ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ
ᠥᠪᠥᠷ ᠵᠠᠰᠠᠭ ᠲᠠᠷᠬᠠᠭᠠᠭᠰᠠᠨ 〔2022〕 17 ᠳ᠋ᠤᠭᠠᠷ ᠲᠣᠭᠠᠲᠤ
ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠶᠡᠷᠦᠩᠬᠡᠶᠢᠯᠡᠭᠰᠡᠨ ᠠᠵᠢᠯ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ᠄
ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠶᠡᠷᠦᠩᠬᠡᠶᠢᠯᠡᠭᠰᠡᠨ ᠠᠵᠢᠯ ᠤᠨ ᠬᠡᠷᠡᠭᠵᠢᠭᠦᠯᠬᠦ ᠲᠥᠰᠥᠯ︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ ᠂ ᠪᠣᠳᠠᠲᠠᠢ ᠲᠠᠢ ᠪᠠᠨ ᠤᠶᠠᠯᠳᠤᠭᠤᠯᠤᠨ ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ ᠃
2022 ᠣᠨ ᠤ 5 ᠳ᠋ᠤᠭᠠᠷ ᠰᠠᠷ᠎ᠠ ᠶᠢᠨ 25 ᠤ ᠡᠳᠦᠷ
︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠶᠡᠷᠦᠩᠬᠡᠶᠢᠯᠡᠭᠰᠡᠨ ᠠᠵᠢᠯ ᠤᠨ ᠬᠡᠷᠡᠭᠵᠢᠭᠦᠯᠬᠦ ᠲᠥᠰᠥᠯ
︽ ︿ ᠠᠷᠪᠠᠨ ᠳᠥᠷᠪᠡᠳᠦᠭᠡᠷ ᠲᠠᠪᠤᠨ ᠵᠢᠯ ﹀ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠶᠡᠷᠦᠩᠬᠡᠶᠢᠯᠡᠭᠰᠡᠨ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ ᠲᠥᠷᠥ ᠲᠠᠷᠬᠠᠭᠠᠭᠰᠠᠨ 〔2021〕 33 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠶᠢ ᠶᠡᠭᠡ ᠪᠠᠷ ᠠᠬᠢᠭᠤᠯᠤᠨ ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠤᠷᠬᠢᠯ ᠬᠡᠮᠵᠢᠭᠳᠡᠯ ᠠᠴᠠ ᠨᠢ ᠪᠠᠭᠤᠷᠠᠭᠤᠯᠬᠤ ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠵᠤ ᠂ ᠲᠤᠰ ᠲᠥᠰᠥᠯ ᠢ ᠲᠣᠭᠲᠠᠭᠠᠪᠠ ᠃
ᠨᠢᠭᠡ ᠂ ᠶᠡᠷᠦᠩᠬᠡᠢ ᠱᠠᠭᠠᠷᠳᠠᠯᠭ᠎ᠠ
ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠲᠥᠪ ᠬᠤᠷᠢᠶᠠᠨ ᠤ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ ᠪᠠ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠠ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠢ ᠵᠠᠮᠨᠠᠨ ᠂ ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠣᠷᠴᠢᠯᠲᠤ ᠬᠥᠭᠵᠢᠯᠲᠡ ᠶᠢᠨ ᠠᠵᠤ ᠠᠬᠤᠢ ᠶᠢᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ ᠪᠦᠷᠢᠨᠰᠢᠭᠦᠯᠵᠦ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠡᠯᠪᠡᠷᠢ ᠲᠡᠶᠢᠰᠢ ᠪᠥᠬᠦ ᠲᠠᠯ᠎ᠠ ᠪᠠᠷ ᠬᠤᠪᠢᠷᠠᠭᠤᠯᠬᠤ ᠶᠢ ᠠᠬᠢᠭᠤᠯᠤᠨ ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠵᠤ ᠂ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠂ ᠪᠣᠬᠢᠷᠳᠤᠯ ᠢ ᠪᠠᠭᠠᠰᠬᠠᠬᠤ ᠂ ᠨᠣᠭᠤᠭᠠᠷᠠᠭᠤᠯᠤᠯᠲᠠ ᠪᠠᠨ ᠥᠷᠭᠡᠳᠬᠡᠬᠦ ᠂ ᠠᠵᠤ ᠠᠬᠤᠢ ᠶᠢ ᠨᠡᠮᠡᠭᠳᠡᠭᠦᠯᠬᠦ ᠪᠠᠨ ᠬᠠᠮᠵᠢᠯᠴᠠᠭᠤᠯᠤᠨ ᠠᠬᠢᠭᠤᠯᠬᠤ ᠶᠢ ᠪᠡᠶᠡᠯᠡᠭᠦᠯᠵᠦ ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ ᠃
ᠬᠤᠶᠠᠷ ᠂ ᠭᠤᠣᠯ ᠬᠠᠷᠠᠯᠲᠠ
2025 ᠣᠨ ᠪᠣᠯᠬᠤ ᠳᠤ ᠂ ᠪᠥᠬᠦ ᠣᠷᠣᠨ ᠤ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠡᠨᠧᠷᠭᠢ ᠶᠢᠨ ᠬᠤᠷᠣᠭᠳᠠᠯ ᠢ 2020 ᠣᠨ ᠤ ᠬᠢ ᠠᠴᠠ 15% ᠪᠠᠭᠤᠷᠠᠭᠤᠯᠵᠤ ᠂ ᠡᠨᠧᠷᠭᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠶᠢ ᠵᠣᠬᠢᠰᠲᠠᠢ ᠬᠢᠵᠠᠭᠠᠷᠯᠠᠨ ᠂ ᠬᠢᠮᠢ ᠶᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ ᠂ ᠰᠢᠪᠲᠦᠷᠲᠦ ᠠᠽᠣᠲ ᠂ ᠠᠽᠣᠲ ᠤᠨ ᠢᠰᠦᠮᠡᠭ ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠤᠨ ᠭᠠᠳᠠᠭᠰᠢᠯᠠᠭᠤᠯᠤᠯᠲᠠ ᠶᠢᠨ ᠶᠡᠷᠦᠩᠬᠡᠢ ᠬᠡᠮᠵᠢᠶ᠎ᠡ ᠶᠢ 2020 ᠣᠨ ᠤ ᠬᠢ ᠠᠴᠠ ᠲᠣᠰ ᠲᠣᠰ 8% ᠂ 8% ᠂ 10% ᠂ 10% ᠠᠴᠠ ᠳᠡᠭᠡᠭᠰᠢ ᠪᠠᠭᠤᠷᠠᠭᠤᠯᠤᠨ᠎ᠠ ᠃ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠ ᠪᠠᠶᠢᠭᠤᠯᠤᠮᠵᠢ ᠲᠣᠭᠲᠠᠴᠠ ᠶᠢ ᠨᠡᠩ ᠪᠦᠷᠢᠨᠰᠢᠭᠦᠯᠵᠦ ᠂ ᠡᠨᠧᠷᠭᠢ ᠶᠢ ᠠᠰᠢᠭᠯᠠᠭᠰᠠᠨ ᠦᠷ᠎ᠡ ᠪᠦᠲᠦᠮᠵᠢ ᠪᠠ ᠭᠤᠣᠯ ᠪᠣᠯᠬᠤ ᠪᠣᠬᠢᠷᠳᠤᠯ ᠪᠣᠳᠠᠰ ᠤᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠲᠦᠪᠰᠢᠨ ᠢᠶᠠᠨ ᠢᠯᠡᠳᠲᠡ ᠳᠡᠭᠡᠭᠰᠢᠯᠡᠭᠦᠯᠦᠨ ᠂ ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠭᠢ ᠶᠢᠨ ᠠᠰᠢᠭᠯᠠᠮᠵᠢ ᠪᠠ ᠭᠤᠣᠯ ᠪᠣᠯᠬᠤ ᠪᠣᠬᠢᠷᠳᠤᠯ ᠪᠣᠳᠠᠰ ᠤᠨ ᠭᠠᠳᠠᠭᠰᠢᠯᠠᠭᠤᠯᠤᠯᠲᠠ ᠶᠢ ᠦᠨᠳᠦᠰᠦᠨ ᠳᠤ ᠪᠠᠨ ᠤᠯᠤᠰ ᠤᠨ ᠳᠣᠲᠣᠭᠠᠳᠤ ᠶᠢᠨ ᠲᠡᠷᠢᠭᠦᠨ ᠲᠦᠪᠰᠢᠨ ᠳᠤ ᠬᠦᠷᠭᠡᠵᠦ ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠡᠬᠢ ᠪᠠᠶᠠᠯᠢᠭ ᠲᠤ ᠲᠦᠰᠢᠭᠯᠡᠬᠦ ᠬᠡᠯᠪᠡᠷᠢ ᠲᠠᠢ ᠪᠠᠶᠢᠭᠰᠠᠨ ᠠᠴᠠ ᠨᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠡᠶᠢᠰᠢ ᠬᠡᠯᠪᠡᠷᠢ ᠶᠢ ᠨᠢ ᠬᠤᠪᠢᠷᠠᠭᠤᠯᠬᠤ ᠂ ᠪᠦᠳᠦᠭᠦᠯᠢᠭ ᠪᠥᠭᠡᠳ ᠨᠡᠭᠦᠷᠡᠰᠦᠲᠥ᠋ᠷᠥᠭᠴᠢ ᠶᠡᠬᠡᠲᠡᠢ ᠬᠡᠯᠪᠡᠷᠢ ᠲᠠᠢ ᠪᠠᠶᠢᠭᠰᠠᠨ ᠠᠴᠠ ᠨᠢ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠡᠶᠢᠰᠢ ᠬᠡᠯᠪᠡᠷᠢ ᠶᠢ ᠨᠢ ᠬᠤᠪᠢᠷᠠᠭᠤᠯᠬᠤ ᠂ ᠲᠠᠷᠠᠬᠠᠢ ᠪᠤᠲᠠᠷᠬᠠᠢ ᠪᠥᠭᠡᠳ ᠳᠣᠣᠷ᠎ᠠ ᠦᠷ᠎ᠡ ᠠᠰᠢᠭᠲᠤ ᠬᠡᠯᠪᠡᠷᠢ ᠲᠠᠢ ᠪᠠᠶᠢᠭᠰᠠᠨ ᠠᠴᠠ ᠨᠢ ᠡᠷᠴᠢᠮᠯᠢᠭ ᠪᠥᠭᠡᠳ ᠥᠨᠳᠥᠷ ᠪᠦᠲᠦᠮᠵᠢᠲᠡᠶ ᠲᠡᠶᠢᠰᠢ ᠬᠡᠯᠪᠡᠷᠢ ᠶᠢ ᠨᠢ ᠬᠤᠪᠢᠷᠠᠭᠤᠯᠬᠤ ᠲᠠᠯ᠎ᠠ ᠪᠠᠷ ᠮᠡᠳᠡᠭᠳᠡᠮ᠎ᠡ ᠦᠷ᠎ᠡ ᠪᠦᠲᠦᠭᠡᠮᠵᠢ ᠲᠠᠢ ᠪᠣᠯᠭᠠᠨ᠎ᠠ ᠃
ᠭᠤᠷᠪᠠ ᠂ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠦᠨ᠎ᠡ
︵ᠨᠢᠭᠡ︶ ᠭᠤᠣᠯᠳᠠᠯᠭ᠎ᠠ ᠲᠠᠢ ᠠᠵᠢᠯ ᠲᠥᠷᠥᠯ ᠢ ᠪᠣᠬᠢᠷᠳᠤᠯ ᠦᠭᠡᠢ ᠪᠣᠯᠭᠠᠨ ᠲᠠᠰ ᠳᠡᠪᠰᠢᠭᠦᠯᠬᠦ ᠢᠨᠵᠧᠨᠧᠷᠢᠩ ᠃ ᠬᠢᠮᠢ ᠶᠢᠨ ᠠᠵᠤ ᠦᠢᠯᠡᠳᠪᠦᠷᠢ ᠂ ᠪᠣᠯᠣᠳ ᠲᠡᠮᠦᠷ ᠂ ᠥᠩᠭᠡᠲᠦ ᠲᠡᠮᠦᠷᠯᠢᠭ ᠂ ᠪᠠᠷᠢᠯᠭ᠎ᠠ ᠶᠢᠨ ᠮᠠᠲ᠋ᠧᠷᠢᠶᠠᠯ ᠂ ᠬᠡᠦᠷᠰᠢᠭᠦᠯᠬᠦ ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ ᠡᠨᠧᠷᠭᠢ ᠶᠢᠨ ᠬᠤᠷᠣᠭᠳᠠᠯ ᠪᠠ ᠭᠠᠳᠠᠭᠰᠢᠯᠠᠭᠤᠯᠤᠯᠲᠠ ᠶᠡᠬᠡᠲᠡᠢ ᠠᠵᠢᠯ ᠲᠦᠷᠦᠯ ᠢᠶᠠᠷ ᠭᠤᠣᠯᠳᠠᠭᠤᠯᠵᠤ ᠂ ᠡᠨᠧᠷᠭᠢ ᠠᠷᠪᠢᠯᠠᠬᠤ ᠥᠭᠡᠷᠡᠴᠢᠯᠡᠯᠲᠡ ᠪᠠ ᠪᠣᠬᠢᠷᠳᠤᠯ ᠪᠣᠳᠠᠰ ᠢ ᠭᠦᠨᠵᠡᠭᠡᠢ ᠵᠠᠰᠠᠬᠤ ᠠᠵᠢᠯ ᠢ ᠪᠦᠬᠦ ᠲᠠᠯ᠎ᠠ ᠪᠠᠷ ᠠᠬᠢᠭᠤᠯᠤᠨ ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠵᠤ ᠂ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠴᠢᠬᠤᠯᠠ ᠶᠡᠭᠡ ᠲᠦᠷᠦᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ᠃ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠠᠵᠢᠯ ᠲᠥᠷᠥᠯ ᠳᠠᠬᠢ ᠡᠨᠧᠷᠭᠢ ᠠᠷᠪᠢᠯᠠᠬᠤ ᠮᠡᠷᠭᠡᠵᠢᠯ ᠤᠨ ᠲᠣᠨᠤᠭ ᠲᠥᠬᠦᠭᠡᠷᠦᠮᠵᠢ ᠳᠤ ᠰᠢᠨ᠎ᠡ ᠶᠢ ᠡᠭᠦᠳᠬᠦ ᠪᠠ ᠲᠡᠳᠡᠭᠡᠷ ᠢ ᠠᠰᠢᠭᠯᠠᠵᠤ ᠬᠡᠷᠡᠭᠯᠡᠬᠦ ᠪᠠᠨ ᠴᠢᠩᠭᠠᠳᠬᠠᠵᠤ ᠂ ᠥᠨᠳᠥᠷ ᠦᠷ᠎ᠡ ᠪᠦᠲᠦᠮᠵᠢ ᠲᠠᠢ ᠨᠠᠷᠢᠯᠢᠭ ᠨᠡᠷᠡᠬᠦ ᠰᠢᠰᠲ᠋ᠧᠮ ᠂ ᠥᠨᠳᠥᠷ ᠳᠤᠯᠠᠭᠠᠨ ᠥᠨᠳᠥᠷ ᠳᠠᠷᠤᠯᠲᠠᠲᠤ ᠬᠠᠭᠤᠷᠠᠢ ᠤᠨᠲᠠᠷᠠᠭᠠᠯᠲᠠ ᠶᠢᠨ ᠭᠡᠣᠷᠰᠦ ᠂ ᠡᠯᠪᠡᠭ ᠬᠦᠴᠢᠯᠲᠥ᠋ᠷᠥᠭᠴᠢᠲᠦ ᠡᠷᠴᠢᠮᠵᠢᠭᠦᠯᠦᠭᠰᠡᠨ ᠬᠠᠶᠢᠯᠤᠭᠤᠯᠤᠯᠲᠠ ᠵᠡᠷᠭᠡ ᠡᠨᠧᠷᠭᠢ ᠠᠷᠪᠢᠯᠠᠬᠤ ᠮᠡᠷᠭᠡᠵᠢᠯ ᠢ ᠳᠡᠯᠭᠡᠷᠡᠭᠦᠯᠵᠦ ᠂ ᠥᠨᠳᠥᠷ ᠵᠤᠤᠬ᠎ᠠ ︱ ᠡᠷᠭᠢᠭᠦᠯ ᠵᠤᠤᠬ᠎ᠠ ᠶᠢᠨ ᠣᠷᠳᠣ ᠤᠳᠠᠭᠠᠨ ᠶᠠᠪᠤᠴᠠ ᠪᠠᠷ ᠪᠣᠯᠣᠳ ᠪᠣᠯᠪᠠᠰᠤᠷᠠᠭᠤᠯᠬᠤ ᠬᠡᠯᠪᠡᠷᠢ ᠶᠢ ᠬᠤᠪᠢᠷᠠᠭᠤᠯᠤᠭᠠᠳ ᠴᠠᠬᠢᠯᠭᠠᠨ ᠵᠤᠤᠬ᠎ᠠ ᠶᠢᠨ ᠣᠬᠤᠷ ᠲᠦᠷᠭᠡᠨ ᠶᠠᠪᠤᠴᠠ ᠪᠠᠷ ᠪᠣᠯᠣᠳ ᠪᠣᠯᠪᠠᠰᠤᠷᠠᠭᠤᠯᠬᠤ ᠪᠣᠯᠭᠠᠨ ᠬᠡᠷᠡᠭᠯᠡᠬᠦ ᠶᠢ ᠵᠣᠷᠢᠭᠵᠢᠭᠤᠯᠤᠨ᠎ᠠ ᠃ ᠪᠣᠯᠣᠳ ᠲᠡᠮᠦᠷ ᠂ ᠱᠦᠢᠨᠢ ᠂ ᠬᠡᠦᠷᠰᠢᠭᠦᠯᠬᠦ ᠠᠵᠢᠯ ᠲᠥᠷᠥᠯ ᠵᠢᠴᠢ ᠨᠡᠭᠦᠷᠡᠰᠦ ᠰᠢᠲᠠᠭᠠᠬᠤ ᠵᠤᠤᠬ᠎ᠠ ᠶᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠨ ᠰᠢᠨᠡᠳᠬᠡᠬᠦ ᠠᠵᠢᠯ ᠢ ᠠᠬᠢᠭᠤᠯᠵᠤ ᠂ 2025 ᠣᠨ ᠪᠣᠯᠬᠤ ᠳᠤ ᠂ ᠪᠥᠬᠦ ᠣᠷᠣᠨ ᠤ 80% ᠠᠴᠠ ᠳᠡᠭᠡᠭᠰᠢᠬᠢ ᠪᠣᠯᠣᠳ ᠲᠡᠮᠦᠷ ᠤᠨ ᠦᠢᠯᠡᠳᠪᠦᠷᠢᠯᠡᠬᠦ ᠴᠢᠳᠠᠮᠵᠢ ᠳᠤ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠨ ᠰᠢᠨᠡᠳᠬᠡᠬᠦ ᠠᠵᠢᠯ ᠢ ᠪᠡᠶᠡᠯᠡᠭᠦᠯᠦᠨ ᠂ ᠭᠤᠣᠯᠳᠠᠯᠭ᠎ᠠ ᠲᠠᠢ ᠣᠷᠣᠨ ᠪᠦᠰᠡ ᠶᠢᠨ ᠦᠯᠡᠳᠡᠭᠡᠭᠰᠡᠨ ᠨᠡᠭᠦᠷᠡᠰᠦ ᠰᠢᠲᠠᠭᠠᠬᠤ ᠵᠤᠤᠬ᠎ᠠ ᠵᠢᠴᠢ ᠪᠤᠰᠤᠳ ᠭᠠᠵᠠᠷ ᠣᠷᠣᠨ ᠤ 65 ᠠᠭᠤᠷᠰᠢᠯᠲᠠ ᠶᠢᠨ ᠲᠣᠨ / ᠴᠠᠭ ᠵᠢᠴᠢ ᠲᠡᠭᠦᠨ ᠠᠴᠠ ᠳᠡᠭᠡᠭᠰᠢᠬᠢ ᠨᠡᠭᠦᠷᠡᠰᠦ ᠰᠢᠲᠠᠭᠠᠬᠤ ᠵᠤᠤᠬ᠎ᠠ ︵ᠴᠠᠬᠢᠯᠭᠠᠨ ᠬᠦᠴᠦᠨ ᠪᠠᠭᠲᠠᠨ᠎ᠠ︶ ᠶᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ ᠃ ᠭᠤᠣᠯᠳᠠᠯᠭ᠎ᠠ ᠲᠠᠢ ᠠᠵᠢᠯ ᠲᠦᠷᠦᠯ ᠳᠤ ᠴᠡᠪᠡᠷ ᠦᠢᠯᠡᠳᠪᠦᠷᠢᠯᠡᠯ ᠪᠠ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠥᠭᠡᠷᠡᠴᠢᠯᠡᠯᠲᠡ ᠶᠢ ᠥᠷᠨᠢᠭᠦᠯᠦᠨ᠎ᠡ ᠃ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠦᠨ ᠠᠬᠢᠭᠤᠯᠵᠤ ᠂ ᠨᠢᠭᠡᠨᠲᠡ ᠪᠠᠶᠢᠭ᠎ᠠ ᠳ᠋ᠠᠶᠢᠲ᠋ᠠ ᠶᠢᠨ ᠲᠥᠪ ᠢ ᠪᠣᠬᠢᠷᠳᠤᠯ ᠦᠭᠡᠢ ᠪᠣᠯᠭᠠᠨ ᠡᠨᠧᠷᠭᠢ ᠠᠷᠪᠢᠯᠠᠬᠤ ᠲᠡᠶᠢᠰᠢ ᠥᠭᠡᠷᠡᠴᠢᠯᠡᠬᠦ ᠶᠢ ᠠᠬᠢᠭᠤᠯᠤᠨ ᠂ ᠪᠣᠬᠢᠷᠳᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠶᠢ ᠵᠣᠷᠢᠭᠵᠢᠭᠤᠯᠵᠤ ᠂ ᠥᠨᠳᠥᠷ ᠦᠷ᠎ᠡ ᠪᠦᠲᠦᠮᠵᠢ ᠲᠠᠢ ᠬᠥᠯᠳᠡᠭᠡᠬᠦ ᠮᠡᠷᠭᠡᠵᠢᠯ ᠂ ᠲᠡᠷᠢᠭᠦᠨ ᠤ ᠰᠠᠯᠬᠢ ᠨᠡᠪᠲᠡᠷᠡᠭᠦᠯᠬᠦ ᠮᠡᠷᠭᠡᠵᠢᠯ ᠂ ᠦᠯᠡᠳᠡᠪᠦᠷᠢ ᠢᠯᠴᠢ ᠶᠢ ᠠᠰᠢᠭᠯᠠᠬᠤ ᠮᠡᠷᠭᠡᠵᠢᠯ ᠂ ᠡᠨᠧᠷᠭᠢ ᠶᠢᠨ ᠬᠤᠷᠣᠭᠳᠠᠯ ᠤᠨ ᠬᠠᠮᠢᠶᠠᠷᠤᠯᠲᠠ ᠶᠢᠨ ᠰᠢᠰᠲ᠋ᠧᠮ ᠵᠡᠷᠭᠡ ᠶᠢ ᠳᠡᠯᠭᠡᠷᠡᠭᠦᠯᠦᠨ᠎ᠡ ᠃ ᠳ᠋ᠠᠶᠢᠲ᠋ᠠ ᠶᠢᠨ ᠲᠥᠪ ᠤᠨ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ ᠂ ᠰᠢᠨ᠎ᠡ ᠪᠠᠷ ᠪᠠᠶᠢᠭᠤᠯᠤᠭᠰᠠᠨ ᠲᠣᠮᠣ ᠬᠡᠯᠪᠡᠷᠢ ᠶᠢᠨ ᠂ ᠬᠡᠲᠦ ᠲᠣᠮᠣ ᠬᠡᠯᠪᠡᠷᠢ ᠶᠢᠨ ᠳ᠋ᠠᠶᠢᠲ᠋ᠠ ᠶᠢᠨ ᠲᠥᠪ ᠢ ᠵᠠᠷᠴᠢᠮ ᠳᠡᠭᠡᠷ᠎ᠡ ᠪᠠᠨ ᠤᠯᠤᠰ ᠤᠨ ᠵᠠᠩᠭᠢᠶᠠᠰᠤ ᠪᠣᠯᠬᠤ ᠳ᠋ᠠᠶᠢᠲ᠋ᠠ ᠶᠢᠨ ᠲᠥᠪ ᠤᠨ ᠴᠤᠭᠯᠠᠷᠠᠯ ᠤᠨ ᠬᠡᠪᠴᠢᠶᠡᠨ ᠳᠤ ᠪᠠᠶᠢᠷᠢᠰᠢᠭᠤᠯᠤᠨ ᠂ ᠪᠣᠬᠢᠷᠳᠤᠯ ᠦᠭᠡᠢ ᠳ᠋ᠠᠶᠢᠲ᠋ᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠵᠦ ᠂ PUE ᠬᠡᠮᠵᠢᠭᠳᠡᠯ ︵ᠴᠠᠬᠢᠯᠭᠠᠨ ᠡᠨᠧᠷᠭᠢ ᠠᠰᠢᠭᠯᠠᠭᠰᠠᠨ ᠪᠦᠲᠦᠮᠵᠢ︶ ᠢ 1.3 ᠠᠴᠠ ᠳᠠᠪᠠᠭᠤᠯᠬᠤ ᠦᠭᠡᠢ ᠃ ︽ ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠢᠭᠡᠴᠢ ᠨᠡᠮᠡᠭᠳᠡᠯ ᠦᠷᠳᠡᠭ ᠤᠨ ᠡᠨᠧᠷᠭᠢ ᠶᠢᠨ ᠬᠤᠷᠣᠭᠳᠠᠯ ᠢ 20% ᠪᠠᠭᠤᠷᠠᠭᠤᠯᠵᠤ ᠂ ᠠᠵᠤ ᠦᠢᠯᠡᠳᠪᠦᠷᠢ ᠶᠢᠨ ᠲᠦᠮᠡᠨ ᠲᠥᠭᠦᠷᠢᠭ ᠪᠦᠷᠢ ᠶᠢᠨ ᠨᠡᠮᠡᠭᠳᠡᠯ ᠦᠷᠳᠡᠭ ᠲᠤ ᠬᠡᠷᠡᠭᠯᠡᠬᠦ ᠣᠰᠣᠨ ᠤ ᠬᠡᠮᠵᠢᠶ᠎ᠡ ᠶᠢ 13% ᠪᠠᠭᠤᠷᠠᠭᠤᠯᠤᠨ᠎ᠠ ᠃ 2025 ᠣᠨ ᠪᠣᠯᠬᠤ ᠳᠤ ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠠᠵᠢᠯᠯᠠᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ ᠂ ᠪᠣᠯᠣᠳ ᠲᠡᠮᠦᠷ ᠂ ᠴᠠᠬᠢᠯᠭᠠᠨ ᠵᠠᠳᠠᠯᠤᠯ ᠤᠨ ᠬᠥᠩᠭᠡᠨ ᠴᠠᠭᠠᠨ ᠂ ᠱᠦᠢᠨᠢ ᠂ ᠬᠠᠪᠲᠠᠭᠠᠢ ᠰᠢᠯ ᠂ ᠡᠲ᠋ᠧᠨ ᠂ ᠨᠡᠶᠢᠯᠡᠯᠭᠡ ᠰᠢᠪᠲᠦᠷ ᠂ ᠴᠠᠬᠢᠯᠠᠭᠤᠷ ᠴᠢᠯᠠᠭᠤ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠦᠢᠯᠡᠳᠪᠦᠷᠢᠯᠡᠬᠦ ᠴᠢᠳᠠᠮᠵᠢ ᠪᠠ ᠳ᠋ᠠᠶᠢᠲ᠋ᠠ ᠶᠢᠨ ᠲᠥᠪ ᠤᠨ ᠬᠢᠨ ᠤ ᠡᠨᠧᠷᠭᠢ ᠶᠢᠨ ᠠᠰᠢᠭᠯᠠᠮᠵᠢ ᠶᠢᠨ ᠬᠡᠪ ᠪᠠᠷᠢᠮᠵᠢᠶᠠᠨ ᠤ ᠲᠦᠪᠰᠢᠨ ᠳᠤ ᠬᠦᠷᠦᠭᠰᠡᠨ ᠬᠠᠷᠢᠴᠠᠯ ᠢ 30% ᠠᠴᠠ ᠳᠠᠪᠠᠭᠤᠯᠤᠨ᠎ᠠ ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠡᠨᠧᠷᠭᠢ ᠶᠢᠨ ᠲᠣᠪᠴᠢᠶ᠎ᠠ ᠂ ᠲᠣᠮᠣ ᠳ᠋ᠠᠶᠢᠲ᠋ᠠ ᠶᠢᠨ ᠲᠥᠪ ᠵᠡᠷᠭᠡ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ ᠂ ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ ᠨᠠᠶᠢᠳᠠᠪᠤᠷᠢᠵᠢᠭᠤᠯᠤᠨ᠎ᠠ ᠃ ᠳᠣᠷᠣᠭᠰᠢᠬᠢ ᠶᠢ ᠴᠥᠮ ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠨᠠᠶᠢᠳᠠᠪᠤᠷᠢᠵᠢᠭᠤᠯᠬᠤ ᠪᠣᠯᠬᠤᠷ ᠳᠠᠭᠢᠵᠤ ᠵᠢᠭᠰᠠᠭᠠᠬᠤ ᠦᠭᠡᠢ︶
︵ᠬᠤᠶᠠᠷ︶ ᠬᠦᠷᠢᠶᠡᠯᠡᠩ ᠲᠣᠭᠤᠷᠢᠭ ᠤᠨ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠶᠢ ᠳᠡᠭᠡᠭᠰᠢᠯᠡᠭᠦᠯᠬᠦ ᠢᠨᠵᠧᠨᠧᠷᠢᠩ ᠃ ᠬᠦᠷᠢᠶᠡᠯᠡᠩ ᠲᠣᠭᠤᠷᠢᠭ ᠲᠤ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠣᠷᠴᠢᠯᠲᠤ ᠬᠥᠭᠵᠢᠯᠲᠡ ᠶᠢᠨ ᠶᠡᠷᠦᠩᠬᠡᠶᠢᠯᠡᠭᠰᠡᠨ ᠣᠨᠣᠰᠢᠯᠠᠯᠲᠠ ᠶᠢ ᠥᠷᠨᠢᠭᠦᠯᠵᠦ ᠂ ᠪᠣᠬᠢᠷᠳᠤᠯ ᠦᠭᠡᠢ ᠠᠵᠤ ᠦᠢᠯᠡᠰ ᠤᠨ ᠪᠥᠭᠡᠮᠨᠡᠷᠡᠯ ᠂ ᠡᠨᠧᠷᠭᠢ ᠶᠢᠨ ᠡᠬᠢ ᠪᠠᠶᠠᠯᠢᠭ ᠤᠨ ᠠᠰᠢᠭᠯᠠᠯᠲᠠ ᠂ ᠴᠡᠪᠡᠷ ᠦᠢᠯᠡᠳᠪᠦᠷᠢᠯᠡᠯ ᠵᠡᠷᠭᠡ ᠲᠠᠯ᠎ᠠ ᠪᠠᠷ ᠬᠢ ᠪᠠᠭᠤᠷᠠᠢ ᠭᠤᠭᠴᠤᠭ᠎ᠠ ᠶᠢ ᠨᠢ ᠬᠠᠶᠢᠵᠤ ᠂ ᠬᠦᠷᠢᠶᠡᠯᠡᠩ ᠲᠣᠭᠤᠷᠢᠭ ᠤᠨ ᠪᠣᠬᠢᠷᠳᠤᠯ ᠦᠭᠡᠢ ᠬᠥᠭᠵᠢᠯᠲᠡ ᠶᠢᠨ ᠨᠢᠭᠤᠭᠳᠠᠮᠠᠯ ᠬᠦᠴᠦᠨ ᠢ ᠨᠢ ᠰᠢᠰᠲ᠋ᠧᠮ ᠲᠠᠢ ᠪᠠᠷ ᠠᠭᠤᠳᠠᠯᠤᠨ ᠭᠠᠷᠭᠠᠨ᠎ᠠ ᠃ ᠡᠨᠧᠷᠭᠢ ᠶᠢᠨ ᠬᠤᠷᠣᠭᠳᠠᠯ ᠶᠡᠬᠡᠲᠡᠢ ᠂ ᠭᠠᠳᠠᠭᠰᠢᠯᠠᠭᠤᠯᠤᠯᠲᠠ ᠶᠡᠬᠡᠲᠡᠢ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠳᠤ ᠵᠠᠷᠴᠢᠮ ᠳᠡᠭᠡᠷ᠎ᠡ ᠪᠠᠨ ᠬᠦᠷᠢᠶᠡᠯᠡᠩ ᠲᠣᠭᠤᠷᠢᠭ ᠲᠤ ᠣᠷᠣᠭᠤᠯᠵᠤ ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠲᠡᠶᠢᠰᠢ ᠪᠥᠭᠡᠮᠨᠡᠷᠡᠬᠦ ᠶᠢ ᠠᠬᠢᠭᠤᠯᠤᠨ᠎ᠠ ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠨᠧᠷᠭᠢ ᠶᠢᠨ ᠰᠢᠰᠲ᠋ᠧᠮ ᠢ ᠪᠦᠬᠦᠯᠢ ᠴᠣᠭᠴᠠ ᠪᠠᠷ ᠨᠢ ᠰᠢᠯᠢᠳᠡᠭᠵᠢᠭᠦᠯᠬᠦ ᠶᠢ ᠠᠬᠢᠭᠤᠯᠵᠤ ᠂ ᠲᠡᠬᠢᠨ ᠡᠭᠦᠰᠴᠦ ᠪᠣᠯᠬᠤ ᠡᠨᠧᠷᠭᠢ ᠶᠢ ᠡᠩ ᠲᠡᠷᠢᠭᠦᠨ ᠳᠤ ᠠᠰᠢᠭᠯᠠᠬᠤ ᠶᠢ ᠵᠣᠷᠢᠭᠵᠢᠭᠤᠯᠤᠨ᠎ᠠ ᠃ ᠬᠦᠷᠢᠶᠡᠯᠡᠩ ᠲᠣᠭᠤᠷᠢᠭ ᠤᠨ ᠳᠣᠲᠣᠷᠠᠬᠢ ᠪᠣᠬᠢᠷ ᠤᠰᠤ ᠶᠢ ᠰᠢᠢᠳᠪᠦᠷᠢᠯᠡᠬᠦ ᠂ ᠴᠡᠪᠡᠷᠵᠢᠭᠦᠨ ᠤᠰᠤ ᠶᠢ ᠡᠭᠡᠭᠦᠯᠦᠨ ᠬᠡᠷᠡᠭᠯᠡᠬᠦ ᠵᠡᠷᠭᠡ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢ ᠬᠠᠮᠲᠤ ᠪᠠᠷ ᠪᠠᠶᠢᠭᠤᠯᠤᠨ ᠬᠠᠮᠲᠤ ᠳᠤ ᠪᠠᠨ ᠬᠦᠷᠲᠡᠵᠦ ᠂ ᠣᠷᠣᠬᠤ ᠤᠰᠤᠨ ᠤ ᠥᠳᠬᠡᠴᠡ ᠨᠢ ᠬᠡᠪ ᠤᠨ ᠪᠤᠰᠤ ᠪᠠᠶᠢᠭ᠎ᠠ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠳᠤ ᠬᠡᠰᠡᠭ ᠲᠣᠭᠤᠷᠢᠭ ᠤᠨ ᠬᠤᠭᠤᠯᠠᠢ ᠲᠣᠣᠷ ᠢ ᠰᠢᠰᠲ᠋ᠧᠮᠵᠢᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠎ᠡ ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ ᠂ ᠠᠶᠤᠯᠲᠠᠢ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠬᠠᠳᠠᠭᠠᠯᠠᠬᠤ ᠪᠠ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ ᠃ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠂ ᠴᠠᠬᠢᠯᠭᠠᠨ ᠦᠩᠬᠡᠯᠡᠯᠲᠡ ᠶᠢᠨ ᠬᠠᠶᠠᠭᠳᠠᠮᠠᠯ ᠤᠰᠤ ᠵᠢᠴᠢ ᠣᠨᠴᠠᠯᠢᠭᠲᠤ ᠪᠣᠬᠢᠷᠳᠤᠯ ᠪᠣᠳᠠᠰ ᠢ ᠲᠥᠪᠯᠡᠷᠡᠭᠦᠯᠦᠨ ᠵᠠᠰᠠᠬᠤ ᠵᠡᠷᠭᠡ
︽ᠪᠦᠷᠢᠳᠦ ︾ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ ᠃ ᠰᠠᠭᠤᠷᠢ ᠪᠡᠯᠡᠳᠬᠡᠮᠵᠢ ᠨᠢ ᠪᠦᠷᠢᠨ ᠲᠡᠭᠦᠯᠳᠡᠷ ᠂ ᠴᠠᠬᠢᠯᠭᠠᠨ ᠬᠡᠷᠡᠭᠯᠡᠬᠦ ᠳᠠᠭᠠᠭᠠᠴᠠ ᠪᠠᠷ ᠨᠡᠯᠢᠶᠡᠳ ᠶᠡᠭᠡ ᠂ ᠣᠷᠭᠢᠯ ᠦᠶ᠎ᠡ ᠶᠢ ᠦᠪᠡᠰᠦᠪᠡᠨ ᠲᠣᠬᠢᠷᠠᠭᠤᠯᠬᠤ ᠴᠢᠳᠠᠪᠤᠷᠢ ᠪᠠᠷ ᠨᠡᠯᠢᠶᠡᠳ ᠴᠢᠩᠭ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠨᠡᠭᠦᠷᠡᠰᠦᠲᠥ᠋ᠷᠥᠭᠴᠢ ᠪᠠᠭᠠᠲᠠᠢ ᠵᠢᠱᠢᠶ᠎ᠡ ᠦᠵᠡᠭᠦᠯᠬᠦ ᠪᠦᠲᠦᠭᠡᠨ ᠪᠠᠶᠢᠭᠤᠯᠤᠯᠲᠠ ᠥᠷᠨᠢᠭᠦᠯᠬᠦ ᠶᠢ ᠵᠣᠷᠢᠭᠵᠢᠭᠤᠯᠤᠨ᠎ᠠ ᠃ 2025 ᠣᠨ ᠪᠣᠯᠬᠤ ᠳᠤ ᠂ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠷᠴᠢᠯᠵᠢᠭᠤᠯᠬᠤ ᠬᠢᠷᠢ ᠲᠦᠪᠰᠢᠨ ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠬᠢᠷᠢ ᠲᠦᠪᠰᠢᠨ ᠢ ᠮᠡᠳᠡᠭᠳᠡᠬᠦᠶᠢᠴᠡ ᠳᠡᠭᠡᠭᠰᠢᠯᠡᠭᠦᠯᠵᠦ ᠂ ᠨᠢᠭᠡ ᠪᠦᠯᠦᠭ ᠲᠥᠯᠥᠭᠡᠯᠡᠬᠦ ᠴᠢᠨᠠᠷᠲᠠᠢ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠠᠶᠢᠭᠤᠯᠤᠨ᠎ᠠ ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶
︵ᠭᠤᠷᠪᠠ︶ ᠬᠤᠲᠠ ᠪᠠᠯᠭᠠᠰᠤᠨ ᠤ ᠪᠣᠬᠢᠷᠳᠤᠯ ᠦᠭᠡᠢ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ ᠃ ᠪᠣᠬᠢᠷᠳᠤᠯ ᠦᠭᠡᠢ ᠲᠥᠯᠦᠪᠵᠢᠭᠦᠯᠭᠡ ᠶᠢᠨ ᠵᠢᠷᠤᠵᠤ ᠲᠥᠯᠥᠪᠯᠡᠬᠦ ᠣᠨᠣᠯᠵᠢᠬᠤᠨ ᠢ ᠰᠠᠨᠠᠭᠠᠴᠢᠯᠠᠵᠤ ᠂ ᠬᠤᠲᠠ ᠪᠠᠯᠭᠠᠰᠤᠨ ᠤ ᠪᠣᠬᠢᠷᠳᠤᠯ ᠦᠭᠡᠢ ᠲᠥᠯᠦᠪᠵᠢᠭᠦᠯᠭᠡ ᠂ ᠪᠦᠲᠦᠭᠡᠨ ᠪᠠᠶᠢᠭᠤᠯᠤᠯᠲᠠ ᠂ ᠠᠵᠢᠯᠯᠠᠭᠠᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ ᠃ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠡᠨᠧᠷᠭᠢ ᠠᠷᠪᠢᠯᠠᠬᠤ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ ᠂ ᠬᠡᠲᠦ ᠳᠣᠣᠷ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠂ ᠡᠨᠧᠷᠭᠢ ᠶᠢᠨ ᠬᠤᠷᠣᠭᠳᠠᠯ ᠪᠠᠷᠤᠭ ᠯᠡ ᠦᠭᠡᠢ ᠪᠠᠷᠢᠯᠭ᠎ᠠ ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠥᠴᠥᠬᠡᠨ ᠴᠤ ᠦᠭᠡᠢ ᠪᠠᠷᠢᠯᠭ᠎ᠠ ᠵᠡᠷᠭᠡ ᠵᠢᠱᠢᠶ᠎ᠡ ᠦᠵᠡᠭᠦᠯᠬᠦ ᠲᠥᠷᠥᠯ ᠵᠦᠢᠯ ᠢ ᠥᠷᠨᠢᠭᠦᠯᠦᠨ᠎ᠡ ᠃ ᠬᠤᠲᠠ ᠪᠠᠯᠭᠠᠰᠤᠨ ᠤ ᠪᠠᠷᠢᠯᠭ᠎ᠠ ᠳᠤ ᠨᠡᠷᠡᠨ ᠡᠨᠧᠷᠭᠢ ᠶᠢᠨ ᠬᠡᠷᠡᠯ ᠴᠡᠨᠡᠭ ᠢ ᠨᠢᠭᠡ ᠴᠣᠭᠴᠠᠵᠢᠭᠤᠯᠤᠨ ᠬᠡᠷᠡᠭᠯᠡᠬᠦ ᠶᠢ ᠳᠡᠯᠭᠡᠷᠡᠭᠦᠯᠦᠨ᠎ᠡ ᠃ ᠲᠥᠪ ᠠᠭᠠᠷᠵᠢᠭᠤᠯᠤᠭᠴᠢ ᠂ ᠳ᠋ᠠᠶᠢᠲ᠋ᠠ ᠶᠢᠨ ᠲᠥᠪ ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠂ ᠬᠥᠯᠳᠡᠭᠦᠦ ᠪᠠᠷ ᠲᠡᠭᠡᠭᠡᠪᠦᠷᠢᠯᠡᠬᠦ ᠬᠡᠯᠬᠢᠶᠡᠲᠦ ᠪᠠᠷᠠᠭᠠᠨ ᠤ ᠭᠦᠢᠯᠭᠡᠭᠡᠨ ᠵᠡᠷᠭᠡ ᠪᠣᠬᠢᠷᠳᠤᠯ ᠦᠭᠡᠢ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠵᠢᠱᠢᠶ᠎ᠡ ᠦᠵᠡᠭᠦᠯᠬᠦ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠬᠥᠯᠳᠡᠭᠡᠬᠦ ᠰᠢᠰᠲ᠋ᠧᠮ ᠤᠨ ᠡᠨᠧᠷᠭᠢ ᠶᠢᠨ ᠠᠰᠢᠭᠯᠠᠮᠵᠢ ᠶᠢᠨ ᠬᠢᠷᠢ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠦᠨ ᠂ ᠬᠤᠲᠠ ᠪᠠᠯᠭᠠᠰᠤᠨ ᠤ ᠢᠯᠴᠢ ᠬᠠᠩᠭᠠᠯᠲᠠ ᠳᠤ ᠴᠡᠪᠡᠷ ᠳᠤᠯᠠᠭᠠᠯᠠᠭ᠎ᠠ ᠂ ᠠᠵᠤ ᠦᠢᠯᠡᠳᠪᠦᠷᠢ ᠶᠢᠨ ᠦᠯᠡᠳᠡᠪᠦᠷᠢ ᠢᠯᠴᠢ ᠂ ᠳᠠᠬᠢᠨ ᠡᠭᠦᠰᠴᠦ ᠪᠣᠯᠬᠤ ᠡᠨᠧᠷᠭᠢ ᠵᠡᠷᠭᠡ ᠶᠢ ᠬᠡᠪᠴᠢᠶᠡᠵᠢᠭᠦᠯᠦᠨ ᠬᠡᠷᠡᠭᠯᠡᠬᠦ ᠪᠠᠨ ᠠᠬᠢᠭᠤᠯᠵᠤ ᠂ ᠬᠤᠲᠠ ᠪᠠᠯᠭᠠᠰᠤᠨ ᠤ ᠴᠡᠪᠡᠷ ᠳᠤᠯᠠᠭᠠᠯᠠᠭ᠎ᠠ ᠶᠢᠨ ᠬᠠᠷᠢᠴᠠᠯ ᠪᠠ ᠪᠣᠬᠢᠷᠳᠤᠯ ᠦᠭᠡᠢ ᠥᠨᠳᠥᠷ ᠪᠦᠳᠦᠮᠵᠢᠳᠡᠢ ᠬᠥᠯᠳᠡᠭᠡᠬᠦ ᠦᠢᠯᠡᠳᠬᠦᠨ ᠤ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠶᠢ ᠶᠡᠭᠡ ᠪᠠᠷ ᠳᠡᠭᠡᠭᠰᠢᠯᠡᠭᠦᠯᠦᠨ᠎ᠡ ᠃ ᠤᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠲᠣᠣᠷ ᠤᠨ ᠭᠤᠭᠤᠵᠢᠵᠤ ᠰᠦᠢᠳᠦᠭᠰᠡᠨ ᠢ ᠨᠢ ᠵᠠᠰᠠᠬᠤ ᠠᠵᠢᠯ ᠢ ᠥᠷᠨᠢᠭᠦᠯᠵᠦ ᠂ ᠤᠯᠤᠰ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠴᠢᠷᠮᠠᠶᠢᠨ ᠣᠯᠣᠨ᠎ᠠ ᠃ 2025 ᠣᠨ ᠪᠣᠯᠬᠤ ᠳᠤ ᠂ ᠬᠤᠲᠠ ᠪᠠᠯᠭᠠᠰᠤᠨ ᠤ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠤ ᠪᠣᠬᠢᠷᠳᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ ᠂ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠳᠤ ᠡᠨᠧᠷᠭᠢ ᠠᠷᠪᠢᠯᠠᠬᠤ ᠥᠭᠡᠷᠡᠴᠢᠯᠡᠯᠲᠡ ᠶᠢ 1000 ᠲᠦᠮᠡᠨ ᠲᠡᠭᠰᠢ ᠳᠥᠷᠪᠡᠯᠵᠢᠨ ᠮᠧᠲᠷ ᠪᠡᠶᠡᠯᠡᠭᠦᠯᠵᠦ ᠂ ᠪᠣᠬᠢᠷᠳᠤᠯ ᠦᠭᠡᠢ ᠪᠠᠷᠢᠯᠭ᠎ᠠ ᠶᠢ ᠲᠠᠩ ᠭᠠᠭᠴᠠ ᠂ ᠰᠦᠷᠦᠭ ᠪᠦᠯᠦᠭ ᠢᠶᠠᠷ ᠪᠠᠷᠢᠵᠤ ᠪᠠᠶᠢᠭᠰᠠᠨ ᠠᠴᠠ ᠨᠢ ᠰᠠᠭᠤᠭᠠᠯᠢ ᠲᠣᠭᠤᠷᠢᠭᠵᠢᠭᠤᠯᠬᠤ ᠪᠠ ᠣᠷᠣᠨ ᠪᠦᠰᠡᠵᠢᠭᠦᠯᠬᠦ ᠪᠣᠯᠭᠠᠨ ᠪᠠᠷᠢᠬᠤ ᠲᠡᠶᠢᠰᠢ ᠬᠥᠭᠵᠢᠭᠦᠯᠦᠨ᠎ᠡ ᠃ ᠨᠡᠭᠦᠷᠡᠰᠦᠲᠥ᠋ᠷᠥᠭᠴᠢ ᠪᠠᠭᠠᠲᠠᠢ ᠬᠤᠳᠠ ᠂ ᠬᠤᠷ᠎ᠠ ᠤᠰᠤ ᠶᠢ ᠪᠦᠲᠦᠮᠵᠢᠲᠡᠢ ᠠᠰᠢᠭᠯᠠᠬᠤ ᠬᠤᠳᠠ ᠂ ︽ ᠬᠠᠶᠠᠭᠳᠠᠮᠠᠯ ᠪᠣᠳᠠᠰ ᠦᠭᠡᠢ
