᠡ ᠵᠢᠴᠢ ᠨᠠᠶᠢᠳᠠᠪᠤᠷᠢᠵᠢᠭᠤᠯᠤᠯᠲᠠ ᠶᠢᠨ ᠵᠡᠷᠭᠡ ᠪᠠᠶᠢᠳᠠᠯ ᠪᠠᠭᠲᠠᠨ᠎ᠠ ᠃

ᠳᠥᠷᠪᠡᠳᠦᠭᠡᠷ ᠪᠦᠯᠦᠭ   ᠭᠤᠣᠯ ᠠᠵᠢᠯ ᠤᠨ ᠠᠭᠤᠯᠭ᠎ᠠ

ᠨᠢᠭᠡᠳᠦᠭᠡᠷ ᠬᠡᠰᠡᠭ   ᠶᠡᠷᠦᠩᠬᠡᠢ ᠪᠠᠶᠢᠷᠢ ᠲᠣᠭᠲᠠᠭᠠᠯᠲᠠ

      ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ ᠂ ᠠᠮᠢ ᠠᠬᠤᠢ ᠶᠢ ᠰᠡᠷᠭᠦᠭᠡᠬᠦ ᠣᠷᠣᠨ ᠪᠦᠰᠡ ᠶᠢᠨ ᠢᠷᠡᠭᠡᠳᠦᠢ ᠶᠢᠨ ᠭᠠᠵᠠᠷ ᠬᠡᠷᠡᠭᠯᠡᠬᠦ ᠲᠥᠯᠦᠪᠵᠢᠭᠦᠯᠭᠡ ᠂ ᠨᠡᠭᠡᠭᠡᠨ ᠠᠰᠢᠭᠯᠠᠬᠤ ᠠᠷᠭ᠎ᠠ ᠮᠠᠶ᠋ᠢᠭ ᠪᠠ ᠭᠠᠵᠠᠷ ᠰᠢᠷᠣᠢ ᠶᠢᠨ ᠬᠡᠷᠡᠭᠴᠡᠭᠡ ᠲᠠᠢ ᠤᠶᠠᠯᠳᠤᠭᠤᠯᠵᠤ ᠲᠣᠭᠲᠠᠭᠠᠭᠰᠠᠨ ᠠᠮᠢ ᠠᠬᠤᠢ ᠶᠢ ᠰᠡᠷᠭᠦᠭᠡᠬᠦ ᠬᠠᠨᠳᠤᠰᠢ ᠪᠣᠯᠣᠨ᠎ᠠ ᠃

ᠬᠤᠶᠠᠳᠤᠭᠠᠷ ᠬᠡᠰᠡᠭ   ᠦᠨᠳᠦᠰᠦᠨ ᠵᠠᠷᠴᠢᠮ

      ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠬᠦ ᠶᠢᠨ ᠦᠨᠳᠦᠰᠦᠨ ᠵᠠᠷᠴᠢᠮ ᠢ ᠲᠣᠳᠣᠷᠬᠠᠶᠢᠯᠠᠨ ᠥᠭᠦᠯᠡᠨ᠎ᠡ ᠃

ᠭᠤᠷᠪᠠᠳᠤᠭᠠᠷ ᠬᠡᠰᠡᠭ   ᠭᠤᠣᠯ ᠬᠠᠷᠠᠯᠲᠠ

      ᠶᠡᠷᠦᠩᠬᠡᠢ ᠬᠠᠷᠠᠯᠲᠠ ᠂ ᠣᠨ ᠤ ᠬᠠᠷᠠᠯᠲᠠ ᠂ ᠠᠮᠵᠢᠯᠲᠠ ᠪᠦᠲᠦᠮᠵᠢ ᠶᠢᠨ ᠬᠠᠷᠠᠯᠲᠠ ᠬᠡᠮᠡᠬᠦ ᠭᠤᠷᠪᠠᠨ ᠬᠡᠰᠡᠭ ᠪᠠᠭᠲᠠᠨ᠎ᠠ ᠃ ᠶᠡᠷᠦᠩᠬᠡᠢ ᠬᠠᠷᠠᠯᠲᠠ ᠶᠢ ᠭᠤᠣᠯᠳᠠᠭᠤ ᠠᠮᠢ ᠠᠬᠤᠢ ᠶᠢ ᠬᠠᠮᠠᠭᠠᠯᠠᠨ ᠰᠡᠷᠭᠦᠭᠡᠬᠦ ᠡᠲᠡᠭᠡᠳ ᠤᠨ ᠲᠣᠭᠤᠷᠢᠨ ᠳᠤ ᠂ ᠣᠷᠣᠰᠢᠵᠤ ᠪᠠᠶᠢᠭ᠎ᠠ ᠠᠮᠢ ᠠᠬᠤᠢ ᠶᠢᠨ ᠲᠣᠪᠣᠶᠢᠮ᠎ᠠ ᠠᠰᠠᠭᠤᠳᠠᠯ ᠳᠤ ᠬᠠᠨᠳᠤᠭᠤᠯᠵᠤ ᠂ ᠴᠢᠨᠠᠷ ᠪᠠ ᠬᠡᠮᠵᠢᠶᠡᠨ ᠤ ᠳᠦᠷᠰᠦᠯᠡᠯ ᠲᠣᠭᠠᠴᠢᠯᠲᠠ ᠲᠠᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ ᠂ ᠰᠢᠰᠲ᠋ᠧᠮᠲᠦ ᠢᠨᠵᠧᠨᠧᠷᠢᠩ ᠪᠠ ᠶᠡᠷᠦᠩᠬᠡᠢ ᠴᠣᠭᠴᠠ ᠶᠢᠨ ᠬᠠᠷᠠᠭᠠᠰᠤ ᠠᠴᠠ ᠪᠦᠭᠦ ᠲᠠᠯ᠎ᠠ ᠪᠠᠷ᠂ ᠪᠦᠭᠦ ᠣᠷᠣᠨ ᠪᠦᠰᠡ ᠂ ᠪᠦᠭᠦ ᠶᠠᠪᠤᠴᠠ ᠳᠤ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠥᠷᠥᠯ ᠵᠦᠢᠯ ᠤᠨ ᠬᠡᠷᠡᠭᠵᠢᠭᠦᠯᠦᠯᠲᠡ ᠥᠷᠨᠢᠭᠦᠯᠬᠦ ᠶᠢᠨ ᠶᠡᠷᠦᠩᠬᠡᠢ ᠬᠠᠷᠠᠯᠲᠠ ᠶᠢ ᠳᠤᠷᠠᠳᠴᠤ ᠂ ᠠᠮᠢ ᠠᠬᠤᠢ ᠶᠢᠨ ᠰᠢᠰᠲ᠋ᠧᠮ ᠢ ᠰᠡᠷᠭᠦᠭᠡᠨ ᠵᠠᠰᠠᠬᠤ ᠶᠡᠷᠦᠩᠬᠡᠢ ᠲᠠᠯᠠᠪᠠᠶ ᠶᠢ ᠲᠣᠳᠣᠷᠬᠠᠢ ᠲᠣᠭᠲᠠᠭᠠᠨ ᠂ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠲᠡᠬᠡᠭᠰᠢᠯᠡᠬᠦᠯᠵᠦ ᠂ ᠠᠮᠢ ᠠᠬᠤᠢ ᠶᠢᠨ ᠭᠠᠮᠰᠢᠭ ᠢ ᠪᠠᠭᠠᠰᠬᠠᠬᠤ ᠲᠠᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ ᠃ ᠲᠦᠷᠦᠯ ᠵᠦᠢᠯ ᠳᠤ ᠣᠯᠠᠨ ᠳᠠᠭᠠᠭᠤᠯ ᠲᠥᠷᠥᠯ ᠵᠦᠢᠯ ᠢ ᠪᠠᠭᠲᠠᠭᠠᠵᠤ ᠪᠠᠶᠢᠪᠠᠯ ᠂ ᠳᠠᠭᠠᠭᠤᠯ ᠲᠥᠷᠥᠯ ᠵᠦᠢᠯ ᠪᠦᠷᠢ ᠶᠢᠨ ᠶᠡᠷᠦᠩᠬᠡᠢ ᠬᠠᠷᠠᠯᠲᠠ ᠶᠢ ᠳᠦᠷᠰᠦᠯᠡᠨ ᠲᠣᠭᠠᠴᠢᠬᠤ ᠬᠡᠷᠡᠭᠲᠡᠢ ᠃ ᠣᠨ ᠤ ᠬᠠᠷᠠᠯᠲᠠ ᠶᠢ ᠭᠤᠣᠯᠳᠠᠭᠤ ᠲᠥᠷᠥᠯ ᠵᠦᠢᠯ ᠬᠡᠷᠡᠭᠵᠢᠭᠦᠯᠬᠦ ᠦᠶᠡᠯᠡᠯ ᠤᠨ ᠬᠤᠭᠤᠴᠠᠭ᠎ᠠ ᠶᠢ ᠦᠨᠳᠦᠰᠦᠯᠡᠨ ᠂ ᠣᠨ ᠢᠶᠠᠷ ᠢᠨᠵᠧᠨᠧᠷᠢᠩ ᠤᠨ ᠲᠥᠷᠥᠯ ᠵᠦᠢᠯ ᠪᠠ ᠡᠯ᠎ᠡ ᠳᠠᠭᠠᠭᠤᠯ ᠲᠥᠷᠥᠯ ᠵᠦᠢᠯ ᠤᠨ ᠣᠨ ᠤ ᠬᠠᠷᠠᠯᠲᠠ ᠶᠢ ᠲᠣᠳᠣᠷᠬᠠᠶᠢᠯᠠᠨ᠎ᠠ ᠃ ᠠᠮᠵᠢᠯᠲᠠ ᠪᠦᠲᠦᠮᠵᠢ ᠶᠢᠨ ᠬᠠᠷᠠᠯᠲᠠ ᠶᠢ ᠭᠤᠣᠯᠳᠠᠭᠤ ᠲᠥᠷᠥᠯ ᠵᠦᠢᠯ ᠤᠨ ᠶᠡᠷᠦᠩᠬᠡᠢ ᠬᠠᠷᠠᠯᠲᠠ ᠶᠢ ᠦᠨᠳᠦᠰᠦᠯᠡᠨ ᠵᠦᠢ ᠵᠣᠬᠢᠰᠲᠠᠢ ᠪᠠᠶᠢᠷᠢᠯᠠᠭᠤᠯᠤᠨ ᠲᠣᠭᠲᠠᠭᠠᠵᠤ ᠂ ᠲᠥᠷᠥᠯ ᠵᠦᠢᠯ ᠤᠨ ᠵᠢᠱᠢᠭᠰᠡᠨ ᠪᠡᠶᠡᠯᠡᠭᠦᠯᠬᠦ ᠭᠠᠷᠭᠠᠯᠲᠠ ᠂ ᠶᠠᠰᠤ ᠴᠢᠨᠠᠷ ᠂ ᠥᠪᠡᠷ ᠤᠨ ᠥᠷᠲᠡᠭ ᠂ ᠦᠷ᠎ᠡ ᠠᠰᠢᠭ ᠂ ᠬᠠᠨᠤᠮᠵᠢ ᠶᠢᠨ ᠬᠡᠮᠵᠢᠶ᠎ᠡ ᠵᠡᠷᠭᠡ ᠲᠠᠯ᠎ᠠ ᠪᠠᠷ  ᠬᠢ ᠴᠢᠨᠠᠷ ᠪᠠ ᠬᠡᠮᠵᠢᠶᠡᠨ ᠤ ᠭᠦᠢᠴᠡᠳᠬᠡᠯ ᠲᠤᠭ᠎ᠠ ᠶᠢ ᠲᠣᠭᠲᠠᠭᠠᠬᠤ ᠶᠢᠨ ᠬᠠᠮᠲᠤ ᠂ ᠲᠥᠷᠥᠯ ᠵᠦᠢᠯ ᠤᠨ ᠣᠨ ᠤ ᠬᠠᠷᠠᠯᠲᠠ ᠶᠢ ᠦᠨᠳᠦᠰᠦᠯᠡᠨ ᠣᠨ ᠤ ᠠᠮᠵᠢᠯᠲᠠ ᠪᠦᠲᠦᠮᠵᠢ ᠶᠢᠨ ᠬᠠᠷᠠᠯᠲᠠ ᠶᠢ ᠲᠣᠭᠲᠠᠭᠠᠨ᠎ᠠ ᠃ ᠬᠡᠮᠵᠢᠶᠡᠵᠢᠭᠦᠯᠵᠦ ᠳᠡᠶᠢᠯᠬᠦ ᠠᠮᠵᠢᠯᠲᠠ ᠪᠦᠲᠦᠮᠵᠢ ᠶᠢᠨ ᠭᠦᠢᠴᠡᠳᠬᠡᠯ ᠲᠤᠭ᠎ᠠ ᠳᠤ ᠬᠡᠮᠵᠢᠶᠡᠯᠡᠭᠰᠡᠨ ᠭᠦᠢᠴᠡᠳᠬᠡᠯ ᠲᠤᠭ᠎ᠠ ᠶᠢ ᠪᠠᠶᠢᠷᠢᠯᠠᠭᠤᠯᠤᠨ ᠲᠣᠭᠲᠠᠭᠠᠵᠤ ᠂ ᠣᠯᠠᠨ ᠬᠤᠪᠢᠶᠠᠷᠢ ᠲᠥᠷᠥᠯ ᠵᠦᠢᠯ ᠢ ᠪᠠᠭᠲᠠᠭᠠᠵᠤ ᠪᠠᠶᠢᠪᠠᠯ ᠂ ᠬᠤᠪᠢᠶᠠᠷᠢ ᠲᠥᠷᠥᠯ ᠵᠦᠢᠯ ᠪᠦᠷᠢ ᠶᠢᠨ ᠠᠮᠵᠢᠯᠲᠠ ᠪᠦᠲᠦᠮᠵᠢ ᠶᠢᠨ ᠬᠠᠷᠠᠯᠲᠠ ᠶᠢ ᠵᠢᠭᠰᠠᠭᠠᠨ ᠭᠠᠷᠭᠠᠬᠤ ᠬᠡᠷᠡᠭᠲᠡᠢ ᠃

ᠳᠥᠷᠪᠡᠳᠦᠭᠡᠷ ᠬᠡᠰᠡᠭ   ᠬᠡᠷᠡᠭᠵᠢᠭᠦᠯᠬᠦ ᠬᠡᠪᠴᠢᠶ᠎ᠡ ᠵᠢᠴᠢ ᠬᠤᠭᠤᠴᠠᠭ᠎ᠠ ᠬᠢᠵᠠᠭᠠᠷ

      ᠲᠥᠰᠥᠯ ᠢ ᠨᠠᠶᠢᠷᠠᠭᠤᠯᠤᠨ ᠵᠣᠬᠢᠶᠠᠭᠰᠠᠨ ᠠᠮᠢ ᠠᠬᠤᠢ ᠶᠢ ᠰᠡᠷᠭᠦᠭᠡᠬᠦ ᠢᠨᠵᠧᠨᠧᠷᠢᠩ ᠤᠨ ᠬᠡᠪᠴᠢᠶ᠎ᠡ ᠶᠢ ᠲᠣᠳᠣᠷᠬᠠᠶᠢᠯᠠᠵᠤ ᠂ ᠢᠨᠵᠧᠨᠧᠷᠢᠩ ᠤᠨ ᠬᠡᠪᠴᠢᠶᠡᠨ ᠤ ᠪᠠᠶᠢᠭ᠎ᠠ ᠰᠠᠪᠠ ᠭᠠᠵᠠᠷ ᠂ ᠠᠭᠤᠯᠠᠨ ᠴᠣᠭᠴᠠ ᠠᠭᠤᠯᠠ ᠨᠢᠷᠤᠭᠤᠳ ᠵᠡᠷᠭᠡ ᠬᠠᠷᠢᠴᠠᠩᠭᠤᠢ ᠪᠦᠷᠢᠨ ᠪᠦᠲᠦᠨ ᠪᠠᠶᠢᠭᠠᠯᠢ ᠶᠢᠨ ᠭᠠᠵᠠᠷ ᠵᠦᠢ ᠶᠢᠨ ᠨᠢᠭᠡᠴᠢ ᠶᠢᠨ ᠨᠡᠷᠡᠶᠢᠳᠦᠯ ᠂ ᠭᠠᠵᠠᠷ ᠵᠦᠢ ᠶᠢᠨ ᠪᠠᠶᠢᠷᠢᠰᠢᠯ ᠂ ᠪᠣᠳᠠᠲᠠᠢ ᠭᠠᠵᠠᠷ ᠤᠨ ᠬᠡᠪᠴᠢᠶ᠎ᠡ ᠵᠢᠴᠢ ᠣᠷᠣᠨ ᠪᠦᠰᠡ ᠶᠢᠨ ᠲᠠᠯᠠᠪᠠᠶ ᠂ ᠡᠷᠭᠢᠨ ᠲᠣᠭᠤᠷᠢᠨ ᠯᠤᠭ᠎ᠠ ᠶᠢᠨ ᠬᠠᠷᠢᠴᠠᠭ᠎ᠠ ᠵᠡᠷᠭᠡ ᠶᠢ ᠨᠢ ᠲᠣᠳᠣᠷᠬᠠᠶᠢᠯᠠᠨ ᠥᠭᠦᠯᠡᠨ᠎ᠡ ᠂ ᠡᠭᠦᠨ ᠳᠤ ᠠᠯᠤᠰ ᠰᠡᠷᠡᠯ ᠤᠨ ᠢᠮᠡᠭᠧ ᠳᠦᠷᠰᠦ ᠳᠤ ᠰᠠᠭᠤᠷᠢᠯᠠᠭᠰᠠᠨ ᠢᠨᠵᠧᠨᠧᠷᠢᠩ ᠤᠨ ᠬᠡᠪᠴᠢᠶᠡᠨ ᠳᠣᠲᠣᠷᠠᠬᠢ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠤᠨ ᠬᠤᠪᠢᠶᠠᠷᠢ ᠲᠥᠷᠥᠯ ᠵᠦᠢᠯ ᠤᠨ ᠪᠠᠶᠢᠷᠢᠰᠢᠭᠤᠯᠤᠯᠲᠠ ᠶᠢᠨ ᠵᠢᠷᠤᠭ ᠂ ᠢᠨᠵᠧᠨᠧᠷᠢᠩ ᠤᠨ ᠬᠡᠪᠴᠢᠶᠡᠨ ︵ᠰᠠᠭᠤᠷᠢ ᠪᠠᠷᠢᠮᠵᠢᠶ᠎ᠠ ᠣᠨ ︶ ᠤ ᠠᠯᠤᠰ ᠰᠡᠷᠡᠯ ᠤᠨ ᠢᠮᠡᠭᠧ ᠳᠦᠷᠰᠦ ᠶᠢᠨ ᠵᠢᠷᠤᠭ ᠂ ᠭᠠᠵᠠᠷ ᠰᠢᠷᠣᠢ ᠶᠢᠨ ᠠᠰᠢᠭᠯᠠᠯᠲᠠ ᠶᠢᠨ ᠣᠳᠣᠬᠢ ᠪᠠᠶᠢᠳᠠᠯ ᠤᠨ ᠵᠢᠷᠤᠭ ᠂ ᠢᠨᠵᠧᠨᠧᠷᠢᠩ ᠤᠨ ᠬᠡᠪᠴᠢᠶ᠎ᠡ ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠨᠢᠭᠡᠴᠢ ᠵᠢᠴᠢ ᠳᠠᠭᠠᠭᠤᠯ ᠲᠥᠷᠥᠯ ᠵᠦᠢᠯ ᠤᠨ ᠵᠠᠬ᠎ᠠ ᠶᠢᠨ ᠬᠡᠪᠴᠢᠶᠡᠨ ᠤ ᠸᠧᠺᠲ᠋ᠣᠷ ᠲᠤᠭ᠎ᠠ ᠪᠠᠷᠢᠮᠲᠠ ᠵᠡᠷᠭᠡ ᠶᠢ ᠪᠠᠭᠲᠠᠭᠠᠨ᠎ᠠ︔ ᠢᠨᠵᠧᠨᠧᠷᠢᠩ ᠤᠨ ᠬᠡᠪᠴᠢᠶᠡᠨ ᠤ ︽ ᠭᠤᠷᠪᠠᠨ ᠣᠷᠣᠨ ᠵᠠᠢ ᠭᠤᠷᠪᠠᠨ ᠱᠤᠭᠤᠮ ᠬᠢᠵᠠᠭᠠᠷᠯᠠᠯ ︾᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠂ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠵᠡᠷᠭᠡ ᠴᠢᠬᠤᠯᠠ ᠬᠦᠴᠦᠨ ᠵᠦᠢᠯ ᠤᠨ ᠪᠠᠶᠢᠳᠠᠯ ᠢ ᠲᠣᠳᠣᠷᠬᠠᠶᠢᠯᠠᠨ ᠥᠭᠦᠯᠡᠨ᠎ᠡ︔ ᠢᠨᠵᠧᠨᠧᠷᠢᠩ ᠤᠨ ᠬᠡᠪᠴᠢᠶᠡᠨ ᠳᠣᠲᠣᠷᠠᠬᠢ ᠭᠤᠣᠯ ᠪᠣᠯᠬᠤ ᠠᠮᠢ ᠠᠬᠤᠢ ᠶᠢᠨ ᠰᠢᠰᠲ᠋ᠧᠮ ᠤᠨ ᠲᠥᠷᠥᠯ ᠬᠡᠯᠪᠡᠷᠢ ᠂ ᠠᠮᠢ ᠠᠬᠤᠢ ᠶᠢᠨ ᠰᠢᠰᠲ᠋ᠧᠮ ᠢ ᠪᠦᠷᠢᠯᠳᠦᠭᠦᠯᠦᠭᠰᠡᠨ ᠠᠮᠢᠲᠠᠨ ᠤᠷᠭᠤᠮᠠᠯ ᠤᠨ ᠰᠦᠷᠦᠭᠵᠢᠯ ᠤᠨ ᠣᠨᠴᠠᠯᠢᠭ ᠢ ᠲᠣᠳᠣᠷᠬᠠᠶᠢᠯᠠᠨ ᠥᠭᠦᠯᠡᠨ᠎ᠡ ᠃ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠥᠷᠥᠯ ᠵᠦᠢᠯ ᠢ ᠬᠡᠷᠡᠭᠵᠢᠭᠦᠯᠬᠦ ᠬᠤᠭᠤᠴᠠᠭ᠎ᠠ ᠬᠢᠵᠠᠭᠠᠷ ᠢ ᠲᠣᠳᠣᠷᠬᠠᠢ ᠲᠣᠭᠲᠠᠭᠠᠨ᠎ᠠ ᠃

ᠲᠠᠪᠤᠳᠤᠭᠠᠷ ᠬᠡᠰᠡᠭ   ᠭᠤᠣᠯ ᠡᠭᠦᠷᠭᠡ ᠬᠢᠭᠡᠳ ᠠᠬᠢᠴᠠ ᠶᠢᠨ ᠲᠣᠬᠢᠷᠠᠭᠤᠯᠤᠯᠲᠠ

      ᠶᠡᠷᠦᠩᠬᠡᠢ ᠬᠠᠷᠠᠯᠲᠠ ᠪᠠ ᠪᠣᠳᠠᠲᠠᠢ ᠠᠮᠵᠢᠯᠲᠠ ᠪᠦᠲᠦᠮᠵᠢ ᠶᠢᠨ ᠬᠠᠷᠠᠯᠲᠠ ᠶᠢᠨ ᠲᠣᠭᠤᠷᠢᠨ ᠳᠤ ᠂ ᠲᠥᠷᠥᠯ ᠵᠦᠢᠯ ᠤᠨ ᠥᠷᠨᠢᠭᠦᠯᠬᠦ ᠴᠢᠬᠤᠯᠠᠲᠠᠢ ᠭᠤᠣᠯᠳᠠᠯᠭ᠎ᠠ ᠲᠠᠢ ᠠᠮᠢ ᠠᠬᠤᠢ ᠶᠢ ᠰᠡᠷᠭᠦᠭᠡᠬᠦ ᠡᠭᠦᠷᠭᠡ ᠶᠢ ᠲᠣᠳᠣᠷᠬᠠᠶᠢᠯᠠᠵᠤ ᠂ ᠣᠨ ᠢᠶᠠᠷ ᠲᠥᠷᠥᠯ ᠵᠦᠢᠯ ᠂  ᠳᠠᠭᠠᠭᠤᠯ ᠲᠥᠷᠥᠯ ᠵᠦᠢᠯ ᠤᠨ ᠠᠵᠢᠯ ᠤᠨ ᠠᠭᠤᠯᠭ᠎ᠠ ᠶᠢᠨ ᠲᠣᠬᠢᠷᠠᠭᠤᠯᠤᠯᠲᠠ ᠪᠠ ᠬᠡᠷᠡᠭᠵᠢᠭᠦᠯᠬᠦ ᠠᠬᠢᠴᠠ ᠶᠢ ᠲᠣᠳᠣᠷᠬᠠᠶᠢᠯᠠᠨ᠎ᠠ ᠃

ᠵᠢᠷᠭᠤᠳᠤᠭᠠᠷ ᠬᠡᠰᠡᠭ   ᠮᠡᠷᠭᠡᠵᠢᠯ ᠤᠨ ᠵᠠᠮ ᠱᠤᠭᠤᠮ

      ᠭᠤᠣᠯᠳᠠᠭᠤ ᠠᠮᠢ ᠠᠬᠤᠢ ᠶᠢ ᠰᠡᠷᠭᠦᠭᠡᠨ ᠵᠠᠰᠠᠬᠤ ᠮᠡᠷᠭᠡᠵᠢᠯ ᠤᠨ ᠵᠠᠮ ᠱᠤᠭᠤᠮ ᠂ ᠮᠡᠷᠭᠡᠵᠢᠯ ᠤᠨ ᠠᠷᠭ᠎ᠠ ᠪᠠᠷᠢᠯ ᠪᠠ ᠠᠷᠭ᠎ᠠ ᠬᠡᠮᠵᠢᠶ᠎ᠡ ᠂ ᠢᠨᠵᠧᠨᠧᠷᠢᠩ ᠤᠨ ᠪᠠᠶᠢᠷᠢᠰᠢᠭᠤᠯᠤᠯᠲᠠ ᠂ ᠭᠤᠣᠯ ᠢᠨᠵᠧᠨᠧᠷᠢᠩ ᠤᠨ ᠬᠡᠮᠵᠢᠶ᠎ᠡ ᠂ ᠢᠨᠵᠧᠨᠧᠷᠢᠩ ᠤᠨ ᠰᠢᠢᠳᠪᠦᠷᠢᠯᠡᠬᠦ ᠪᠠᠷ ᠪᠠᠶᠢᠭ᠎ᠠ ᠠᠮᠢ ᠠᠬᠤᠢ ᠶᠢᠨ ᠠᠰᠠᠭᠤᠳᠠᠯ ᠵᠡᠷᠭᠡ ᠪᠠᠭᠲᠠᠨ᠎ᠠ ᠃ ᠭᠠᠵᠠᠷ ᠰᠢᠷᠣᠢ ᠶᠢ ᠡᠵᠡᠯᠡᠨ ᠬᠡᠷᠡᠭᠯᠡᠬᠦ ᠵᠡᠷᠭᠡ ᠡᠷᠬᠡ ᠶᠢᠨ ᠬᠠᠷᠢᠶᠠᠯᠠᠯ ᠤᠨ ᠠᠰᠠᠭᠤᠳᠠᠯ ᠳᠤ ᠬᠤᠯᠪᠣᠭᠳᠠᠵᠤ ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠂ ᠡᠷᠬᠡ ᠶᠢ ᠲᠣᠳᠣᠯᠠᠨ ᠲᠣᠭᠲᠠᠭᠠᠭᠠᠳ ᠬᠡᠷᠡᠭᠯᠡᠬᠦ ᠭᠠᠵᠠᠷ ᠪᠠ ᠨᠤᠷᠠᠭᠠᠨ ᠨᠡᠭᠦᠯᠭᠡᠵᠦ ᠲᠥᠪᠬᠢᠨᠡᠭᠦᠯᠬᠦ ᠵᠡᠷᠭᠡ ᠠᠰᠢᠭ ᠲᠤᠰᠠ ᠶᠢᠨ ᠬᠤᠯᠪᠣᠭᠳᠠᠯᠲᠤ ᠲᠠᠯ᠎ᠠ ᠶᠢᠨ ᠠᠰᠠᠭᠤᠳᠠᠯ ᠳᠤ ᠬᠤᠯᠪᠣᠭᠳᠠᠪᠠᠯ ᠂ ᠬᠠᠮᠢᠶ᠎ᠠ ᠪᠦᠬᠦᠢ ᠴᠣᠬᠤᠯᠠᠪᠤᠷᠢᠯᠠᠭᠰᠠᠨ ᠪᠢᠴᠢᠭ ᠮᠠᠲ᠋ᠧᠷᠢᠶᠠᠯ ᠂ ᠵᠥᠪᠯᠡᠯᠴᠡᠭᠡᠷ ᠤᠨ ᠪᠢᠴᠢᠭ ᠪᠤᠶᠤ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠤ ᠠᠮᠠᠯᠠᠯᠲᠠ ᠶᠢᠨ ᠪᠢᠴᠢᠭ ᠢ  ᠭᠠᠷᠳᠠᠬᠤ ᠬᠡᠷᠡᠭᠲᠡᠢ ᠃ ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠢ ᠳᠤ ᠬᠤᠯᠪᠣᠭᠳᠠᠪᠠᠯ ᠂ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠳᠠᠭᠠᠭᠠᠴᠢᠯᠠᠭᠰᠠᠨ ᠲᠠᠷᠢᠶᠠᠯᠠᠬᠤ ᠡᠷᠦᠬᠡ ᠶᠢᠨ ᠰᠠᠨᠠᠯ ᠢ ᠬᠤᠷᠢᠶᠠᠭᠰᠠᠨ ᠪᠠᠶᠢᠳᠠᠯ ᠢᠶᠠᠨ ᠲᠣᠳᠣᠷᠬᠠᠶᠢᠯᠠᠨ᠎ᠠ ᠃ ᠨᠥᠬᠦᠪᠦᠷᠢ ᠲᠠᠷᠢᠶᠠᠯᠠᠬᠤ ᠭᠠᠵᠠᠷ ᠤᠨ ᠭᠦᠢᠴᠡᠳᠬᠡᠯ ᠲᠤᠭ᠎ᠠ ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠬᠦ ᠪᠠ ᠬᠠᠰᠤᠭᠳᠠᠬᠤ ᠶᠢ ᠬᠤᠯᠪᠣᠭᠳᠠᠭᠤᠯᠬᠤ ᠭᠦᠢᠴᠡᠳᠬᠡᠯ ᠲᠤᠭ᠎ᠠ ᠂ ᠰᠢᠷᠣᠢ ᠴᠢᠯᠠᠭᠤᠨ ᠮᠠᠲ᠋ᠧᠷᠢᠶᠠᠯ ᠢ ᠠᠰᠢᠭᠯᠠᠬᠤ ᠳᠤ ᠬᠤᠯᠪᠣᠭᠳᠠᠪᠠᠯ ᠂  ᠠᠰᠢᠭᠯᠠᠬᠤ ᠲᠥᠰᠥᠯ ᠪᠦᠬᠦᠢ ᠪᠦᠯᠦᠭ ᠬᠡᠰᠡᠭ ᠢ ᠠᠰ ᠲᠤ ᠨᠢ ᠲᠣᠬᠢᠷᠠᠭᠤᠯᠬᠤ ᠪᠤᠶᠤ ᠠᠰᠢᠭᠯᠠᠬᠤ ᠲᠥᠰᠥᠯ ᠢ ᠲᠤᠰᠠᠭᠠᠷ  ᠨᠠᠶᠢᠷᠠᠭᠤᠯᠤᠨ ᠵᠣᠬᠢᠶᠠᠵᠤ ᠂ ᠬᠠᠮᠢᠶ᠎ᠠ ᠪᠦᠬᠦᠢ ᠱᠠᠭᠠᠷᠳᠠᠯᠭ᠎ᠠ ᠪᠠ ᠲᠣᠬᠢᠷᠠᠭᠤᠯᠬᠤ ᠬᠠᠷᠢᠴᠠᠯ ᠵᠡᠷᠭᠡ ᠶᠢ ᠲᠣᠳᠣᠷᠬᠠᠢ ᠲᠣᠭᠲᠠᠭᠠᠨ᠎ᠠ ᠃

ᠲᠠᠪᠤᠳᠤᠭᠠᠷ ᠪᠦᠯᠦᠭ   ᠠᠮᠢ ᠠᠬᠤᠢ ᠶᠢ ᠰᠡᠷᠭᠦᠭᠡᠬᠦ ᠢᠨᠵᠧᠨᠧᠷᠢᠩ ᠤᠨ ᠪᠠᠶᠢᠷᠢᠰᠢᠭᠤᠯᠤᠯᠲᠠ ᠬᠢᠭᠡᠳ ᠴᠠᠭ ᠬᠤᠭᠤᠴᠠᠭᠠᠨ ᠤ ᠳᠠᠷᠠᠭᠠᠯᠠᠯ ᠤᠨ ᠲᠣᠬᠢᠷᠠᠭᠤᠯᠤᠯᠲᠠ

