ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ ᠬᠤᠷᠠᠯᠳᠤᠪᠠ    ᠸᠠᠩ ᠯᠢ ᠰᠢᠶᠠ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/12/6


      12 ᠰᠠᠷ᠎ᠠ ᠶᠢᠨ 4 ᠤ ᠡᠳᠦᠷ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ ᠬᠥᠬᠡᠬᠤᠲᠠ ᠳᠤ ᠬᠤᠷᠠᠯᠳᠤᠵᠤ᠂ ᠶᠡᠷᠦᠩᠬᠡᠢ ᠱᠥᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃

      ᠸᠠᠩ ᠯᠢ ᠰᠢᠶᠠ᠂ ᠣᠳᠣᠬᠠᠨ ᠳᠤ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠲᠡᠶᠢᠮᠦ ᠰᠠᠶᠢᠨ ᠪᠢᠰᠢ᠂ ᠡᠯ᠎ᠡ ᠲᠥᠷᠥᠯ ᠤᠨ ᠠᠶᠤᠯ ᠲᠦᠭᠰᠢᠭᠦᠷᠢ ᠭᠡᠮ ᠰᠣᠭᠤᠭ ᠲᠠᠪᠬᠤᠴᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠡᠭᠦᠷᠭᠡ ᠬᠠᠲᠠᠭᠤ ᠪᠡᠷᠬᠡ ᠪᠠᠶᠢᠨ᠎ᠠ᠃ ᠡᠯ᠎ᠡ ᠱᠠᠲᠣ ᠡᠯ᠎ᠡ ᠰᠠᠯᠠᠭ᠎ᠠ ᠮᠥᠴᠢᠷ ᠤᠨ ᠬᠢᠨ ᠳᠣᠷᠣᠭᠰᠢ ᠬᠠᠷᠠᠬᠤ ᠶᠢ ᠪᠠᠷᠢᠮᠲᠠᠯᠠᠵᠤ᠂ ᠴᠢᠩᠭ᠎ᠠ ᠪᠥᠭᠡᠳ ᠲᠤᠰᠠᠲᠠᠢ ᠠᠷᠭ᠎ᠠ ᠬᠡᠮᠵᠢᠶ᠎ᠡ ᠠᠪᠴᠤ ᠦᠨᠡᠨ ᠬᠦ ᠵᠢᠭᠰᠠᠭᠠᠨ ᠪᠠᠶᠢᠴᠠᠭᠠᠵᠤ ᠦᠨᠡᠨ ᠬᠦ ᠴᠡᠭᠴᠡᠯᠡᠨ ᠰᠠᠶᠢᠵᠢᠷᠠᠭᠤᠯᠵᠤ᠂ 1 ᠰᠠᠷ᠎ᠠ ᠶᠢᠨ ᠴᠠᠭ ᠬᠤᠭᠤᠴᠠᠭ᠎ᠠ ᠶᠢ ᠠᠰᠢᠭᠯᠠᠨ᠂ ᠠᠭᠤᠷᠬᠠᠢ ᠶᠢᠨ ᠬᠦᠷᠢᠶ᠎ᠡ ᠴᠠᠷᠠᠭ᠎ᠠ᠂ ᠠᠶᠤᠯᠲᠠᠢ ᠬᠢᠮᠢ ᠶᠢᠨ ᠪᠣᠳᠠᠰ ᠤᠨ ᠠᠵᠤ ᠠᠬᠤᠶᠢᠯᠠᠯ᠂ ᠣᠨᠴᠠ ᠲᠦᠷᠦᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠭᠡᠮ ᠰᠣᠭᠤᠭ ᠢ ᠲᠤᠰᠬᠠᠢ ᠴᠡᠭᠴᠡᠯᠡᠨ ᠵᠠᠰᠠᠬᠤ ᠪᠠ ︽ᠠᠮᠢ ᠨᠠᠰᠤᠨ ᠤ ᠵᠠᠮ︾ ᠤᠨ ᠴᠡᠪᠡᠷᠯᠡᠨ ᠰᠢᠯᠤᠭᠤᠳᠬᠠᠬᠤ ᠠᠵᠢᠯᠯᠠᠭ᠎ᠠ᠂ ᠥᠪᠡᠰᠦᠪᠡᠨ ᠪᠠᠷᠢᠭᠰᠠᠨ ᠭᠡᠷ ᠵᠢᠴᠢ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠢ ᠴᠡᠭᠴᠡᠯᠡᠨ ᠵᠠᠰᠠᠬᠤ ︽ᠡᠷᠭᠢᠨ ᠬᠠᠷᠠᠬᠤ︾ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠬᠦᠷᠢᠶ᠎ᠡ ᠴᠠᠷᠠᠭᠠᠨ ᠤ ᠠᠶᠤᠯ ᠲᠦᠭᠰᠢᠭᠦᠷᠢ ᠭᠡᠮ ᠰᠣᠭᠤᠭ ᠢ ᠴᠢᠩᠭ᠎ᠠ ᠰᠡᠷᠭᠡᠶᠢᠯᠡᠨ ᠴᠢᠩᠭ᠎ᠠ ᠡᠵᠡᠮᠳᠡᠬᠦ ᠬᠡᠷᠡᠭᠲᠡᠢ᠃ ᠦᠨᠡᠨ ᠬᠦ ᠠᠷᠭ᠎ᠠ ᠬᠡᠮᠵᠢᠶ᠎ᠡ ᠠᠪᠴᠦ᠂ ᠵᠥᠭᠡᠯᠡᠨ ᠢᠶᠠᠷ ᠬᠠᠨᠳᠤᠬᠤ ᠦᠭᠡᠢ ᠪᠠᠶᠢᠵᠤ᠂ ᠪᠠᠶᠢᠳᠠᠯ ᠲᠣᠳᠣᠷᠬᠠᠢ ᠦᠭᠡᠢ᠂ ᠰᠠᠭᠤᠷᠢ ᠲᠤᠭ᠎ᠠ ᠲᠣᠳᠤᠷᠬᠠᠢ ᠦᠭᠡᠢ ᠪᠠᠶᠢᠬᠤ ᠠᠰᠠᠭᠤᠳᠠᠯ᠂ ᠬᠡᠯᠪᠡᠷᠢᠴᠢ ᠦᠵᠡᠯ ᠤᠨ ᠪᠠᠶᠢᠴᠠᠭᠠᠯᠲᠠ ᠶᠢᠨ ᠠᠰᠠᠭᠤᠳᠠᠯ᠂ ᠲᠣᠷᠭᠠᠭᠤᠯᠢ ᠪᠠᠷ ᠬᠠᠮᠢᠶᠠᠷᠤᠯᠲᠠ ᠶᠢ ᠣᠷᠣᠯᠠᠭᠤᠯᠤᠨ ᠲᠤᠷᠭᠤᠭᠠᠪᠠᠯ ᠪᠣᠯᠴᠢᠬᠠᠬᠤ ᠠᠰᠠᠭᠤᠳᠠᠯ᠂ ᠥᠩᠭᠡᠨ ᠲᠡᠳᠦᠢ ᠴᠡᠭᠴᠡᠯᠡᠨ ᠰᠠᠶᠢᠵᠢᠷᠠᠭᠤᠯᠬᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ ᠠᠰᠠᠭᠤᠳᠠᠯ᠂ ᠬᠤᠳᠠᠯ ᠬᠡᠯᠡᠵᠤ ᠣᠪ ᠮᠡᠭᠡ ᠭᠠᠷᠭᠠᠬᠤ᠂ ᠬᠤᠳᠠᠯ ᠬᠠᠭᠤᠷᠮᠠᠭ ᠢᠶᠠᠷ ᠮᠡᠳᠡᠭᠦᠯᠬᠦ ᠪᠠ ᠤᠳᠠᠭᠠᠰᠢᠷᠠᠭᠤᠯᠤᠨ ᠮᠡᠳᠡᠭᠦᠯᠬᠦ ᠠᠰᠠᠭᠤᠳᠠᠯ ᠢ ᠡᠷᠡᠰ ᠵᠠᠯᠠᠷᠠᠭᠤᠯᠤᠨ ᠵᠠᠰᠠᠬᠤ ᠬᠡᠷᠡᠭᠲᠡᠢ᠃ ᠠᠬᠠᠮᠠᠳ ᠲᠤᠰᠬᠠᠢ ᠮᠡᠷᠭᠡᠵᠢᠯᠲᠡᠨ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠮᠡᠷᠭᠡᠵᠢᠯ ᠤᠨ ᠠᠮᠤᠷ ᠲᠦᠪᠰᠢᠨ ᠤ ᠬᠦᠮᠦᠨ ᠤ ᠦᠢᠯᠡᠳᠦᠯ ᠢ ᠪᠠᠳᠠᠷᠠᠭᠤᠯᠵᠤ᠂ ᠤᠯᠠᠮᠵᠢᠯᠠᠬᠤ ᠬᠠᠪᠰᠤᠷᠬᠤ ᠳᠠᠭᠠᠭᠤᠯᠬᠤ ᠪᠠᠷ ᠳᠠᠮᠵᠢᠨ ᠬᠠᠤᠯᠢ ᠬᠡᠷᠡᠭᠵᠢᠭᠦᠯᠬᠦ ᠡᠩᠨᠡᠭᠡ ᠶᠢᠨ ᠲᠤᠰᠬᠠᠶᠢᠵᠢᠬᠤ ᠲᠦᠪᠰᠢᠨ᠂ ᠪᠣᠳᠠᠳᠤ ᠪᠠᠶᠢᠯᠳᠤᠭᠠᠨᠴᠢᠯᠠᠬᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ︽ᠶᠡᠭᠡ ᠰᠤᠷᠤᠯᠴᠠᠯᠭ᠎ᠠ᠂ ᠶᠡᠭᠡ ᠪᠣᠯᠪᠠᠰᠤᠷᠠᠯ᠂ ᠶᠡᠭᠡ ᠰᠢᠯᠭᠠᠯᠲᠠ︾ ᠢ ᠵᠣᠬᠢᠶᠠᠨ ᠪᠠᠶᠢᠭᠤᠯᠤᠨ ᠥᠷᠨᠢᠭᠦᠯᠵᠦ᠂ ︽ᠰᠢᠯᠭᠠᠨ ᠠᠰᠠᠭᠤᠬᠤ︾ ᠭᠡᠬᠦ ᠵᠠᠩᠭᠢᠯᠠᠭ᠎ᠠ ᠶᠢ ᠠᠳᠬᠤᠵᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠮᠤᠷ ᠲᠦᠪᠰᠢᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠶᠢᠯᠠᠯ ᠤᠨ ᠳᠣᠲᠤᠭᠠᠳᠤ ᠶᠢᠨ ︽ᠱᠦᠭᠯᠦ ᠦᠯᠢᠶᠡᠭᠴᠢ︾ ᠶᠢᠨ ᠳᠦᠷᠢᠮ ᠪᠣᠯᠣᠨ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠳᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠶᠢ ᠱᠠᠩᠨᠠᠬᠤ ᠠᠷᠭ᠎ᠠ ᠵᠠᠮ ᠢ ᠰᠢᠯᠤᠭᠤᠳᠬᠠᠬᠤ ᠬᠡᠷᠡᠭᠲᠡᠢ᠃ ᠢᠷᠡᠬᠦ ᠵᠢᠯ ᠢ ︽ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠣᠨ︾ ᠪᠣᠯᠭᠠᠵᠤ᠂ ᠠᠮᠤᠷ ᠲᠦᠪᠰᠢᠨ ᠤ ᠪᠠᠷᠢᠮᠵᠢᠶ᠎ᠠ᠂  ᠦᠨᠳᠦᠰᠦᠨ ᠱᠠᠲᠤᠨ ᠤ ᠡᠩᠨᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ᠂ ᠤᠬᠠᠭᠤᠯᠭ᠎ᠠ ᠪᠣᠯᠪᠠᠰᠤᠷᠠᠯ ᠤᠨ ᠲᠣᠭᠤᠷᠢᠨ ᠳᠤ᠂ ᠦᠨᠳᠦᠰᠦᠨ ᠱᠠᠲᠣᠨ ᠤ ᠰᠠᠭᠤᠷᠢ ᠬᠢᠴᠢᠶᠡᠯ ᠢ ᠨᠥᠬᠦᠪᠦᠷᠢᠯᠡᠨ ᠣᠷᠣᠵᠤ᠂ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ ᠪᠠᠷ ᠠᠷᠠᠳ ᠣᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠬᠤᠷᠠᠯ ᠠᠴᠠ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠮᠡᠳᠡᠭᠳᠡᠪᠡ᠃ ᠬᠤᠸᠠᠩ ᡁᠢ ᠴᠢᠶᠠᠩ ᠬᠤᠷᠠᠯ ᠢ ᠡᠷᠬᠢᠯᠡᠭᠰᠡᠨ ᠪᠥᠭᠡᠳ ᠠᠵᠢᠯ ᠤᠨ ᠪᠠᠶᠢᠷᠢᠯᠠᠭᠤᠯᠤᠯᠲᠠ ᠬᠢᠵᠦ᠂ ᠴᠢ᠊ ᠪᠠᠲᠤ᠂  ᠪᠣᠤ ᠰᠢᠶᠠᠨ ᠬᠤᠸᠠ᠂ ᠵᠧᠩ ᠭᠤᠸᠠᠩ ᠵᠣᠤ᠂ ᠶᠣᠤ ᠶᠦᠩ ᠪᠥᠸᠧ᠂ ᠶᠠᠩ ᠶᠢᠨ᠂ ᠪᠠᠢ ᠴᠢᠩ ᠶᠤᠸᠠᠨ᠂ ᠶᠠᠩ ᠵᠢᠶᠧ᠂ ᠰᠦᠨ ᠵᠢᠶᠦ᠋ᠨ ᠴᠢᠩ ᠣᠷᠣᠯᠴᠠᠵᠠᠢ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