ᠬᠤᠳᠠ ︾ ᠶᠢᠨ ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠢ ᠲᠤᠰ ᠪᠦᠷᠢ 1-2 ᠪᠣᠢ ᠪᠣᠯᠭᠠᠨ᠎ᠠ ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠡᠨᠧᠷᠭᠢ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶
︵ᠳᠥᠷᠪᠡ︶ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠢᠨᠵᠧᠨᠧᠷᠢᠩ ᠃ ᠪᠣᠬᠢᠷᠳᠤᠯ ᠦᠭᠡᠢ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ ᠂ ᠴᠠᠬᠢᠯᠭᠠᠨ ᠴᠡᠨᠡᠭᠯᠡᠵᠦ ᠳ᠋ᠢᠶᠠᠨ ᡂᠢ ᠰᠣᠯᠢᠬᠤ ᠂ ᠬᠡᠢ ᠨᠡᠮᠡᠬᠦ ᠂ ᠤᠰᠤᠲᠥ᠋ᠷᠥᠭᠴᠢ ᠨᠡᠮᠡᠬᠦ ᠂ ᠨᠢᠰᠬᠡᠯ ᠤᠨ ᠪᠠᠭᠤᠳᠠᠯ ᠤᠨ ᠡᠷᠭᠢ ᠵᠠᠬ᠎ᠠ ᠶᠢᠨ ᠴᠠᠬᠢᠯᠭᠠᠨ ᠵᠡᠷᠭᠡ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ ᠂ ᠲᠡᠭᠡᠭᠡᠪᠦᠷᠢ ᠶᠢᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠬᠤ ᠪᠠ ᠭᠠᠳᠠᠭᠰᠢ ᠶᠠᠪᠤᠵᠤ ᠰᠠᠭᠤᠬᠤ ᠠᠷᠭ᠎ᠠ ᠮᠠᠶ᠋ᠢᠭ ᠢᠶᠠᠨ ᠬᠤᠪᠢᠷᠠᠭᠤᠯᠬᠤ ᠶᠢ ᠲᠦᠷᠭᠡᠳᠬᠡᠵᠦ ᠂ ᠴᠡᠪᠡᠷ ᠡᠨᠧᠷᠭᠢ ᠪᠠᠷ ᠣᠷᠣᠯᠠᠭᠤᠯᠬᠤ ᠶᠢ ᠬᠡᠷᠡᠭᠵᠢᠭᠦᠯᠦᠨ᠎ᠡ ᠃ ︽ᠨᠡᠶᠢᠲᠡ ᠶᠢᠨ ᠵᠠᠮ ᠬᠠᠷᠢᠯᠴᠠᠭ᠎ᠠ ᠪᠠᠷ ᠶᠠᠪᠤᠵᠤ ᠰᠠᠭᠤᠬᠤ ᠶᠢ ᠰᠠᠨᠠᠭᠠᠴᠢᠯᠠᠬᠤ︾ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ ᠂ ᠣᠯᠠᠨ ᠨᠡᠶᠢᠲᠡ ᠶᠢ ᠬᠥᠲᠥᠯᠥᠨ ᠵᠢᠯᠤᠭᠤᠳᠴᠤ ᠪᠠᠶᠢᠭᠠᠳ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠶᠠᠯᠠᠯ ᠤᠨ ᠠᠷᠭ᠎ᠠ ᠮᠠᠶ᠋ᠢᠭ ᠢ ᠤᠷᠢᠳ ᠢᠶᠠᠷ ᠰᠣᠩᠭᠤᠭᠤᠯᠤᠨ᠎ᠠ ᠃ ᠪᠥᠭᠡᠮ ᠪᠠᠷᠠᠭᠠᠨ ᠤ ᠲᠡᠭᠡᠭᠡᠪᠦᠷᠢ ᠶᠢᠨ ︽ ᠵᠠᠰᠠᠮᠠᠯ ᠵᠠᠮ ᠢᠶᠠᠷ ᠲᠡᠭᠡᠭᠡᠪᠦᠷᠢᠯᠡᠬᠦ ᠶᠢ ᠲᠡᠮᠦᠷ ᠵᠠᠮ ᠢᠶᠠᠷ ᠲᠡᠭᠡᠭᠡᠪᠦᠷᠢᠯᠡᠬᠦ ᠲᠡᠶᠢᠰᠢ ᠰᠢᠯᠵᠢᠭᠦᠯᠬᠦ ︾ ᠶᠢ ᠦᠷᠭᠦᠯᠵᠢᠯᠡᠨ ᠠᠬᠢᠭᠤᠯᠵᠤ ᠂ ᠴᠡᠪᠡᠷ ᠲᠡᠭᠡᠭᠡᠪᠦᠷᠢ ᠶᠢᠨ ᠬᠠᠷᠢᠴᠠᠯ ᠢ ᠳᠡᠭᠡᠭᠰᠢᠯᠡᠭᠦᠯᠦᠨ᠎ᠡ ᠃ ᠲᠡᠮᠦᠷ ᠵᠠᠮ ᠤᠨ ᠴᠠᠬᠢᠯᠭᠠᠨᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ ᠂ ᠡᠨᠧᠷᠭᠢ ᠶᠢᠨ ᠬᠤᠷᠣᠭᠳᠠᠯ ᠪᠠᠭᠠᠲᠠᠢ ᠲᠡᠭᠡᠭᠡᠪᠦᠷᠢ ᠶᠢᠨ ᠲᠣᠨᠣᠭᠯᠠᠯ ᠢ ᠳᠡᠯᠭᠡᠷᠡᠭᠦᠯᠦᠨ᠎ᠡ ᠃ ᠵᠠᠮ ᠲᠡᠭᠡᠭᠡᠪᠦᠷᠢ ᠶᠢᠨ ᠬᠠᠭᠤᠴᠢᠨ ᠪᠠᠭᠠᠵᠢ ᠬᠡᠷᠡᠭᠰᠡᠯ ᠢ ᠬᠡᠷᠡᠭᠯᠡᠭᠡᠨ ᠠᠴᠠ ᠭᠠᠷᠭᠠᠬᠤ ᠪᠠ ᠰᠢᠨᠡᠳᠬᠡᠬᠦ ᠳᠦᠷᠢᠮ ᠢ ᠴᠢᠩᠭ᠎ᠠ ᠬᠡᠷᠡᠭᠵᠢᠭᠦᠯᠦᠨ᠎ᠡ ᠃ ᠮᠠᠰᠢᠨ ᠲᠡᠷᠭᠡᠨ ᠤ ᠤᠯᠤᠰ ᠤᠨ ᠵᠢᠷᠭᠤᠳᠤᠭᠠᠷ ᠤᠳᠠᠭᠠᠨ ᠤ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠪᠠ ᠵᠠᠮ ᠬᠠᠷᠢᠯᠴᠠᠭᠠᠨ ᠤ ᠪᠤᠰᠤ ᠰᠢᠯᠵᠢᠮᠡᠯ ᠲᠦᠯᠡᠰᠢᠨ ᠲᠤᠰᠤᠨ ᠮᠧᠬᠠᠨᠢᠭ ᠤᠨ ᠤᠯᠤᠰ ᠤᠨ ᠳᠥᠷᠪᠡᠳᠦᠭᠡᠷ ᠤᠳᠠᠭᠠᠨ ᠤ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ ᠂ ᠬᠠᠭᠤᠴᠢᠷᠠᠭᠰᠠᠨ ᠮᠠᠰᠢᠨᠲᠤ ᠲᠡᠷᠭᠡ ᠶᠢ ᠤᠷᠢᠳᠴᠢᠯᠠᠨ ᠰᠢᠭᠰᠢᠭᠳᠡᠭᠦᠯᠵᠦ ᠰᠢᠨᠡᠳᠬᠡᠬᠦ ᠶᠢ ᠶᠡᠭᠡ ᠪᠠᠷ ᠠᠬᠢᠭᠤᠯᠤᠨ᠎ᠠ ᠃ ᠴᠡᠪᠡᠷ ᠲᠦᠯᠡᠰᠢ ᠶᠢᠨ ᠲᠤᠰᠤᠨ ᠮᠠᠰᠢᠨ ᠤ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ ᠂ ᠬᠦᠨᠳᠦ ᠬᠡᠯᠪᠡᠷᠢ ᠶᠢᠨ ᠲᠦᠯᠡᠰᠢ ᠶᠢᠨ ᠲᠣᠰᠣᠨ ᠤ ᠪᠠᠷᠠᠭᠠᠨ ᠤ ᠲᠡᠷᠭᠡ ᠶᠢ ᠰᠢᠨᠡᠳᠬᠡᠨ ᠰᠣᠯᠢᠬᠤ ᠶᠢ ᠨᠢ ᠵᠣᠷᠢᠭᠵᠢᠭᠤᠯᠤᠨ᠎ᠠ ᠃ ᠮᠠᠰᠢᠨ ᠲᠡᠷᠭᠡᠨ ᠤ ᠭᠠᠳᠠᠭᠰᠢᠯᠠᠭᠤᠯᠤᠯᠲᠠ ᠶᠢᠨ ᠰᠢᠯᠭᠠᠨ ᠪᠠᠶᠢᠴᠠᠭᠠᠯᠲᠠ ᠪᠠ ᠬᠠᠮᠠᠭᠠᠯᠠᠯᠲᠠ ᠶᠢᠨ ᠳᠦᠷᠢᠮ ᠢ ᠬᠡᠷᠡᠭᠵᠢᠭᠦᠯᠵᠦ ᠂ ᠭᠠᠳᠠᠭᠰᠢᠯᠠᠭᠤᠯᠤᠯᠲᠠ ᠶᠡᠬᠡᠲᠡᠢ ᠮᠠᠰᠢᠨ ᠲᠡᠷᠭᠡ ᠶᠢ ᠡᠭᠡᠭᠦᠯᠦᠨ ᠠᠪᠴᠢᠷᠠᠬᠤ ᠬᠠᠮᠢᠶᠠᠷᠤᠯᠲᠠ ᠶᠢ ᠴᠢᠩᠭᠠᠳᠬᠠᠨ᠎ᠠ ᠃ ᠣᠶᠤᠨᠴᠢ ᠵᠠᠮ ᠬᠠᠷᠢᠯᠴᠠᠭ᠎ᠠ ᠶᠢ ᠶᠡᠭᠡ ᠪᠠᠷ ᠬᠥᠭᠵᠢᠭᠦᠯᠵᠦ ᠂ ᠲᠣᠮᠣ ᠳ᠋ᠠᠶᠢᠲ᠋ᠠ ᠶᠢ ᠢᠳᠡᠪᠬᠢᠲᠡᠢ ᠬᠡᠷᠡᠭᠯᠡᠨ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠰᠢᠯᠢᠳᠡᠭᠵᠢᠭᠦᠯᠦᠨ᠎ᠡ ᠃ ᠪᠣᠬᠢᠷᠳᠤᠯ ᠦᠭᠡᠢ ᠬᠦᠮᠦᠷᠭᠡᠯᠡᠯᠲᠡ ᠶᠢ ᠪᠦᠲᠦᠭᠡᠨ ᠪᠠᠶᠢᠭᠤᠯᠬᠤ ᠪᠠᠨ ᠲᠦᠷᠭᠡᠳᠬᠡᠵᠦ ᠂ ᠪᠣᠬᠢᠷᠳᠤᠯ ᠦᠭᠡᠢ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠪᠠᠶᠢᠭᠤᠯᠬᠤ ᠶᠢ ᠵᠣᠷᠢᠭᠵᠢᠭᠤᠯᠤᠨ᠎ᠠ ᠃ ᠪᠠᠷᠢᠮᠵᠢᠶᠠᠵᠢᠭᠤᠯᠤᠭᠰᠠᠨ ᠪᠠᠷᠠᠭᠠᠨ ᠤ ᠭᠦᠢᠯᠭᠡᠭᠡᠨ ᠤ ᠡᠷᠭᠢᠯᠲᠡ ᠶᠢᠨ ᠬᠠᠶᠢᠷᠴᠠᠭ ᠢ ᠳᠡᠯᠭᠡᠷᠡᠭᠦᠯᠦᠨ ᠬᠡᠷᠡᠭᠯᠡᠬᠦ ᠪᠠᠨ ᠲᠦᠷᠭᠡᠳᠬᠡᠨ᠎ᠡ ᠃ ᠪᠣᠬᠢᠷᠳᠤᠯ ᠦᠭᠡᠢ ᠲᠦᠷᠭᠡᠨ ᠬᠦᠷᠭᠡᠯᠲᠡ ᠶᠢᠨ ᠪᠣᠭᠤᠳᠠᠯ ᠪᠠᠭᠯᠠᠭ᠎ᠠ ᠶᠢ ᠪᠥᠬᠦ ᠲᠠᠯ᠎ᠠ ᠪᠠᠷ ᠳᠡᠯᠭᠡᠷᠡᠭᠦᠯᠵᠦ ᠂ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠂ ᠰᠢᠤᠳᠠᠨ ᠤ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠪᠣᠬᠢᠷᠳᠤᠯ ᠦᠭᠡᠢ ᠭᠡᠷᠡᠴᠢᠯᠡᠯ ᠣᠯᠣᠭᠰᠠᠨ ᠲᠦᠷᠭᠡᠨ ᠬᠦᠷᠭᠡᠯᠲᠡ ᠶᠢᠨ ᠪᠣᠭᠤᠳᠠᠯ ᠪᠠᠭᠯᠠᠭ᠎ᠠ ᠶᠢᠨ ᠦᠢᠯᠡᠳᠬᠦᠨ ᠢ ᠰᠣᠩᠭᠤᠵᠤ ᠬᠤᠳᠠᠯᠳᠤᠨ ᠠᠪᠤᠭᠤᠯᠵᠤ ᠬᠡᠷᠡᠭᠯᠡᠭᠦᠯᠦᠨ᠎ᠡ ᠃ 2025 ᠣᠨ ᠪᠣᠯᠬᠤ ᠳᠤ ᠂ ᠤᠯᠤᠰ ᠤᠨ ᠭᠤᠷᠪᠠᠳᠤᠭᠠᠷ ᠤᠳᠠᠭᠠᠨ ᠤ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ ᠲᠠᠢ ᠲᠦᠯᠡᠰᠢ ᠶᠢᠨ ᠲᠣᠰᠣᠨ ᠤ ᠮᠠᠰᠢᠨ ᠲᠡᠷᠭᠡ ᠶᠢ ᠦᠨᠳᠦᠰᠦᠨ ᠳᠤ ᠪᠠᠨ ᠰᠢᠭᠰᠢᠭᠳᠡᠭᠦᠯᠵᠦ ᠂ ᠪᠥᠬᠦ ᠣᠷᠣᠨ ᠤ ᠰᠢᠨ᠎ᠡ ᠡᠨᠧᠷᠭᠢ ᠵᠢᠴᠢ ᠴᠡᠪᠡᠷ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡᠨ ᠤ ᠬᠠᠷᠢᠴᠠᠯ ᠢ 80% ᠳᠤ ᠬᠦᠷᠦᠭᠦᠯᠵᠦ ᠂ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 2020 ᠣᠨ ᠤ ᠬᠢ ᠠᠴᠠ 10% ᠣᠷᠴᠢᠮ ᠢᠶᠠᠷ ᠨᠡᠮᠡᠭᠳᠡᠭᠦᠯᠦᠨ᠎ᠡ﹔ 12 ᠠᠶᠢᠮᠠᠭ ᠬᠤᠲᠠ ᠶᠢᠨ ᠭᠤᠣᠯ ᠬᠤᠲᠠ ᠶᠢᠨ ᠲᠣᠭᠤᠷᠢᠭ ᠤᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠪᠠᠷ ᠵᠣᠷᠴᠢᠬᠤ ᠨᠣᠷᠮ᠎ᠠ ᠶᠢ 20% ᠳᠤ ᠬᠦᠷᠦᠭᠦᠯᠵᠦ ᠂ ᠬᠤᠲᠠ ᠶᠢᠨ ᠭᠤᠣᠯ ᠲᠣᠭᠤᠷᠢᠭ ᠤᠨ ᠵᠠᠮ ᠬᠠᠷᠢᠯᠴᠠᠭᠠᠨ ᠤ ᠪᠣᠬᠢᠷᠳᠤᠯ ᠦᠭᠡᠢ ᠵᠣᠷᠴᠢᠬᠤ ᠨᠣᠷᠮ᠎ᠠ ᠶᠢ 65% ᠳᠤ ᠬᠦᠷᠭᠡᠨ᠎ᠡ ᠃ ︵ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠳᠣᠲᠣᠭᠠᠳᠤ ᠶᠢ ᠬᠠᠮᠠᠭᠠᠯᠠᠬᠤ ᠲᠢᠩᠬᠢᠮ ᠂ ᠡᠳ᠋ ᠤᠨ ᠵᠠᠰᠠᠭ ᠤᠨ ᠲᠢᠩᠬᠢᠮ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠡᠨᠧᠷᠭᠢ ᠶᠢᠨ ᠲᠣᠪᠴᠢᠶ᠎ᠠ ᠂ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠂ ᠥᠪᠥᠷ ᠮᠣᠩᠭᠤᠯ ᠤᠨ ᠵᠢᠢ ᠲᠦᠩ ᠲᠡᠮᠦᠷ ᠵᠠᠮ ᠤᠨ 〔 ᠪᠦᠯᠦᠭᠯᠡᠯ 〕 ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶
︵ᠲᠠᠪᠤ︶ ᠲᠠᠷᠢᠶᠠᠯᠠᠩ ᠮᠠᠯ ᠠᠵᠤ ᠠᠬᠤᠢ ᠶᠢᠨ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠢᠨᠵᠧᠨᠧᠷᠢᠩ ᠃ ᠲᠣᠰᠣ ᠠᠷᠪᠢᠯᠠᠬᠤ ᠂ ᠣᠷᠴᠢᠨ ᠠᠬᠤᠢ ᠶᠢ ᠬᠠᠮᠠᠭᠠᠯᠠᠬᠤ ᠲᠠᠷᠢᠶᠠᠯᠠᠩ ᠤᠨ ᠮᠠᠰᠢᠨ ᠪᠠ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠵᠦ ᠂ ᠡᠨᠧᠷᠭᠢ ᠠᠷᠪᠢᠯᠠᠬᠤ ᠲᠠᠷᠢᠶᠠᠯᠠᠩ ᠤᠨ ᠬᠦᠯᠡᠮᠵᠢ ᠶᠢ ᠬᠥᠭᠵᠢᠭᠦᠯᠦᠨ ᠂ ᠬᠥᠳᠡᠭᠡ ᠲᠣᠰᠬᠤᠨ ᠤ ᠣᠷᠣᠨ ᠰᠠᠭᠤᠴᠠ ᠳᠤ ᠰᠢᠨ᠎ᠡ ᠮᠠᠶ᠋ᠢᠭ ᠤᠨ ᠪᠠᠷᠢᠯᠭ᠎ᠠ ᠶᠢᠨ ᠮᠡᠷᠭᠡᠵᠢᠯ ᠂ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠂ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠰᠢᠰᠲ᠋ᠧᠮ ᠪᠠ ᠴᠡᠪᠡᠷ ᠳᠤᠯᠠᠭᠠᠯᠠᠭ᠎ᠠ ᠶᠢᠨ ᠲᠥᠬᠦᠭᠡᠷᠦᠮᠵᠢ ᠬᠡᠷᠡᠭᠯᠡᠬᠦ ᠶᠢ ᠵᠣᠷᠢᠭᠵᠢᠭᠤᠯᠤᠨ᠎ᠠ ᠃ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠠᠬᠤᠢ ᠶᠢ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠶᠢ ᠥᠷᠨᠢᠭᠦᠯᠵᠦ ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ ᠂ ᠬᠥᠳᠡᠭᠡ ᠲᠣᠰᠬᠤᠨ ᠤ ᠨᠡᠯᠢᠶᠡᠳ ᠶᠡᠭᠡ ᠪᠣᠬᠢᠷ ᠦᠮᠡᠬᠡᠢ ᠤᠰᠤᠨ ᠴᠣᠭᠴᠠ ᠶᠢ ᠦᠨᠳᠦᠰᠦᠨ ᠳᠤ ᠪᠠᠨ ᠠᠷᠢᠯᠭᠠᠵᠤ ᠂ ᠲᠣᠰᠬᠤᠨ ᠤ ᠳᠦᠷᠰᠦ ᠪᠠᠶᠢᠳᠠᠯ ᠢ ᠮᠡᠳᠡᠭᠳᠡᠬᠦᠶᠢᠴᠡ ᠳᠡᠭᠡᠭᠰᠢᠯᠡᠭᠦᠯᠦᠨ᠎ᠡ ᠃ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ ᠂ ᠬᠢᠮᠢ ᠶᠢᠨ ᠪᠣᠷᠳᠣᠭᠤᠷ ᠬᠢᠮᠢ ᠶᠢᠨ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ ᠂ ᠲᠠᠷᠢᠶᠠᠯᠠᠩ ᠤᠨ ᠵᠤᠯᠤᠮ᠎ᠠ ᠪᠦᠷᠬᠦᠪᠴᠢ ᠪᠠ ᠲᠠᠷᠢᠶᠠᠨ ᠡᠮ ᠤᠨ ᠪᠣᠭᠤᠳᠠᠯ ᠪᠠᠭᠯᠠᠭᠠᠨ ᠤ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠠᠵᠢᠯ ᠢ ᠲᠦᠷᠭᠡᠳᠬᠡᠨ᠎ᠡ ᠃ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠶᠢᠨ ᠮᠠᠯ ᠵᠢᠭᠦᠷᠲᠡᠨ ᠤ ᠰᠢᠭᠢᠭ ᠰᠠᠩᠭᠠᠰᠤᠨ ᠤ ᠪᠣᠬᠢᠷᠳᠤᠯ ᠢ ᠶᠡᠷᠦᠩᠬᠡᠶᠢᠯᠡᠨ ᠠᠰᠢᠭᠯᠠᠬᠤ ᠶᠢ ᠭᠦᠨᠵᠡᠭᠡᠢ ᠠᠬᠢᠭᠤᠯᠤᠨ᠎ᠠ ᠃ 2025 ᠣᠨ ᠪᠣᠯᠬᠤ ᠳᠤ ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠵᠤ ᠰᠢᠢᠳᠪᠦᠷᠢᠯᠡᠭᠰᠡᠨ ᠨᠣᠷᠮ᠎ᠠ ᠶᠢ 32% ᠣᠷᠴᠢᠮ ᠳᠤ ᠬᠦᠷᠦᠭᠦᠯᠵᠦ ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠭᠰᠠᠨ ᠨᠣᠷᠮ᠎ᠠ ᠶᠢ 90% ᠠᠴᠠ ᠳᠡᠭᠡᠭᠰᠢ ᠳᠤ ᠲᠣᠭᠲᠠᠪᠤᠷᠢᠵᠢᠭᠤᠯᠵᠤ ᠂ ᠭᠤᠣᠯ ᠪᠣᠯᠬᠤ ᠲᠠᠷᠢᠮᠠᠯ ᠤᠨ ᠬᠢᠮᠢ ᠶᠢᠨ ᠪᠣᠷᠳᠣᠭᠤᠷ ᠂ ᠲᠠᠷᠢᠶᠠᠨ ᠡᠮ ᠠᠰᠢᠭᠯᠠᠬᠤ ᠨᠣᠷᠮ᠎ᠠ ᠶᠢ ᠴᠥᠮ 43% ᠠᠴᠠ ᠳᠡᠭᠡᠭᠰᠢ ᠳᠤ ᠬᠦᠷᠦᠭᠦᠯᠵᠦ ᠂ ᠮᠠᠯ ᠵᠢᠭᠦᠷᠲᠡᠨ ᠤ ᠰᠢᠭᠢᠭ ᠰᠠᠩᠭᠠᠰᠤᠨ ᠤ ᠪᠣᠬᠢᠷᠳᠤᠯ ᠢ ᠶᠡᠷᠦᠩᠬᠡᠶᠢᠯᠡᠨ ᠠᠰᠢᠭᠯᠠᠭᠰᠠᠨ ᠨᠣᠷᠮ᠎ᠠ ᠶᠢ 84% ᠠᠴᠠ ᠳᠡᠭᠡᠭᠰᠢ ᠳᠤ ᠬᠦᠷᠦᠭᠦᠯᠵᠦ ᠂ ᠪᠣᠬᠢᠷᠳᠤᠯ ᠦᠭᠡᠢ ᠰᠡᠷᠭᠡᠶᠢᠯᠡᠨ ᠡᠵᠡᠮᠳᠡᠬᠦ ᠂ ᠨᠢᠭᠡᠳᠦᠯᠲᠡᠢ ᠰᠡᠷᠭᠡᠶᠢᠯᠡᠨ ᠵᠠᠰᠠᠬᠤ ᠪᠦᠷᠬᠦᠴᠡ ᠶᠢ ᠲᠣᠰ ᠲᠣᠰ 55% ᠂ 45% ᠳᠤ ᠬᠦᠷᠦᠭᠦᠯᠦᠨ᠎ᠡ ᠃ ︵ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠡᠨᠧᠷᠭᠢ ᠶᠢᠨ ᠲᠣᠪᠴᠢᠶ᠎ᠠ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠦᠷᠦᠭᠦᠯᠡᠵᠦ ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠂ ᠤᠰᠤᠨ ᠠᠰᠢᠭᠯᠠᠯᠲᠠ ᠶᠢᠨ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶
︵ᠵᠢᠷᠭᠤᠭ᠎ᠠ︶ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠢᠨᠵᠧᠨᠧᠷᠢᠩ ᠃ ᠣᠯᠠᠨ ᠨᠡᠶᠢᠲᠡ ᠶᠢᠨ ᠪᠠᠶᠢᠭᠤᠯᠤᠮᠵᠢ ᠶᠢᠨ ᠨᠢᠭᠡᠨᠲᠡ ᠪᠠᠶᠢᠭ᠎ᠠ ᠪᠠᠷᠢᠯᠭ᠎ᠠ ᠶᠢᠨ ᠪᠦᠲᠦᠴᠡ ᠶᠢ ᠬᠦᠷᠢᠶᠡᠯᠡᠨ ᠬᠠᠮᠠᠭᠠᠯᠠᠬᠤ ᠂ ᠢᠯᠴᠢ ᠬᠠᠩᠭᠠᠬᠤ ᠂ ᠬᠥᠯᠳᠡᠭᠡᠬᠦ ᠂ ᠭᠡᠷᠡᠯᠲᠦᠭᠦᠯᠬᠦ ᠵᠡᠷᠭᠡ ᠪᠡᠯᠡᠳᠬᠡᠮᠵᠢ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠲᠦᠷᠭᠡᠳᠬᠡᠵᠦ ᠂ ᠡᠨᠧᠷᠭᠢ ᠠᠷᠪᠢᠯᠠᠬᠤ ᠰᠢᠨ᠎ᠡ ᠦᠢᠯᠡᠳᠬᠦᠨ ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠨ᠎ᠡ ᠃ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠬᠠᠮᠢᠶᠠᠷᠤᠯᠲᠠ ᠶᠢᠨ ᠵᠠᠭᠪᠤᠷ ᠲᠤ ᠰᠢᠨ᠎ᠡ ᠶᠢ ᠡᠭᠦᠳᠴᠦ ᠂ ᠡᠨᠧᠷᠭᠢ ᠶᠢᠨ ᠵᠠᠷᠤᠳᠠᠯ ᠢ ᠨᠠᠶᠢᠳᠠᠨ ᠬᠠᠮᠢᠶᠠᠷᠤᠭᠤᠯᠬᠤ ᠵᠡᠷᠭᠡ ᠭᠡᠷᠡᠲᠦ ᠡᠨᠧᠷᠭᠢ ᠶᠢᠨ ᠬᠠᠮᠢᠶᠠᠷᠤᠯᠲᠠ ᠶᠢᠨ ᠵᠠᠭᠪᠤᠷ ᠬᠡᠷᠡᠭᠯᠡᠬᠦ ᠶᠢ ᠵᠣᠷᠢᠭᠵᠢᠭᠤᠯᠤᠨ᠎ᠠ ᠃ ᠤᠯᠠᠨ ᠨᠡᠶᠢᠲᠡ ᠶᠢᠨ ᠪᠠᠶᠢᠭᠤᠯᠤᠮᠵᠢ ᠶᠢᠨ ᠠᠯᠪᠠᠨ ᠠᠵᠢᠯ ᠠᠮᠢᠳᠤᠷᠠᠯ ᠳᠤ ᠬᠡᠷᠡᠭᠯᠡᠬᠦ ᠡᠨᠧᠷᠭᠢ ᠶᠢ ᠴᠡᠪᠡᠷᠰᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ ᠂ ᠨᠡᠷᠡᠨ ᠤ ᠡᠨᠧᠷᠭᠢ ᠂ ᠰᠠᠯᠬᠢᠨ ᠤ ᠡᠨᠧᠷᠭᠢ ᠵᠡᠷᠭᠡ ᠴᠡᠪᠡᠷ ᠡᠨᠧᠷᠭᠢ ᠶᠢ ᠳᠡᠯᠭᠡᠷᠡᠭᠦᠯᠦᠨ ᠬᠡᠷᠡᠭᠯᠡᠨ᠎ᠡ ᠃ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠮᠡᠷᠭᠡᠵᠢᠯ ᠤᠨ ᠬᠡᠷᠡᠭᠯᠡᠭᠡᠨ ᠤ ᠵᠢᠱᠢᠶ᠎ᠡ ᠦᠵᠡᠭᠦᠯᠦᠭᠰᠡᠨ ᠬᠡᠷᠡᠭ ᠤᠨ ᠵᠢᠱᠢᠶ᠎ᠡ ᠶᠢᠨ ᠤᠬᠠᠭᠤᠯᠭ᠎ᠠ ᠶᠢ ᠢᠳᠡᠪᠬᠢᠲᠡᠢ ᠥᠷᠨᠢᠭᠦᠯᠵᠦ ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠮᠡᠷᠭᠡᠵᠢᠯ ᠤᠨ ᠬᠡᠷᠡᠭᠯᠡᠭᠡᠨ ᠢ ᠠᠬᠢᠭᠤᠯᠤᠨ᠎ᠠ ᠃ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠦᠢᠯᠡᠳᠬᠦᠨ ᠢ ᠤᠷᠢᠳ ᠢᠶᠠᠷ ᠬᠤᠳᠠᠯᠳᠤᠨ ᠠᠪᠤᠭᠤᠯᠬᠤ ᠪᠠ ᠠᠯᠪᠠᠳᠠᠯᠭ᠎ᠠ ᠪᠠᠷ ᠬᠤᠳᠠᠯᠳᠤᠨ ᠠᠪᠤᠭᠤᠯᠬᠤ ᠳᠦᠷᠢᠮ ᠢ ᠴᠢᠩᠭ᠎ᠠ ᠬᠡᠷᠡᠭᠵᠢᠭᠦᠯᠵᠦ ᠂ ᠣᠯᠠᠨ ᠨᠡᠶᠢᠲᠡ ᠶᠢᠨ ᠪᠠᠶᠢᠭᠤᠯᠤᠮᠵᠢ ᠨᠤᠭᠤᠳ ᠡᠨᠧᠷᠭᠢ ᠠᠷᠪᠢᠯᠠᠬᠤ ᠂ ᠨᠡᠭᠦᠷᠡᠰᠦᠲᠥ᠋ᠷᠥᠭᠴᠢ ᠪᠠᠭᠠᠲᠠᠢ ᠂ ᠤᠷᠴᠢᠯᠳᠤᠭᠤᠯᠵᠦ ᠪᠠᠶᠢᠭᠠᠳ ᠳᠠᠬᠢᠨ ᠠᠰᠢᠭᠯᠠᠵᠤ ᠪᠣᠯᠬᠤ ᠵᠡᠷᠭᠡ ᠪᠣᠬᠢᠷᠳᠤᠯ ᠦᠭᠡᠢ ᠦᠢᠯᠡᠳᠬᠦᠨ ᠢ ᠲᠦᠷᠦᠭᠦᠯᠡᠵᠦ ᠬᠤᠳᠠᠯᠳᠤᠨ ᠠᠪᠤᠨ᠎ᠠ ᠃ ᠶᠠᠭᠤᠨ ᠤ ᠤᠷᠢᠳ ᠬᠠᠭᠤᠴᠢᠷᠠᠭᠰᠠᠨ ᠮᠠᠰᠢᠨ ᠲᠡᠷᠭᠡ ᠶᠢ ᠰᠢᠭᠰᠢᠭᠳᠡᠭᠦᠯᠵᠦ ᠂ ᠶᠠᠭᠤᠨ ᠤ ᠤᠷᠢᠳ ᠡᠨᠧᠷᠭᠢ ᠠᠷᠪᠢᠯᠠᠬᠤ ᠪᠠ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠤᠳᠠᠯᠳᠤᠨ ᠠᠪᠴᠤ ᠬᠡᠷᠡᠭᠯᠡᠨ ᠂ ᠰᠢᠨ᠎ᠡ ᠪᠠᠷ ᠪᠠᠶᠢᠭᠤᠯᠬᠤ ᠪᠠ ᠨᠢᠭᠡᠨᠲᠡ ᠪᠠᠶᠢᠭ᠎ᠠ ᠲᠡᠷᠭᠡᠨ ᠵᠣᠭᠰᠣᠭᠠᠯ ᠤᠨ ᠭᠠᠵᠠᠷ ᠲᠤ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠡᠯᠡᠳᠬᠡᠮᠵᠢ ᠲᠣᠬᠢᠷᠠᠭᠤᠯᠬᠤ ᠪᠤᠶᠤ ᠴᠠᠬᠢᠯᠭᠠᠨ ᠴᠡᠨᠡᠭᠯᠡᠬᠦ ᠪᠡᠯᠡᠳᠬᠡᠮᠵᠢ ᠶᠢᠨ ᠤᠭᠰᠠᠷᠠᠬᠤ ᠨᠥᠬᠦᠴᠡᠯ ᠢ ᠤᠷᠢᠳᠴᠢᠯᠠᠨ ᠪᠦᠷᠢᠳᠦᠭᠦᠯᠦᠨ᠎ᠡ ᠃ ᠡᠨᠧᠷᠭᠢ ᠠᠷᠪᠢᠯᠠᠬᠤ ᠥᠨᠳᠥᠷ ᠪᠦᠲᠦᠮᠵᠢᠲᠡᠶ ᠠᠯᠪᠠᠨ ᠠᠵᠢᠯ ᠤᠨ ᠲᠥᠬᠦᠭᠡᠷᠦᠮᠵᠢ ᠶᠢ ᠢᠳᠡᠪᠬᠢᠲᠡᠢ ᠪᠠᠷ ᠳᠡᠯᠭᠡᠷᠡᠭᠦᠯᠵᠦ ᠂ ᠠᠭᠠᠷ ᠵᠤᠬᠢᠴᠠᠭᠤᠯᠤᠭᠤᠷ ᠂ ᠴᠠᠬᠢᠯᠭᠠᠨ ᠱᠠᠲᠤ ᠵᠡᠷᠭᠡ ᠡᠨᠧᠷᠭᠢ ᠬᠤᠷᠣᠭᠳᠠᠭᠤᠯᠬᠤ ᠲᠥᠬᠦᠭᠡᠷᠦᠮᠵᠢ ᠶᠢ ᠵᠦᠢ ᠵᠣᠬᠢᠰᠲᠠᠢ ᠪᠠᠷ ᠬᠡᠷᠡᠭᠯᠡᠨ᠎ᠡ ᠃ ᠵᠢᠱᠢᠶ᠎ᠡ ᠦᠵᠡᠬᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ ᠂ ᠠᠷᠪᠢᠯᠠᠨ ᠭᠠᠮᠨᠠᠬᠤ ᠬᠡᠯᠪᠡᠷᠢ ᠪᠦᠬᠦᠢ ᠣᠯᠠᠨ ᠨᠡᠶᠢᠲᠡ ᠶᠢᠨ ᠪᠠᠶᠢᠭᠤᠯᠤᠮᠵᠢ ᠶᠢᠨ ᠵᠢᠱᠢᠶ᠎ᠡ ᠦᠵᠡᠭᠦᠯᠬᠦ ᠨᠢᠭᠡᠴᠢ ᠶᠢ ᠡᠭᠦᠳᠦᠨ ᠪᠠᠶᠢᠭᠤᠯᠬᠤ ᠪᠠ ᠡᠨᠧᠷᠭᠢ ᠶᠢᠨ ᠠᠰᠢᠭᠯᠠᠮᠵᠢ ᠶᠢᠨ
︽ᠳᠠᠭᠠᠭᠤᠯᠤᠭᠴᠢ︾ ᠶᠢ ᠢᠳᠡᠪᠬᠢᠲᠡᠢ ᠪᠠᠷ ᠰᠢᠯᠢᠨ ᠰᠣᠩᠭᠤᠨ᠎ᠠ ᠃ 2025 ᠣᠨ ᠪᠣᠯᠬᠤ ᠳᠤ ᠂ 80% ᠠᠴᠠ ᠳᠡᠭᠡᠭᠰᠢᠬᠢ ᠨᠠᠮ ᠵᠠᠰᠠᠭ ᠤᠨ ᠪᠠᠶᠢᠭᠤᠯᠭ᠎ᠠ ᠶᠢ ᠠᠷᠪᠢᠯᠠᠨ ᠭᠠᠮᠨᠠᠬᠤ ᠬᠡᠯᠪᠡᠷᠢ ᠪᠦᠬᠦᠢ ᠪᠠᠶᠢᠭᠤᠯᠭ᠎ᠠ ᠪᠣᠯᠭᠠᠨ ᠡᠭᠦᠳᠦᠨ ᠪᠠᠶᠢᠭᠤᠯᠬᠤ ᠪᠠᠷ ᠴᠢᠷᠮᠠᠶᠢᠵᠤ ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠨᠢ ᠭᠦᠢᠴᠡᠳ ᠪᠠᠳᠠᠷᠠᠭᠤᠯᠤᠨ᠎ᠠ ᠃ ︵ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠂ ᠰᠤᠷᠭᠠᠨ ᠬᠥᠮᠦᠵᠢᠯ ᠤᠨ ᠲᠢᠩᠬᠢᠮ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠂ ᠪᠡᠶ᠎ᠡ ᠶᠢᠨ ᠲᠠᠮᠢᠷ ᠤᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶
︵ ᠲᠤᠯᠤᠭ᠎ᠠ ︶ ᠭᠤᠣᠯᠳᠠᠯᠭ᠎ᠠ ᠲᠠᠢ ᠣᠷᠣᠨ ᠪᠦᠰᠡ ᠶᠢᠨ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠢᠨᠵᠧᠨᠧᠷᠢᠩ ᠃ ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠣᠷᠣᠨ ᠪᠦᠰᠡ ᠶᠢᠨ ᠨᠠᠮᠤᠷ ᠡᠪᠦᠯ ᠤᠨ ᠤᠯᠠᠷᠢᠯ ᠳᠠᠬᠢ ᠪᠣᠭᠤᠮᠲᠠ ᠰᠢᠪᠲᠤᠯᠬᠤ ᠠᠵᠢᠯᠯᠠᠭᠠᠨ ᠢ ᠦᠷᠭᠦᠯᠵᠢᠯᠡᠨ ᠠᠬᠢᠭᠤᠯᠵᠤ ᠂ ᠭᠤᠣᠯᠳᠠᠯᠭ᠎ᠠ ᠲᠠᠢ ᠠᠵᠢᠯ ᠲᠦᠷᠦᠯ ᠤᠨ ᠪᠦᠲᠦᠴᠡ ᠶᠢ ᠲᠣᠬᠢᠷᠠᠭᠤᠯᠬᠤ ᠪᠠ ᠪᠣᠬᠢᠷᠳᠤᠯ ᠢ ᠵᠠᠰᠠᠬᠤ ᠡᠷᠴᠢᠮ ᠢᠶᠠᠨ ᠴᠢᠩᠭᠠᠷᠠᠭᠤᠯᠤᠨ᠎ᠠ ᠃ ᠥᠪᠡᠷᠲᠡᠭᠡᠨ ᠵᠠᠰᠠᠬᠤ ᠣᠷᠣᠨ ᠤ ᠳᠤᠮᠳᠠ ᠪᠠ ᠪᠠᠷᠠᠭᠤᠨ ᠪᠡᠶ᠎ᠡ ᠶᠢᠨ ᠭᠠᠵᠠᠷ ᠣᠷᠣᠨ ᠢᠶᠠᠷ ᠭᠤᠣᠯᠳᠠᠯᠭ᠎ᠠ ᠪᠣᠯᠭᠠᠵᠤ ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ ᠠᠽᠣᠲ ᠤᠨ ᠢᠰᠦᠮᠡᠭ ᠤᠨ ᠭᠠᠳᠠᠭᠰᠢᠯᠠᠭᠤᠯᠤᠯᠲᠠ ᠶᠢ ᠬᠠᠮᠵᠢᠯᠴᠠᠭᠤᠯᠤᠨ ᠪᠠᠭᠠᠰᠬᠠᠬᠤ ᠠᠵᠢᠯ ᠢ ᠬᠦᠴᠦᠯᠡᠨ ᠠᠬᠢᠭᠤᠯᠵᠤ ᠂ ᠵᠢᠵᠢᠭ ᠮᠥᠬᠦᠯᠢᠭᠲᠦ ᠪᠣᠳᠠᠰ ᠪᠠ ᠣᠽᠣᠨ ᠢ ᠬᠠᠮᠵᠢᠯᠴᠠᠨ ᠡᠵᠡᠮᠳᠡᠬᠦ ᠪᠠᠨ ᠴᠢᠩᠭᠠᠳᠬᠠᠨ᠎ᠠ ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠬᠤᠲᠠ ᠪᠠᠯᠭᠠᠰᠤᠨ ᠤ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠪᠠ ᠠᠵᠤ ᠦᠢᠯᠡᠳᠪᠦᠷᠢ ᠂ ᠲᠠᠷᠢᠶᠠᠯᠠᠩ ᠤᠨ ᠣᠯᠠᠨ ᠡᠬᠢᠲᠦ ᠂ ᠦᠯᠡᠳᠡᠭᠳᠡᠯ ᠰᠢᠬᠠᠳᠠᠰᠤ ᠶᠢᠨ ᠠᠭᠤᠷᠬᠠᠢ ᠲᠠᠯᠠᠪᠠᠢ ᠵᠡᠷᠭᠡ ᠪᠣᠬᠢᠷᠳᠤᠯ ᠢ ᠵᠠᠰᠠᠬᠤ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ ᠂ ᠬᠠᠲᠤᠨ ᠭᠤᠣᠯ ᠤᠨ ᠠᠮᠢ ᠠᠬᠤᠢ ᠶᠢ ᠬᠠᠮᠠᠭᠠᠯᠠᠵᠤ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠬᠦᠴᠦᠯᠡᠨ ᠰᠠᠶᠢᠲᠤᠷ ᠬᠢᠨ᠎ᠡ﹔ ᠤᠰᠤ ᠠᠷᠪᠢᠯᠠᠬᠤ ᠪᠠ ᠡᠵᠡᠮᠳᠡᠬᠦ ᠭᠦᠨᠴᠡ ᠲᠠᠢ ᠠᠵᠢᠯᠯᠠᠭᠠᠨ ᠢ ᠬᠡᠷᠡᠭᠵᠢᠭᠦᠯᠦᠨ ᠂ ᠴᠢᠬᠤᠯᠠ ᠰᠠᠯᠪᠤᠷᠢ ᠤᠷᠤᠰᠬᠠᠯ ᠤᠨ ᠪᠣᠬᠢᠷᠳᠤᠯ ᠢ ᠵᠠᠰᠠᠬᠤ ᠪᠠᠨ ᠴᠢᠩᠭᠠᠳᠬᠠᠵᠤ ᠂ ᠭᠤᠣᠯ ᠤᠷᠤᠭᠤ ᠪᠣᠬᠢᠷᠳᠤᠯ ᠭᠠᠳᠠᠭᠰᠢᠯᠠᠭᠤᠯᠬᠤ ᠠᠮᠠᠰᠠᠷ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ ᠂ 2025 ᠣᠨ ᠪᠣᠯᠬᠤ ᠳᠤ ᠂ ᠬᠠᠲᠤᠨ ᠭᠤᠣᠯ ᠤᠨ ᠭᠤᠣᠯ ᠤᠷᠤᠰᠬᠠᠯ ᠤᠨ ᠤᠰᠤᠨ ᠤ ᠴᠢᠨᠠᠷ ᠢ Ⅱ ᠲᠥᠷᠥᠯ ᠳᠤ ᠬᠦᠷᠦᠭᠦᠯᠦᠨ᠎ᠡ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠤᠰᠤᠨ ᠠᠰᠢᠭᠯᠠᠯᠲᠠ ᠶᠢᠨ ᠲᠢᠩᠬᠢᠮ ᠲᠦᠷᠦᠭᠦᠯᠡᠵᠦ ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠂ ᠡᠨᠧᠷᠭᠢ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶
︵ᠨᠠᠢᠮᠠ︶ ᠨᠡᠭᠦᠷᠡᠰᠦ ᠶᠢ ᠴᠡᠪᠡᠷᠰᠢᠭᠦᠯᠦᠨ ᠥᠨᠳᠥᠷ ᠪᠦᠲᠦᠮᠵᠢᠲᠡᠶ ᠠᠰᠢᠭᠯᠠᠬᠤ ᠢᠨᠵᠧᠨᠧᠷᠢᠩ ᠃ ᠥᠪᠥᠷ ᠮᠣᠩᠭᠤᠯ ᠤᠨ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠪᠣᠯᠬᠤ ᠪᠠᠶᠢᠷᠢ ᠲᠣᠭᠲᠠᠭᠠᠯᠲᠠ ᠳᠤ ᠰᠠᠭᠤᠷᠢᠯᠠᠨ ᠂ ᠤᠯᠤᠰ ᠤᠨ ᠡᠨᠧᠷᠭᠢ ᠶᠢᠨ ᠠᠮᠤᠷ ᠲᠦᠪᠰᠢᠨ ᠂ ᠴᠠᠬᠢᠯᠭᠠᠨ ᠬᠦᠴᠦᠨ ᠤ ᠬᠠᠩᠭᠠᠯᠭ᠎ᠠ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠂ ᠤᠷᠢᠳ ᠢᠶᠠᠷ ᠲᠣᠭᠲᠠᠭᠠᠵᠤ ᠳᠠᠷᠠᠭ᠎ᠠ ᠨᠢ ᠬᠦᠴᠦᠨ ᠦᠭᠡᠢ ᠪᠤᠯᠭᠠᠬᠤ ᠶᠢ ᠪᠠᠷᠢᠮᠲᠠᠯᠠᠨ ᠂ ᠨᠡᠭᠦᠷᠡᠰᠦᠨ ᠤ ᠬᠡᠷᠡᠭᠯᠡᠭᠡᠨ ᠤ ᠨᠡᠮᠡᠭᠳᠡᠯ ᠢ ᠴᠢᠩᠭ᠎ᠠ ᠪᠥᠭᠡᠳ ᠵᠦᠢ ᠵᠣᠬᠢᠰᠲᠠᠢ ᠬᠢᠵᠠᠭᠠᠷᠯᠠᠵᠤ ᠂ ᠨᠡᠭᠦᠷᠡᠰᠦ ᠶᠢ ᠴᠡᠪᠡᠷᠰᠢᠭᠦᠯᠦᠨ ᠥᠨᠳᠥᠷ ᠪᠦᠲᠦᠮᠵᠢᠲᠡᠶ ᠠᠰᠢᠭᠯᠠᠬᠤ ᠶᠢ ᠰᠠᠶᠢᠲᠤᠷ ᠠᠳᠬᠤᠨ ᠂ ᠪᠠᠶᠢᠭ᠎ᠠ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠨᠡᠭᠦᠷᠡᠰᠦ ᠶᠢ ᠠᠷᠪᠢᠯᠠᠵᠤ ᠨᠡᠭᠦᠷᠡᠰᠦᠨ ᠤ ᠬᠤᠷᠣᠭᠳᠠᠯ ᠢ ᠪᠠᠭᠠᠰᠬᠠᠬᠤ ᠥᠭᠡᠷᠡᠴᠢᠯᠡᠯᠲᠡ ᠂ ᠢᠯᠴᠢ ᠬᠠᠩᠭᠠᠬᠤ ᠥᠭᠡᠷᠡᠴᠢᠯᠡᠯᠲᠡ ᠂ ᠠᠮᠢᠳᠤᠯᠢᠭ ᠴᠢᠨᠠᠷᠲᠠᠢ ᠥᠭᠡᠷᠡᠴᠢᠯᠡᠯᠲᠡ ᠶᠢᠨ ︽ᠭᠤᠷᠪᠠᠨ ᠥᠭᠡᠷᠡᠴᠢᠯᠡᠯᠲᠡ ᠶᠢᠨ ᠬᠤᠯᠪᠤᠭᠠᠯᠠᠨ ᠬᠥᠳᠡᠯᠦᠯᠴᠡᠬᠦ︾ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠵᠤ ᠂ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ ᠃ ᠨᠡᠭᠦᠷᠡᠰᠦ ᠰᠢᠲᠠᠭᠠᠬᠤ ᠵᠢᠵᠢᠭ ᠲᠣᠭᠤᠭᠠᠲᠤ ᠵᠤᠤᠬ᠎ᠠ ᠪᠠ ᠨᠡᠭᠦᠷᠡᠰᠦ ᠰᠢᠲᠠᠭᠠᠬᠤ ᠢᠯᠴᠢ ᠴᠠᠬᠢᠯᠭᠠᠨ ᠤ ᠬᠤᠴᠤᠷᠤᠩᠭᠤᠢ ᠦᠢᠯᠡᠳᠪᠦᠷᠢ ︵ᠪᠡᠯᠡᠳᠬᠡᠯ ᠴᠠᠬᠢᠯᠭᠠᠨ ᠤ ᠦᠢᠯᠡᠳᠪᠦᠷᠢ ᠪᠠᠭᠲᠠᠨ᠎ᠠ ︶ ᠶᠢ ᠰᠢᠭᠰᠢᠭᠳᠡᠭᠦᠯᠬᠦ ᠡᠷᠴᠢᠮ ᠢᠶᠠᠨ ᠨᠡᠮᠡᠭᠳᠡᠭᠦᠯᠦᠨ᠎ᠡ ᠂ 30 ᠲᠦᠮᠡᠨ ᠺᠢᠯᠣᠸᠠᠲ ᠵᠢᠴᠢ ᠲᠡᠭᠦᠨ ᠠᠴᠠ ᠳᠡᠭᠡᠭᠰᠢᠬᠢ ᠢᠯᠴᠢ ᠴᠠᠬᠢᠯᠭᠠᠨ ᠢ ᠵᠡᠷᠭᠡ ᠪᠠᠷ ᠭᠠᠷᠭᠠᠬᠤ ᠴᠠᠬᠢᠯᠭᠠᠨ ᠤ ᠦᠢᠯᠡᠳᠪᠦᠷᠢ ᠶᠢᠨ ᠢᠯᠴᠢ ᠬᠠᠩᠭᠠᠬᠤ ᠷᠠᠳᠢᠤᠰ ᠨᠢ 15 ᠺᠢᠯᠣᠮᠧᠲᠷ ᠤᠨ ᠬᠡᠪᠴᠢᠶᠡᠨ ᠳᠣᠲᠣᠷᠠᠬᠢ ᠨᠡᠭᠦᠷᠡᠰᠦ ᠰᠢᠲᠠᠭᠠᠬᠤ ᠵᠤᠤᠬ᠎ᠠ ᠶᠢ ᠨᠢ ᠬᠡᠷᠡᠭᠯᠡᠭᠡᠨ ᠠᠴᠠ ᠭᠠᠷᠭᠠᠵᠤ ᠡᠮᠬᠢᠯᠡᠵᠦ ᠨᠡᠶᠢᠯᠡᠭᠦᠯᠬᠦ ᠡᠭᠦᠷᠭᠡ ᠶᠢ ᠪᠡᠶᠡᠯᠡᠭᠦᠯᠦᠨ᠎ᠡ ᠃ ᠪᠣᠯᠣᠳ ᠲᠡᠮᠦᠷ ᠂ ᠴᠢᠳᠬᠤᠯᠲᠠ ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠨᠡᠭᠦᠷᠡᠰᠦ ᠬᠤᠷᠣᠭᠳᠠᠭᠤᠯᠬᠤ ᠭᠤᠣᠯᠳᠠᠯᠭ᠎ᠠ ᠲᠠᠢ ᠠᠵᠢᠯ ᠲᠥᠷᠥᠯ ᠳᠠᠬᠢ ᠬᠠᠮᠢᠶᠠᠷᠤᠯᠲᠠ ᠪᠠᠨ ᠴᠢᠩᠭᠠᠳᠬᠠᠵᠤ ᠂ ᠴᠠᠬᠢᠯᠭᠠᠨ ᠡᠨᠧᠷᠭᠢ ᠪᠠᠷ ᠣᠷᠣᠯᠠᠭᠤᠯᠬᠤ ᠶᠢ ᠠᠬᠢᠭᠤᠯᠤᠨ᠎ᠠ ᠃ ᠢᠯᠴᠢ ᠴᠠᠬᠢᠯᠭᠠᠨ ᠢ ᠵᠡᠷᠭᠡ ᠪᠠᠷ ᠭᠠᠷᠭᠠᠵᠤ ᠲᠥᠪᠯᠡᠷᠡᠭᠦᠯᠦᠨ ᠢᠯᠴᠢ ᠬᠠᠩᠭᠠᠬᠤ ᠲᠠᠯᠠᠪᠠᠢ ᠶᠢ ᠦᠷᠭᠦᠯᠵᠢᠯᠡᠨ ᠥᠷᠭᠡᠳᠬᠡᠵᠦ ᠂ ᠠᠵᠤ ᠦᠢᠯᠡᠳᠪᠦᠷᠢ ᠶᠢᠨ ᠦᠯᠡᠳᠡᠭᠡᠯ ᠢᠯᠴᠢ ᠪᠠᠷ ᠲᠥᠪᠯᠡᠷᠡᠭᠦᠯᠦᠨ ᠢᠯᠴᠢ ᠬᠠᠩᠭᠠᠬᠤ ᠶᠢ ᠳᠡᠯᠭᠡᠷᠡᠭᠦᠯᠦᠨ᠎ᠡ ᠂
︽ᠬᠡᠮᠬᠡᠷᠬᠡᠢ ᠨᠡᠭᠦᠷᠡᠰᠦ ᠶᠢ ᠴᠠᠬᠢᠯᠭᠠᠨ ᠡᠨᠧᠷᠬᠢ ᠪᠠ ᠰᠢᠲᠠᠮᠠᠬᠠᠢ ᠬᠡᠢ ᠪᠠᠷ ᠣᠷᠣᠯᠠᠭᠤᠯᠬᠤ︾ ᠶᠢ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠠᠬᠢᠭᠤᠯᠵᠤ ᠂ ᠬᠤᠳᠠ ᠬᠥᠳᠡᠭᠡ ᠶᠢᠨ ᠠᠭᠤᠯᠵᠠᠷ ᠬᠡᠰᠡᠭ ᠪᠠ ᠢᠯᠴᠢ ᠶᠢᠨ ᠬᠦᠴᠦᠨ ᠤ ᠬᠤᠭᠤᠯᠠᠢ ᠲᠣᠣᠷ ᠬᠦᠷᠴᠦ ᠳᠡᠶᠢᠯᠬᠦ ᠦᠭᠡᠢ ᠬᠠᠭᠤᠴᠢᠨ ᠬᠤᠳᠠ ᠲᠣᠭᠤᠷᠢᠭ ᠲᠤ ᠴᠠᠬᠢᠯᠭᠠᠨ ᠵᠤᠤᠬ᠎ᠠ ᠂ ᠢᠯᠴᠢ ᠶᠢᠨ ᠬᠥᠭᠡᠷᠭᠡ ᠂ ᠲᠠᠷᠠᠬᠠᠢ ᠮᠠᠶ᠋ᠢᠭ ᠤᠨ ᠴᠠᠬᠢᠯᠭᠠᠨ ᠳᠤᠯᠠᠭᠠᠴᠠᠭᠤᠯᠤᠭᠠ ᠶᠢ ᠳᠡᠯᠭᠡᠷᠡᠭᠦᠯᠦᠨ ᠬᠡᠷᠡᠭᠯᠡᠵᠦ ᠂ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠬᠡᠷᠡᠭᠴᠡᠭᠡ ᠶᠢ ᠪᠠᠭᠠᠰᠬᠠᠨ᠎ᠠ ᠃ 2025 ᠣᠨ ᠪᠣᠯᠬᠤ ᠳᠤ ᠂ 2000 ᠲᠦᠮᠡᠨ ᠺᠢᠯᠣᠸᠠᠲ ᠤᠨ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠪᠡᠶᠡᠯᠡᠭᠦᠯᠵᠦ ᠂ 3000 ᠲᠦᠮᠡᠨ ᠺᠢᠯᠣᠸᠠᠲ ᠤᠨ ᠠᠮᠢᠳᠤᠯᠢᠭ ᠴᠢᠨᠠᠷᠲᠠᠢ ᠥᠭᠡᠷᠡᠴᠢᠯᠡᠯᠲᠡ ᠶᠢ ᠪᠡᠶᠡᠯᠡᠭᠦᠯᠦᠨ᠎ᠡ﹔ ᠪᠤᠭᠤᠲᠤ ᠂ ᠬᠥᠬᠡᠬᠤᠲᠠ ᠂ ᠤᠯᠠᠭᠠᠨᠴᠠᠪ ᠂ ᠪᠠᠶᠠᠨᠨᠠᠭᠤᠷ ᠵᠡᠷᠭᠡ ᠴᠡᠪᠡᠷ ᠳᠤᠯᠠᠭᠠᠯᠠᠭ᠎ᠠ ᠶᠢᠨ ᠵᠢᠱᠢᠶ᠎ᠡ ᠦᠵᠡᠭᠦᠯᠬᠦ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂
︽ᠥᠪᠥᠷ ᠮᠣᠩᠭᠤᠯ ᠳᠤ ᠰᠢᠲᠠᠮᠠᠬᠠᠢ ᠬᠡᠢ ᠶᠢ ᠪᠦᠷᠢᠨ ᠪᠦᠷᠬᠦᠭᠦᠯᠬᠦ︾ ᠤᠨ ᠠᠵᠢᠯᠯᠠᠭᠠᠨ ᠢ ᠠᠬᠢᠭᠤᠯᠵᠤ ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠳᠤ ᠳᠠᠮᠵᠢᠭᠤᠯᠬᠤ ᠬᠤᠭᠤᠯᠠᠢ ᠶᠢᠨ ᠪᠠᠶᠢᠭᠠᠯᠢ ᠶᠢᠨ ᠰᠢᠲᠠᠮᠠᠬᠠᠢ ᠬᠡᠢ ᠶᠢ ︽ᠰᠢᠶᠠᠨ ᠪᠣᠯᠭᠠᠨ ᠳᠤ ᠨᠡᠪᠲᠡᠷᠡᠭᠦᠯᠬᠦ︾ ᠶᠢ ᠦᠨᠳᠦᠰᠦᠨ ᠳᠤ ᠪᠠᠨ ᠪᠡᠶᠡᠯᠡᠭᠦᠯᠵᠦ ᠂ ᠵᠡᠭᠦᠨ ᠬᠡᠰᠡᠭ ᠤᠨ ᠭᠠᠵᠠᠷ ᠣᠷᠣᠨ ᠳᠤ ᠳᠠᠮᠵᠢᠭᠤᠯᠬᠤ ᠬᠤᠭᠤᠯᠠᠢ ᠶᠢᠨ ᠪᠠᠶᠢᠭᠠᠯᠢ ᠶᠢᠨ ᠰᠢᠲᠠᠮᠠᠬᠠᠢ ᠬᠡᠢ ᠶᠢ ︽ᠬᠤᠲᠠ ᠪᠣᠯᠭᠠᠨ ᠳᠤ ᠨᠡᠪᠲᠡᠷᠡᠭᠦᠯᠬᠦ︾ ᠶᠢ ᠪᠡᠶᠡᠯᠡᠭᠦᠯᠦᠨ᠎ᠡ﹔ ᠪᠥᠬᠦ ᠣᠷᠣᠨ ᠤ ᠨᠡᠭᠦᠷᠡᠰᠦᠨ ᠤ ᠬᠡᠷᠡᠭᠯᠡᠭᠡᠨ ᠤ ᠬᠤᠪᠢ ᠶᠢᠨ ᠵᠢᠩ ᠢ 75% ᠠᠴᠠ ᠳᠣᠷᠣᠭᠰᠢ ᠪᠣᠯᠲᠠᠯ᠎ᠠ ᠪᠠᠭᠤᠷᠠᠭᠤᠯᠵᠤ ᠂ ᠡᠨᠧᠷᠭᠢ ᠶᠢᠨ ᠬᠡᠷᠡᠭᠯᠡᠭᠡᠨ ᠳᠠᠬᠢ ᠴᠢᠯᠠᠭᠤᠵᠢᠮᠠᠯ ᠤᠨ ᠪᠤᠰᠤ ᠡᠨᠧᠷᠭᠢ ᠶᠢᠨ ᠡᠵᠡᠯᠡᠬᠦ ᠬᠤᠪᠢ ᠶᠢᠨ ᠵᠢᠩ ᠢ 18% ᠣᠷᠴᠢᠮ ᠬᠦᠷᠭᠡᠨ᠎ᠡ ᠃ ︵ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶
︵ᠶᠢᠰᠦ︶ ᠳᠡᠭᠳᠡᠮᠡᠬᠡᠢ ᠣᠷᠭᠠᠨᠢᠭ ᠪᠣᠳᠠᠰ ᠢ ᠶᠡᠷᠦᠩᠬᠡᠶᠢᠯᠡᠵᠦ ᠴᠡᠭᠴᠡᠯᠡᠨ ᠵᠠᠰᠠᠬᠤ ᠢᠨᠵᠧᠨᠧᠷᠢᠩ ᠃ VOCs ᠪᠠᠭᠠᠲᠠᠢ ᠲᠦᠭᠦᠬᠡᠢ ᠮᠠᠲ᠋ᠧᠷᠢᠶᠠᠯ ᠪᠠ ᠲᠤᠰᠠᠯᠠᠬᠤ ᠮᠠᠲ᠋ᠧᠷᠢᠶᠠᠯ ᠢᠶᠠᠷ ᠣᠷᠣᠯᠠᠭᠤᠯᠬᠤ ᠪᠣᠯᠣᠨ ᠦᠢᠯᠡᠳᠬᠦᠨ ᠤ ᠡᠬᠢ ᠰᠤᠷᠪᠤᠯᠵᠢ ᠶᠢ ᠨᠢ ᠣᠷᠣᠯᠠᠭᠤᠯᠬᠤ ᠢᠨᠵᠧᠨᠧᠷᠢᠩ ᠢ ᠠᠬᠢᠭᠤᠯᠵᠤ ᠂ ᠪᠦᠬᠦ ᠶᠠᠪᠤᠴᠠ ᠳᠤ ᠨᠢ ᠪᠣᠬᠢᠷᠳᠤᠯ ᠪᠣᠳᠠᠰ ᠢ ᠵᠠᠰᠠᠬᠤ ᠶᠢ ᠬᠡᠷᠡᠭᠵᠢᠭᠦᠯᠦᠨ᠎ᠡ ᠃ ᠠᠵᠤ ᠦᠢᠯᠡᠳᠪᠦᠷᠢ ᠶᠢᠨ ᠲᠦᠷᠬᠢᠨ ᠰᠠᠪᠠᠯᠠᠬᠤ ᠂ ᠪᠣᠭᠤᠳᠠᠯᠯᠠᠨ ᠳᠠᠷᠤᠮᠠᠯᠯᠠᠬᠤ ᠵᠡᠷᠭᠡ ᠠᠵᠢᠯ ᠲᠦᠷᠦᠯ ᠢᠶᠠᠷ ᠭᠤᠣᠯᠳᠠᠯᠭ᠎ᠠ ᠪᠣᠯᠭᠠᠨ ᠂ ᠳᠡᠭᠳᠡᠮᠡᠬᠡᠢ ᠣᠷᠭᠠᠨᠢᠭ ᠪᠣᠳᠠᠰ ᠤᠨ ᠠᠭᠤᠯᠤᠭᠳᠠᠴᠠ ᠪᠠᠷ ᠪᠠᠭᠠᠲᠠᠢ ᠰᠢᠷ ᠂ ᠲᠤᠰᠤᠨ ᠪᠡᠭᠡ ᠂ ᠨᠠᠭᠠᠯᠳᠤᠭᠤᠯᠤᠭᠴᠢ ᠂ ᠤᠬᠢᠶᠠᠨ ᠴᠡᠪᠡᠷᠯᠡᠬᠦ ᠡᠳ᠋ ᠬᠡᠷᠡᠭᠯᠡᠬᠦ ᠶᠢ ᠠᠬᠢᠭᠤᠯᠤᠨ᠎ᠠ ᠃ ᠴᠢᠯᠠᠭᠤᠨ ᠲᠣᠰᠣ ᠪᠠ ᠬᠢᠮᠢ ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠢᠯ ᠲᠥᠷᠥᠯ ᠳᠠᠬᠢ ᠳᠡᠭᠳᠡᠮᠡᠬᠡᠢ ᠣᠷᠭᠠᠨᠢᠭ ᠪᠣᠳᠠᠰ ᠤᠨ ᠪᠣᠬᠢᠷᠳᠤᠯ ᠤᠨ ᠵᠠᠰᠠᠯᠲᠠ ᠪᠠᠨ ᠭᠦᠨᠵᠡᠭᠡᠶᠢᠷᠡᠭᠦᠯᠵᠦ ᠂ ᠬᠠᠶᠠᠭᠳᠠᠮᠠᠯ ᠬᠡᠢ ᠶᠢ ᠬᠤᠷᠢᠶᠠᠨ ᠴᠤᠭᠯᠠᠭᠤᠯᠬᠤ ᠨᠣᠷᠮ᠎ᠠ ᠂ ᠵᠠᠰᠠᠬᠤ ᠪᠡᠯᠡᠳᠬᠡᠮᠵᠢ ᠶᠢ ᠵᠡᠷᠭᠡ ᠳᠤ ᠨᠢ ᠠᠵᠢᠯᠯᠠᠭᠤᠯᠬᠤ ᠨᠣᠷᠮ᠎ᠠ ᠪᠠ ᠲᠠᠶᠠᠭᠳᠠᠬᠤ ᠨᠣᠷᠮ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ ᠃ ᠠᠮᠠᠷᠬᠠᠨ ᠳᠡᠭᠳᠡᠳᠡᠭ ᠣᠷᠭᠠᠨᠢᠭ ᠰᠢᠩᠭᠡᠨ ᠪᠡᠶᠡᠲᠦ ᠬᠠᠳᠠᠭᠠᠯᠠᠬᠤ ᠰᠠᠪᠠ ᠶᠢ ᠰᠢᠨᠡᠳᠬᠡᠨ ᠥᠭᠡᠷᠡᠴᠢᠯᠡᠵᠦ ᠂ ᠬᠥᠪᠥᠮᠡᠯ ᠳᠡᠭᠡᠪᠦᠷ ᠲᠠᠢ ᠲᠣᠰᠣ ᠬᠠᠳᠠᠭᠠᠯᠠᠬᠤ ᠰᠠᠪᠠ ᠳᠤ ᠪᠦᠷᠢᠨ ᠵᠠᠯᠭᠠᠮᠠᠯ ᠰᠢᠩᠭᠡᠨ ᠤ ᠬᠥᠪᠥᠮᠡᠯ ᠲᠠᠪᠠᠭ ᠪᠠ ᠥᠨᠳᠥᠷ ᠪᠦᠳᠦᠮᠵᠢᠳᠡᠢ ᠳᠠᠪᠬᠤᠷ ᠪᠢᠲᠡᠭᠦᠮᠵᠢᠯᠡᠬᠦ ᠮᠡᠷᠭᠡᠵᠢᠯ ᠢ ᠬᠡᠷᠡᠭᠯᠡᠨ ᠳᠡᠯᠭᠡᠷᠡᠭᠦᠯᠦᠨ᠎ᠡ ᠂ ᠬᠠᠶᠠᠭᠳᠠᠮᠠᠯ ᠤᠰᠤᠨ ᠤ ᠰᠢᠰᠲ᠋ᠧᠮ ᠤᠨ ᠥᠳᠬᠡᠴᠡ ᠶᠡᠬᠡᠲᠡᠢ ᠬᠠᠶᠠᠭᠳᠠᠮᠠᠯ ᠬᠡᠢ ᠶᠢ ᠲᠤᠰᠠᠭᠠᠷ ᠬᠤᠷᠢᠶᠠᠨ ᠴᠤᠭᠯᠠᠭᠤᠯᠵᠤ ᠰᠢᠢᠳᠪᠦᠷᠢᠯᠡᠨ᠎ᠡ ᠃ 2025 ᠣᠨ ᠪᠣᠯᠬᠤ ᠳᠤ ᠂ ᠠᠭᠤᠰᠬᠠᠭᠴᠢ ᠬᠡᠯᠪᠡᠷᠢ ᠶᠢᠨ ᠠᠵᠤ ᠦᠢᠯᠡᠳᠪᠦᠷᠢ ᠶᠢᠨ ᠰᠢᠷ ᠪᠤᠳᠤᠭ ᠂ ᠲᠣᠰᠣᠨ ᠪᠡᠭᠡ ᠶᠢᠨ ᠬᠡᠷᠡᠭᠯᠡᠬᠦ ᠬᠠᠷᠢᠴᠠᠯ ᠢ ᠲᠣᠰ ᠲᠣᠰ 20 ᠵᠠᠭᠤᠨ ᠤ ᠴᠡᠭ ᠂ 10 ᠵᠠᠭᠤᠨ ᠤ ᠴᠡᠭ ᠪᠠᠭᠤᠷᠠᠭᠤᠯᠵᠤ ᠂ ᠠᠭᠤᠰᠬᠠᠭᠴᠢ ᠬᠡᠯᠪᠡᠷᠢ ᠶᠢᠨ ᠨᠠᠭᠠᠯᠳᠤᠭᠤᠯᠤᠭᠴᠢ ᠡᠳ᠋ ᠤᠨ ᠬᠡᠷᠡᠭᠯᠡᠬᠦ ᠬᠡᠮᠵᠢᠶ᠎ᠡ ᠶᠢ 20% ᠪᠠᠭᠤᠷᠠᠭᠤᠯᠤᠨ᠎ᠠ ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ
ᠬᠠᠷᠢᠭᠤᠴᠠᠨ᠎ᠠ︶
︵ᠠᠷᠪᠠ︶ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠢᠨᠵᠧᠨᠧᠷᠢᠩ ᠃ ᠬᠤᠲᠠ ᠪᠠᠯᠭᠠᠰᠤᠨ ᠤ ᠤᠰᠤ ᠲᠠᠲᠠᠷᠠᠭᠤᠯᠬᠤ ᠬᠤᠭᠤᠯᠠᠢ ᠲᠣᠣᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠬᠠᠭᠤᠴᠢᠷᠠᠭᠰᠠᠨ ᠬᠤᠭᠤᠯᠠᠢ ᠲᠣᠣᠷ ᠢ ᠰᠢᠨᠡᠳᠬᠡᠨ ᠥᠭᠡᠷᠡᠴᠢᠯᠡᠬᠦ ᠶᠢ ᠠᠬᠢᠭᠤᠯᠵᠤ ᠂ ᠬᠠᠲᠤᠨ ᠭᠤᠣᠯ ᠤᠨ ᠭᠤᠣᠯ ᠤᠷᠤᠰᠬᠠᠯ ᠳᠠᠭᠠᠤ ᠬᠤᠳᠠ ᠶᠢᠨ ᠪᠠᠶᠢᠭᠤᠯᠤᠭᠰᠠᠨ ᠲᠣᠭᠤᠷᠢᠭ ᠤᠨ ᠬᠤᠭᠤᠯᠠᠢ ᠲᠣᠣᠷ ᠢ ᠬᠤᠯᠢᠯᠳᠤᠭᠤᠯᠤᠨ ᠵᠠᠯᠭᠠᠬᠤ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ ᠂ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠨ ᠤᠷᠤᠰᠬᠠᠬᠤ ᠥᠭᠡᠷᠡᠴᠢᠯᠡᠯᠲᠡ ᠶᠢ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠠᠬᠢᠭᠤᠯᠤᠨ᠎ᠠ ᠃ ᠪᠣᠬᠢᠷ ᠤᠰᠤ ᠂ ᠬᠤᠭ ᠨᠣᠪᠰᠢ ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠂ ᠠᠶᠤᠯᠲᠠᠢ ᠬᠠᠶᠠᠭᠳᠠᠮᠠᠯ ᠪᠣᠳᠠᠰ ᠂ ᠡᠮ ᠡᠮᠨᠡᠯᠭᠡ ᠶᠢᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠪᠡᠯᠡᠳᠬᠡᠮᠵᠢ ᠪᠠ ᠬᠢᠨᠠᠨ ᠰᠢᠨᠵᠢᠵᠦ ᠬᠢᠨᠠᠨ ᠬᠠᠮᠢᠶᠠᠷᠬᠤ ᠴᠢᠳᠠᠪᠤᠷᠢ ᠶᠢ ᠨᠢᠭᠡ ᠴᠣᠭᠴᠠᠵᠢᠭᠤᠯᠤᠭᠰᠠᠨ ᠣᠷᠴᠢᠨ ᠠᠬᠤᠢ ᠶᠢᠨ ᠰᠠᠭᠤᠷᠢ ᠪᠡᠯᠡᠳᠬᠡᠮᠵᠢ ᠶᠢᠨ ᠲᠣᠭᠲᠠᠯᠴᠠᠭ᠎ᠠ ᠶᠢ ᠲᠦᠷᠭᠡᠪᠴᠢᠯᠡᠨ ᠪᠠᠶᠢᠭᠤᠯᠵᠤ ᠂ ᠡᠭᠡᠭᠦᠯᠦᠨ ᠬᠤᠷᠢᠶᠠᠵᠤ ᠪᠣᠯᠬᠤ ᠪᠣᠳᠠᠰ ᠢ ᠲᠠᠬᠢᠨ ᠠᠰᠢᠭᠯᠠᠬᠤ ᠪᠠ ᠡᠬᠢ ᠪᠠᠶᠠᠯᠢᠭᠵᠢᠭᠤᠯᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠠᠬᠢ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠢᠴᠢ ᠶᠡᠷᠦᠩᠬᠡᠶᠢᠯᠡᠨ ᠠᠰᠢᠭᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ ᠂ ᠡᠭᠡᠭᠦᠯᠦᠨ ᠬᠤᠷᠢᠶᠠᠵᠤ ᠪᠣᠯᠬᠤ ᠪᠣᠳᠠᠰ ᠢ ᠡᠭᠡᠭᠦᠯᠦᠨ ᠬᠤᠷᠢᠶᠠᠬᠤ ᠂ ᠢᠯᠭᠠᠬᠤ ᠂ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ ᠃ ᠲᠣᠭᠤᠭᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ ᠃ ᠠᠮᠢᠳᠤᠷᠠᠯ ᠤᠨ ᠬᠤᠭ ᠨᠣᠪᠰᠢ ᠶᠢᠨ ᠲᠥᠷᠥᠯ ᠬᠤᠪᠢᠶᠠᠬᠤ ᠳᠦᠷᠢᠮ ᠤᠨ ᠲᠣᠭᠲᠠᠯᠴᠠᠭ᠎ᠠ ᠪᠠ ᠲᠥᠷᠥᠯ ᠬᠤᠪᠢᠶᠠᠨ ᠲᠠᠯᠪᠢᠬᠤ ᠂ ᠴᠤᠭᠯᠠᠭᠤᠯᠬᠤ ᠂ ᠲᠡᠭᠡᠭᠡᠪᠦᠷᠢᠯᠡᠬᠦ ᠂ ᠰᠢᠢᠳᠪᠦᠷᠢᠯᠡᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ ᠂ ᠲᠥᠷᠥᠯ ᠬᠤᠪᠢᠶᠠᠨ ᠴᠤᠭᠯᠠᠭᠤᠯᠵᠤ ᠳᠠᠮᠵᠢᠭᠤᠯᠤᠨ ᠲᠡᠭᠡᠭᠡᠪᠦᠷᠢᠯᠡᠬᠦ ᠪᠡᠯᠡᠳᠬᠡᠮᠵᠢ ᠶᠢᠨ ᠲᠠᠯ᠎ᠠ ᠪᠠᠷ ᠬᠢ ᠳᠤᠲᠠᠭᠤᠳᠠᠯ ᠢ ᠨᠥᠬᠦᠪᠦᠷᠢᠯᠡᠨ᠎ᠡ ᠃ 2025 ᠣᠨ ᠪᠣᠯᠬᠤ ᠳᠤ ᠂ ᠬᠤᠲᠠ ᠶᠢᠨ ᠪᠣᠬᠢᠷ ᠰᠢᠪᠠᠷ ᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠨᠣᠷᠮ᠎ᠠ ᠶᠢ 90% ᠠᠴᠠ ᠳᠡᠭᠡᠭᠰᠢ ᠪᠤᠯᠭᠠᠵᠤ ᠂ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠰᠢᠢᠳᠪᠦᠷᠢᠯᠡᠬᠦ ᠴᠢᠳᠠᠪᠤᠷᠢ ᠶᠢᠨ ᠡᠵᠡᠯᠡᠬᠦ ᠬᠤᠪᠢ ᠶᠢᠨ ᠵᠢᠩ ᠢ 65% ᠣᠷᠴᠢᠮ ᠳᠤ ᠬᠦᠷᠦᠭᠦᠯᠦᠨ᠎ᠡ ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶
ᠳᠥᠷᠪᠡ ᠂ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠳᠦᠷᠦ ᠶᠢᠨ ᠪᠣᠳᠣᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ
︵ᠨᠢᠭᠡ︶ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠬᠡᠮᠵᠢᠶ᠎ᠡ ᠶᠢ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ ᠃ ᠡᠨᠧᠷᠭᠢ ᠠᠷᠪᠢᠯᠠᠬᠤ ᠶᠢ ᠡᠩ ᠲᠡᠷᠢᠭᠦᠨ ᠳᠤ ᠪᠣᠳᠣᠯᠬᠢᠯᠠᠬᠤ ᠶᠢ ᠪᠠᠷᠢᠮᠲᠠᠯᠠᠨ ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠣᠭᠠᠨ ᠤ ᠬᠠᠮᠢᠶᠠᠷᠤᠯᠲᠠ ᠶᠢ ᠴᠢᠩᠭᠠᠷᠠᠭᠤᠯᠵᠤ ᠂ ᠡᠨᠧᠷᠭᠢ ᠶᠢᠨ ᠭᠠᠷᠭᠠᠯᠲᠠ ᠶᠢᠨ ᠨᠤᠷᠮ᠎ᠠ ᠪᠠᠷ ᠴᠢᠬᠤᠯᠠ ᠦᠨᠳᠦᠰᠦᠯᠡᠯ ᠪᠣᠯᠭᠠᠨ ᠂ ᠬᠥᠭᠵᠢᠯᠲᠡ ᠶᠢᠨ ᠱᠠᠲᠤ ᠦᠶ᠎ᠡ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠂ ᠡᠯ᠎ᠡ ᠠᠶᠢᠮᠠᠭ ᠬᠤᠳᠠ ᠶᠢᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ ᠬᠠᠷᠠᠯᠲᠠ ᠶᠢ ᠵᠦᠢ ᠵᠣᠬᠢᠰᠲᠠᠢ ᠲᠣᠭᠲᠠᠭᠠᠨ᠎ᠠ ᠃ ᠡᠨᠧᠷᠭᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠶᠢᠨ ᠬᠠᠮᠢᠶᠠᠷᠤᠯᠲᠠ ᠶᠢᠨ ᠬᠠᠷᠢᠮᠠᠬᠠᠢ ᠴᠢᠨᠠᠷ ᠢ ᠪᠦᠲᠦᠮᠵᠢᠲᠡᠶ ᠴᠢᠩᠭᠠᠷᠠᠭᠤᠯᠵᠤ ᠂ ᠡᠯ᠎ᠡ ᠠᠶᠢᠮᠠᠭ ᠬᠤᠲᠠ ᠨᠢ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ ᠣᠨ ᠤ ᠬᠠᠷᠠᠯᠲᠠ ᠪᠠ ᠲᠣᠰ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ ᠤᠨ ᠬᠤᠷᠳᠤᠴᠠ ᠶᠢᠨ ᠣᠨ ᠤ ᠬᠠᠷᠠᠯᠲᠠ ᠪᠠᠨ ᠦᠨᠳᠦᠰᠦᠯᠡᠨ ᠂ ᠲᠣᠰ ᠭᠠᠵᠠᠷ ᠣᠷᠣᠨ ᠤ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠶᠢᠨ ᠣᠨ ᠤ ᠬᠠᠷᠠᠯᠲᠠ ᠪᠠᠨ ᠵᠣᠬᠢᠰᠲᠠᠢ ᠲᠣᠭᠲᠠᠭᠠᠨ᠎ᠠ﹔ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠶᠢᠨ ᠬᠠᠷᠠᠯᠲᠠ ᠨᠢ ᠵᠢᠱᠢᠯᠲᠡ ᠶᠢᠨ ᠴᠢᠨᠠᠷᠲᠠᠢ ᠭᠦᠢᠴᠡᠳᠬᠡᠯ ᠲᠤᠭ᠎ᠠ ᠪᠠᠶᠢᠵᠤ ᠂ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠨᠢ ᠵᠢᠱᠢᠭᠰᠡᠨ ᠬᠠᠷᠠᠯᠲᠠ ᠠᠴᠠ ᠳᠠᠪᠠᠭᠰᠠᠨ ᠠᠶᠢᠮᠠᠭ ᠬᠤᠲᠠ ᠨᠢ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠᠨ ᠵᠣᠬᠢᠴᠠᠩᠭᠤᠢ ᠪᠠᠷ ᠲᠣᠬᠢᠷᠠᠭᠤᠯᠵᠤ ᠪᠣᠯᠣᠨ᠎ᠠ ᠃ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ ᠶᠢᠨ ᠤᠷᠮᠠᠰᠢᠭᠤᠯᠬᠤ ᠬᠠᠷᠠᠯᠲᠠ ᠶᠢ ᠪᠡᠶᠡᠯᠡᠭᠦᠯᠦᠭᠰᠡᠨ ᠠᠶᠢᠮᠠᠭ ᠬᠤᠲᠠ ᠶᠢ ᠪᠣᠯ ᠡᠨᠧᠷᠭᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠶᠢ ᠰᠢᠯᠭᠠᠨ ᠬᠢᠨᠠᠬᠤ ᠠᠴᠠ ᠬᠡᠯᠲᠦᠷᠢᠭᠦᠯᠦᠨ᠎ᠡ ᠃ ᠡᠯ᠎ᠡ ᠭᠠᠵᠠᠷ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠰᠢᠨ᠎ᠡ ᠪᠠᠷ ᠨᠡᠮᠡᠭᠳᠡᠭᠰᠡᠨ ᠳᠠᠬᠢᠨ ᠡᠭᠦᠰᠴᠦ ᠪᠣᠯᠬᠤ ᠡᠨᠧᠷᠭᠢ ᠶᠢᠨ ᠴᠠᠬᠢᠯᠭᠠᠨ ᠬᠦᠴᠦᠨ ᠤ ᠬᠡᠷᠡᠭᠯᠡᠭᠡᠨ ᠤ ᠬᠡᠮᠵᠢᠶ᠎ᠡ ᠶᠢ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠶᠢᠨ ᠰᠢᠯᠭᠠᠨ ᠬᠢᠨᠠᠬᠤ ᠳᠤ ᠣᠷᠣᠭᠤᠯᠬᠤ ᠦᠭᠡᠢ ᠂ ᠲᠦᠭᠦᠬᠡᠢ ᠡᠳ᠋ ᠢᠶᠠᠷ ᠬᠡᠷᠡᠭᠯᠡᠭᠰᠡᠨ ᠡᠨᠧᠷᠭᠢ ᠶᠢ ᠡᠨᠧᠷᠭᠢ ᠶᠢᠨ ᠬᠤᠷᠣᠭᠳᠠᠯ ᠤᠨ ᠬᠦᠴᠦᠯᠡᠴᠡ ᠪᠠ ᠶᠡᠷᠦᠩᠬᠡᠢ ᠬᠡᠮᠵᠢᠶᠡᠨ ᠤ ᠬᠤᠣᠰ ᠡᠵᠡᠮᠳᠡᠯ ᠤᠨ ᠬᠢᠨᠠᠨ ᠰᠢᠯᠭᠠᠯᠲᠠ ᠳᠤ ᠣᠷᠣᠭᠤᠯᠬᠤ ᠦᠭᠡᠢ ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠡᠨᠧᠷᠭᠢ ᠶᠢᠨ ᠬᠤᠷᠣᠭᠳᠠᠯ ᠢ ᠠᠰ ᠲᠤ ᠨᠢ ᠵᠢᠭᠰᠠᠭᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠂ ᠡᠨᠧᠷᠭᠢ ᠶᠢᠨ ᠬᠤᠷᠣᠭᠳᠠᠯ ᠢ ᠠᠰ ᠲᠤ ᠨᠢ ᠵᠢᠭᠰᠠᠭᠠᠬᠤ ᠬᠡᠪᠴᠢᠶᠡᠨ ᠳᠤ ᠵᠢᠭᠰᠠᠭᠠᠨ ᠣᠷᠣᠭᠤᠯᠤᠭᠰᠠᠨ ᠴᠢᠬᠤᠯᠠ ᠶᠡᠭᠡ ᠲᠥᠷᠥᠯ ᠵᠦᠢᠯ ᠳᠠᠬᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠭᠦᠷᠭᠡᠯᠡᠬᠦ ᠡᠨᠧᠷᠭᠢ ᠶᠢᠨ ᠬᠤᠷᠣᠭᠳᠠᠯ ᠢ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠰᠢᠯᠭᠠᠨ ᠬᠢᠨᠠᠯᠲᠠ ᠳᠤ ᠬᠠᠷᠭᠤᠭᠤᠯᠤᠨ ᠬᠠᠰᠤᠨ᠎ᠠ ᠃ ᠡᠨᠧᠷᠭᠢ ᠬᠡᠷᠡᠭᠯᠡᠬᠦ ᠲᠥᠰᠥᠪ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ ᠂ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠪᠠᠶᠢᠭᠰᠠᠨ ᠠᠴᠠ ᠪᠠᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠲᠡᠩᠴᠡᠭᠦᠷᠢᠰᠢᠭᠦᠯᠬᠦ ᠲᠡᠶᠢᠰᠢ ᠬᠤᠪᠢᠷᠠᠭᠤᠯᠬᠤ ᠶᠢ ᠪᠡᠶᠡᠯᠡᠭᠦᠯᠵᠦ ᠂ ᠰᠢᠨ᠎ᠡ ᠪᠠᠷ ᠭᠠᠷᠭᠠᠬᠤ ᠲᠥᠷᠥᠯ ᠵᠦᠢᠯ ᠤᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠳᠤ ᠬᠡᠪ ᠳᠠᠭᠤᠷᠢᠶᠠᠯ ᠢᠶᠠᠷ ᠬᠥᠲᠥᠯᠥᠨ ᠵᠢᠯᠤᠭᠤᠳᠬᠤ ᠶᠢ ᠴᠢᠩᠭᠠᠷᠠᠭᠤᠯᠤᠨ ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠪᠠᠷ ᠪᠠᠭ᠎ᠠ ᠰᠢᠯᠢᠳᠡᠭ ᠲᠥᠷᠥᠯ ᠵᠦᠢᠯ ᠤᠨ ᠡᠨᠧᠷᠭᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠵᠦᠢ ᠵᠣᠬᠢᠰᠲᠠᠢ ᠪᠠᠲᠤᠯᠠᠵᠤ ᠂ ᠭᠠᠵᠠᠷ ᠣᠷᠣᠨ ᠤ ᠡᠨᠧᠷᠭᠢ ᠶᠢᠨ ᠬᠤᠷᠣᠭᠳᠠᠯ ᠤᠨ ᠬᠦᠴᠦᠯᠡᠴᠡ ᠳᠤ ᠦᠵᠡᠭᠦᠯᠬᠦ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠡᠬᠡᠲᠡᠢ ᠲᠥᠷᠥᠯ ᠵᠦᠢᠯ ᠤᠨ ᠨᠥᠯᠥᠭᠡ ᠶᠢ ᠪᠦᠲᠦᠮᠵᠢᠲᠡᠶ ᠠᠷᠢᠯᠭᠠᠨ᠎ᠠ ᠃ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠰᠢᠯᠭᠠᠨ ᠬᠢᠨᠠᠬᠤ ᠳᠠᠪᠲᠠᠮᠵᠢ ᠶᠢ ᠰᠢᠯᠢᠳᠡᠭᠵᠢᠭᠦᠯᠵᠦ ᠂ ︽ ᠣᠨ ᠤ ᠦᠨᠡᠯᠡᠯᠲᠡ ᠂ ᠤᠷᠲᠤᠪᠲᠤᠷ ᠬᠤᠭᠤᠴᠠᠭᠠᠨ ᠤ ᠦᠨᠡᠯᠡᠨ ᠵᠢᠱᠢᠯᠲᠡ ᠂ ᠲᠠᠪᠤᠨ ᠵᠢᠯ ᠤᠨ ᠰᠢᠯᠭᠠᠨ ᠬᠢᠨᠠᠯᠲᠠ ︾ ᠶᠢ ᠬᠡᠷᠡᠭᠵᠢᠭᠦᠯᠵᠦ ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ ᠬᠠᠷᠠᠯᠲᠠ ᠶᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠨᠢᠭᠡᠳᠦᠯᠲᠡᠢ ᠲᠥᠯᠥᠪᠯᠡᠨ ᠰᠢᠯᠭᠠᠨ ᠬᠢᠨᠠᠨ᠎ᠠ ᠃ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠲᠥᠷᠥ ᠶᠢᠨ ᠪᠣᠳᠣᠯᠭ᠎ᠠ ᠶᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠣᠷᠬᠢᠯ ᠬᠡᠮᠵᠢᠭᠳᠡᠯ ᠢ ᠪᠠᠭᠤᠷᠠᠭᠤᠯᠬᠤ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠡᠭᠦᠷᠭᠡ ᠯᠦᠭᠡ ᠵᠣᠯᠭᠠᠭᠤᠯᠬᠤ ᠪᠠᠨ ᠴᠢᠩᠭᠠᠳᠬᠠᠨ᠎ᠠ ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠵᠦ ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠲᠤᠭ᠎ᠠ ᠪᠦᠷᠢᠳᠬᠡᠯ ᠤᠨ ᠲᠣᠪᠴᠢᠶ᠎ᠠ ᠂ ᠡᠨᠧᠷᠭᠢ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶
︵ᠬᠤᠶᠠᠷ︶ ᠪᠣᠬᠢᠷᠳᠤᠯ ᠪᠣᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠳᠦᠷᠢᠮ ᠢ ᠪᠦᠷᠢᠨᠰᠢᠭᠦᠯᠦᠨ᠎ᠡ ᠃ ᠪᠣᠬᠢᠷᠳᠤᠯ ᠢ ᠲᠤᠶᠢᠯ ᠤᠨ ᠣᠨᠣᠴᠠᠲᠠᠢ ᠪᠠᠷ ᠵᠠᠰᠠᠬᠤ ᠂ ᠰᠢᠨᠵᠢᠯᠡᠬᠦ ᠤᠬᠠᠭᠠᠨᠴᠢ ᠪᠠᠷ ᠵᠠᠰᠠᠬᠤ ᠂ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ ᠂ ᠪᠣᠬᠢᠷᠳᠤᠯ ᠪᠣᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠳᠦᠷᠢᠮ ᠢ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢ ᠲᠦᠷᠭᠡᠳᠬᠡᠬᠦ ᠂ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠬᠤ ᠂ ᠣᠷᠴᠢᠨ ᠠᠬᠤᠢ ᠶᠢᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠴᠢᠬᠤᠯᠠ ᠭᠠᠷᠳᠠᠴᠠ ᠪᠣᠯᠭᠠᠵᠤ ᠂ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠭᠤᠣᠯᠳᠠᠯᠭ᠎ᠠ ᠲᠠᠢ ᠢᠨᠵᠧᠨᠧᠷᠢᠩ ᠢ ᠠᠬᠢᠭᠤᠯᠤᠨ ᠬᠡᠷᠡᠭᠵᠢᠭᠦᠯᠵᠦ ᠂ ᠪᠣᠬᠢᠷᠳᠤᠯ ᠭᠠᠳᠠᠭᠰᠢᠯᠠᠭᠤᠯᠬᠤ ᠶᠢ ᠪᠦᠲᠦᠮᠵᠢᠲᠡᠶ ᠪᠠᠭᠠᠰᠬᠠᠬᠤ ᠴᠢᠳᠠᠪᠤᠷᠢ ᠶᠢ ᠪᠤᠢ ᠪᠣᠯᠭᠠᠨ᠎ᠠ ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠪᠠᠭᠠᠰᠬᠠᠬᠤ ᠭᠦᠢᠴᠡᠳᠬᠡᠯ ᠲᠤᠭ᠎ᠠ ᠶᠢ ᠵᠠᠳᠠᠯᠬᠤ ᠠᠷᠭ᠎ᠠ ᠮᠠᠶ᠋ᠢᠭ ᠢᠶᠠᠨ ᠰᠢᠯᠢᠳᠡᠭᠵᠢᠭᠦᠯᠵᠦ ᠂ ᠬᠢᠨᠠᠨ ᠬᠡᠮᠵᠢᠵᠦ ᠪᠣᠯᠬᠤ ᠂ ᠬᠠᠷᠭᠤᠭᠤᠯᠤᠨ ᠪᠠᠶᠢᠴᠠᠭᠠᠵᠤ ᠪᠣᠯᠬᠤ ᠂ ᠰᠢᠯᠭᠠᠨ ᠬᠢᠨᠠᠵᠤ ᠪᠣᠯᠬᠤ ᠵᠠᠷᠴᠢᠮ ᠶᠣᠰᠣᠭᠠᠷ ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠭᠤᠣᠯ ᠪᠣᠯᠬᠤ ᠪᠣᠬᠢᠷᠳᠤᠯ ᠪᠣᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠪᠠᠭᠠᠰᠬᠠᠬᠤ ᠠᠵᠢᠯᠯᠠᠭᠠᠨ ᠤ ᠲᠥᠰᠥᠯ ᠢ ᠨᠠᠶᠢᠷᠠᠭᠤᠯᠤᠨ ᠵᠣᠬᠢᠶᠠᠵᠤ ᠂ ᠭᠤᠣᠯᠳᠠᠯᠭ᠎ᠠ ᠲᠠᠢ ᠪᠠᠷᠢᠯᠭ᠎ᠠ ᠶᠢᠨ ᠪᠣᠬᠢᠷᠳᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠬᠡᠮᠵᠢᠶ᠎ᠡ ᠶᠢ ᠣᠷᠣᠨ ᠨᠤᠲᠤᠭ ᠲᠤ ᠪᠠᠭᠤᠯᠭᠠᠵᠤ ᠂ ᠪᠣᠬᠢᠷᠳᠤᠯ ᠢ ᠵᠠᠰᠠᠬᠤ ᠡᠭᠦᠷᠭᠡ ᠨᠡᠯᠢᠶᠡᠳ ᠬᠦᠨᠳᠦ ᠪᠠᠶᠢᠭ᠎ᠠ ᠭᠠᠵᠠᠷ ᠣᠷᠣᠨ ᠨᠢ ᠪᠣᠬᠢᠷᠳᠤᠯ ᠭᠠᠳᠠᠭᠰᠢᠯᠠᠭᠤᠯᠬᠤ ᠪᠠᠨ ᠪᠠᠭᠠᠰᠬᠠᠬᠤ ᠡᠭᠦᠷᠭᠡ ᠶᠢ ᠬᠠᠷᠢᠴᠠᠩᠭᠤᠢ ᠢᠯᠡᠭᠦᠬᠡᠨ ᠡᠭᠦᠷᠭᠡᠯᠡᠨ᠎ᠡ ᠃ ᠡᠯ᠎ᠡ ᠭᠠᠵᠠᠷ ᠣᠷᠣᠨ ᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠢᠨᠵᠧᠨᠧᠷᠢᠩ ᠢᠶᠠᠨ ᠣᠨ ᠵᠢᠯ ᠢᠶᠠᠷ ᠨᠠᠶᠢᠳᠠᠪᠤᠷᠢᠵᠢᠭᠤᠯᠬᠤ ᠶᠢ ᠵᠢᠯᠤᠭᠤᠳᠴᠤ ᠂ ᠪᠣᠬᠢᠷᠳᠤᠯ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠪᠠᠭᠠᠰᠬᠠᠬᠤ ᠶᠢ ᠬᠠᠷᠭᠤᠭᠤᠯᠤᠨ ᠪᠠᠶᠢᠴᠠᠭᠠᠵᠤ ᠲᠣᠭᠠᠴᠠᠭ᠎ᠠ ᠬᠢᠬᠦ ᠶᠢ ᠴᠢᠩᠭᠠᠷᠠᠭᠤᠯᠤᠨ᠎ᠠ ᠃ ᠤᠯᠤᠰ ᠤᠨ ᠨᠢᠭᠡᠳᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠳᠣᠣᠷ᠎ᠠ ᠪᠣᠬᠢᠷᠳᠤᠯ ᠭᠠᠳᠠᠭᠰᠢᠯᠠᠭᠤᠯᠬᠤ ᠵᠥᠪᠰᠢᠶᠡᠷᠡᠯ ᠂ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠵᠦ ᠬᠢᠨᠠᠨ ᠵᠥᠪᠰᠢᠶᠡᠷᠡᠬᠦ ᠵᠡᠷᠭᠡ ᠳᠦᠷᠢᠮ ᠯᠦᠭᠡ ᠵᠣᠯᠭᠠᠭᠤᠯᠬᠤ ᠶᠢ ᠠᠬᠢᠭᠤᠯᠤᠨ᠎ᠠ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠬᠠᠷᠢᠭᠤᠴᠠᠨ᠎ᠠ︶