ᠨᠢᠭᠡᠳᠦᠭᠡᠷ ᠬᠡᠰᠡᠭ   ᠢᠨᠵᠧᠨᠧᠷᠢᠩ ᠤᠨ ᠪᠠᠶᠢᠷᠢᠰᠢᠭᠤᠯᠤᠯᠲᠠ

      ᠭᠤᠣᠯᠳᠠᠭᠤ ᠢᠨᠵᠧᠨᠧᠷᠢᠩ ᠤᠨ ᠬᠡᠪᠴᠢᠶᠡᠨ ᠳᠣᠲᠣᠷᠠᠬᠢ ᠂ ᠢᠨᠵᠧᠨᠧᠷᠢᠩ ᠤᠨ ᠳᠠᠭᠠᠭᠤᠯ ᠲᠦᠷᠦᠯ ᠵᠦᠢᠯ ᠤᠨ ᠲᠦᠷᠦᠯ ᠬᠡᠯᠪᠡᠷᠢ ᠂ ᠲᠤᠭ᠎ᠠ ᠬᠡᠮᠵᠢᠶ᠎ᠡ ᠂ ᠲᠠᠷᠬᠠᠯᠲᠠ ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠠᠯᠠᠪᠠᠢ ᠵᠢᠴᠢ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢ ᠲᠣᠳᠣᠷᠬᠠᠶᠢᠯᠠᠨ ᠥᠭᠦᠯᠡᠨ᠎ᠡ ᠃ ᠬᠦᠰᠦᠨᠦᠭ ᠭᠠᠷᠭᠠᠨ ᠳᠠᠭᠠᠭᠤᠯ ᠲᠥᠷᠥᠯ ᠵᠦᠢᠯ ᠤᠨ ᠨᠠᠷᠢᠨ ᠬᠠᠭᠤᠳᠠᠰᠤ ᠶᠢ ᠲᠣᠳᠣᠷᠬᠠᠶᠢᠯᠠᠵᠤ ᠂ ᠲᠥᠷᠥᠯ ᠵᠦᠢᠯ ᠤᠨ ᠲᠥᠷᠥᠯ ᠬᠡᠯᠪᠡᠷᠢ ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠠᠯᠠᠪᠠᠶ ᠂ ᠪᠠᠷᠢᠯᠭ᠎ᠠ ᠶᠢᠨ ᠬᠡᠮᠵᠢᠶ᠎ᠡ ᠵᠡᠷᠭᠡ ᠶᠢ ᠲᠣᠳᠣᠷᠬᠠᠶᠢᠯᠠᠨ᠎ᠠ ᠃ ᠢᠨᠵᠧᠨᠧᠷᠢᠩ ᠤᠨ ᠪᠠᠶᠢᠷᠢᠰᠢᠭᠤᠯᠤᠯᠲᠠ ᠨᠢ ᠪᠦᠬᠦᠯᠢ ᠴᠣᠭᠴᠠᠲᠤ ᠴᠢᠨᠠᠷ ᠂ ᠰᠢᠰᠲ᠋ᠧᠮᠲᠦ ᠴᠢᠨᠠᠷ ᠂ ᠵᠣᠬᠢᠴᠠᠯᠳᠤ ᠴᠢᠨᠠᠷ ᠢ ᠢᠯᠡᠷᠡᠭᠦᠯᠦᠭᠰᠡᠨ ᠪᠠᠶᠢᠬᠤ ᠬᠡᠷᠡᠭᠲᠡᠢ ᠃

ᠬᠤᠶᠠᠳᠤᠭᠠᠷ ᠬᠡᠰᠡᠭ   ᠢᠨᠵᠧᠨᠧᠷᠢᠩ ᠤᠨ ᠠᠷᠭ᠎ᠠ ᠬᠡᠮᠵᠢᠶ᠎ᠡ

      ᠢᠨᠵᠧᠨᠧᠷᠢᠩ ᠤᠨ ᠬᠡᠪᠴᠢᠶᠡᠨ ᠳᠣᠲᠣᠷᠠᠬᠢ ᠡᠯ᠎ᠡ ᠳᠠᠭᠠᠭᠤᠯ ᠲᠥᠷᠥᠯ ᠵᠦᠢᠯ ᠤᠨ ᠠᠪᠬᠤ ᠪᠠᠷ ᠪᠠᠶᠢᠭ᠎ᠠ ᠭᠠᠵᠠᠷ ᠰᠢᠷᠣᠢ ᠶᠢ ᠴᠡᠭᠴᠡᠯᠡᠨ ᠵᠠᠰᠠᠬᠤ ᠂ ᠭᠠᠵᠠᠷ ᠤᠨ ᠪᠠᠶᠢᠴᠠ ᠭᠠᠵᠠᠷ ᠤᠨ ᠭᠠᠳᠠᠷᠭᠤ ᠶᠢ ᠳᠠᠬᠢᠨ ᠴᠣᠭᠴᠠᠯᠠᠬᠤ ᠂ ᠬᠥᠷᠥᠰᠥ ᠰᠢᠷᠣᠢ ᠶᠢ ᠳᠠᠬᠢᠨ ᠪᠦᠲᠦᠭᠡᠬᠦ ᠪᠠ ᠰᠠᠶᠢᠵᠢᠷᠠᠭᠤᠯᠬᠤ ᠂ ᠣᠶ ᠰᠢᠭᠤᠢ ᠡᠪᠡᠰᠦ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠂ ᠬᠤᠬᠢᠷᠠᠵᠤ ᠰᠦᠢᠳᠦᠭᠰᠡᠨ ᠠᠮᠢ ᠠᠬᠤᠢ ᠶᠢᠨ ᠬᠤᠩᠭᠢᠯ ᠪᠠ ᠠᠮᠢᠲᠠᠨ ᠤᠷᠭᠤᠮᠠᠯ ᠤᠨ ᠣᠷᠣᠰᠢᠨ ᠠᠮᠢᠳᠤᠷᠠᠬᠤ ᠭᠠᠵᠠᠷ ᠢ ᠰᠡᠷᠭᠦᠭᠡᠬᠦ ᠵᠡᠷᠭᠡ ᠠᠮᠢ ᠠᠬᠤᠢ ᠶᠢ ᠰᠡᠷᠭᠦᠭᠡᠬᠦ ᠠᠷᠭ᠎ᠠ ᠮᠠᠶ᠋ᠢᠭ ᠵᠢᠴᠢ ᠠᠮᠢ ᠠᠬᠤᠢ ᠶᠢ ᠰᠡᠷᠭᠦᠭᠡᠬᠦ ᠠᠷᠭ᠎ᠠ ᠬᠡᠮᠵᠢᠶ᠎ᠡ ᠶᠢ ᠲᠣᠳᠣᠷᠬᠠᠶᠢᠯᠠᠨ ᠥᠭᠦᠯᠡᠨ᠎ᠡ ᠃

ᠭᠤᠷᠪᠠᠳᠤᠭᠠᠷ ᠬᠡᠰᠡᠭ   ᠴᠠᠭ ᠬᠤᠭᠤᠴᠠᠭᠠᠨ ᠤ ᠳᠠᠷᠠᠭᠠᠯᠠᠯ ᠤᠨ ᠲᠣᠬᠢᠷᠠᠭᠤᠯᠤᠯᠲᠠ

      ᠭᠤᠣᠯᠳᠠᠭᠤ ᠢᠨᠵᠧᠨᠧᠷᠢᠩ ᠤᠨ ᠬᠡᠪᠴᠢᠶᠡᠨ ᠳᠣᠲᠣᠷᠠᠬᠢ ᠡᠯ᠎ᠡ ᠳᠠᠭᠠᠭᠤᠯ ᠲᠥᠷᠥᠯ ᠵᠦᠢᠯ ᠤᠨ ᠴᠠᠭ ᠬᠤᠭᠤᠴᠠᠭᠠᠨ ᠤ ᠳᠠᠷᠠᠭᠠᠯᠠᠯ ᠤᠨ ᠲᠣᠬᠢᠷᠠᠭᠤᠯᠤᠯᠲᠠ ᠶᠢ ᠲᠣᠳᠣᠷᠬᠠᠶᠢᠯᠠᠨ ᠥᠭᠦᠯᠡᠵᠦ ᠂ ᠳᠠᠭᠠᠭᠤᠯ ᠲᠥᠷᠥᠯ ᠵᠦᠢᠯ ᠤᠨ ᠢᠨᠵᠧᠨᠧᠷᠢᠩ ᠤᠨ ᠬᠤᠭᠤᠴᠠᠭ᠎ᠠ ᠬᠢᠵᠠᠭᠠᠷ ᠪᠠ ᠡᠬᠢᠯᠡᠵᠦ ᠳᠠᠭᠤᠰᠬᠤ ᠴᠠᠭ ᠂ ᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠂ ᠢᠨᠵᠧᠨᠧᠷᠢᠩ ᠤᠨ ᠬᠡᠮᠵᠢᠶ᠎ᠡ ᠂ ᠪᠡᠯᠡ ᠣᠷᠣᠭᠤᠯᠤᠯᠲᠠ ᠶᠢᠨ ᠲᠥᠯᠥᠪᠯᠡᠭᠡ ᠵᠡᠷᠭᠡ ᠶᠢ ᠲᠣᠳᠣᠷᠬᠠᠢ ᠥᠭᠦᠯᠡᠨ᠎ᠡ ᠃

ᠵᠢᠷᠭᠤᠳᠤᠭᠠᠷ ᠪᠦᠯᠦᠭ   ᠪᠡᠯᠡ ᠣᠷᠣᠭᠤᠯᠤᠯᠲᠠ ᠶᠢᠨ ᠲᠥᠰᠥᠭᠡᠯᠡᠨ ᠪᠣᠳᠣᠯᠲᠠ

ᠨᠢᠭᠡᠳᠦᠭᠡᠷ ᠬᠡᠰᠡᠭ   ᠲᠥᠰᠥᠭᠡᠯᠡᠨ ᠪᠤᠳᠤᠬᠤ ᠦᠨᠳᠦᠰᠦᠯᠡᠯ

      ᠵᠠᠷᠤᠳᠠᠯ ᠢ ᠲᠥᠰᠥᠭᠡᠯᠡᠨ ᠪᠤᠳᠤᠨᠨᠰᠠᠨ ᠦᠨᠳᠦᠰᠦᠯᠡᠯ ᠂ ᠰᠦᠢᠳᠬᠡᠯ ᠠᠪᠬᠤ ᠪᠠᠷᠢᠮᠵᠢᠶ᠎ᠠ ᠵᠡᠷᠭᠡ ᠶᠢ ᠲᠣᠳᠣᠷᠬᠠᠶᠢᠯᠠᠨ ᠥᠭᠦᠯᠡᠨ᠎ᠡ ᠃

ᠬᠤᠶᠠᠳᠤᠭᠠᠷ ᠬᠡᠰᠡᠭ   ᠵᠠᠷᠤᠳᠠᠯ ᠤᠨ ᠲᠥᠰᠥᠭᠡᠯᠡᠨ ᠪᠣᠳᠣᠯᠲᠠ

      ᠠᠮᠢ ᠠᠬᠤᠢ ᠶᠢ ᠰᠡᠷᠭᠦᠭᠡᠬᠦ ᠢᠨᠵᠧᠨᠧᠷᠢᠩ ᠤᠨ ᠪᠠᠷᠢᠯᠭ᠎ᠠ ᠪᠠᠷᠢᠬᠤ ᠵᠠᠷᠤᠳᠠᠯ ᠂ ᠬᠢᠨᠠᠨ ᠰᠢᠨᠵᠢᠬᠦ ᠬᠢᠭᠡᠳ ᠬᠠᠮᠢᠶᠠᠷᠤᠨ ᠬᠠᠮᠠᠭᠠᠯᠠᠬᠤ ᠵᠠᠷᠤᠳᠠᠯ ᠂ ᠪᠤᠰᠤᠳ ᠵᠠᠷᠤᠳᠠᠯ ︵ᠡᠮᠦᠨᠡᠬᠢ ᠬᠤᠭᠤᠴᠠᠭᠠᠨ ᠤ ᠠᠵᠢᠯ ᠤᠨ ᠵᠠᠷᠤᠳᠠᠯ ᠂ ᠢᠨᠵᠧᠨᠧᠷᠢᠩ ᠤᠨ ᠬᠢᠨᠠᠨ ᠬᠠᠮᠢᠶᠠᠷᠬᠤ ᠵᠠᠷᠤᠳᠠᠯ ᠂ ᠪᠠᠷᠢᠯᠭ᠎ᠠ ᠳᠠᠭᠤᠰᠴᠤ ᠰᠢᠯᠭᠠᠨ ᠠᠪᠬᠤ ᠵᠠᠷᠤᠳᠠᠯ ᠂ ᠥᠮᠴᠢᠲᠡᠨ ᠤ ᠬᠠᠮᠢᠶᠠᠷᠤᠯᠲᠠ ᠶᠢᠨ ᠵᠠᠷᠤᠳᠠᠯ ︶ ᠵᠢᠴᠢ ᠪᠠᠷᠤᠭᠴᠠᠭᠠᠯᠠᠵᠤ ᠲᠡᠶᠢᠯᠬᠦ ᠦᠭᠡᠢ ᠵᠠᠷᠤᠳᠠᠯ ᠵᠡᠷᠭᠡ ᠵᠠᠷᠤᠳᠠᠯ ᠤᠨ ᠪᠦᠷᠢᠯᠳᠦᠯ ᠢ ᠲᠣᠳᠣᠷᠬᠠᠶᠢᠯᠠᠨ ᠥᠭᠦᠯᠡᠨ᠎ᠡ ᠃ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠤᠨ ᠪᠡᠯᠡ ᠣᠷᠣᠭᠤᠯᠤᠯᠲᠠ ᠶᠢᠨ ᠶᠡᠷᠦᠩᠬᠡᠢ ᠲᠤᠭ᠎ᠠ ᠂ ᠨᠢᠭᠡᠴᠢ ᠢᠨᠵᠧᠨᠧᠷᠢᠩ ᠤᠨ ᠬᠡᠮᠵᠢᠶ᠎ᠡ ᠶᠢ ᠪᠡᠶᠡᠯᠡᠭᠦᠯᠦᠭᠰᠡᠨ ᠡᠯ᠎ᠡ ᠲᠦᠷᠦᠯ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠷᠭ᠎ᠠ ᠬᠡᠮᠵᠢᠶ᠎ᠡ ᠳᠤ ᠬᠡᠷᠡᠭᠰᠡᠬᠦ ᠥᠪᠡᠷ ᠤᠨ ᠥᠷᠲᠡᠭ ᠢ ᠲᠣᠳᠣᠷᠬᠠᠶᠢᠯᠠᠨ᠎ᠠ ᠃

ᠳᠣᠯᠣᠳᠤᠭᠠᠷ ᠪᠦᠯᠦᠭ   ᠪᠡᠯᠡ ᠮᠥᠩᠭᠦ ᠪᠠᠵᠠᠭᠠᠬᠤ

ᠨᠢᠭᠡᠳᠦᠭᠡᠷ ᠬᠡᠰᠡᠭ   ᠪᠡᠯᠡ ᠮᠥᠩᠭᠦᠨ ᠤ ᠬᠤᠪᠢᠶᠠᠷᠢᠯᠠᠯᠲᠠ

      ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢᠨ ᠵᠠᠭᠪᠤᠷ ᠢ ᠥᠭᠦᠯᠡᠨ ᠲᠣᠳᠣᠷᠬᠠᠶᠢᠯᠠᠵᠤ ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠂ ᠲᠥᠪ ᠤᠨ ᠪᠡᠯᠡ ᠣᠷᠣᠭᠤᠯᠤᠯᠲᠠ ᠶᠢ ᠭᠤᠶᠤᠴᠢᠯᠠᠬᠤ ᠂ ᠣᠷᠣᠨ ᠨᠤᠲᠤᠭ ᠵᠢᠴᠢ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢᠨ ᠪᠡᠯᠡ ᠮᠥᠩᠭᠦᠨ ᠤ ᠢᠷᠡᠯᠲᠡ ᠶᠢᠨ ᠪᠦᠷᠢᠯᠳᠦᠯ ᠢ ᠲᠣᠳᠣᠷᠬᠠᠢ ᠲᠣᠭᠲᠠᠭᠠᠨ᠎ᠠ ᠃ ᠡᠯ᠎ᠡ ᠬᠤᠪᠢᠶᠠᠷᠢ ᠲᠦᠷᠦᠯ ᠵᠦᠢᠯ ᠤᠨ ᠢᠨᠵᠧᠨᠧᠷᠢᠩ ᠤᠨ ᠪᠡᠯᠡ ᠮᠥᠩᠭᠦᠨ ᠤ ᠢᠷᠡᠯᠲᠡ ᠂ ᠪᠡᠯᠡ ᠣᠷᠣᠭᠤᠯᠤᠯᠲᠠ ᠶᠢᠨ ᠲᠥᠰᠥᠭᠡᠯᠡᠨ ᠪᠣᠳᠣᠯᠲᠠ ᠂ ᠵᠢᠱᠢᠭᠰᠡᠨ ᠭᠠᠷᠭᠠᠯᠲᠠ ᠶᠢᠨ ᠠᠰᠢᠭ ᠣᠷᠣᠯᠭ᠎ᠠ ᠶᠢ ᠲᠣᠳᠣᠷᠬᠠᠶᠢᠯᠠᠨ᠎ᠠ ᠃

