ᠤᠯᠠᠭᠠᠨ ᠵᠠᠭᠠᠯᠮᠠᠶᠢᠲᠠᠨ ᠪᠠ ︽ᠠᠷᠪᠠᠨ ᠳᠥᠷᠪᠡᠳᠦᠭᠡᠷ ᠡᠪᠦᠯ︾᠎ ᠤᠨ ᠠᠵᠢᠯ ᠨᠢᠭᠡᠲᠡᠳ ᠤᠨ ᠭᠤᠣᠯ ᠰᠡᠳᠦᠪᠲᠦ ᠠᠵᠢᠯᠯᠠᠭ᠎ᠠ ᠶᠠᠪᠤᠭᠳᠠᠪᠠ  ᠴᠢ᠊ ᠪᠠᠲᠤ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2023/12/6

12 ᠳ᠋ᠤᠭᠠᠷ ᠰᠠᠷ᠎ᠠ ᠶᠢᠨ 5᠎ ᠤ ᠡᠳᠦᠷ ᠪᠣᠯ 38 ᠎ ᠳᠠᠬᠢ ᠤᠯᠠᠨ ᠤᠯᠤᠰ ᠤᠨ ᠰᠠᠶᠢᠨ ᠳᠤᠷᠠᠲᠠᠳ ᠤᠨ ᠡᠳᠦᠷ ᠪᠣᠯᠣᠨ᠎ᠠ᠃ ᠲᠤᠬᠠᠢ ᠶᠢᠨ ᠡᠳᠦᠷ᠂ ᠤᠯᠠᠭᠠᠨ ᠵᠠᠭᠠᠯᠮᠠᠶᠢᠲᠠᠨ ᠪᠠ ︽ᠠᠷᠪᠠᠨ ᠳᠥᠷᠪᠡᠳᠦᠭᠡᠷ ᠡᠪᠦᠯ︾᠎ ᠤᠨ ᠠᠵᠢᠯ ᠨᠢᠭᠡᠲᠡᠳ ᠤᠨ ᠭᠤᠣᠯ ᠰᠡᠳᠦᠪᠲᠦ ᠠᠵᠢᠯᠯᠠᠭ᠎ᠠ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠳᠤ ᠶᠠᠪᠤᠭᠳᠠᠪᠠ᠃

ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠠᠷᠤᠭ᠎ᠠ ᠴᠢ᠊ ᠪᠠᠲᠤ ᠬᠤᠷᠠᠯ ᠳᠤ ᠣᠷᠣᠯᠴᠠᠭᠰᠠᠨ ᠪᠥᠭᠡᠳ ︽ᠠᠷᠪᠠᠨ ᠳᠥᠷᠪᠡᠳᠦᠭᠡᠷ ᠡᠪᠦᠯ︾᠎ ᠤᠨ ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳᠤ ᠲᠤᠭ ᠭᠠᠷᠳᠠᠭᠤᠯᠪᠠ᠃

ᠲᠤᠬᠠᠢ ᠶᠢᠨ ᠲᠠᠯᠠᠪᠠᠶ ᠳᠤ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ︽ᠠᠷᠪᠠᠨ ᠳᠥᠷᠪᠡᠳᠦᠭᠡᠷ ᠡᠪᠦᠯ︾᠎ ᠤᠨ 3 ᠤᠷᠤᠯᠳᠤᠭᠠᠨ ᠤ ᠲᠣᠭᠤᠷᠢᠭ ᠲᠤ AED᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠣᠯᠪᠠᠰᠤᠷᠠᠯ ᠤᠨ ᠪᠠᠭᠠᠵᠢ ᠬᠡᠷᠡᠭᠰᠡᠯ ᠵᠡᠷᠭᠡ ᠡᠳ᠋ ᠪᠣᠳᠠᠰ ᠬᠠᠨᠳᠢᠪᠯᠡᠵᠤ᠂ ᠶᠡᠷᠦᠩᠬᠡᠢ ᠥᠷᠲᠡᠭ ᠨᠢ 103 ᠲᠦᠮᠡᠨ ᠲᠥᠭᠦᠷᠢᠭ ᠲᠤ ᠬᠦᠷᠴᠡᠢ᠃

ᠣᠶᠢᠯᠠᠭᠠᠭᠰᠠᠨ ᠢᠶᠠᠷ᠂ ᠪᠥᠬᠦ ᠣᠷᠣᠨ ᠤ ᠡᠯ᠎ᠡ ᠱᠠᠲᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠰᠠᠶᠢᠨ ᠳᠤᠷᠠᠲᠠᠳ ᠢ ᠥᠷᠭᠡᠨ ᠢᠶᠠᠷ ᠳᠠᠶᠢᠴᠢᠯᠠᠨ ︽ᠠᠷᠪᠠᠨ ᠳᠥᠷᠪᠡᠳᠦᠭᠡᠷ ᠡᠪᠦᠯ︾᠎ ᠤᠨ ᠤᠷᠤᠯᠳᠤᠭᠠᠨ ᠤ ᠦᠢᠯᠡᠴᠢᠯᠡᠭᠡ ᠳᠤ ᠣᠷᠣᠯᠴᠠᠭᠤᠯᠤᠨ᠂ ᠡᠯ᠎ᠡ ᠤᠷᠤᠯᠳᠤᠭᠠᠨ ᠤ ᠲᠣᠭᠤᠷᠢᠭ ᠲᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠣᠯᠪᠠᠰᠤᠷᠠᠯ ᠢ ᠢᠳᠡᠪᠬᠢᠲᠡᠢ ᠥᠷᠨᠢᠭᠦᠯᠦᠭᠡᠳ᠂ ᠣᠳᠣᠬᠠᠨ ᠳᠤ 4600 ᠭᠠᠷᠤᠢ ᠰᠠᠶᠢᠨ ᠳᠤᠷᠠᠲᠠᠳ ᠢ ᠪᠣᠯᠪᠠᠰᠤᠷᠠᠭᠤᠯᠵᠠᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