|
ᠥᠪᠡᠷᠲᠡᠭᠡᠨ ᠵᠠᠰᠠᠬᠤ ᠣᠷᠣᠨ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ ᠸᠠᠩ ᠯᠢ ᠰᠢᠶᠠ ᠲᠠᠩᠭᠠᠷᠢᠭᠯᠠᠬᠤ ᠶᠢ ᠬᠢᠨᠠᠬᠤ ᠶᠢᠨ | ᠬᠠᠮᠲᠤ ᠶᠠᠷᠢᠶ᠎ᠠ ᠲᠠᠯᠪᠢᠵᠠᠢ |
|
|
ᠨᠡᠶᠢᠲᠡᠯᠡᠭᠰᠡᠨ ᠴᠠᠭ᠄
2023/12/6
|
|
12 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠰᠢᠨ᠎ᠡ ᠪᠠᠷ ᠲᠤᠰᠢᠶᠠᠯ ᠳᠤ ᠲᠣᠮᠢᠯᠠᠭᠰᠠᠨ ᠲᠥᠷᠥ ᠶᠢᠨ ᠠᠵᠢᠯᠲᠠᠨ ᠤ ᠬᠠᠮᠲᠤ ᠪᠠᠷ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠲᠠᠩᠭᠠᠷᠢᠭᠯᠠᠬᠤ ᠶᠢ ᠬᠢᠨᠠᠬᠤ ᠶᠢᠨ ᠬᠠᠮᠲᠤ ᠶᠠᠷᠢᠶ᠎ᠠ ᠲᠠᠯᠪᠢᠵᠠᠢ᠃ 
9 ᠴᠠᠭ 30 ᠮᠢᠨᠦ᠋ᠲ ᠲᠤ᠂ ᠲᠠᠩᠭᠠᠷᠢᠭᠯᠠᠬᠤ ᠶᠣᠰᠣᠯᠠᠯ ᠡᠬᠢᠯᠡᠵᠦ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠵᠤ᠂ ᠲᠠᠩᠭᠠᠷᠢᠭᠯᠠᠭᠴᠢᠳ ᠤᠯᠤᠰ ᠤᠨ ᠲᠤᠭ ᠪᠣᠯᠣᠨ ᠤᠯᠤᠰ ᠤᠨ ᠰᠦᠯᠳᠡ ᠵᠦᠭ ᠬᠠᠨᠳᠤᠵᠤ᠂ ᠬᠠᠮᠲᠤ ᠪᠠᠷ ᠲᠠᠩᠭᠠᠷᠢᠭᠯᠠᠪᠠ᠃ ᠸᠠᠩ ᠯᠢ ᠰᠢᠶᠠ᠂ ᠦᠨᠳᠦᠰᠦᠨ ᠬᠠᠤᠯᠢ ᠶᠢᠨ ᠲᠠᠩᠭᠠᠷᠢᠭ ᠤᠨ ᠦᠭᠡ ᠪᠣᠯᠭᠠᠨ ᠨᠢ ᠲᠤᠶᠢᠯ ᠤᠨ ᠴᠢᠬᠤᠯᠠ ᠪᠠᠶᠢᠳᠠᠭ᠂ ᠣᠯᠠᠨ ᠢᠶᠠᠷ ᠢᠶᠠᠨ ᠡᠷᠡᠰ ᠪᠠᠲᠤ ᠲᠠᠩᠭᠠᠷᠢᠭ ᠢᠶᠠᠨ ᠦᠢᠯᠡ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ᠂ ᠦᠢᠯᠡᠳᠦᠯᠭᠡ ᠶᠢᠨ ᠳᠤᠮᠳᠠ ᠨᠠᠶᠢᠳᠠᠪᠤᠷᠢᠵᠢᠭᠤᠯᠵᠤ᠂ ᠲᠡᠮᠡᠴᠡᠯ ᠢᠶᠠᠷ ᠠᠮᠠᠯᠠᠯᠲᠠ ᠪᠠᠨ ᠦᠢᠯᠡᠳᠦᠯᠭᠡᠵᠢᠭᠦᠯᠵᠦ᠂ ᠦᠨᠡᠨᠴᠢ ᠰᠢᠳᠤᠷᠭᠤ ᠪᠠᠨ ᠲᠠᠶᠢᠯᠪᠤᠷᠢᠯᠠᠬᠤ ᠬᠡᠷᠡᠭᠲᠡᠢ᠃ ᠰᠡᠳᠬᠢᠯ ᠳᠡᠭᠡᠨ ᠨᠠᠮ ᠢᠶᠠᠨ ᠪᠣᠳᠣᠵᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠵᠦ᠂ ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ ᠳᠣᠣᠷ᠎ᠠ ᠴᠤ ᠭᠡᠰᠡᠨ ᠴᠥᠮ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠨᠠᠮ ᠲᠠᠢ ᠰᠡᠳᠬᠢᠯ ᠢᠶᠠᠨ ᠨᠢᠭᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠰᠡᠳᠬᠢᠯ ᠳᠡᠭᠡᠨ ᠬᠠᠤᠯᠢ ᠶᠢ ᠡᠷᠬᠢᠮᠯᠡᠵᠦ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠶᠢᠨ ᠠᠷᠪᠠᠳᠠᠬᠢ ︽ᠤᠯᠤᠰ ᠤᠨ ᠦᠨᠳᠦᠰᠦᠨ ᠬᠠᠤᠯᠢ ᠶᠢᠨ ᠡᠳᠦᠷ︾ ᠤᠨ ᠲᠠᠰᠢᠷᠠᠮ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠦᠨᠳᠦᠰᠦᠨ ᠬᠠᠤᠯᠢ ᠶᠢᠨ ᠤᠬᠠᠮᠰᠠᠷ ᠢᠶᠠᠨ ᠴᠢᠩᠭᠠᠳᠬᠠᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠤᠯᠢᠵᠢᠯ ᠤᠨ ᠰᠡᠳᠬᠢᠬᠦᠢ ᠪᠣᠯᠣᠨ ᠬᠠᠤᠯᠢᠵᠢᠯ ᠤᠨ ᠠᠷᠭ᠎ᠠ ᠬᠡᠯᠪᠡᠷᠢ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠭᠵᠢᠯᠲᠡ ᠶᠢ ᠠᠬᠢᠭᠤᠯᠬᠤ᠂ ᠵᠥᠷᠢᠴᠡᠯ ᠢ ᠨᠠᠮᠳᠠᠭᠤᠯᠬᠤ᠂ ᠲᠣᠭᠲᠠᠭᠤᠨ ᠢ ᠬᠠᠮᠠᠭᠠᠯᠠᠬᠤ᠂ ᠠᠶᠤᠯ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠡᠳᠬᠢᠯ ᠳᠡᠭᠡᠨ ᠬᠠᠷᠢᠭᠤᠴᠠᠯᠭ᠎ᠠ ᠲᠠᠢ ᠪᠠᠶᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠠᠲᠤ ᠡᠵᠡᠮᠳᠡᠵᠦ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠦᠢᠴᠡᠳᠬᠡᠭᠴᠢ᠂ ᠠᠵᠢᠯᠯᠠᠭᠴᠢ᠂ ᠰᠢᠷᠭᠠᠭᠤ ᠠᠵᠢᠯᠯᠠᠭᠴᠢ ᠪᠣᠯᠬᠤ ᠬᠡᠷᠡᠭᠲᠡᠢ᠃ ᠰᠡᠳᠬᠢᠯ ᠵᠢᠷᠦᠬᠡᠨ ᠳᠡᠭᠡᠨ ᠠᠷᠠᠳ ᠲᠦᠮᠡᠨ ᠢ ᠳᠡᠭᠡᠳᠦᠯᠡᠵᠦ᠂ ᠣᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠰᠢᠢᠳᠪᠦᠷᠢᠯᠡᠵᠦ᠂ ᠦᠨᠳᠦᠰᠦᠲᠡᠨ ᠨᠥᠬᠦᠳ ᠤᠨ ᠣᠯᠠᠨ ᠲᠦᠮᠡᠨ ᠳᠤ ᠨᠡᠩ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠵᠦ᠂ ᠦᠨᠡᠨ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠪᠠᠷ ᠴᠢᠷᠮᠠᠶᠢᠬᠤ ᠬᠡᠷᠡᠭᠲᠡᠢ᠃ ᠰᠡᠳᠬᠢᠯ ᠳᠡᠭᠡᠨ ᠴᠡᠭᠡᠷ ᠲᠠᠢ ᠪᠠᠶᠢᠵᠤ᠂ ᠪᠣᠳᠠᠲᠠᠢ ᠶᠢ ᠡᠷᠬᠢᠮᠯᠡᠬᠦ ᠰᠤᠷᠲᠠᠯ ᠢ ᠶᠡᠭᠡ ᠪᠠᠷ ᠪᠠᠳᠠᠷᠠᠭᠤᠯᠵᠤ᠂ ᠠᠷᠢᠭᠤᠨ ᠴᠢᠬᠡᠴᠢ ᠰᠤᠷᠲᠠᠯ ᠢ ᠪᠠᠳᠠᠷᠠᠭᠤᠯᠵᠤ᠂ ᠠᠷᠪᠢᠴᠢ ᠪᠣᠷᠣᠭᠵᠢᠭᠤᠨ ᠰᠤᠷᠲᠠᠯ ᠢ ᠪᠣᠢ ᠪᠣᠯᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠠᠰᠢᠯᠭ᠎ᠠ ᠶᠢ ᠪᠠᠲᠤ ᠴᠣᠭᠴᠠᠯᠠᠬᠤ ᠬᠡᠷᠡᠭᠲᠡᠢ᠃ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ︾ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠳᠠᠪᠰᠢᠨ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠬᠡᠯᠡᠪᠡ᠃ |
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|