ᠬᠤᠶᠠᠳᠤᠭᠠᠷ ᠬᠡᠰᠡᠭ   ᠳᠡᠮᠵᠢᠯᠭᠡ ᠶᠢᠨ ᠲᠥᠷᠥ ᠶᠢᠨ ᠪᠣᠳᠣᠯᠭ᠎ᠠ

      ᠵᠠᠰᠠᠨ‌‍ᠰᠡᠷᠭᠦᠭᠡᠭᠰᠡᠨ ᠤ ᠳᠠᠷᠠᠭᠠᠬᠢ ᠭᠠᠵᠠᠷ ᠰᠢᠷᠣᠢ ᠶᠢ ᠨᠡᠭᠡᠭᠡᠨ ᠠᠰᠢᠭᠯᠠᠬᠤ ᠂ ᠣᠨᠴᠠ ᠵᠥᠪᠰᠢᠶᠡᠷᠡᠭᠰᠡᠨ ᠡᠵᠡᠩᠨᠡᠯᠲᠡ ᠳᠤ ᠭᠠᠵᠠᠷ ᠬᠠᠩᠭᠠᠬᠤ ᠂ ᠬᠡᠷᠡᠭᠯᠡᠬᠦ ᠭᠠᠵᠠᠷ ᠲᠤ ᠲᠣᠬᠢᠷᠠᠭᠤᠯᠤᠯᠲᠠ ᠬᠢᠬᠦ ᠂ ᠵᠠᠯᠭᠠᠮᠵᠢ ᠠᠵᠤ ᠦᠢᠯᠡᠰ ᠢ ᠨᠡᠭᠡᠭᠡᠨ ᠬᠥᠭᠵᠢᠭᠦᠯᠬᠦ ᠂ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠂ ᠪᠠᠶᠢᠭᠠᠯᠢ ᠶᠢᠨ ᠡᠬᠢ ᠪᠠᠶᠠᠯᠢᠭ ᠤᠨ ᠪᠡᠯᠡ ᠬᠥᠷᠥᠩᠭᠡ ᠶᠢ ᠲᠣᠬᠢᠷᠠᠭᠤᠯᠬᠤ ᠂ ᠡᠳ᠋ ᠤᠨ ᠵᠠᠰᠠᠭ ᠭᠠᠶᠢᠯᠢ ᠶᠢᠨ ᠳᠡᠮᠵᠢᠯᠭᠡ ᠦᠵᠡᠭᠦᠯᠬᠦ ᠪᠠ ᠡᠯ᠎ᠡ ᠲᠥᠷᠥᠯ ᠤᠨ ᠭᠦᠢᠴᠡᠳᠬᠡᠯ ᠲᠣᠭᠠᠨ ᠤ ᠲᠤᠰᠬᠠᠢ ᠬᠠᠷᠢᠶᠠᠯᠠᠭᠳᠠᠬᠤ ᠡᠷᠬᠡ ᠵᠡᠷᠭᠡ ᠲᠠᠯ᠎ᠠ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠣᠳᠣᠷᠬᠠᠶᠢᠯᠠᠨ ᠥᠭᠦᠯᠡᠨ᠎ᠡ ᠃

ᠭᠤᠷᠪᠠᠳᠤᠭᠠᠷ ᠬᠡᠰᠡᠭ   ᠠᠰᠢᠭ ᠤᠷᠤᠯᠭ᠎ᠠ ᠶᠢᠨ ᠬᠤᠪᠢᠶᠠᠷᠢᠯᠠᠯᠲᠠ

      ᠪᠡᠯᠡ ᠮᠥᠩᠭᠦᠨ ᠤ ᠬᠤᠪᠢᠶᠠᠷᠢᠯᠠᠯᠲᠠ ᠪᠠ ᠳᠡᠮᠵᠢᠯᠭᠡ ᠶᠢᠨ ᠲᠦᠷᠦ ᠶᠢᠨ ᠪᠣᠳᠣᠯᠭ᠎ᠠ ᠳᠤ ᠰᠠᠭᠤᠷᠢᠯᠠᠵᠤ ᠂ ᠨᠡᠶᠢᠭᠡᠮ ᠤᠨ ᠪᠡᠯᠡ ᠣᠷᠣᠭᠤᠯᠤᠯᠲᠠ ᠶᠢᠨ ᠲᠠᠯ᠎ᠠ ᠶᠢᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠲᠣᠶᠢᠮᠣᠴᠢᠯᠠᠨ ᠲᠣᠭᠠᠴᠢᠨ᠎ᠠ ᠃

ᠨᠠᠢᠮᠠᠳᠤᠭᠠᠷ ᠪᠦᠯᠦᠭ   ᠮᠥᠷᠳᠡᠵᠦ ᠬᠢᠨᠠᠨ ᠰᠢᠨᠵᠢᠬᠦ ᠬᠢᠭᠡᠳ ᠠᠮᠵᠢᠯᠲᠠ ᠪᠦᠲᠦᠮᠵᠢ ᠶᠢ ᠦᠨᠡᠯᠡᠬᠦ

ᠨᠢᠭᠡᠳᠦᠭᠡᠷ ᠬᠡᠰᠡᠭ   ᠮᠥᠷᠳᠡᠵᠦ ᠬᠢᠨᠠᠨ ᠰᠢᠨᠵᠢᠬᠦ

      ᠢᠨᠵᠧᠨ᠋ᠧᠷᠢᠩ ᠢ ᠬᠡᠷᠡᠭᠵᠢᠭᠦᠯᠦᠭᠰᠡᠨ ᠤ ᠳᠠᠷᠠᠭᠠᠬᠢ ᠮᠥᠷᠳᠡᠵᠦ ᠬᠢᠨᠠᠨ ᠰᠢᠨᠵᠢᠬᠦ ᠠᠭᠤᠯᠭ᠎ᠠ ᠬᠢᠭᠡᠳ ᠠᠷᠭ᠎ᠠ ᠶᠢ ᠲᠣᠳᠣᠷᠬᠠᠶᠢᠯᠠᠨ ᠥᠭᠦᠯᠡᠨ᠋᠎ᠡ ᠃

ᠬᠤᠶᠠᠳᠤᠭᠠᠷ ᠬᠡᠰᠡᠭ   ᠠᠮᠵᠢᠯᠲᠠ ᠪᠦᠲᠦᠮᠵᠢ ᠶᠢ ᠦᠨᠡᠯᠡᠬᠦ

      ᠢᠨᠵᠧᠨᠧᠷᠢᠩ ᠢ ᠬᠡᠷᠡᠭᠵᠢᠭᠦᠯᠦᠭᠰᠡᠨ ᠤ ᠳᠠᠷᠠᠭᠠᠬᠢ ᠠᠮᠵᠢᠯᠲᠠ ᠪᠦᠲᠦᠮᠵᠢ ᠶᠢ ᠦᠨᠡᠯᠡᠬᠦ ᠠᠭᠤᠯᠭ᠎ᠠ ᠪᠠ ᠠᠷᠭ᠎ᠠ ᠶᠢ ᠲᠣᠳᠣᠷᠬᠠᠶᠢᠯᠠᠨ ᠥᠭᠦᠯᠡᠨ᠋᠎ᠡ ᠃

ᠶᠢᠰᠦᠳᠦᠭᠡᠷ ᠪᠦᠯᠦᠭ   ᠪᠠᠲᠤᠯᠠᠭ᠎ᠠ ᠶᠢᠨ ᠠᠷᠭ᠎ᠠ ᠬᠡᠮᠵᠢᠶ᠎ᠡ

      ᠬᠤᠰᠢᠭᠤ ᠰᠢᠶᠠᠨ ᠤ ᠱᠠᠲᠤᠨ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠂ ᠬᠢᠨᠠᠯᠲᠠ ᠲᠠᠯᠪᠢᠨ ᠬᠠᠮᠢᠶᠠᠷᠬᠤ ᠂ ᠮᠡᠷᠭᠡᠵᠢᠯ ᠤᠨ ᠲᠤᠯᠭᠠᠭᠤᠷᠢᠯᠠᠯ ᠦᠵᠡᠬᠦᠯᠬᠦ ᠠᠵᠢᠯ ᠢ ᠨᠢᠭᠡᠳᠦᠯᠲᠡᠢ ᠲᠥᠯᠥᠪᠯᠡᠬᠦ ᠵᠡᠷᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠨ ᠥᠭᠦᠯᠡᠨ᠋᠎ᠡ ᠃

 

      ᠳᠠᠭᠠᠯᠳᠤᠭᠤᠯᠤᠯ ᠄ 1. ×× ᠬᠤᠰᠢᠭᠤᠨ ︵ᠰᠢᠶᠠᠨ ᠂ ᠬᠤᠲᠠ ᠂ ᠲᠣᠭᠤᠷᠢᠭ ︶ ᠤ ×× ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠤᠨ ᠠᠯᠤᠰ ᠰᠡᠷᠡᠯ ᠤᠨ ᠢᠮᠡᠭᠧ ᠳᠦᠷᠰᠦ

      2. ×× ᠬᠤᠰᠢᠭᠤᠨ ︵ᠰᠢᠶᠠᠨ ᠂ ᠬᠤᠳᠠ ᠂ ᠲᠣᠭᠤᠷᠢᠭ ︶ ᠤ ×× ᠠᠮᠢ ᠠᠬᠤᠢ ᠶᠢ ᠰᠡᠷᠭᠦᠭᠡᠬᠦ ᠲᠦᠷᠦᠯ ᠵᠦᠢᠯ ᠤᠨ ᠭᠠᠵᠠᠷ ᠰᠢᠷᠣᠢ ᠶᠢᠨ ᠠᠰᠢᠭᠯᠠᠯᠲᠠ ᠶᠢᠨ ᠣᠳᠣᠬᠢ ᠪᠠᠶᠢᠳᠠᠯ ᠤᠨ ᠵᠢᠷᠤᠭ

      3. ×× ᠬᠤᠰᠢᠭᠤᠨ ︵ᠰᠢᠶᠠᠨ ᠂ ᠬᠤᠳᠠ ᠂ ᠲᠣᠭᠤᠷᠢᠭ ︶ ᠤ ×× ᠠᠮᠢ ᠠᠬᠤᠢ ᠶᠢ ᠰᠡᠷᠭᠦᠭᠡᠬᠦ ᠲᠦᠷᠦᠯ ᠵᠦᠢᠯ ᠤᠨ ᠠᠮᠢ ᠠᠬᠤᠢ ᠶᠢᠨ ᠠᠰᠠᠭᠤᠳᠠᠯ ᠤᠨ ᠣᠳᠣᠬᠢ ᠪᠠᠶᠢᠳᠠᠯ ᠤᠨ ᠵᠢᠷᠤᠭ

      4. ×× ᠬᠤᠰᠢᠭᠤᠨ ︵ᠰᠢᠶᠠᠨ ᠂ ᠬᠤᠳᠠ ᠂ ᠲᠣᠭᠤᠷᠢᠭ ︶ ᠤ ×× ᠠᠮᠢ ᠠᠬᠤᠢ ᠶᠢ ᠰᠡᠷᠭᠦᠭᠡᠬᠦ ᠲᠦᠷᠦᠯ ᠵᠦᠢᠯ ᠤᠨ ᠢᠨᠵᠧᠨᠧᠷᠢᠩ ᠤᠨ ᠳᠠᠭᠠᠭᠤᠯ ᠲᠦᠷᠦᠯ ᠵᠦᠢᠯ ᠤᠨ ᠪᠠᠶᠢᠷᠢᠰᠢᠭᠤᠯᠤᠯᠲᠠ ᠶᠢᠨ ᠵᠢᠷᠤᠭ ︵ ᠳᠠᠭᠠᠭᠤᠯ ᠲᠦᠷᠦᠯ ᠵᠦᠢᠯ ᠦᠭᠡᠢ ᠪᠣᠯ ᠬᠢᠬᠦ ᠦᠭᠡᠢ ᠪᠠᠶᠢᠭᠰᠠᠨ ᠴᠤ ᠪᠣᠯᠣᠨ᠎ᠠ ︶

      5. ×× ᠬᠤᠰᠢᠭᠤᠨ ︵ᠰᠢᠶᠠᠨ ᠂ ᠬᠤᠳᠠ ᠂ ᠲᠣᠭᠤᠷᠢᠭ ︶ ᠤ ×× ᠠᠮᠢ ᠠᠬᠤᠢ ᠶᠢ ᠰᠡᠷᠭᠦᠭᠡᠬᠦ ᠲᠦᠷᠦᠯ ᠵᠦᠢᠯ ᠤᠨ ᠠᠮᠢ ᠠᠬᠤᠢ ᠶᠢ ᠰᠡᠷᠭᠦᠭᠡᠬᠦ ᠢᠨᠵᠧᠨᠧᠷᠢᠩ ᠤᠨ ᠪᠠᠶᠢᠷᠢᠰᠢᠭᠤᠯᠤᠯᠲᠠ ᠶᠢᠨ ᠵᠢᠷᠤᠭ

      6. ᠢᠨᠵᠧᠨᠧᠷᠢᠩ ᠤᠨ ᠬᠡᠪᠴᠢᠶᠡᠨ ᠳᠣᠲᠣᠷ᠎ᠠ ᠬᠤᠯᠪᠣᠭᠳᠠᠵᠤ ᠪᠠᠶᠢᠭ᠎ᠠ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠰᠠᠨᠠᠯ ᠂ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ︵ᠪᠤᠶᠤ ᠭᠠᠴᠠᠭ᠎ᠠ ᠲᠣᠰᠬᠤᠨ ᠤ ᠠᠷᠠᠳ ᠤᠨ ᠵᠥᠪᠯᠡᠯ ︶ ᠶᠢᠨ ᠰᠠᠨᠠᠯ ᠪᠠ ᠳᠠᠭᠠᠭᠠᠴᠢᠯᠠᠭᠰᠠᠨ ᠲᠠᠷᠢᠶᠠᠯᠠᠬᠤ ᠮᠠᠯᠵᠢᠬᠤ ᠡᠷᠦᠬᠡ ᠶᠢᠨ ᠰᠠᠨᠠᠯ

      7. ᠪᠡᠯᠡ ᠣᠷᠣᠭᠤᠯᠤᠯᠲᠠ ᠶᠢᠨ ᠭᠤᠣᠯ ᠴᠣᠭᠴᠠ ᠶᠢᠨ ᠪᠡᠯᠡ ᠣᠷᠣᠭᠤᠯᠤᠯᠲᠠ ᠶᠢᠨ ᠰᠠᠨᠠᠮᠵᠢ ᠶᠢᠨ ᠪᠢᠴᠢᠭ

      8. ×× ᠬᠤᠰᠢᠭᠤᠨ ︵ᠰᠢᠶᠠᠨ ᠂ ᠬᠤᠲᠠ ᠂ ᠲᠣᠭᠤᠷᠢᠭ ︶ ᠤ ×× ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢᠨ ᠬᠦᠰᠦᠨᠦᠭᠲᠦ ︵ᠡᠯ᠎ᠡ ᠳᠠᠭᠠᠭᠤᠯ ᠲᠥᠷᠥᠯ ᠵᠦᠢᠯ ᠪᠠᠭᠲᠠᠨ᠎ᠠ ︶

      9. ᠪᠤᠰᠤᠳ ᠲᠤᠰᠬᠠᠢ ᠲᠥᠰᠥᠯ ᠪᠠ ᠳᠠᠭᠠᠭᠤᠯ ᠲᠥᠷᠥᠯ ᠵᠦᠢᠯ ᠤᠨ ᠵᠢᠷᠤᠭ ᠲᠥᠯᠥᠪᠯᠡᠭᠡ ︵ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠳᠤ ᠬᠡᠷᠡᠭᠯᠡᠬᠦ ᠭᠠᠵᠠᠷ ᠢ ᠨᠡᠭᠡᠭᠡᠨ ᠬᠥᠭᠵᠢᠭᠦᠯᠬᠦ ᠶᠢ ᠳᠠᠬᠢᠨ ᠬᠢᠨᠠᠭᠰᠠᠨ ᠰᠠᠨᠠᠯ ᠂ ᠠᠶᠢᠮᠠᠭ ᠬᠤᠲᠠ ᠶᠢᠨ ᠱᠠᠲᠤᠨ ᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠬᠦ ᠪᠠ ᠬᠠᠰᠤᠭᠳᠠᠬᠤ ᠶᠢ ᠬᠤᠯᠪᠣᠭᠳᠠᠭᠤᠯᠬᠤ ᠲᠥᠷᠥᠯ ᠵᠦᠢᠯ ᠲᠣᠭᠲᠠᠭᠠᠬᠤ  ᠵᠦᠢᠯ ᠢ ᠬᠢᠨᠠᠨ ᠪᠠᠶᠢᠴᠠᠭᠠᠭᠰᠠᠨ ᠰᠠᠨᠠᠯ ᠂ ᠳᠡᠯᠪᠡᠴᠢᠬᠦ ᠢᠨᠵᠧᠨᠧᠷᠢᠩ ᠤᠨ ᠠᠶᠤᠯ ᠦᠭᠡᠢ ᠪᠠᠷᠢᠯᠭ᠎ᠠ ᠶᠢᠨ ᠲᠥᠰᠥᠯ ᠂ ᠠᠮᠢ ᠠᠬᠤᠢ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠮᠡᠳᠡᠭᠦᠯᠦᠯᠲᠡ ᠂ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠂ ᠬᠠᠶᠠᠭᠳᠠᠮᠠᠯ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠲᠥᠰᠥᠯ ᠵᠡᠷᠭᠡ ︶

 

 

 

 

 

 

 

ᠳᠠᠭᠠᠯᠳᠤᠭᠤᠯᠤᠯ 2

 

×× ᠬᠤᠰᠢᠭᠤᠨ ︵ᠰᠢᠶᠠᠨ ᠂ ᠬᠤᠲᠠ ᠂ ᠲᠣᠭᠤᠷᠢᠭ ︶ ᠤ ×× ᠥᠩᠭᠡᠷᠡᠭᠰᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ

ᠵᠠᠬ᠎ᠠ ᠳᠡᠯᠭᠡᠭᠦᠷᠴᠢᠯᠡᠨ ᠠᠮᠢ ᠠᠬᠤᠢ ᠶᠢ ᠰᠡᠷᠭᠦᠭᠡᠬᠦ ᠲᠦᠷᠦᠯ ᠵᠦᠢᠯ ᠤᠨ ᠰᠢᠷᠣᠢ ᠴᠢᠯᠠᠭᠤᠨ ᠮᠠᠲ᠋ᠧᠷᠢᠶᠠᠯ ᠢ ᠠᠰᠢᠭᠯᠠᠬᠤ ᠲᠥᠰᠥᠯ

 

︵ᠯᠠᠪᠯᠠᠯᠲᠠ ᠶᠢᠨ ᠲᠣᠪᠴᠢ ︶

 

