ᠰᠦᠨ ᠱᠤᠤ ᠴᠧᠩ  ᠸᠠᠩ ᠯᠢ ᠰᠢᠶᠠ ᠵᠧᠵᠢᠶᠠᠩ ᠤᠨ ᠷᠦᠩ ᠱᠧᠩ ᠬᠤᠪᠢ ᠡᠵᠡᠮᠳᠡᠬᠦ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢ ᠱᠦᠢ ᠷᠦᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2023/12/4


      12 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠵᠧᠵᠢᠶᠠᠩ ᠤᠨ ᠷᠦᠩ ᠱᠧᠩ ᠬᠤᠪᠢ ᠡᠵᠡᠮᠳᠡᠬᠦ ᠪᠦᠯᠦᠭᠯᠡᠯ ᠤᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢ ᠱᠦᠢ ᠷᠦᠩ ᠲᠠᠢ ᠠᠭᠤᠯᠵᠠᠪᠠ᠃

1孙绍骋王莉霞会见浙江荣盛控股集团董事长李水荣.jpg

2孙绍骋王莉霞会见浙江荣盛控股集团董事长李水荣.jpg

      ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠯᠢ ᠱᠦᠢ ᠷᠦᠩ ᠨᠠᠷ ᠤᠨ ᠰᠢᠨᠵᠢᠯᠡᠨ ᠪᠠᠶᠢᠴᠠᠭᠠᠵᠤ ᠵᠥᠪᠳᠡᠨ ᠶᠠᠷᠢᠯᠴᠠᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠵᠡᠷᠭᠡ ᠪᠠᠷ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠶᠢᠨ ᠪᠠᠶᠢᠳᠠᠯ ᠢ ᠲᠠᠨᠢᠯᠴᠠᠭᠤᠯᠪᠠ᠃ ᠯᠢ ᠱᠦᠢ ᠷᠦᠩ ᠥᠪᠥᠷ ᠮᠣᠩᠭᠤᠯ ᠤᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ᠂ ᠡᠬᠢ ᠪᠠᠶᠠᠯᠢᠭ ᠤᠨ ᠳᠠᠪᠠᠭᠤᠯᠢᠭ ᠪᠣᠯᠣᠨ ᠬᠥᠭᠵᠢᠯᠲᠡ ᠶᠢᠨ ᠢᠷᠡᠭᠡᠳᠦᠢ ᠶᠢ ᠳᠡᠭᠡᠳᠦ ᠬᠡᠮᠵᠢᠶ᠎ᠡ ᠪᠠᠷ ᠦᠨᠡᠯᠡᠬᠦ ᠶᠢᠨ ᠵᠡᠷᠭᠡ ᠪᠠᠷ ᠷᠦᠩ ᠱᠧᠩ ᠬᠤᠪᠢ ᠡᠵᠡᠮᠳᠡᠬᠦ ᠪᠦᠯᠦᠭᠯᠡᠯ ᠤᠨ ᠦᠢᠯᠡᠰ ᠪᠣᠰᠬᠠᠭᠰᠠᠨ ᠥᠩᠭᠡᠷᠡᠯᠲᠡ ᠪᠣᠯᠣᠨ ᠡᠵᠡᠩᠨᠡᠯᠲᠡ ᠬᠥᠭᠵᠢᠯᠲᠡ ᠶᠢᠨ ᠪᠠᠶᠢᠳᠠᠯ ᠢᠶᠠᠨ ᠨᠠᠷᠢᠨ ᠲᠠᠨᠢᠯᠴᠠᠭᠤᠯᠵᠠᠢ᠃ ᠬᠤᠶᠠᠷ ᠲᠠᠯ᠎ᠠ ᠪᠠᠷ ᠢᠶᠠᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠤ᠂ ᠣᠯᠣᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠲᠦᠷᠦᠯ ᠵᠦᠢᠯ ᠤᠨ ᠦᠷ᠎ᠡ ᠪᠦᠲᠦᠭᠡᠯ ᠣᠯᠬᠤ ᠶᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠦᠨ᠎ᠡ ᠭᠡᠵᠦ ᠢᠯᠡᠳᠬᠡᠪᠡ᠃ 

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