×× ᠬᠤᠰᠢᠭᠤᠨ ︵ᠰᠢᠶᠠᠨ ᠂ ᠬᠤᠲᠠ ᠂ ᠲᠣᠭᠤᠷᠢᠭ ︶ ᠤ ᠠᠷᠠᠳ ᠤᠨ ᠵᠠᠰᠠᠭ ᠤᠨ ᠣᠷᠳᠣᠨ

×××× ᠣᠨ ᠤ ×× ᠳ᠋ᠤᠭᠠᠷ ︵ᠳ᠋ᠦ᠋ᠭᠡᠷ ︶ ᠰᠠᠷ᠎ᠠ

ᠨᠢᠭᠡᠳᠦᠭᠡᠷ ᠪᠦᠯᠦᠭ   ᠡᠮᠦᠨᠡᠬᠢ ᠦᠭᠡ

ᠨᠢᠭᠡᠳᠦᠭᠡᠷ ᠬᠡᠰᠡᠭ   ᠲᠥᠷᠥᠯ ᠵᠦᠢᠯ ᠤᠨ ᠲᠣᠪᠴᠢ ᠲᠠᠨᠢᠯᠴᠠᠭᠤᠯᠭ᠎ᠠ

      ᠥᠩᠭᠡᠷᠡᠭᠰᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠵᠠᠬ᠎ᠠ ᠳᠡᠯᠭᠡᠭᠦᠷᠴᠢᠯᠡᠨ ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠤᠨ ᠲᠣᠶᠢᠮᠣ ᠪᠠᠶᠢᠳᠠᠯ ᠢ ᠲᠣᠪᠴᠢ ᠲᠣᠭᠠᠴᠢᠨ᠎ᠠ ᠃

ᠬᠤᠶᠠᠳᠤᠭᠠᠷ ᠬᠡᠰᠡᠭ   ᠵᠣᠷᠢᠯᠭ᠎ᠠ ᠡᠭᠦᠷᠭᠡ

      ᠲᠥᠰᠥᠯ ᠢ ᠨᠠᠶᠢᠷᠠᠭᠤᠯᠤᠨ ᠵᠣᠬᠢᠶᠠᠬᠤ ᠵᠣᠷᠢᠯᠭ᠎ᠠ ᠪᠠ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠪᠴᠢ ᠲᠣᠭᠠᠴᠢᠨ᠎ᠠ ᠃

ᠭᠤᠷᠪᠠᠳᠤᠭᠠᠷ ᠬᠡᠰᠡᠭ   ᠨᠠᠶᠢᠷᠠᠭᠤᠯᠤᠨ ᠵᠣᠬᠢᠶᠠᠬᠤ ᠵᠠᠷᠴᠢᠮ

      ᠲᠥᠰᠥᠯ ᠢ ᠨᠠᠶᠢᠷᠠᠭᠤᠯᠤᠨ ᠵᠣᠬᠢᠶᠠᠬᠤ ᠦᠨᠳᠦᠰᠦᠨ ᠵᠠᠷᠴᠢᠮ ᠢ ᠲᠣᠳᠣᠷᠬᠠᠶᠢᠯᠠᠨ᠎ᠠ ᠃

ᠳᠥᠷᠪᠡᠳᠦᠭᠡᠷ ᠬᠡᠰᠡᠭ   ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ

      ᠲᠥᠰᠥᠯ ᠢ ᠨᠠᠶᠢᠷᠠᠭᠤᠯᠤᠨ ᠵᠣᠬᠢᠶᠠᠭᠰᠠᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠂ ᠬᠤᠯᠪᠣᠭᠳᠠᠯ ᠪᠦᠬᠦᠢ ᠲᠥᠯᠦᠪᠵᠢᠭᠦᠯᠭᠡ ᠂ ᠬᠠᠤᠯᠢ ᠴᠠᠭᠠᠵᠠ ᠬᠠᠤᠯᠢ ᠲᠣᠭᠲᠠᠭᠠᠯ ᠂ ᠵᠢᠷᠤᠮᠵᠢᠯ ᠤᠨ ᠪᠠᠷᠢᠮᠵᠢᠶ᠎ᠠ ᠵᠡᠷᠭᠡ ᠨᠠᠶᠢᠷᠠᠭᠤᠯᠤᠨ ᠵᠣᠬᠢᠶᠠᠬᠤ ᠦᠨᠳᠦᠰᠦᠯᠡᠯ ᠢ ᠲᠣᠳᠣᠷᠬᠠᠶᠢᠯᠠᠨ᠎ᠠ ᠃

ᠬᠤᠶᠠᠳᠤᠭᠠᠷ ᠪᠦᠯᠦᠭ   ᠲᠥᠷᠥᠯ ᠵᠦᠢᠯ ᠤᠨ ᠣᠷᠣᠨ ᠤ ᠦᠨᠳᠦᠰᠦᠨ ᠪᠠᠶᠢᠳᠠᠯ

ᠨᠢᠭᠡᠳᠦᠭᠡᠷ ᠬᠡᠰᠡᠭ   ᠪᠠᠶᠢᠷᠢᠯᠠᠯ ᠵᠠᠮ ᠬᠠᠷᠢᠯᠴᠠᠭ᠎ᠠ

      ᠲᠥᠷᠥᠯ ᠵᠦᠢᠯ ᠤᠨ ᠣᠷᠣᠨ ᠤ ᠪᠠᠶᠢᠷᠢᠯᠠᠯ ᠂ ᠬᠦᠷᠢᠶ᠎ᠡ ᠬᠡᠪᠴᠢᠶ᠎ᠡ ︵ᠵᠠᠮ ᠬᠠᠷᠢᠯᠴᠠᠭᠠᠨ ᠤ ᠪᠠᠶᠢᠷᠢᠯᠠᠯ ᠤᠨ ᠵᠢᠷᠤᠭ ᠢ ᠳᠠᠭᠠᠯᠳᠤᠭᠤᠯᠤᠨ᠎ᠠ ︶ ᠶᠢ ᠲᠣᠪᠴᠢ ᠲᠣᠭᠠᠴᠢᠨ᠎ᠠ ᠃

ᠬᠤᠶᠠᠳᠤᠭᠠᠷ ᠬᠡᠰᠡᠭ   ᠪᠠᠶᠢᠭᠠᠯᠢ ᠶᠢᠨ ᠭᠠᠵᠠᠷ ᠵᠦᠢ

      ᠲᠥᠷᠥᠯ ᠵᠦᠢᠯ ᠤᠨ ᠣᠷᠣᠨ ᠤ ᠤᠰᠤᠨ ᠵᠦᠢ ᠶᠢᠨ ᠴᠠᠭ ᠠᠭᠤᠷ ᠤᠨ ᠰᠢᠨᠵᠢᠯᠡᠭᠡᠨ ᠂ ᠭᠠᠵᠠᠷ ᠤᠨ ᠪᠠᠶᠢᠴᠠ ᠭᠠᠵᠠᠷ ᠤᠨ ᠭᠠᠳᠠᠷᠭᠤ ᠂ ᠬᠥᠷᠥᠰᠥ ᠰᠢᠷᠣᠢ ᠤᠷᠭᠤᠮᠠᠯ ᠤᠨ ᠬᠤᠴᠢᠯᠭ᠎ᠠ ᠂ ᠭᠠᠵᠠᠷ ᠰᠢᠷᠣᠢ ᠶᠢᠨ ᠠᠰᠢᠭᠯᠠᠯᠲᠠ ᠶᠢᠨ ᠣᠳᠣᠬᠢ ᠪᠠᠶᠢᠳᠠᠯ ᠵᠡᠷᠭᠡ ᠪᠠᠶᠢᠳᠠᠯ ᠢ ᠲᠣᠪᠴᠢ ᠲᠣᠭᠠᠴᠢᠨ᠎ᠠ ᠃

ᠭᠤᠷᠪᠠᠳᠤᠭᠠᠷ ᠬᠡᠰᠡᠭ   ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠨᠥᠬᠦᠴᠡᠯ

      ᠲᠥᠷᠥᠯ ᠵᠦᠢᠯ ᠤᠨ ᠣᠷᠣᠨ ᠤ ᠭᠠᠵᠠᠷ ᠤᠨ ᠳᠠᠪᠬᠤᠷᠭ᠎ᠠ ᠶᠢᠨ ᠴᠢᠯᠠᠭᠤᠯᠢᠭ ᠴᠢᠨᠠᠷ ᠂ ᠭᠠᠵᠠᠷ ᠤᠨ ᠲᠣᠭᠲᠠᠴᠠ ᠂ ᠣᠰᠣᠨ ᠵᠦᠢ ᠶᠢᠨ ᠭᠠᠵᠠᠷ ᠰᠢᠨᠵᠢᠯᠡᠭᠡᠨ ᠤ ᠨᠥᠬᠦᠴᠡᠯ ᠂ ᠢᠨᠵᠧᠨᠧᠷᠢᠩ ᠤᠨ ᠭᠠᠵᠠᠷ ᠰᠢᠨᠵᠢᠯᠡᠭᠡᠨ ᠤ ᠨᠥᠬᠦᠴᠡᠯ ᠂ ᠣᠷᠴᠢᠨ ᠲᠣᠭᠤᠷᠢᠨ ᠤ ᠭᠠᠵᠠᠷ ᠰᠢᠨᠵᠢᠯᠡᠭᠡᠨ ᠤ ᠨᠥᠬᠦᠴᠡᠯ ᠵᠡᠷᠭᠡ ᠪᠠᠶᠢᠳᠠᠯ ᠢ ᠲᠣᠪᠴᠢ ᠲᠣᠭᠠᠴᠢᠨ᠎ᠠ ᠃

ᠳᠥᠷᠪᠡᠳᠦᠭᠡᠷ ᠬᠡᠰᠡᠭ   ᠨᠡᠶᠢᠭᠡᠮ ᠤᠨ ᠠᠵᠤ ᠠᠬᠤᠢ ᠪᠠ ᠬᠥᠮᠥᠨ ᠲᠥᠷᠥᠯᠬᠢᠲᠡᠨ ᠤ ᠢᠨᠵᠧᠨᠧᠷᠢᠩ ᠤᠨ ᠠᠵᠢᠯᠯᠠᠭᠠᠨ

      ᠲᠥᠷᠥᠯ ᠵᠦᠢᠯ ᠤᠨ ᠣᠷᠣᠨ ᠤ ᠬᠠᠷᠢᠶ᠎ᠠ ᠪᠦᠬᠦᠢ ᠵᠠᠰᠠᠭ ᠵᠠᠬᠢᠷᠭᠠᠨ ᠤ ᠣᠷᠣᠨ ᠤ ᠠᠵᠤ ᠠᠬᠤᠢ ᠨᠡᠶᠢᠭᠡᠮ ᠪᠠ ᠲᠥᠷᠥᠯ ᠵᠦᠢᠯ ᠤᠨ ᠣᠷᠣᠨ ᠵᠢᠴᠢ ᠲᠡᠭᠦᠨ ᠤ ᠡᠷᠭᠢᠨ ᠲᠣᠭᠤᠷᠢᠨ ᠤ ᠬᠥᠮᠥᠨ ᠲᠥᠷᠥᠯᠬᠢᠲᠡᠨ ᠤ ᠢᠨᠵᠧᠨᠧᠷᠢᠩ ᠤᠨ ᠠᠵᠢᠯᠯᠠᠭᠠᠨ ᠤ ᠲᠣᠶᠢᠮᠣ ᠪᠠᠶᠢᠳᠠᠯ ᠢ ᠲᠣᠪᠴᠢ ᠲᠣᠭᠠᠴᠢᠨ᠎ᠠ ᠃

ᠭᠤᠷᠪᠠᠳᠤᠭᠠᠷ ᠪᠦᠯᠦᠭ   ᠰᠢᠷᠣᠢ ᠴᠢᠯᠠᠭᠤᠨ ᠮᠠᠲ᠋ᠧᠷᠢᠶᠠᠯ ᠢ ᠠᠰᠢᠭᠯᠠᠬᠤ ᠲᠥᠰᠥᠯ

ᠨᠢᠭᠡᠳᠦᠭᠡᠷ ᠬᠡᠰᠡᠭ   ᠤᠭ ᠭᠠᠵᠠᠷ ᠲᠠᠬᠢ ᠦᠯᠡᠳᠡᠭᠳᠡᠯ ᠰᠢᠷᠣᠢ ᠴᠢᠯᠠᠭᠤᠨ ᠮᠠᠲ᠋ᠧᠷᠢᠶᠠᠯ ᠤᠨ ᠪᠠᠶᠢᠳᠠᠯ

      ᠲᠥᠷᠥᠯ ᠵᠦᠢᠯ ᠤᠨ ᠣᠷᠣᠨ ᠤ ᠬᠡᠪᠴᠢᠶᠡᠨ ᠳᠠᠬᠢ ᠤᠤᠯ ᠤᠨ ᠪᠠᠶᠢᠭᠰᠠᠨ ᠰᠢᠷᠣᠢ ᠴᠢᠯᠠᠭᠤᠨ ᠮᠠᠲ᠋ᠧᠷᠢᠶᠠᠯ ᠤᠨ ᠲᠠᠷᠬᠠᠯᠲᠠ ᠶᠢᠨ ᠪᠠᠶᠢᠷᠢᠯᠠᠯ ᠂ ᠣᠨᠴᠠᠯᠢᠭ ᠂ ᠮᠧᠲᠷ ᠰᠢᠷᠣᠢ ᠴᠢᠯᠠᠭᠤᠨ ᠤ ᠬᠡᠮᠵᠢᠶ᠎ᠡ ᠵᠡᠷᠭᠡ ᠪᠠᠶᠢᠳᠠᠯ ᠢ ᠲᠣᠳᠣᠷᠬᠠᠶᠢᠯᠠᠨ ᠥᠭᠦᠯᠡᠨ᠎ᠡ ᠃

ᠬᠤᠶᠠᠳᠤᠭᠠᠷ ᠬᠡᠰᠡᠭ   ᠰᠢᠷᠣᠢ ᠴᠢᠯᠠᠭᠤᠨ ᠮᠠᠲ᠋ᠧᠷᠢᠶᠠᠯ ᠢ ᠰᠠᠯᠭᠠᠬᠤ ᠪᠤᠶᠤ ᠨᠡᠭᠡᠭᠡᠨ ᠮᠠᠯᠲᠠᠬᠤ

      ᠠᠮᠢ ᠠᠬᠤᠢ ᠶᠢ ᠰᠡᠷᠭᠦᠭᠡᠬᠦ ᠲᠥᠰᠥᠯ ᠢᠶᠠᠷ ᠶᠠᠪᠤᠭᠳᠠᠭᠤᠯᠵᠤ ᠪᠠᠶᠢᠭ᠎ᠠ ᠠᠮᠢ ᠠᠬᠤᠢ ᠶᠢ ᠰᠡᠷᠭᠦᠭᠡᠬᠦ ᠠᠷᠭ᠎ᠠ ᠮᠠᠶ᠋ᠢᠭ ᠵᠢᠴᠢ ᠠᠮᠢ ᠠᠬᠤᠢ ᠶᠢ ᠰᠡᠷᠭᠦᠭᠡᠬᠦ ᠠᠷᠭ᠎ᠠ ᠬᠡᠮᠵᠢᠶ᠎ᠡ ᠶᠢᠨ ᠢᠨᠵᠧᠨᠧᠷᠢᠩ ᠤᠨ ᠪᠠᠶᠢᠷᠢᠰᠢᠭᠤᠯᠤᠯᠲᠠ ᠶᠢ ᠦᠨᠳᠦᠰᠦᠯᠡᠵᠦ ᠂ ᠢᠨᠵᠧᠨᠧᠷᠢᠩ ᠤᠨ ᠬᠡᠷᠡᠭᠵᠢᠭᠦᠯᠦᠯᠲᠡ ᠳᠠᠬᠢ ᠰᠢᠨ᠎ᠡ ᠪᠠᠷ ᠪᠣᠢ ᠪᠣᠯᠤᠭᠰᠠᠨ ᠰᠢᠷᠣᠢ ᠴᠢᠯᠠᠭᠤᠨ ᠮᠠᠲ᠋ᠧᠷᠢᠶᠠᠯ ᠤᠨ ᠪᠠᠶᠢᠳᠠᠯ ︵ᠰᠠᠯᠭᠠᠬᠤ ᠪᠤᠶᠤ ᠨᠡᠭᠡᠭᠡᠨ ᠮᠠᠯᠲᠠᠬᠤ ᠪᠠᠶᠢᠷᠢᠯᠠᠯ ᠂ ᠬᠦᠷᠢᠶ᠎ᠡ ᠬᠡᠪᠴᠢᠶ᠎ᠡ ᠂ ᠲᠥᠰᠥᠭᠡᠯᠡᠨ ᠪᠤᠳᠤᠬᠤ ᠠᠷᠭ᠎ᠠ ᠪᠠ ᠲᠥᠰᠥᠭᠡᠯᠡᠨ ᠪᠤᠳᠤᠬᠤ ᠪᠣᠯᠵᠣᠯᠲᠤ ᠲᠤᠭ᠎ᠠ ︶ ᠢ ᠲᠣᠳᠣᠷᠬᠠᠶᠢᠯᠠᠬᠤ ᠶᠢᠨ ᠬᠠᠮᠲᠤ ᠂ ᠡᠭᠦᠨ ᠢ ᠦᠨᠳᠦᠰᠦᠯᠡᠨ ᠬᠠᠶᠠᠭᠳᠠᠮᠠᠯ ᠰᠢᠷᠣᠢ ᠴᠢᠯᠠᠭᠤᠨ ᠮᠠᠲ᠋ᠧᠷᠢᠶᠠᠯ ᠢ ᠰᠠᠯᠭᠠᠬᠤ ᠪᠤᠶᠤ ᠨᠡᠭᠡᠭᠡᠨ ᠮᠠᠯᠲᠠᠬᠤ ᠬᠡᠮᠵᠢᠶ᠎ᠡ ︵ᠠᠵᠤ ᠦᠢᠯᠡᠳᠪᠦᠷᠢ ᠶᠢᠨ ᠭᠦᠢᠴᠡᠳᠬᠡᠯ ᠲᠣᠭᠠᠨ ᠤ ᠵᠥᠷᠢᠶ᠎ᠡ ᠣᠷᠣᠰᠢᠵᠤ ᠪᠠᠶᠢᠬᠤ ᠦᠶ᠎ᠡ ᠳᠤ ᠂ ᠠᠰ ᠠᠰ ᠢᠶᠠᠷ ᠨᠢ ᠲᠥᠰᠥᠭᠡᠯᠡᠨ ᠪᠣᠳᠣᠵᠦ ᠂ ᠪᠦᠷᠢᠳᠬᠡᠯ ᠤᠨ ᠲᠠᠯ᠎ᠠ ᠶᠢᠨ ᠬᠡᠮᠵᠢᠶ᠎ᠡ ᠶᠢ ᠲᠣᠭᠲᠠᠭᠠᠨ᠎ᠠ ︶ ᠶᠢ ᠲᠥᠰᠥᠭᠡᠯᠡᠨ ᠪᠤᠳᠤᠨ᠎ᠠ ᠃

ᠭᠤᠷᠪᠠᠳᠤᠭᠠᠷ ᠬᠡᠰᠡᠭ   ᠰᠢᠷᠣᠢ ᠴᠢᠯᠠᠭᠤᠨ ᠮᠠᠲ᠋ᠧᠷᠢᠶᠠᠯ ᠠᠰᠢᠭᠯᠠᠬᠤ ᠶᠢᠨ ᠴᠢᠬᠤᠯᠠ ᠴᠢᠨᠠᠷ ᠪᠠ ᠪᠣᠯᠣᠮᠵᠢᠲᠤ ᠴᠢᠨᠠᠷ ᠤᠨ ᠵᠠᠳᠠᠯᠤᠯᠲᠠ

      ᠠᠮᠢ ᠠᠬᠤᠢ ᠶᠢ ᠰᠡᠷᠭᠦᠭᠡᠬᠦ ᠲᠥᠰᠥᠯ ᠢᠶᠠᠷ ᠶᠠᠪᠤᠭᠳᠠᠭᠤᠯᠵᠤ ᠪᠠᠶᠢᠭ᠎ᠠ ᠠᠮᠢ ᠠᠬᠤᠢ ᠶᠢ ᠰᠡᠷᠭᠦᠭᠡᠬᠦ ᠠᠷᠭ᠎ᠠ ᠮᠠᠶ᠋ᠢᠭ ᠵᠢᠴᠢ ᠠᠮᠢ ᠠᠬᠤᠢ ᠶᠢ ᠰᠡᠷᠭᠦᠭᠡᠬᠦ ᠠᠷᠭ᠎ᠠ ᠬᠡᠮᠵᠢᠶ᠎ᠡ ᠶᠢᠨ ᠢᠨᠵᠧᠨᠧᠷᠢᠩ ᠤᠨ ᠪᠠᠶᠢᠷᠢᠰᠢᠭᠤᠯᠤᠯᠲᠠ ᠶᠢ ᠦᠨᠳᠦᠰᠦᠯᠡᠵᠦ ᠂ ᠲᠥᠷᠥᠯ ᠵᠦᠢᠯ ᠤᠨ ᠣᠷᠣᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠨᠥᠬᠦᠴᠡᠯ ᠵᠡᠷᠭᠡ ᠭᠠᠳᠠᠷ ᠲᠠᠯ᠎ᠠ ᠶᠢᠨ ᠪᠠᠷᠢᠯᠭ᠎ᠠ ᠶᠢᠨ ᠨᠥᠬᠦᠴᠡᠯ ᠲᠠᠢ ᠤᠶᠠᠯᠳᠤᠭᠤᠯᠤᠨ ᠂ ᠰᠢᠷᠣᠢ ᠴᠢᠯᠠᠭᠤᠨ ᠮᠠᠲ᠋ᠧᠷᠢᠶᠠᠯ ᠢ ᠰᠠᠯᠭᠠᠬᠤ ᠪᠤᠶᠤ ᠨᠡᠭᠡᠭᠡᠨ ᠮᠠᠯᠲᠠᠬᠤ ᠶᠢᠨ ᠴᠢᠬᠤᠯᠠ ᠴᠢᠨᠠᠷ ᠪᠠ ᠵᠣᠬᠢᠬᠤ ᠢᠨᠵᠧᠨᠧᠷᠢᠩ ᠤᠨ ᠠᠷᠭ᠎ᠠ ᠬᠡᠮᠵᠢᠶ᠎ᠡ ᠶᠢᠨ ᠪᠣᠯᠣᠮᠵᠢᠲᠤ ᠴᠢᠨᠠᠷ ᠢ ᠨᠤᠲᠠᠯᠠᠨ᠎ᠠ ᠃

ᠳᠥᠷᠪᠡᠳᠦᠭᠡᠷ ᠬᠡᠰᠡᠭ   ᠰᠢᠷᠣᠢ ᠴᠢᠯᠠᠭᠤᠨ ᠮᠠᠲ᠋ᠧᠷᠢᠶᠠᠯ ᠤᠨ ᠲᠡᠩᠴᠡᠭᠦᠷᠢ ᠶᠢᠨ ᠵᠠᠳᠠᠯᠤᠯᠲᠠ

      ᠲᠥᠷᠥᠯ ᠵᠦᠢᠯ ᠤᠨ ᠣᠷᠣᠨ ᠤ ᠠᠮᠢ ᠠᠬᠤᠢ ᠶᠢ ᠰᠡᠷᠭᠦᠭᠡᠬᠦ ᠢᠨᠵᠧᠨᠧᠷᠢᠩ ᠳᠠᠬᠢ ᠰᠢᠷᠣᠢ ᠴᠢᠯᠠᠭᠤᠨ ᠮᠠᠲ᠋ᠧᠷᠢᠶᠠᠯ ᠬᠠᠩᠭᠠᠬᠤ ᠬᠡᠮᠵᠢᠶ᠎ᠡ ︵ᠤᠭ ᠭᠠᠵᠠᠷ ᠲᠠᠬᠢ ᠦᠯᠡᠳᠡᠭᠳᠡᠯ ᠰᠢᠷᠣᠢ ᠴᠢᠯᠠᠭᠤᠨ ᠮᠠᠲ᠋ᠧᠷᠢᠶᠠᠯ ᠪᠠ ᠰᠢᠨ᠎ᠡ ᠪᠠᠷ ᠪᠤᠢ ᠪᠣᠯᠤᠭᠰᠠᠨ ᠰᠢᠷᠣᠢ ᠴᠢᠯᠠᠭᠤᠨ ᠮᠠᠲ᠋ᠧᠷᠢᠶᠠᠯ ︶᠂ ᠰᠢᠷᠣᠢ ᠴᠢᠯᠠᠭᠤᠨ ᠮᠠᠲ᠋ᠧᠷᠢᠶᠠᠯ ᠤᠨ ᠬᠡᠷᠡᠭᠰᠡᠬᠦ ᠬᠡᠮᠵᠢᠶ᠎ᠡ ᠪᠠ ᠦᠯᠡᠳᠡᠪᠦᠷᠢ ᠰᠢᠢᠳᠪᠦᠷᠢᠯᠡᠵᠦ ᠪᠣᠯᠬᠤᠶᠢᠴᠠ ᠰᠢᠷᠣᠢ ᠴᠢᠯᠠᠭᠤᠨ ᠮᠠᠲ᠋ᠧᠷᠢᠶᠠᠯ ᠤᠨ ᠬᠡᠮᠵᠢᠶ᠎ᠡ ᠳᠤ ᠲᠡᠩᠴᠡᠭᠦᠷᠢ ᠶᠢᠨ ᠵᠠᠳᠠᠯᠤᠯᠲᠠ ᠬᠢᠨ᠎ᠡ ᠃

ᠲᠠᠪᠤᠳᠤᠭᠠᠷ ᠬᠡᠰᠡᠭ   ᠰᠢᠷᠣᠢ ᠴᠢᠯᠠᠭᠤᠨ ᠮᠠᠲ᠋ᠧᠷᠢᠶᠠᠯ ᠢ ᠠᠰᠢᠭᠯᠠᠬᠤ ᠠᠷᠭ᠎ᠠ

      ᠲᠣᠰ ᠤᠳᠠᠭᠠᠨ ᠤ ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠳᠤ ᠵᠠᠷᠤᠴᠠᠭᠤᠯᠬᠤ ᠮᠧ‌ᠲᠷ ᠰᠢᠷᠣᠢ ᠴᠢᠯᠠᠭᠤᠨ ᠤ ᠬᠡᠮᠵᠢᠶ᠎ᠡ ᠵᠢᠴᠢ ᠦᠯᠡᠳᠡᠪᠦᠷᠢ ᠰᠢᠢᠳᠪᠦᠷᠢᠯᠡᠵᠦ ᠪᠣᠯᠬᠤᠶᠢᠴᠠ ᠰᠢᠷᠣᠢ ᠴᠢᠯᠠᠭᠤᠨ ᠮᠠᠲ᠋ᠧᠷᠢᠶᠠᠯ ᠤᠨ ᠬᠡᠮᠵᠢᠶ᠎ᠡ ᠶᠢ ᠲᠣᠳᠣᠷᠬᠠᠶᠢᠯᠠᠨ᠎ᠠ ᠃ ᠦᠯᠡᠳᠡᠪᠦᠷᠢ ᠰᠢᠢᠳᠪᠦᠷᠢᠯᠡᠵᠦ ᠪᠣᠯᠬᠤᠶᠢᠴᠠ ᠰᠢᠷᠣᠢ ᠴᠢᠯᠠᠭᠤᠨ ᠮᠠᠲ᠋ᠧᠷᠢᠶᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ︵ᠠᠶᠢᠮᠠᠭ ᠬᠤᠲᠠ ᠶᠢᠨ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠵᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠣᠷᠣᠭᠤᠯᠤᠨ᠎ᠠ ︶ ᠶᠢ ᠲᠣᠳᠣᠷᠬᠠᠢ ᠲᠣᠭᠲᠠᠭᠠᠨ᠎ᠠ ᠃

ᠳᠥᠷᠪᠡᠳᠦᠭᠡᠷ ᠪᠦᠯᠦᠭ   ᠠᠰᠢᠭ ᠣᠷᠣᠯᠭ᠎ᠠ ᠶᠢᠨ ᠬᠤᠪᠢᠶᠠᠷᠢᠯᠠᠯᠲᠠ

ᠨᠢᠭᠡᠳᠦᠭᠡᠷ ᠬᠡᠰᠡᠭ   ᠠᠰᠢᠭ ᠤᠷᠤᠯᠭ᠎ᠠ ᠶᠢᠨ ᠲᠥᠰᠥᠭᠡᠯᠡᠨ ᠪᠣᠳᠣᠯᠲᠠ

      ᠦᠯᠡᠳᠡᠪᠦᠷᠢ ᠰᠢᠢᠳᠪᠦᠷᠢᠯᠡᠵᠦ ᠪᠣᠯᠬᠤᠶᠢᠴᠠ ᠰᠢᠷᠣᠢ ᠴᠢᠯᠠᠭᠤᠨ ᠮᠠᠲ᠋ᠧᠷᠢᠶᠠᠯ ᠤᠨ ᠠᠷᠠᠯᠵᠢᠶᠠᠨ ᠤ ᠠᠰᠢᠭ ᠣᠷᠣᠯᠭ᠎ᠠ ᠶᠢ ᠲᠥᠰᠥᠭᠡᠯᠡᠨ ᠪᠣᠳᠣᠨ᠎ᠠ ᠃

ᠬᠤᠶᠠᠳᠤᠭᠠᠷ ᠬᠡᠰᠡᠭ   ᠠᠰᠢᠭ ᠤᠷᠤᠯᠭ᠎ᠠ ᠶᠢᠨ ᠬᠤᠪᠢᠶᠠᠷᠢᠯᠠᠯᠲᠠ

      ᠪᠡᠯᠡ ᠮᠥᠩᠭᠦᠨ ᠤ ᠲᠡᠩᠴᠡᠭᠦᠷᠢ ᠶᠢᠨ ᠵᠠᠳᠠᠯᠤᠯᠲᠠ ᠳᠤ ᠰᠠᠭᠤᠷᠢᠯᠠᠵᠤ ᠂ ᠨᠡᠶᠢᠭᠡᠮ ᠤᠨ ᠪᠡᠯᠡ ᠣᠷᠣᠭᠤᠯᠤᠯᠲᠠ ᠶᠢᠨ ᠲᠠᠯ᠎ᠠ ᠶᠢᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠲᠣᠶᠢᠮᠣᠴᠢᠯᠠᠨ ᠲᠣᠭᠠᠴᠢᠨ᠎ᠠ ᠃

      ᠳᠠᠭᠠᠯᠳᠤᠭᠤᠯᠤᠯ᠄ 1. ᠲᠥᠷᠥᠯ ᠵᠦᠢᠯ ᠤᠨ ᠣᠷᠣᠨ ᠤ ᠰᠢᠷᠣᠢ ᠴᠢᠯᠠᠭᠤᠨ ᠮᠠᠲ᠋ᠧᠷᠢᠶᠠᠯ ᠤᠨ ᠲᠡᠩᠴᠡᠭᠦᠷᠢ ᠶᠢᠨ ᠵᠠᠳᠠᠯᠤᠯᠲᠠ ᠶᠢᠨ ᠬᠦᠰᠦᠨᠦᠭᠲᠦ

      2. ᠲᠥᠷᠥᠯ ᠵᠦᠢᠯ ᠤᠨ ᠣᠷᠣᠨ ᠤ ᠤᠭ ᠭᠠᠵᠠᠷ ᠲᠠᠬᠢ ᠦᠯᠡᠳᠡᠭᠳᠡᠯ ᠰᠢᠷᠣᠢ ᠴᠢᠯᠠᠭᠤᠨ ᠮᠠᠲ᠋ᠧᠷᠢᠶᠠᠯ ᠤᠨ ᠣᠳᠣᠬᠢ ᠪᠠᠶᠢᠳᠠᠯ ᠤᠨ ᠵᠢᠷᠤᠭ

      3. ᠲᠥᠷᠥᠯ ᠵᠦᠢᠯ ᠤᠨ ᠣᠷᠣᠨ ᠤ ᠰᠢᠷᠣᠢ ᠴᠢᠯᠠᠭᠤᠨ ᠤ ᠮᠠᠲ᠋ᠧᠷᠢᠶᠠᠯ ᠢ ᠰᠠᠯᠭᠠᠬᠤ ᠪᠤᠶᠤ ᠨᠡᠭᠡᠭᠡᠨ ᠮᠠᠯᠲᠠᠬᠤ ᠢᠨᠵᠧᠨᠧᠷᠢᠩ ᠤᠨ  ᠪᠠᠶᠢᠷᠢᠰᠢᠭᠤᠯᠤᠯᠲᠠ ᠶᠢᠨ ᠵᠢᠷᠤᠭ

      4. ᠲᠥᠷᠥᠯ ᠵᠦᠢᠯ ᠤᠨ ᠣᠷᠣᠨ ᠤ ᠰᠢᠷᠣᠢ ᠴᠢᠯᠠᠭᠤᠨ ᠮᠠᠲ᠋ᠧᠷᠢᠶᠠᠯ ᠢ ᠰᠠᠯᠭᠠᠬᠤ ᠪᠤᠶᠤ ᠨᠡᠭᠡᠭᠡᠨ ᠮᠠᠯᠲᠠᠬᠤ ᠵᠢᠷᠤᠭ ᠲᠥᠯᠥᠪᠯᠡᠭᠡ ᠶᠢᠨ ᠶᠡᠷᠦᠩᠬᠡᠶᠢᠯᠡᠭᠰᠡᠨ ᠣᠭᠲᠣᠯᠣᠭᠠᠰᠤ ᠶᠢᠨ ᠵᠢᠷᠤᠭ

      5. ᠲᠥᠷᠥᠯ ᠵᠦᠢᠯ ᠤᠨ ᠣᠷᠣᠨ ᠤ ᠰᠢᠷᠣᠢ ᠴᠢᠯᠠᠭᠤᠨ ᠤ ᠮᠠᠲ᠋ᠧᠷᠢᠶᠠᠯ ᠤᠨ ᠬᠡᠮᠵᠢᠶᠡᠨ ᠤ ᠲᠥᠰᠥᠭᠡᠯᠡᠨ ᠪᠤᠳᠤᠨᠨᠰᠠᠨ ᠬᠠᠪᠲᠠᠭᠠᠢ ᠵᠢᠷᠤᠭ

      6. ᠬᠠᠶᠠᠭᠳᠠᠮᠠᠯ ᠰᠢᠷᠣᠢ ᠴᠢᠯᠠᠭᠤᠨ ᠮᠠᠲ᠋ᠧᠷᠢᠶᠠᠯ ᠢ ᠶᠡᠷᠦᠩᠬᠡᠶᠢᠯᠡᠨ ᠠᠰᠢᠭᠯᠠᠬᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠤᠬᠠᠢ ×× ᠬᠤᠰᠢᠭᠤᠨ ︵ᠰᠢᠶᠠᠨ ᠂ ᠬᠤᠳᠠ ᠂ ᠲᠣᠭᠤᠷᠢᠭ ︶ ᠤ ᠠᠷᠠᠳ ᠤᠨ ᠵᠠᠰᠠᠭ ᠤᠨ ᠣᠷᠳᠣᠨ ᠤ ᠠᠮᠠᠯᠠᠯᠲᠠ ᠶᠢᠨ ᠪᠢᠴᠢᠭ

 

 


 

 



      

ᠳᠠᠭᠠᠯᠳᠤᠭᠤᠯᠤᠯ 3

 

×× ᠬᠤᠰᠢᠭᠤᠨ ︵ᠰᠢᠶᠠᠨ ᠂ ᠬᠤᠲᠠ ᠂ ᠲᠣᠭᠤᠷᠢᠭ ︶ ᠤ ×× ᠠᠮᠢ ᠠᠬᠤᠢ ᠶᠢ ᠰᠡᠷᠭᠦᠭᠡᠬᠦ ᠲᠦᠷᠦᠯ ᠵᠦᠢᠯ ᠤᠨ

ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠢ ᠡᠵᠡᠯᠡᠬᠦ ᠨᠥᠬᠦᠪᠦᠷᠢᠯᠡᠬᠦ ᠶᠢ ᠨᠢ ᠲᠡᠩᠴᠡᠭᠦᠷᠢᠰᠢᠭᠦᠯᠦᠨ ᠠᠰᠢᠭᠯᠠᠬᠤ ᠲᠥᠰᠥᠯ


︵ᠯᠠᠪᠯᠠᠯᠲᠠ ᠶᠢᠨ ᠲᠣᠪᠴᠢ ︶


ᠨᠢᠭᠡᠳᠦᠭᠡᠷ ᠪᠦᠯᠦᠭ   ᠡᠮᠦᠨᠡᠬᠢ ᠦᠭᠡ

      ᠲᠥᠰᠥᠯ ᠢ ᠨᠠᠶᠢᠷᠠᠭᠤᠯᠤᠨ ᠵᠣᠬᠢᠶᠠᠬᠤ ᠶᠢᠨ ᠦᠨᠳᠦᠰᠦᠯᠡᠯ ᠂ ᠵᠣᠷᠢᠯᠭ᠎ᠠ ᠬᠢᠭᠡᠳ ᠡᠭᠦᠷᠭᠡ ᠂ ᠵᠢᠯᠤᠭᠤᠳᠬᠤ ᠦᠵᠡᠯ ᠰᠠᠨᠠᠭ᠎ᠠ ᠪᠠ ᠦᠨᠳᠦᠰᠦᠨ ᠵᠠᠷᠴᠢᠮ ᠢ ᠲᠣᠳᠣᠷᠬᠠᠶᠢᠯᠠᠨ ᠥᠭᠦᠯᠡᠨ᠎ᠡ ᠃

ᠬᠤᠶᠠᠳᠤᠭᠠᠷ ᠪᠦᠯᠦᠭ   ᠣᠷᠣᠨ ᠪᠦᠰᠡ ᠶᠢᠨ ᠪᠠᠶᠢᠭᠠᠯᠢ ᠶᠢᠨ ᠲᠣᠶᠢᠮᠣ ᠪᠠᠶᠢᠳᠠᠯ

      ᠥᠩᠭᠡᠷᠡᠭᠰᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠠᠵᠢᠯ ᠢ ᠲᠠᠷᠢᠶᠠᠯᠠᠬᠤ ᠭᠠᠵᠠᠷ ᠢ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠳᠤ ᠬᠡᠷᠡᠭᠯᠡᠬᠦ ᠲᠥᠷᠥᠯ ᠵᠦᠢᠯ ᠤᠨ ᠣᠷᠣᠨ ᠪᠦᠰᠡ ᠶᠢᠨ ᠪᠠᠶᠢᠷᠢᠯᠠᠯ ᠂ ᠬᠡᠪᠴᠢᠶ᠎ᠡ ᠂ ᠪᠠᠶᠢᠭᠠᠯᠢ ᠶᠢᠨ ᠭᠠᠵᠠᠷ ᠵᠦᠢ ︵ᠣᠨᠴᠠᠭᠠᠶᠢᠯᠠᠨ ᠭᠠᠵᠠᠷ ᠤᠨ ᠭᠠᠳᠠᠷᠭᠤ ᠶᠢᠨ ᠲᠥᠷᠥᠯ ᠬᠡᠯᠪᠡᠷᠢ ᠂ ᠠᠭᠤᠷ ᠠᠮᠢᠰᠬᠤᠯ ᠤᠨ ᠨᠥᠬᠦᠴᠡᠯ ᠂ ᠬᠥᠷᠥᠰᠥ ᠰᠢᠷᠣᠢ ᠶᠢᠨ ᠨᠥᠬᠦᠴᠡᠯ ᠂ ᠣᠰᠣᠨ ᠵᠦᠢ ᠶᠢᠨ ᠭᠠᠵᠠᠷ ᠰᠢᠨᠵᠢᠯᠡᠭᠡᠨ ᠤ ᠨᠥᠬᠦᠴᠡᠯ ᠵᠡᠷᠭᠡ ︶ ᠶᠢᠨ ᠠᠵᠤ ᠠᠬᠤᠢ ᠶᠢᠨ ᠲᠣᠶᠢᠮᠣ ᠪᠠᠶᠢᠳᠠᠯ ᠢ ᠲᠣᠳᠣᠷᠬᠠᠶᠢᠯᠠᠨ ᠥᠭᠦᠯᠡᠨ᠎ᠡ ᠃

ᠭᠤᠷᠪᠠᠳᠤᠭᠠᠷ ᠪᠦᠯᠦᠭ   ᠲᠥᠷᠥᠯ ᠵᠦᠢᠯ ᠤᠨ ᠣᠷᠣᠨ ᠤ ᠭᠠᠵᠠᠷ ᠰᠢᠷᠣᠢ ᠶᠢ ᠠᠰᠢᠭᠯᠠᠵᠤ ᠪᠠᠶᠢᠭ᠎ᠠ ᠪᠠᠶᠢᠳᠠᠯ

      ᠲᠥᠷᠥᠯ ᠵᠦᠢᠯ ᠤᠨ ᠣᠷᠣᠨ ᠢ ᠪᠦᠲᠦᠭᠡᠨ ᠪᠠᠶᠢᠭᠤᠯᠬᠤ ᠠᠴᠠ ᠡᠮᠦᠨᠡᠬᠢ ᠭᠠᠵᠠᠷ ᠰᠢᠷᠣᠢ ᠶᠢᠨ ᠠᠰᠢᠭᠯᠠᠯᠲᠠ ᠶᠢᠨ ᠪᠠᠶᠢᠳᠠᠯ ᠢ ᠵᠠᠳᠠᠯᠤᠨ᠎ᠠ ᠃

ᠳᠥᠷᠪᠡᠳᠦᠭᠡᠷ ᠪᠦᠯᠦᠭ   ᠲᠠᠷᠢᠶᠠᠯᠠᠬᠤ ᠭᠠᠵᠠᠷ ᠢ ᠡᠵᠡᠯᠡᠬᠦ ᠨᠥᠬᠦᠪᠦᠷᠢᠯᠡᠬᠦ ᠶᠢ ᠨᠢ ᠲᠡᠩᠴᠡᠭᠦᠷᠢᠰᠢᠭᠦᠯᠬᠦ ᠶᠢᠨ

ᠴᠢᠬᠤᠯᠠ ᠴᠢᠨᠠᠷ ᠪᠠ ᠪᠣᠯᠣᠮᠵᠢᠲᠤ ᠴᠢᠨᠠᠷ ᠤᠨ ᠵᠠᠳᠠᠯᠤᠯᠲᠠ

      ᠠᠮᠢ ᠠᠬᠤᠢ ᠶᠢ ᠰᠡᠷᠭᠦᠭᠡᠬᠦ ᠲᠥᠰᠥᠯ ᠳᠠᠬᠢ ᠡᠯ᠎ᠡ ᠵᠦᠢᠯ ᠤᠨ ᠢᠨᠵᠧᠨᠧᠷᠢᠩ ᠤᠨ ᠪᠠᠶᠢᠷᠢᠰᠢᠭᠤᠯᠤᠯᠲᠠ ᠲᠠᠢ ᠤᠶᠠᠯᠳᠤᠭᠤᠯᠵᠤ ᠂ ᠰᠡᠷᠭᠦᠭᠡᠨ ᠬᠠᠭᠠᠯᠪᠤᠷᠢᠯᠠᠭᠰᠠᠨ ᠭᠠᠵᠠᠷ ᠣᠷᠣᠨ ᠤ ᠬᠤᠯᠪᠣᠭᠳᠠᠯ ᠪᠦᠬᠦᠢ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠨᠥᠬᠦᠴᠡᠯ ᠂ ᠤᠰᠤᠨ ᠤ ᠡᠬᠢ ᠰᠤᠷᠪᠤᠯᠵᠢ ᠶᠢᠨ ᠨᠥᠬᠦᠴᠡᠯ ᠂ ᠬᠥᠷᠥᠰᠥ ᠰᠢᠷᠣᠢ ᠶᠢᠨ ᠨᠥᠬᠦᠴᠡᠯ ᠂ ᠬᠦᠨᠳᠦ ᠲᠡᠮᠦᠷᠯᠢᠭ ᠤᠨ ᠪᠣᠬᠢᠷᠲᠤᠯ ᠤᠨ ᠪᠠᠶᠢᠳᠠᠯ ᠪᠠ ᠠᠮᠢ ᠠᠬᠤᠢ ᠶᠢᠨ ᠤᠯᠠᠭᠠᠨ ᠱᠤᠭᠤᠮ ᠤᠨ ᠪᠠᠶᠢᠳᠠᠯ ᠢ ᠦᠨᠳᠦᠰᠦᠯᠡᠨ ᠂ ᠤᠷᠳᠤ ᠬᠤᠭᠤᠴᠠᠭᠠᠨ ᠤ ᠂ ᠲᠣᠭᠲᠠᠪᠤᠷᠢᠲᠠᠢ ᠂ ᠪᠦᠲᠦᠮᠵᠢᠲᠡᠢ ᠲᠠᠷᠢᠶᠠᠯᠠᠬᠤ ᠭᠠᠵᠠᠷ ᠢ ᠪᠤᠢ ᠪᠣᠯᠭᠠᠵᠦ ᠴᠢᠳᠠᠬᠤ ᠡᠰᠡᠬᠦ ᠶᠢᠨ ᠪᠣᠯᠣᠮᠵᠢᠲᠤ ᠴᠢᠨᠠᠷ ᠪᠠ ᠴᠢᠬᠤᠯᠠ ᠴᠢᠨᠠᠷ ᠢ ᠵᠠᠳᠠᠯᠤᠨ ᠨᠤᠲᠠᠯᠠᠨ᠎ᠠ ᠃

ᠲᠠᠪᠤᠳᠤᠭᠠᠷ ᠪᠦᠯᠦᠭ   ᠲᠠᠷᠢᠶᠠᠯᠠᠬᠤ ᠭᠠᠵᠠᠷ ᠢ ᠡᠵᠡᠯᠡᠬᠦ ᠨᠥᠬᠦᠪᠦᠷᠢᠯᠡᠬᠦ ᠶᠢ ᠨᠢ ᠲᠡᠩᠴᠡᠭᠦᠷᠢᠰᠢᠭᠦᠯᠦᠨ ᠠᠰᠢᠭᠯᠠᠬᠤ ᠲᠥᠰᠥᠯ

      ᠭᠤᠣᠯᠳᠠᠭᠤ ᠲᠥᠷᠥᠯ ᠵᠦᠢᠯ ᠤᠨ ᠰᠡᠷᠭᠦᠭᠡᠨ ᠬᠠᠭᠠᠯᠪᠤᠷᠢᠯᠠᠬᠤ ᠭᠠᠵᠠᠷ ᠂ ᠪᠦᠲᠦᠭᠡᠨ ᠪᠠᠶᠢᠭᠤᠯᠬᠤ ᠢᠨᠵᠧᠨᠧᠷᠢᠩ ᠤᠨ ᠬᠤᠭᠤᠴᠠᠭ᠎ᠠ ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠂ ᠲᠥᠷᠥᠯ ᠵᠦᠢᠯ ᠤᠨ ᠣᠷᠣᠨ ᠤ ᠡᠷᠬᠢᠨ ᠲᠣᠭᠤᠷᠢᠨ ᠤ ᠲᠠᠷᠢᠶᠠᠯᠠᠬᠤ ᠭᠠᠵᠠᠷ ᠤᠨ ᠪᠠᠶᠢᠳᠠᠯ ᠪᠠ ᠶᠠᠰᠤ ᠴᠢᠨᠠᠷ ᠤᠨ ᠪᠠᠶᠢᠳᠠᠯ ᠂ ᠣᠷᠳᠣ ᠬᠤᠭᠤᠴᠠᠭᠠᠨ ᠤ ᠂ ᠲᠣᠭᠲᠠᠪᠤᠷᠢᠲᠠᠢ ᠂ ᠪᠦᠲᠦᠮᠵᠢᠲᠡᠶ ᠲᠠᠷᠢᠶᠠᠯᠠᠬᠤ ᠭᠠᠵᠠᠷ ᠤᠨ ᠲᠠᠯᠠᠪᠠᠶ ᠂ ᠦᠢᠯᠡᠳᠪᠦᠷᠢᠯᠡᠬᠦ ᠴᠢᠳᠠᠮᠵᠢ ᠵᠢᠴᠢ ᠭᠠᠵᠠᠷ ᠰᠢᠷᠣᠢ ᠶᠢᠨ ᠡᠷᠬᠡ ᠶᠢᠨ ᠬᠠᠷᠢᠶᠠᠯᠠᠯ ᠤᠨ ᠪᠤᠢ ᠪᠣᠯᠤᠭᠰᠠᠨ ᠪᠠᠶᠢᠳᠠᠯ ᠂ ᠭᠠᠵᠠᠷ ᠰᠢᠷᠣᠢ ᠬᠠᠭᠠᠯᠪᠤᠷᠢᠯᠠᠨ ᠲᠠᠷᠢᠨᠨᠴᠢᠳ ᠤᠨ ᠪᠠᠲᠤᠯᠠᠭ᠎ᠠ ᠵᠢᠴᠢ ᠲᠥᠷᠥᠯ ᠵᠦᠢᠯ ᠢ ᠰᠢᠯᠭᠠᠨ ᠠᠪᠤᠭᠰᠠᠨ ᠤ ᠳᠠᠷᠠᠭᠠᠬᠢ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠭᠰᠠᠨ ᠪᠠ ᠭᠠᠵᠠᠷ ᠤᠨ ᠬᠦᠴᠦ ᠰᠢᠮᠡᠵᠢᠭᠦᠯᠦᠭᠰᠡᠨ ᠪᠠᠶᠢᠳᠠᠯ ᠳᠤ ᠵᠠᠳᠠᠯᠤᠯᠲᠠ ᠬᠢᠨ᠎ᠡ ᠃

ᠵᠢᠷᠭᠤᠳᠤᠭᠠᠷ ᠪᠦᠯᠦᠭ   ᠪᠡᠯᠡ ᠮᠥᠩᠭᠦᠨ ᠤ ᠲᠡᠩᠴᠡᠭᠦᠷᠢ ᠶᠢᠨ ᠵᠠᠳᠠᠯᠤᠯᠲᠠ

      ᠶᠡᠷᠦᠩᠬᠡᠢ ᠪᠡᠯᠡ ᠣᠷᠣᠭᠤᠯᠤᠯᠲᠠ ᠶᠢ ᠲᠥᠰᠥᠭᠡᠯᠡᠨ ᠪᠣᠳᠣᠬᠤ ᠂ ᠵᠠᠬ᠎ᠠ ᠳᠡᠯᠭᠡᠭᠦᠷᠴᠢᠯᠡᠯᠲᠡ ᠶᠢ ᠣᠷᠣᠭᠤᠯᠤᠨ ᠠᠪᠴᠢᠷᠠᠭᠠᠳ ᠣᠷᠣᠭᠤᠯᠤᠯᠲᠠ ᠬᠢᠯᠭᠡᠭᠰᠡᠨ ᠪᠡᠯᠡ ᠮᠥᠩᠭᠦ ᠶᠢ ᠲᠥᠰᠥᠭᠡᠯᠡᠨ ᠪᠤᠳᠤᠬᠤ ᠂ ᠵᠢᠱᠢᠭᠰᠡᠨ ᠦᠢᠯᠡᠳᠪᠦᠷᠢᠯᠡᠯ ᠤᠨ ᠠᠰᠢᠭ ᠣᠷᠣᠯᠭ᠎ᠠ ᠂ ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠤᠯᠲᠠ ᠬᠢᠭᠡᠳ ᠠᠰᠢᠭ ᠬᠦᠷᠲᠡᠬᠦ ᠶᠢ ᠬᠤᠯᠪᠣᠭᠳᠠᠭᠤᠯᠬᠤ ᠵᠠᠷᠴᠢᠮ ᠵᠡᠷᠭᠡ ᠶᠢ ᠲᠣᠶᠢᠮᠣᠴᠢᠯᠠᠨ ᠲᠣᠭᠠᠴᠢᠨ᠎ᠠ ᠃

ᠳᠣᠯᠣᠳᠤᠭᠠᠷ ᠪᠦᠯᠦᠭ  ᠪᠠᠲᠤᠯᠠᠭ᠎ᠠ ᠶᠢᠨ ᠠᠷᠭ᠎ᠠ ᠬᠡᠮᠵᠢᠶ᠎ᠡ

      ᠬᠤᠰᠢᠭᠤ ᠰᠢᠶᠠᠨ ᠤ ᠱᠠᠲᠤᠨ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠂ ᠬᠢᠨᠠᠯᠲᠠ ᠲᠠᠯᠪᠢᠨ ᠬᠠᠮᠢᠶᠠᠷᠬᠤ ᠂ ᠮᠡᠷᠭᠡᠵᠢᠯ ᠤᠨ ᠲᠤᠯᠭᠠᠭᠤᠷᠢᠯᠠᠯ ᠦᠵᠡᠬᠦᠯᠬᠦ ᠶᠢ ᠨᠢᠭᠡᠳᠦᠯᠲᠡᠢ ᠲᠥᠯᠥᠪᠯᠡᠬᠦ ᠵᠡᠷᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠨ᠎ᠠ ᠃

 

 

 

 

 


 

 ᠳᠠᠭᠠᠯᠳᠤᠭᠤᠯᠤᠯ 4

 

×× ᠬᠤᠰᠢᠭᠤᠨ ︵ᠰᠢᠶᠠᠨ ᠂ ᠬᠤᠲᠠ ᠂ ᠲᠣᠭᠤᠷᠢᠭ ︶ ᠤ ×× ××ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠤᠨ ᠪᠦᠲᠦᠭᠡᠨ

ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠬᠦ ᠪᠠ ᠬᠠᠰᠤᠭᠳᠠᠬᠤ ᠶᠢ ᠬᠤᠯᠪᠣᠭᠳᠠᠭᠤᠯᠤᠨ ᠠᠰᠢᠭᠯᠠᠬᠤ ᠲᠥᠷᠥᠯ ᠵᠦᠢᠯ ᠤᠨ ᠲᠥᠰᠥᠯ


︵ᠯᠠᠪᠯᠠᠯᠲᠠ ᠶᠢᠨ ᠲᠣᠪᠴᠢ ︶


ᠨᠢᠭᠡᠳᠦᠭᠡᠷ ᠪᠦᠯᠦᠭ   ᠡᠮᠦᠨᠡᠬᠢ ᠦᠭᠡ

      ᠲᠥᠰᠥᠯ ᠢ ᠨᠠᠶᠢᠷᠠᠭᠤᠯᠤᠨ ᠵᠣᠬᠢᠶᠠᠬᠤ ᠶᠢᠨ ᠦᠨᠳᠦᠰᠦᠯᠡᠯ ᠂ ᠵᠣᠷᠢᠯᠭ᠎ᠠ ᠬᠢᠭᠡᠳ ᠡᠭᠦᠷᠭᠡ ᠂ ᠵᠢᠯᠤᠭᠤᠳᠬᠤ ᠦᠵᠡᠯ ᠰᠠᠨᠠᠭ᠎ᠠ ᠪᠠ ᠦᠨᠳᠦᠰᠦᠨ ᠵᠠᠷᠴᠢᠮ ᠢ ᠲᠣᠳᠣᠷᠬᠠᠶᠢᠯᠠᠨ ᠥᠭᠦᠯᠡᠨ᠎ᠡ ᠃

      ᠬᠤᠶᠠᠳᠤᠭᠠᠷ ᠪᠦᠯᠦᠭ   ᠵᠣᠷᠢᠯᠭ᠎ᠠ ᠡᠭᠦᠷᠭᠡ

      ᠲᠥᠰᠥᠯ ᠢ ᠨᠠᠶᠢᠷᠠᠭᠤᠯᠤᠨ ᠵᠣᠬᠢᠶᠠᠬᠤ ᠵᠣᠷᠢᠯᠭ᠎ᠠ ᠪᠠ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠪᠴᠢ ᠲᠣᠭᠠᠴᠢᠨ᠎ᠠ ᠃ ᠭᠤᠣᠯᠳᠠᠭᠤ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠶᠠᠪᠤᠴᠠ ᠳᠠᠬᠢ ᠨᠡᠮᠡᠭᠳᠡᠬᠦ ᠪᠠ ᠬᠠᠰᠤᠭᠳᠠᠬᠤ ᠶᠢ ᠬᠤᠯᠪᠣᠭᠳᠠᠭᠤᠯᠬᠤ ᠲᠥᠷᠥᠯ ᠵᠦᠢᠯ ᠤᠨ ᠭᠠᠵᠠᠷ ᠰᠣᠩᠭᠤᠬᠤ ᠨᠥᠬᠦᠴᠡᠯ ᠳᠤ ᠨᠡᠶᠢᠴᠡᠬᠦ ᠬᠡᠪᠴᠢᠶ᠎ᠡ ᠂ ᠭᠠᠵᠠᠷ ᠬᠡᠰᠡᠭ ᠤᠨ ᠪᠠᠶᠢᠷᠢ ᠂ ᠰᠡᠷᠭᠦᠭᠡᠨ ᠬᠠᠭᠠᠯᠪᠤᠷᠢᠯᠠᠬᠤ ᠭᠠᠵᠠᠷ ᠤᠨ ᠲᠥᠷᠥᠯ ᠂ ᠰᠡᠷᠭᠦᠭᠡᠨ ᠬᠠᠭᠠᠯᠪᠤᠷᠢᠯᠠᠬᠤ ᠢᠨᠵᠧᠨᠧᠷᠢᠩ ᠵᠡᠷᠭᠡ ᠶᠢ ᠲᠣᠳᠣᠷᠬᠠᠶᠢᠯᠠᠨ᠎ᠠ ᠃

ᠭᠤᠷᠪᠠᠳᠤᠭᠠᠷ ᠪᠦᠯᠦᠭ   ᠭᠦᠢᠴᠡᠳᠬᠡᠯ ᠲᠣᠭᠠᠨ ᠤ ᠬᠡᠪᠴᠢᠶ᠎ᠡ ᠶᠢ ᠬᠠᠷᠭᠤᠭᠤᠯᠤᠨ ᠲᠣᠭᠲᠠᠭᠠᠬᠤ

      ᠨᠡᠮᠡᠭᠳᠡᠬᠦ ᠪᠠ ᠬᠠᠰᠤᠭᠳᠠᠬᠤ ᠶᠢ ᠬᠤᠯᠪᠣᠭᠳᠠᠭᠤᠯᠬᠤ ᠲᠥᠷᠥᠯ ᠵᠦᠢᠯ ᠤᠨ ᠭᠠᠵᠠᠷ ᠰᠣᠩᠭᠤᠬᠤ ᠨᠥᠬᠦᠴᠡᠯ ᠲᠠᠢ ᠵᠣᠬᠢᠴᠠᠯᠳᠤᠭᠤᠯᠵᠤ ᠂ ᠭᠤᠣᠯᠳᠠᠭᠤ ᠨᠡᠮᠡᠭᠳᠡᠬᠦ ᠪᠠ ᠬᠠᠰᠤᠭᠳᠠᠬᠤ ᠶᠢ ᠬᠤᠯᠪᠣᠭᠳᠠᠭᠤᠯᠬᠤ ᠲᠥᠷᠥᠯ ᠵᠦᠢᠯ ᠳᠤ ᠣᠷᠣᠭᠤᠯᠵᠤ ᠪᠣᠯᠬᠤ ᠭᠦᠢᠴᠡᠳᠬᠡᠯ ᠲᠣᠭᠠᠨ ᠤ ᠬᠡᠪᠴᠢᠶ᠎ᠡ ᠶᠢ ᠲᠣᠳᠣᠷᠬᠠᠶᠢᠯᠠᠨ᠎ᠠ ᠃

      ᠭᠠᠵᠠᠷ ᠰᠣᠩᠭᠤᠬᠤ ᠨᠥᠬᠦᠴᠡᠯ ᠳᠤ᠄

      ᠡᠷᠬᠡ ᠶᠢᠨ ᠬᠠᠷᠢᠶᠠᠯᠠᠯ ᠨᠢ ᠬᠠᠮᠲᠤ ᠳᠤ ᠥᠮᠴᠢᠯᠡᠭᠳᠡᠬᠦ︔

      ᠠᠯᠤᠰ ᠰᠡᠷᠡᠯ ᠤᠨ ᠢᠮᠡᠭᠧ ᠳᠦᠷᠰᠦ ᠶᠢᠨ ᠳᠡᠮᠵᠢᠯᠭᠡ ᠲᠠᠢ ᠪᠠᠶᠢᠬᠤ︔

      ᠳᠠᠩ ᠭᠠᠭᠴᠠ ᠭᠠᠵᠠᠷ ᠬᠡᠰᠡᠭ ᠤᠨ ᠲᠠᠯᠠᠪᠠᠢ ᠨᠢ 1 ᠮᠦ ᠠᠴᠠ ᠪᠠᠭ᠎ᠠ ᠦᠭᠡᠢ ᠃

      ᠥᠩᠭᠡᠷᠡᠭᠰᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠳᠤ ᠬᠠᠷᠢᠶᠠᠯᠠᠭᠳᠠᠪᠠᠯ ᠂ ᠥᠩᠭᠡᠷᠡᠭᠰᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠦᠨᠳᠦᠰᠦᠨ ᠪᠠᠶᠢᠳᠠᠯ ᠢ ᠲᠠᠨᠢᠯᠴᠠᠭᠤᠯᠤᠨ᠎ᠠ ᠂ ᠡᠭᠦᠨ ᠳᠤ ᠠᠭᠤᠷᠬᠠᠢ ᠮᠠᠯᠲᠠᠭᠰᠠᠨ ᠣᠨ ᠵᠢᠯ ᠪᠠ ᠠᠭᠤᠷᠬᠠᠢ ᠶᠢᠨ ᠲᠦᠷᠦᠯ ᠵᠦᠢᠯ ᠵᠡᠷᠭᠡ ᠪᠠᠭᠲᠠᠨ᠎ᠠ︔

      ᠪᠦᠲᠦᠭᠡᠨ ᠪᠠᠶᠢᠭᠤᠯᠤᠯᠲᠠ ᠳᠤ ᠪᠠᠶᠢᠭ᠎ᠠ ᠠᠭᠤᠷᠬᠠᠢ ᠳᠤ ᠬᠠᠷᠢᠶᠠᠯᠠᠭᠳᠠᠪᠠᠯ ᠂ ᠠᠭᠤᠷᠬᠠᠢ ᠳᠤ ᠬᠡᠷᠡᠭᠯᠡᠭᠰᠡᠨ ᠭᠠᠵᠠᠷ ᠂ ᠪᠦᠲᠦᠭᠡᠨ ᠪᠠᠶᠢᠭᠤᠯᠵᠤ ᠪᠠᠶᠢᠭ᠎ᠠ ᠵᠢᠴᠢ ᠠᠵᠢᠯ ᠵᠣᠭᠰᠣᠭᠰᠠᠨ ᠵᠡᠷᠭᠡ ᠦᠨᠳᠦᠰᠦᠨ ᠪᠠᠶᠢᠳᠠᠯ ᠢ ᠲᠠᠨᠢᠯᠴᠠᠭᠤᠯᠤᠨ᠎ᠠ ᠂ ᠡᠭᠦᠨ ᠳᠤ ᠠᠭᠤᠷᠬᠠᠢ ᠳᠤ ᠬᠡᠷᠡᠭᠯᠡᠬᠦ ᠭᠠᠵᠠᠷ ᠤᠨ ᠬᠢᠨᠠᠨ ᠵᠥᠪᠰᠢᠶᠡᠷᠡᠯ ᠴᠣᠬᠤᠯᠠᠪᠤᠷᠢ ᠂ ᠠᠭᠤᠷᠬᠠᠢ ᠶᠢᠨ ᠲᠦᠷᠦᠯ ᠵᠦᠢᠯ ᠵᠡᠷᠭᠡ ᠶᠢ ᠪᠠᠭᠲᠠᠭᠠᠨ᠎ᠠ ᠃

ᠳᠥᠷᠪᠡᠳᠦᠭᠡᠷ ᠪᠦᠯᠦᠭ   ᠰᠡᠷᠭᠦᠭᠡᠨ ᠬᠠᠭᠠᠯᠪᠤᠷᠢᠯᠠᠬᠤ ᠭᠠᠵᠠᠷ ᠤᠨ ᠲᠥᠷᠥᠯ ᠤᠨ ᠪᠠᠶᠢᠳᠠᠯ

      ᠭᠤᠣᠯᠳᠠᠭᠤ ᠰᠡᠷᠭᠦᠭᠡᠨ ᠬᠠᠭᠠᠯᠪᠤᠷᠢᠯᠠᠬᠤ ᠬᠠᠨᠳᠤᠰᠢ ᠪᠠ ᠡᠯ᠎ᠡ ᠭᠠᠵᠠᠷ ᠤᠨ ᠲᠥᠷᠥᠯ ᠤᠨ ᠲᠠᠯᠠᠪᠠᠶ ᠶᠢ ᠲᠣᠳᠣᠷᠬᠠᠶᠢᠯᠠᠵᠤ ᠂ ᠰᠡᠷᠭᠦᠭᠡᠨ ᠬᠠᠭᠠᠯᠪᠤᠷᠢᠯᠠᠬᠤ ᠨᠢ ᠲᠠᠷᠢᠶᠠᠯᠠᠬᠤ ᠭᠠᠵᠠᠷ ᠪᠣᠯᠬᠤ ᠳᠤ ᠭᠦᠷᠪᠡᠯ ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠳᠣᠲᠣᠷ᠎ᠠ ᠪᠠᠶᠢᠵᠤ ᠪᠣᠯᠬᠤ ᠦᠭᠡᠢ ᠮᠥᠷᠲᠡᠭᠡᠨ ᠨᠠᠯᠠᠤᠴᠠ ᠨᠢ 25° ᠠᠴᠠ ᠪᠠᠭ᠎ᠠ ᠪᠠᠶᠢᠬᠤ ᠬᠡᠷᠡᠭᠲᠡᠢ ᠃

ᠲᠠᠪᠤᠳᠤᠭᠠᠷ ᠪᠦᠯᠦᠭ   ᠰᠡᠷᠭᠦᠭᠡᠨ ᠬᠠᠭᠠᠯᠪᠤᠷᠢᠯᠠᠬᠤ ᠢᠨᠵᠧᠨᠧᠷᠢᠩ ᠵᠢᠴᠢ ᠪᠡᠯᠡ ᠮᠥᠩᠭᠦᠨ ᠤ ᠲᠥᠰᠥᠪ

      ᠭᠤᠣᠯᠳᠠᠭᠤ ᠵᠣᠬᠢᠴᠠᠯᠳᠤᠬᠤ ᠭᠠᠵᠠᠷ ᠬᠡᠰᠡᠭ ᠢ ᠰᠡᠷᠭᠦᠭᠡᠨ ᠬᠠᠭᠠᠯᠪᠤᠷᠢᠯᠠᠬᠤ ᠳᠤ ᠠᠪᠤᠭᠰᠠᠨ ᠢᠨᠵᠧᠨᠧᠷᠢᠩ ᠤᠨ ᠠᠷᠭ᠎ᠠ ᠬᠡᠮᠵᠢᠶ᠎ᠡ ᠂ ᠢᠨᠵᠧᠨᠧᠷᠢᠩ ᠤᠨ ᠬᠡᠮᠵᠢᠶ᠎ᠡ ᠵᠢᠴᠢ ᠪᠡᠯᠡ ᠮᠥᠩᠭᠦᠨ ᠤ ᠲᠥᠰᠥᠪ ᠵᠡᠷᠭᠡ ᠶᠢ ᠲᠣᠳᠣᠷᠬᠠᠶᠢᠯᠠᠨ᠎ᠠ ᠃

ᠵᠢᠷᠭᠤᠳᠤᠭᠠᠷ ᠪᠦᠯᠦᠭ   ᠪᠠᠲᠤᠯᠠᠭ᠎ᠠ ᠶᠢᠨ ᠠᠷᠭ᠎ᠠ ᠬᠡᠮᠵᠢᠶ᠎ᠡ

      ᠬᠤᠰᠢᠭᠤ ᠰᠢᠶᠠᠨ ᠤ ᠱᠠᠲᠤᠨ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠂ ᠬᠢᠨᠠᠯᠲᠠ ᠲᠠᠯᠪᠢᠨ ᠬᠠᠮᠢᠶᠠᠷᠬᠤ ᠂ ᠮᠡᠷᠭᠡᠵᠢᠯ ᠤᠨ ᠲᠤᠯᠭᠠᠭᠤᠷᠢᠯᠠᠯ ᠦᠵᠡᠬᠦᠯᠬᠦ ᠶᠢ ᠨᠢᠭᠡᠳᠦᠯᠲᠡᠢ ᠲᠥᠯᠥᠪᠯᠡᠬᠦ ᠵᠡᠷᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠨ᠎ᠠ ᠃


ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

2023 ᠣᠨ ᠤ 2 ᠳ᠋ᠤᠭᠠᠷ ᠰᠠᠷ᠎ᠠ ᠶᠢᠨ 8 ᠤ ᠡᠳᠦᠷ ᠳᠠᠷᠤᠮᠠᠯᠯᠠᠨ ᠲᠠᠷᠬᠠᠭᠠᠪᠠ

      

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