︵ ᠭᠤᠷᠪᠠ ︶ ᠡᠨᠧᠷᠭᠢ ᠶᠢᠨ ᠬᠤᠷᠣᠭᠳᠠᠯ ᠶᠡᠬᠡᠲᠡᠢ ᠭᠠᠳᠠᠭᠰᠢᠯᠠᠭᠤᠯᠤᠯᠲᠠ ᠶᠡᠬᠡᠲᠡᠢ ᠬᠢᠷᠢ ᠲᠦᠪᠰᠢᠨ ᠢᠶᠠᠷ ᠳᠣᠣᠷ᠎ᠠ ᠲᠦᠷᠦᠯ ᠵᠦᠢᠯ ᠢ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠨ᠎ᠠ ᠃ ᠠᠵᠤ ᠦᠢᠯᠡᠰ ᠤᠨ ᠵᠥᠪᠰᠢᠶᠡᠷᠡᠨ ᠣᠷᠣᠭᠤᠯᠬᠤ ᠂ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠂ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠂ ᠠᠵᠤ ᠦᠢᠯᠡᠰ ᠤᠨ ᠬᠡᠯᠬᠢᠶᠡᠨ ᠤ ᠲᠠᠯ᠎ᠠ ᠪᠠᠷ ᠡᠨᠧᠷᠭᠢ ᠶᠢᠨ ᠬᠤᠷᠣᠭᠳᠠᠯ ᠶᠡᠬᠡᠲᠡᠢ ᠭᠠᠳᠠᠭᠰᠢᠯᠠᠭᠤᠯᠤᠯᠲᠠ ᠶᠡᠬᠡᠲᠡᠢ ᠲᠥᠷᠥᠯ ᠵᠦᠢᠯ
︵ ᠳᠣᠷᠣᠭᠰᠢ ︽ᠬᠤᠶᠠᠷ ᠶᠡᠬᠡᠲᠡᠢ︾ ᠲᠥᠷᠥᠯ ᠵᠦᠢᠯ ᠭᠡᠵᠦ ᠲᠣᠪᠴᠢᠯᠠᠨ᠎ᠠ ︶ ᠢ ᠴᠢᠩᠭ᠎ᠠ ᠬᠢᠵᠠᠭᠠᠷᠯᠠᠨ᠎ᠠ ᠃ ᠤᠯᠤᠰ ᠤᠨ ᠠᠵᠤ ᠦᠢᠯᠡᠰ ᠤᠨ ᠲᠥᠯᠦᠪᠵᠢᠭᠦᠯᠭᠡ ᠪᠠᠶᠢᠷᠢᠰᠢᠭᠤᠯᠤᠯᠲᠠ ᠶᠢᠨ ᠲᠥᠰᠥᠯ ᠳᠤ ᠵᠢᠭᠰᠠᠭᠠᠨ ᠣᠷᠣᠭᠤᠯᠤᠭᠰᠠᠨ ᠠᠴᠠ ᠪᠤᠰᠤᠳ ᠢ ᠨᠢ ᠥᠪᠡᠷᠲᠡᠭᠡᠨ ᠵᠠᠰᠠᠬᠤ ᠣᠷᠣᠨ ᠤ ︽︿ᠠᠷᠪᠠᠨ ᠳᠥᠷᠪᠡᠳᠦᠭᠡᠷ ᠲᠠᠪᠤᠨ
ᠵᠢᠯ﹀ ᠤᠨ ᠲᠥᠯᠦᠪᠵᠢᠭᠦᠯᠭᠡ ᠶᠢᠨ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠪᠠᠨ ᠦᠨᠡᠨ ᠬᠦ ᠪᠠᠲᠤᠯᠠᠬᠤ ᠲᠤᠬᠠᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠨᠦᠭᠦᠳ︾ ︽︿ᠬᠤᠶᠠᠷ ᠶᠡᠬᠡᠲᠡᠢ ﹀ ᠲᠥᠷᠥᠯ ᠵᠦᠢᠯ ᠢ ᠳᠣᠣᠷ᠎ᠠ ᠬᠢᠷᠢ ᠲᠦᠪᠰᠢᠨ ᠲᠠᠢ ᠪᠠᠷ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠬᠤ ᠬᠠᠮᠢᠶᠠᠷᠤᠨ ᠡᠵᠡᠮᠳᠡᠬᠦ ᠭᠠᠷᠴᠠᠭ︾ ᠤᠨ ᠲᠣᠭᠲᠠᠭᠠᠯ ᠢ ᠴᠢᠩᠭ᠎ᠠ ᠵᠢᠷᠤᠮᠯᠠᠨ ᠂ ︽ᠬᠤᠶᠠᠷ ᠶᠡᠬᠡᠲᠡᠢ ︾ ᠠᠵᠢᠯ ᠲᠥᠷᠥᠯ ᠤᠨ ᠰᠢᠨ᠎ᠡ ᠪᠠᠷ ᠨᠡᠮᠡᠭᠳᠡᠬᠦ ᠦᠢᠯᠡᠳᠪᠦᠷᠢᠯᠡᠬᠦ ᠴᠢᠳᠠᠪᠤᠷᠢ ᠂ ᠰᠢᠨ᠎ᠡ ᠪᠠᠷ ᠭᠠᠷᠭᠠᠬᠤ ᠲᠥᠷᠥᠯ ᠵᠦᠢᠯ ᠢ ᠴᠢᠩᠭ᠎ᠠ ᠡᠵᠡᠮᠳᠡᠨ᠎ᠡ ᠃ ︽ᠬᠤᠶᠠᠷ ᠶᠡᠬᠡᠲᠡᠢ ︾ ᠠᠵᠢᠯ ᠲᠥᠷᠥᠯ ᠤᠨ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠵᠤ ᠂ ᠴᠢᠯᠠᠭᠤᠨ ᠲᠣᠰᠣ ᠪᠠ ᠬᠢᠮᠢ ᠂ ᠬᠡᠦᠷᠰᠢᠭᠦᠯᠬᠦ ᠂ ᠬᠢᠮᠢ ᠶᠢᠨ ᠠᠵᠤ ᠦᠢᠯᠡᠳᠪᠦᠷᠢ ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠂ ᠪᠠᠷᠢᠯᠭ᠎ᠠ ᠶᠢᠨ ᠮᠠᠲ᠋ᠧᠷᠢᠶᠠᠯ ᠂ ᠪᠣᠯᠣᠳ ᠲᠡᠮᠦᠷ ᠂ ᠥᠩᠭᠡᠲᠦ ᠲᠡᠮᠦᠷᠯᠢᠭ ᠂ ᠨᠡᠭᠦᠷᠡᠰᠦ ᠴᠠᠬᠢᠯᠭᠠᠨ ᠵᠡᠷᠭᠡ ᠨᠠᠢᠮᠠᠨ ᠶᠡᠭᠡ ᠠᠵᠢᠯ ᠲᠥᠷᠥᠯ ᠤᠨ 5 ᠲᠦᠮᠡᠨ ᠲᠣᠨ ᠤ ᠪᠠᠷᠢᠮᠵᠢᠶᠠᠲᠤ ᠨᠡᠭᠦᠷᠡᠰᠦ ᠠᠴᠠ ᠳᠡᠭᠡᠭᠰᠢᠬᠢ ᠲᠥᠷᠥᠯ ᠵᠦᠢᠯ ᠢ ᠵᠢᠷᠤᠭᠯᠠᠨ ᠲᠥᠯᠥᠪᠯᠡᠬᠦ ᠪᠠᠷ ᠭᠤᠣᠯᠳᠠᠯᠭ᠎ᠠ ᠪᠣᠯᠭᠠᠨ ᠂ ᠪᠠᠶᠢᠭᠤᠯᠵᠤ ᠪᠠᠶᠢᠭ᠎ᠠ ᠂ ᠪᠠᠶᠢᠭᠤᠯᠬᠤ ᠪᠠᠷ ᠪᠠᠶᠢᠭ᠎ᠠ ᠂ ᠦᠯᠡᠳᠡᠭᠡᠯ ︽ᠬᠤᠶᠠᠷ ᠶᠡᠬᠡᠲᠡᠢ︾ ᠲᠥᠷᠥᠯ ᠵᠦᠢᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ ᠂ ᠨᠠᠷᠢᠨ ᠬᠠᠭᠤᠳᠠᠰᠤᠨ ᠤ ᠬᠠᠮᠢᠶᠠᠷᠤᠯᠲᠠ ᠂ ᠲᠥᠷᠥᠯ ᠬᠤᠪᠢᠶᠠᠨ ᠰᠢᠢᠳᠪᠦᠷᠢᠯᠡᠬᠦ ᠂ ᠬᠥᠳᠡᠯᠦᠩᠭᠦᠢ ᠪᠠᠷ ᠬᠢᠨᠠᠨ ᠡᠵᠡᠮᠳᠡᠬᠦ ᠶᠢ ᠬᠡᠷᠡᠭᠵᠢᠭᠦᠯᠦᠨ᠎ᠡ ᠃ ︽ᠡᠨᠧᠷᠭᠢ ᠶᠢᠨ ᠠᠰᠢᠭᠯᠠᠮᠵᠢ ᠶᠢᠨ ᠬᠢᠵᠠᠭᠠᠷᠯᠠᠯ ᠢ ᠴᠢᠩᠳᠠᠯᠠᠵᠤ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠠᠵᠢᠯ ᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠥᠯ︾ ᠤᠨ ᠶᠣᠰᠣᠭᠠᠷ ᠂ ᠠᠵᠤ ᠠᠬᠤᠶᠢᠯᠠᠯ ᠤᠨ ᠡᠨᠧᠷᠭᠢ ᠶᠢᠨ ᠠᠰᠢᠭᠯᠠᠮᠵᠢ ᠶᠢᠨ ᠨᠠᠷᠢᠨ ᠬᠠᠭᠤᠳᠠᠰᠤ ᠶᠢ ᠪᠠᠶᠢᠭᠤᠯᠵᠤ ᠂ ᠠᠵᠢᠯ ᠲᠥᠷᠥᠯ ᠤᠨ ᠡᠨᠧᠷᠭᠢ ᠶᠢᠨ ᠠᠰᠢᠭᠯᠠᠮᠵᠢ ᠶᠢᠨ ᠰᠠᠭᠤᠷᠢ ᠪᠠᠷᠢᠮᠵᠢᠶ᠎ᠠ ᠶᠢᠨ ᠬᠢᠷᠢ ᠬᠡᠮᠵᠢᠶ᠎ᠡ ᠠᠴᠠ ᠳᠣᠣᠷ᠎ᠠ ᠪᠠᠶᠢᠭ᠎ᠠ ᠦᠯᠡᠳᠡᠭᠡᠯ ᠲᠥᠷᠥᠯ ᠵᠦᠢᠯ ᠢ ᠮᠡᠷᠭᠡᠵᠢᠯ ᠤᠨ ᠥᠭᠡᠷᠡᠴᠢᠯᠡᠯᠲᠡ ᠪᠠᠷ ᠳᠠᠮᠵᠢᠭᠤᠯᠤᠨ ᠪᠦᠬᠦᠨ ᠢ ᠤᠯᠤᠰ ᠤᠨ ᠰᠠᠭᠤᠷᠢ ᠪᠠᠷᠢᠮᠵᠢᠶ᠎ᠠ ᠶᠢᠨ ᠬᠢᠷᠢ ᠬᠡᠮᠵᠢᠶ᠎ᠡ ᠳᠤ ᠬᠦᠷᠦᠭᠦᠯᠦᠨ᠎ᠡ﹔ ᠡᠨᠧᠷᠭᠢ ᠶᠢᠨ ᠠᠰᠢᠭᠯᠠᠮᠵᠢ ᠨᠢ ᠬᠡᠪ ᠳᠠᠭᠤᠷᠢᠶᠠᠯ ᠤᠨ ᠬᠢᠷᠢ ᠬᠡᠮᠵᠢᠶ᠎ᠡ ᠪᠠ ᠰᠠᠭᠤᠷᠢ ᠪᠠᠷᠢᠮᠵᠢᠶ᠎ᠠ ᠶᠢᠨ ᠬᠢᠷᠢ ᠬᠡᠮᠵᠢᠶ᠎ᠡ ᠶᠢᠨ ᠬᠤᠭᠤᠷᠣᠨᠳᠤ ᠪᠠᠶᠢᠬᠤ ᠲᠥᠷᠥᠯ ᠵᠦᠢᠯ ᠳᠤ ᠂ ᠤᠯᠤᠰ ᠤᠨ ᠬᠡᠪ ᠳᠠᠭᠤᠷᠢᠶᠠᠯ ᠤᠨ ᠬᠢᠷᠢ ᠬᠡᠮᠵᠢᠶ᠎ᠡ ᠪᠠᠷ ᠯᠠᠪᠯᠠᠯᠲᠠ ᠪᠣᠯᠭᠠᠵᠤ ᠥᠭᠡᠷᠡᠴᠢᠯᠡᠨ ᠲᠠᠰ ᠳᠡᠪᠰᠢᠭᠦᠯᠬᠦ ᠶᠢ ᠵᠣᠷᠢᠭᠵᠢᠭᠤᠯᠵᠤ ᠂ ᠠᠵᠢᠯ ᠲᠥᠷᠥᠯ ᠤᠨ ᠡᠨᠧᠷᠭᠢ ᠶᠢᠨ ᠠᠰᠢᠭᠯᠠᠮᠵᠢ ᠶᠢᠨ ︽ ᠳᠠᠭᠠᠭᠤᠯᠤᠭᠴᠢ ︾ ᠶᠢᠨ ᠨᠡᠷᠡᠰ ᠲᠤ ᠤᠷᠤᠭᠤᠯᠬᠤ ᠪᠠᠷ ᠴᠢᠷᠮᠠᠶᠢᠨ᠎ᠠ﹔ ᠰᠢᠨ᠎ᠡ ᠪᠠᠷ ᠪᠠᠶᠢᠭᠤᠯᠬᠤ ᠲᠦᠷᠦᠯ ᠵᠦᠢᠯ ᠪᠦᠬᠦᠨ ᠢ ᠤᠯᠤᠰ ᠤᠨ ᠡᠨᠧᠷᠭᠢ ᠶᠢᠨ ᠠᠰᠢᠭᠯᠠᠮᠵᠢ ᠶᠢᠨ ᠬᠡᠪ ᠳᠠᠭᠤᠷᠢᠶᠠᠯ ᠤᠨ ᠬᠢᠷᠢ ᠬᠡᠮᠵᠢᠶ᠎ᠡ ᠪᠠᠷ ᠵᠢᠷᠤᠵᠤ ᠲᠥᠯᠥᠪᠯᠡᠨ ᠪᠦᠲᠦᠭᠡᠨ ᠪᠠᠶᠢᠭᠤᠯᠤᠨ᠎ᠠ﹔ᠥᠭᠡᠷᠡᠴᠢᠯᠡᠯᠲᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠵᠦ ᠳᠡᠶᠢᠯᠬᠦ ᠦᠭᠡᠢ ᠲᠥᠷᠥᠯ ᠵᠦᠢᠯ ᠢ ᠲᠠᠰᠤᠷᠬᠠᠢ ᠰᠢᠭᠰᠢᠭᠳᠡᠭᠦᠯᠵᠦ ᠂ ᠰᠢᠭᠰᠢᠭᠳᠡᠭᠦᠯᠬᠦ ᠴᠠᠭ ᠬᠤᠭᠤᠴᠠᠭ᠎ᠠ ᠶᠢ 3 ᠵᠢᠯ ᠠᠴᠠ ᠬᠡᠲᠦᠷᠡᠭᠦᠯᠵᠦ ᠪᠣᠯᠬᠤ ᠦᠭᠡᠢ ᠃ ︽ᠬᠤᠶᠠᠷ ᠶᠡᠬᠡᠲᠡᠢ ︾ ᠲᠥᠷᠥᠯ ᠵᠦᠢᠯ ᠤᠨ ᠪᠥᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠂ ᠲᠣᠭᠲᠠᠭᠠᠯ ᠠᠴᠠ ᠵᠥᠷᠢᠴᠡᠨ ᠬᠢᠨᠠᠵᠤ ᠵᠥᠪᠰᠢᠶᠡᠷᠡᠭᠰᠡᠨ ᠂ ᠵᠥᠪᠰᠢᠶᠡᠷᠡᠭᠦᠯᠦᠭᠡᠳᠦᠢ ᠪᠠᠷ ᠪᠠᠶᠢᠭᠤᠯᠤᠭᠰᠠᠨ ᠂ ᠵᠥᠪᠰᠢᠶᠡᠷᠡᠭᠦᠯᠦᠭᠰᠡᠨ ᠪᠠ ᠪᠠᠶᠢᠭᠤᠯᠤᠭᠰᠠᠨ ᠨᠢ ᠬᠠᠷᠢᠯᠴᠠᠨ ᠨᠡᠶᠢᠴᠡᠬᠦ ᠦᠭᠡᠢ ᠂ ᠴᠣᠬᠤᠯᠠᠪᠤᠷᠢ ᠠᠴᠠ ᠳᠠᠪᠠᠭᠤᠯᠤᠨ ᠡᠨᠧᠷᠭᠢ ᠬᠡᠷᠡᠭᠯᠡᠭᠰᠡᠨ ᠂ ᠪᠠᠷᠢᠮᠵᠢᠶ᠎ᠠ ᠠᠴᠠ ᠬᠡᠲᠦᠷᠡᠭᠦᠯᠦᠨ ᠭᠠᠳᠠᠭᠰᠢᠯᠠᠭᠤᠯᠤᠭᠰᠠᠨ ︽ᠬᠤᠶᠠᠷ ᠶᠡᠬᠡᠲᠡᠢ︾ ᠲᠥᠷᠥᠯ ᠵᠦᠢᠯ ᠢ ᠡᠷᠡᠰ ᠵᠣᠭᠰᠣᠭᠠᠵᠤ ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ ᠃ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ ᠂
︽ᠬᠤᠶᠠᠷ ᠶᠡᠬᠡᠲᠡᠢ︾ ᠲᠥᠷᠥᠯ ᠵᠦᠢᠯ ᠤᠨ ᠪᠡᠯᠡ ᠲᠣᠬᠢᠷᠠᠭᠤᠯᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠡᠨᠧᠷᠭᠢ ᠶᠢᠨ ᠲᠣᠪᠴᠢᠶ᠎ᠠ ᠲᠦᠷᠦᠭᠦᠯᠡᠵᠦ ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶
︵ᠳᠥᠷᠪᠡ︶ ᠬᠠᠤᠯᠢ ᠲᠣᠭᠲᠠᠭᠠᠯ ᠪᠠ ᠪᠠᠷᠢᠮᠵᠢᠶ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠎ᠡ ᠃ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠨᠧᠷᠭᠢ ᠠᠷᠪᠢᠯᠠᠬᠤ ᠬᠠᠤᠯᠢ ︾ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠯ ᠠᠵᠤ ᠠᠬᠤᠢ ᠶᠢ ᠠᠬᠢᠭᠤᠯᠬᠤ ᠬᠠᠤᠯᠢ ︾ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠬᠠᠤᠯᠢ ︾ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠬᠠᠤᠯᠢ ︾ ᠵᠢᠴᠢ ︽ ᠠᠮᠢ ᠠᠬᠤᠢ ᠣᠷᠴᠢᠨ ᠲᠣᠭᠤᠷᠢᠨ ᠢ ᠬᠢᠨᠠᠨ ᠰᠢᠨᠵᠢᠬᠦ ᠳᠦᠷᠢᠮ ︾ ︽ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠳᠦᠷᠢᠮ ︾ ︽ ᠤᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠳᠦᠷᠢᠮ ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ ᠃ ᠨᠢᠭᠡ ᠪᠦᠯᠦᠭ ︽ᠬᠤᠶᠠᠷ ᠶᠡᠬᠡᠲᠡᠢ︾ ᠠᠵᠢᠯ ᠲᠥᠷᠥᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠠᠷᠪᠢᠯᠠᠬᠤ ᠣᠷᠣᠨ ᠨᠤᠲᠤᠭ ᠤᠨ ᠪᠠᠷᠢᠮᠵᠢᠶ᠎ᠠ ᠳᠤ ᠵᠠᠰᠠᠪᠤᠷᠢ ᠣᠷᠣᠭᠤᠯᠵᠤ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠨᠧᠷᠭᠢ ᠠᠷᠪᠢᠯᠠᠬᠤ ᠬᠠᠤᠯᠢ﹀ ᠶᠢ ᠬᠡᠷᠡᠭᠵᠢᠭᠦᠯᠬᠦ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠶᠢᠨ ᠬᠡᠷᠡᠭᠵᠢᠭᠦᠯᠬᠦ ᠠᠷᠭ᠎ᠠ︾ ᠵᠡᠷᠭᠡ ᠳᠤ ᠵᠠᠰᠠᠪᠤᠷᠢ ᠣᠷᠣᠭᠤᠯᠤᠨ᠎ᠠ ᠃ ᠤᠯᠤᠰ ᠤᠨ ᠱᠠᠭᠠᠷᠳᠠᠯᠭ᠎ᠠ ᠶᠣᠰᠣᠭᠠᠷ ᠂ ᠡᠨᠧᠷᠭᠢ ᠶᠢᠨ ᠠᠰᠢᠭᠯᠠᠮᠵᠢ ᠂ ᠤᠰᠤᠨ ᠤ ᠠᠰᠢᠭᠯᠠᠮᠵᠢ ᠶᠢᠨ ︽ᠳᠠᠭᠠᠭᠤᠯᠤᠭᠴᠢ︾ ᠪᠠᠷ ᠬᠥᠲᠥᠯᠥᠨ ᠳᠠᠭᠠᠭᠤᠯᠬᠤ ᠠᠵᠢᠯᠯᠠᠭᠠᠨ ᠢ ᠭᠦᠨᠵᠡᠭᠡᠢ ᠥᠷᠨᠢᠭᠦᠯᠦᠨ᠎ᠡ ᠃ ᠡᠨᠧᠷᠭᠢ ᠶᠢᠨ ᠬᠤᠷᠣᠭᠳᠠᠯ ᠤᠨ ᠬᠢᠵᠠᠭᠠᠷ ᠲᠣᠭᠠᠨ ᠤ ᠪᠠᠷᠢᠮᠵᠢᠶ᠎ᠠ ᠪᠠ ᠪᠣᠬᠢᠷᠳᠤᠯ ᠪᠣᠳᠠᠰ ᠢ ᠭᠠᠳᠠᠭᠰᠢᠯᠠᠭᠤᠯᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ ᠂ ᠤᠯᠤᠰ ᠤᠨ ᠰᠠᠭᠤᠭᠠᠯᠢ ᠠᠷᠠᠳ ᠤᠨ ᠬᠡᠷᠡᠭᠯᠡᠭᠡᠨ ᠤ ᠵᠦᠢᠯ ᠤᠨ ᠳᠡᠭᠳᠡᠮᠡᠬᠡᠢ ᠣᠷᠭᠠᠨᠢᠭ ᠪᠣᠳᠠᠰ ᠤᠨ ᠠᠭᠤᠯᠤᠭᠳᠠᠴᠠ ᠶᠢ ᠬᠢᠵᠠᠭᠠᠷᠯᠠᠬᠤ ᠪᠠᠷᠢᠮᠵᠢᠶ᠎ᠠ ᠪᠠ ᠳᠡᠭᠳᠡᠮᠡᠬᠡᠢ ᠣᠷᠭᠠᠨᠢᠭ ᠪᠣᠳᠠᠰ ᠲᠤ ᠬᠤᠯᠪᠣᠭᠳᠠᠬᠤ ᠭᠤᠣᠯᠳᠠᠯᠭ᠎ᠠ ᠲᠠᠢ ᠠᠵᠢᠯ ᠲᠦᠷᠦᠯ ᠤᠨ ᠠᠭᠠᠷ ᠮᠠᠨᠳᠠᠯ ᠤᠨ ᠪᠣᠬᠢᠷᠳᠤᠯ ᠢ ᠭᠠᠳᠠᠭᠰᠢᠯᠠᠭᠤᠯᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ ᠂ ᠭᠠᠳᠠᠭᠠᠳᠤ ᠠᠴᠠ ᠣᠷᠣᠭᠤᠯᠬᠤ ᠵᠠᠮ ᠬᠠᠷᠢᠯᠴᠠᠭᠠᠨ ᠤ ᠪᠤᠰᠤ ᠰᠢᠯᠵᠢᠮᠡᠯ ᠮᠧᠬᠠᠨᠢᠭ ᠪᠠ ᠬᠥᠳᠡᠯᠭᠡᠭᠦᠷ ᠲᠤ ᠤᠯᠤᠰ ᠤᠨ ᠤᠳᠤ ᠶᠢᠨ ᠬᠡᠷᠡᠭᠵᠢᠭᠦᠯᠵᠦ ᠪᠠᠶᠢᠭ᠎ᠠ ᠰᠢᠨ᠎ᠡ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠭᠠᠳᠠᠭᠰᠢᠯᠠᠭᠤᠯᠬᠤ ᠪᠠᠷᠢᠮᠵᠢᠶ᠎ᠠ ᠶᠢ ᠬᠡᠷᠡᠭᠵᠢᠭᠦᠯᠦᠨ᠎ᠡ ᠃ ︵ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠬᠠᠤᠯᠢ ᠴᠠᠭᠠᠵᠠ ᠶᠢᠨ ᠲᠢᠩᠬᠢᠮ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠡᠳ᠋ ᠤᠨ ᠵᠠᠰᠠᠭ ᠤᠨ ᠲᠢᠩᠬᠢᠮ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶
︵ᠲᠠᠪᠤ︶ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ ᠃ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠳᠤ ᠦᠵᠡᠭᠦᠯᠬᠦ ᠡᠳ᠋ ᠤᠨ ᠵᠠᠰᠠᠭ ᠤᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠂ ᠲᠤᠰᠬᠠᠢ ᠵᠦᠢᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠂ ᠡᠨᠧᠷᠭᠢ ᠠᠷᠪᠢᠯᠠᠬᠤ ᠥᠭᠡᠷᠡᠴᠢᠯᠡᠯᠲᠡ ᠂ ᠶᠡᠷᠦᠩᠬᠡᠶᠢᠯᠡᠭᠰᠡᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠂ ᠬᠤᠴᠤᠷᠤᠩᠭᠤᠢ ᠦᠢᠯᠡᠳᠪᠦᠷᠢᠯᠡᠬᠦ ᠴᠢᠳᠠᠪᠤᠷᠢ ᠶᠢ ᠰᠢᠭᠰᠢᠬᠦ ᠪᠠ ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠶᠢ ᠠᠷᠢᠯᠭᠠᠬᠤ ᠂ ᠡᠨᠧᠷᠭᠢ ᠠᠷᠪᠢᠯᠠᠬᠤ ᠴᠢᠬᠤᠯᠠ ᠶᠡᠭᠡ ᠮᠡᠷᠭᠡᠵᠢᠯ ᠢ ᠰᠤᠳᠤᠯᠤᠨ ᠨᠡᠭᠡᠭᠡᠬᠦ ᠪᠠ ᠠᠵᠤ ᠦᠢᠯᠡᠰᠵᠢᠭᠦᠯᠦᠨ ᠵᠢᠱᠢᠶ᠎ᠡ ᠦᠵᠡᠭᠦᠯᠬᠦ ᠵᠡᠷᠭᠡ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠭᠤᠣᠯᠳᠠᠯᠭ᠎ᠠ ᠲᠠᠢ ᠢᠨᠵᠧᠨᠧᠷᠢᠩ ᠳᠤ ᠪᠡᠯᠡ ᠮᠥᠩᠭᠦᠨ ᠤ ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠤᠨ᠎ᠠ ᠃ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠬᠠᠮᠢᠶ᠎ᠠ ᠪᠦᠬᠦᠢ ᠲᠤᠰᠬᠠᠢ ᠵᠦᠢᠯ ᠤᠨ ᠪᠠ ᠤᠯᠤᠰ ᠤᠨ ᠡᠨᠧᠷᠭᠢ ᠠᠷᠪᠢᠯᠠᠬᠤ ᠠᠵᠢᠯ ᠤᠨ ᠲᠤᠰᠬᠠᠢ ᠵᠦᠢᠯ ᠤᠨ ᠱᠠᠩᠨᠠᠯ ᠤᠨ ᠪᠡᠯᠡ ᠮᠥᠩᠭᠦ ᠵᠡᠷᠭᠡ ᠶᠢ ᠢᠳᠡᠪᠬᠢᠯᠡᠨ ᠣᠯᠵᠤ ᠂ ᠡᠨᠧᠷᠭᠢ ᠠᠷᠪᠢᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠦᠨᠡᠯᠡᠯᠲᠡ ᠬᠢᠵᠦ ᠰᠢᠯᠭᠠᠨ ᠬᠢᠨᠠᠭᠰᠠᠨ ᠦᠷ᠎ᠡ ᠳ᠋ᠦᠩ ᠨᠢ ᠳᠠᠪᠠᠭᠤᠯᠤᠨ ᠪᠡᠶᠡᠯᠡᠭᠦᠯᠦᠭᠰᠡᠨ ᠳᠡᠰ ᠲᠤ ᠬᠦᠷᠦᠭᠰᠡᠨ ᠭᠠᠵᠠᠷ ᠣᠷᠣᠨ ᠢ ᠱᠠᠩᠨᠠᠨ ᠬᠥᠬᠢᠭᠦᠯᠦᠨ᠎ᠡ ᠃ ᠡᠨᠧᠷᠭᠢ ᠠᠷᠪᠢᠯᠠᠬᠤ ᠴᠠᠬᠢᠯᠭᠠᠨ ᠤ ᠦᠨ᠎ᠡ ᠶᠢᠨ ᠲᠠᠯ᠎ᠠ ᠳᠠᠬᠢ ᠨᠠᠩ ᠡᠷᠴᠢᠮᠲᠡᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠂ ᠡᠨᠧᠷᠭᠢ ᠶᠢᠨ ᠬᠤᠷᠣᠭᠳᠠᠯ ᠶᠡᠬᠡᠲᠡᠢ ᠠᠵᠢᠯ ᠲᠥᠷᠥᠯ ᠤᠨ ᠴᠠᠬᠢᠯᠭᠠᠨ ᠤ ᠦᠨ᠎ᠡ ᠶᠢᠨ ᠲᠥᠷᠥ ᠶᠢᠨ ᠪᠣᠳᠣᠯᠭ᠎ᠠ ᠪᠠ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠵᠦ ᠂ 10 ᠺᠢᠯᠤᠸᠤᠯᠲ ᠵᠢᠴᠢ ᠲᠡᠭᠦᠨ ᠠᠴᠠ ᠳᠡᠭᠡᠭᠰᠢᠬᠢ ᠡᠨᠧᠷᠭᠢ ᠶᠢᠨ ᠬᠤᠷᠣᠭᠳᠠᠯ ᠶᠡᠬᠡᠲᠡᠢ ᠠᠵᠢᠯ ᠲᠥᠷᠥᠯ ᠤᠨ ᠬᠡᠷᠡᠭᠯᠡᠭᠴᠢᠳ ᠪᠦᠬᠦᠨ ᠢ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠲᠤ ᠣᠷᠣᠭᠤᠯᠵᠤ ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠡᠨᠧᠷᠭᠢ ᠶᠢᠨ ᠬᠤᠷᠣᠭᠳᠠᠯ ᠶᠡᠬᠡᠲᠡᠢ ᠠᠵᠢᠯ ᠲᠥᠷᠥᠯ ᠤᠨ ᠴᠠᠬᠢᠯᠭᠠᠨ ᠬᠡᠷᠡᠭᠯᠡᠬᠦ ᠠᠵᠤ ᠠᠬᠤᠶᠢᠯᠠᠯ ᠤᠨ ᠠᠷᠠᠯᠵᠢᠶᠠᠯᠠᠬᠤ ᠴᠠᠬᠢᠯᠭᠠᠨ ᠤ ᠦᠨ᠎ᠡ ᠶᠢ ᠳᠡᠭᠡᠭᠰᠢᠯᠡᠭᠦᠯᠬᠦ ᠶᠢ ᠬᠢᠵᠠᠭᠠᠷᠯᠠᠬᠤ ᠦᠭᠡᠢ ᠃ ᠵᠥᠷᠢᠶᠡᠲᠦ ᠴᠠᠬᠢᠯᠭᠠᠨ ᠤ ᠦᠨ᠎ᠡ ᠶᠢᠨ ᠲᠥᠷᠥ ᠶᠢᠨ ᠪᠣᠳᠣᠯᠭ᠎ᠠ ᠶᠢ ᠡᠮᠬᠢᠯᠡᠨ ᠨᠡᠶᠢᠯᠡᠭᠦᠯᠵᠦ ᠂ ᠡᠨᠧᠷᠭᠢ ᠶᠢᠨ ᠬᠤᠷᠣᠭᠳᠠᠯ ᠶᠡᠬᠡᠲᠡᠢ ᠠᠵᠢᠯ ᠲᠥᠷᠥᠯ ᠤᠨ ᠱᠠᠲᠤᠯᠢᠭ ᠴᠠᠬᠢᠯᠭᠠᠨ ᠤ ᠦᠨ᠎ᠡ ᠶᠢᠨ ᠨᠢᠭᠡᠳᠦᠯᠲᠡᠢ ᠳᠦᠷᠢᠮ ᠢ ᠪᠠᠶᠢᠭᠤᠯᠤᠨ ᠂ ᠡᠨᠧᠷᠭᠢ ᠶᠢᠨ ᠠᠰᠢᠭᠯᠠᠮᠵᠢ ᠨᠢ ᠰᠠᠭᠤᠷᠢ ᠪᠠᠷᠢᠮᠵᠢᠶ᠎ᠠ ᠶᠢᠨ ᠬᠢᠷᠢ ᠬᠡᠮᠵᠢᠶ᠎ᠡ ᠳᠤ ᠬᠦᠷᠦᠭᠰᠡᠨ ᠤᠤᠯ ᠤᠨ ᠪᠠᠶᠢᠭ᠎ᠠ ᠠᠵᠤ ᠠᠬᠤᠶᠢᠯᠠᠯ ᠪᠠ ᠡᠨᠧᠷᠭᠢ ᠶᠢᠨ ᠠᠰᠢᠭᠯᠠᠮᠵᠢ ᠨᠢ ᠬᠡᠪ ᠳᠠᠭᠤᠷᠢᠶᠠᠯ ᠤᠨ ᠬᠢᠷᠢ ᠬᠡᠮᠵᠢᠶ᠎ᠡ ᠳᠤ ᠬᠦᠷᠦᠭᠰᠡᠨ ᠪᠠᠶᠢᠭᠤᠯᠵᠤ ᠪᠠᠶᠢᠭ᠎ᠠ ᠂ ᠪᠠᠶᠢᠭᠤᠯᠬᠤ ᠪᠠᠷ ᠪᠠᠶᠢᠭ᠎ᠠ ᠠᠵᠤ ᠠᠬᠤᠶᠢᠯᠠᠯ ᠤᠨ ᠬᠡᠷᠡᠭᠯᠡᠬᠦ ᠴᠠᠬᠢᠯᠭᠠᠨ ᠤ ᠦᠨ᠎ᠡ ᠶᠢ ᠨᠡᠮᠡᠬᠦ ᠦᠭᠡᠢ ᠂ ᠡᠨᠧᠷᠭᠢ ᠶᠢᠨ ᠠᠰᠢᠭᠯᠠᠮᠵᠢ ᠨᠢ ᠰᠠᠭᠤᠷᠢ ᠪᠠᠷᠢᠮᠵᠢᠶ᠎ᠠ ᠶᠢᠨ ᠬᠢᠷᠢ ᠬᠡᠮᠵᠢᠶ᠎ᠡ ᠳᠤ ᠬᠦᠷᠦᠭᠰᠡᠨ ᠦᠭᠡᠢ ᠠᠵᠤ ᠠᠬᠤᠶᠢᠯᠠᠯ ᠳᠤ ᠡᠨᠧᠷᠭᠢ ᠶᠢᠨ ᠠᠰᠢᠭᠯᠠᠮᠵᠢ ᠶᠢᠨ ᠬᠢᠷᠢ ᠬᠡᠮᠵᠢᠶ᠎ᠡ ᠶᠢᠨ ᠵᠥᠷᠢᠶ᠎ᠡ ᠶᠢ ᠦᠨᠳᠦᠰᠦᠯᠡᠨ ᠱᠠᠲᠤᠯᠢᠭ ᠴᠠᠬᠢᠯᠭᠠᠨ ᠤ ᠦᠨ᠎ᠡ ᠶᠢ ᠬᠡᠷᠡᠭᠵᠢᠭᠦᠯᠦᠨ᠎ᠡ﹔ ᠡᠨᠧᠷᠭᠢ ᠶᠢᠨ ᠬᠤᠷᠣᠭᠳᠠᠯ ᠶᠡᠬᠡᠲᠡᠢ ᠠᠵᠢᠯ ᠲᠦᠷᠦᠯ ᠤᠨ ᠬᠢᠵᠠᠭᠠᠷᠯᠠᠬᠤ ᠲᠦᠷᠦᠯ ᠤᠨ ᠦᠢᠯᠡᠳᠪᠦᠷᠢᠯᠡᠬᠦ ᠴᠢᠳᠠᠪᠤᠷᠢ ︵ ᠲᠣᠨᠣᠭᠯᠠᠯ ︶ ᠳᠤ ᠦᠷᠭᠦᠯᠵᠢᠯᠡᠨ ᠰᠢᠢᠳᠬᠡᠯ ᠤᠨ ᠴᠢᠨᠠᠷᠲᠠᠢ ᠠᠷᠠᠯᠵᠢᠶᠠᠨ ᠤ ᠴᠠᠬᠢᠯᠭᠠᠨ ᠤ ᠦᠨ᠎ᠡ ᠶᠢ ᠬᠡᠷᠡᠭᠵᠢᠭᠦᠯᠦᠨ᠎ᠡ ᠃ ᠦᠨ᠎ᠡ ᠨᠡᠮᠡᠭᠰᠡᠨ ᠴᠠᠬᠢᠯᠭᠠᠨ ᠤ ᠰᠦᠢᠳᠬᠡᠯ ᠢ ᠠᠵᠤ ᠠᠬᠤᠶᠢᠯᠠᠯ ᠤᠨ ᠡᠨᠧᠷᠭᠢ ᠠᠷᠪᠢᠯᠠᠨ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠮᠡᠷᠭᠡᠵᠢᠯ ᠤᠨ ᠥᠭᠡᠷᠡᠴᠢᠯᠡᠯᠲᠡ ᠶᠢ ᠳᠡᠮᠵᠢᠬᠦ ᠳᠤ ᠲᠤᠰᠬᠠᠢ ᠬᠡᠷᠡᠭᠯᠡᠨ᠎ᠡ ᠃ ᠨᠣᠭᠤᠭᠠᠨ ᠮᠥᠩᠭᠦᠨ ᠭᠦᠢᠯᠭᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠵᠦ ᠂ ᠨᠣᠭᠤᠭᠠᠨ ᠢᠲᠡᠭᠡᠮᠵᠢᠲᠦ ᠵᠢᠭᠡᠯᠡᠯᠭᠡ ᠶᠢ ᠶᠡᠭᠡ ᠪᠠᠷ ᠬᠥᠭᠵᠢᠭᠦᠯᠦᠨ ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠪᠠᠨ ᠳᠡᠮᠵᠢᠵᠦ ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ ᠶᠢ ᠳᠡᠮᠵᠢᠬᠦ ᠪᠠᠭᠠᠵᠢ ᠪᠠ ᠨᠡᠭᠦᠷᠡᠰᠦ ᠶᠢ ᠴᠡᠪᠡᠷᠰᠢᠭᠦᠯᠦᠨ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠳᠡᠮᠵᠢᠬᠦ ᠲᠤᠰᠬᠠᠢ ᠵᠦᠢᠯ ᠤᠨ ᠳᠠᠬᠢᠨ ᠵᠢᠭᠡᠯᠡᠯᠭᠡ ᠶᠢ ᠰᠠᠶᠢᠲᠤᠷ ᠬᠡᠷᠡᠭᠯᠡᠨ᠎ᠡ ᠃ ᠨᠥᠬᠦᠴᠡᠯ ᠲᠠᠢ ᠭᠠᠵᠠᠷ ᠣᠷᠣᠨ ᠢ ᠵᠣᠷᠢᠭᠵᠢᠭᠤᠯᠵᠤ ᠪᠠᠶᠢᠭᠠᠳ ᠨᠣᠭᠤᠭᠠᠨ ᠵᠢᠭᠡᠯᠡᠯᠭᠡ ᠳᠤ ᠡᠳ᠋ ᠤᠨ ᠵᠠᠰᠠᠭ ᠤᠨ ᠳᠠᠮ ᠬᠦᠦ ᠥᠭᠬᠦ ᠂ ᠱᠠᠩᠨᠠᠵᠤ ᠨᠥᠬᠦᠪᠦᠷᠢᠯᠡᠬᠦ ᠂ ᠲᠦᠭᠰᠢᠭᠦᠷᠢ ᠶᠢᠨ ᠨᠥᠬᠦᠪᠦᠷᠢ ᠥᠭᠬᠦ ᠂ ᠢᠲᠡᠭᠡᠮᠵᠢ ᠶᠢᠨ ᠳᠠᠭᠠᠭᠠᠯᠲᠠ ᠬᠢᠬᠦ ᠵᠡᠷᠭᠡ ᠲᠥᠬᠦᠷ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠰᠦᠪᠡᠭᠴᠢᠯᠡᠨ ᠪᠠᠶᠢᠭᠤᠯᠤᠭᠤᠯᠤᠨᠠ ᠃ ᠨᠣᠭᠤᠭᠠᠨ ᠵᠢᠭᠡᠯᠡᠯᠭᠡ ᠶᠢᠨ ᠲᠡᠮᠳᠡᠭᠲᠦ ᠶᠢᠨ ᠬᠥᠭᠵᠢᠯᠲᠡ ᠶᠢ ᠲᠦᠷᠭᠡᠳᠬᠡᠵᠦ ᠂ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠤᠨ ᠨᠣᠭᠤᠭᠠᠨ ᠺᠣᠮᠫᠠᠨᠢ ᠶᠢᠨ ᠵᠢᠭᠡᠯᠡᠯᠭᠡ ᠶᠢᠨ ᠲᠡᠮᠳᠡᠭ ᠲᠠᠷᠬᠠᠭᠠᠬᠤ ᠶᠢ ᠨᠢ ᠳᠡᠮᠵᠢᠨ᠎ᠡ ᠃ ᠨᠥᠬᠦᠴᠡᠯ ᠳᠤ ᠨᠡᠶᠢᠴᠡᠵᠦ ᠪᠠᠶᠢᠭ᠎ᠠ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠭᠰᠠᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠪᠡᠯᠡ ᠲᠣᠬᠢᠷᠠᠭᠤᠯᠬᠤ ᠪᠠ ᠲᠠᠬᠢᠨ ᠪᠡᠯᠡ ᠲᠣᠬᠢᠷᠠᠭᠤᠯᠭ᠎ᠠ ᠬᠢᠬᠦ ᠶᠢ ᠲᠡᠮᠵᠢᠨ᠎ᠠ ᠃ ᠣᠷᠴᠢᠨ ᠲᠣᠭᠤᠷᠢᠨ ᠨᠢ ᠲᠦᠭᠰᠢᠭᠦᠷᠢ ᠶᠡᠬᠡᠲᠡᠢ ᠬᠦᠷᠢᠶᠡᠨ ᠳᠠᠬᠢ ᠠᠵᠤ ᠠᠬᠤᠶᠢᠯᠠᠯ ᠤᠨ ᠣᠷᠴᠢᠨ ᠲᠣᠭᠤᠷᠢᠨ ᠤ ᠪᠣᠬᠢᠷᠳᠤᠯ ᠤᠨ ᠬᠠᠷᠢᠭᠤᠴᠠᠯᠭ᠎ᠠ ᠶᠢᠨ ᠳᠠᠭᠠᠳᠬᠠᠯ ᠳᠤ ᠣᠷᠤᠯᠴᠠᠬᠤ ᠶᠢ ᠢᠳᠡᠪᠬᠢᠲᠡᠢ ᠠᠬᠢᠭᠤᠯᠤᠨ᠎ᠠ ᠃ ᠣᠷᠴᠢᠨ ᠠᠬᠤᠢ ᠶᠢ ᠬᠠᠮᠠᠭᠠᠯᠠᠬᠤ ᠂ ᠡᠨᠧᠷᠭᠢ ᠠᠷᠪᠢᠯᠠᠵᠤ ᠤᠰᠤ ᠠᠷᠪᠢᠯᠠᠬᠤ ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠭᠠᠶᠢᠯᠢ ᠲᠠᠲᠠᠪᠤᠷᠢ ᠶᠢᠨ ᠬᠠᠷᠠᠭᠠᠯᠵᠠᠯᠲᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ ᠃ ᠤᠯᠤᠰ ᠭᠡᠷ ᠲᠠᠢ ᠬᠠᠮᠵᠢᠯᠴᠠᠨ ᠳᠡᠭᠳᠡᠮᠡᠬᠡᠢ ᠣᠷᠭᠠᠨᠢᠭ ᠪᠣᠳᠠᠰ ᠢ ᠬᠢᠨᠠᠨ ᠰᠢᠨᠵᠢᠬᠦ ᠮᠡᠷᠭᠡᠵᠢᠯ ᠪᠠ ᠭᠠᠳᠠᠭᠰᠢᠯᠠᠭᠤᠯᠬᠤ ᠬᠡᠮᠵᠢᠶ᠎ᠡ ᠶᠢ ᠪᠤᠳᠤᠬᠤ ᠠᠷᠭ᠎ᠠ ᠪᠠᠨ ᠲᠡᠭᠦᠯᠳᠡᠷᠵᠢᠭᠦᠯᠦᠨ᠎ᠡ ᠃ ᠢᠯᠴᠢ ᠬᠠᠩᠭᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠬᠤᠳᠠ ᠪᠠᠯᠭᠠᠰᠤᠨ ᠤ ᠢᠯᠴᠢ ᠬᠠᠩᠭᠠᠬᠤ ᠦᠨ᠎ᠡ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ ᠃ ᠬᠤᠲᠠ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠰᠦᠢᠳᠬᠡᠯ ᠲᠠᠲᠠᠪᠤᠷᠢᠯᠠᠬᠤ ᠪᠠᠷᠢᠮᠵᠢᠶ᠎ᠠ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠪᠠᠨ ᠪᠠᠶᠢᠭᠤᠯᠤᠨ ᠪᠦᠷᠢᠨᠰᠢᠭᠦᠯᠵᠦ ᠂ ᠠᠰᠢᠭ ᠭᠥᠷᠳᠡᠭᠰᠡᠨ ᠲᠠᠷᠢᠶᠠᠴᠢᠨ ᠡᠷᠦᠬᠡ ᠶᠢᠨ ᠪᠣᠬᠢᠷ ᠤᠰᠤ ᠰᠢᠢᠳᠪᠦᠷᠢᠯᠡᠬᠦ ᠳᠤ ᠰᠦᠢᠳᠬᠡᠯ ᠲᠤᠰᠢᠶᠠᠯᠭᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠡᠳ᠋ ᠤᠨ ᠵᠠᠰᠠᠭ ᠤᠨ ᠲᠢᠩᠬᠢᠮ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠡᠨᠧᠷᠭᠢ ᠶᠢᠨ ᠲᠣᠪᠴᠢᠶ᠎ᠠ ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶
︵ ᠵᠢᠷᠭᠤᠭ᠎ᠠ ︶ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠶᠢᠨ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠶᠢ ᠪᠦᠷᠢᠨᠰᠢᠭᠦᠯᠦᠨ᠎ᠡ ᠃ ᠡᠯ᠎ᠡ ᠭᠠᠵᠠᠷ ᠣᠷᠣᠨ ᠤ ᠡᠨᠧᠷᠭᠢ ᠠᠷᠪᠢᠯᠠᠬᠤ ᠬᠡᠮᠵᠢᠶᠡᠨ ᠤ ᠭᠦᠢᠴᠡᠳᠬᠡᠯ ᠲᠤᠭ᠎ᠠ ᠶᠢ ᠲᠥᠯᠥᠪᠦᠷᠢ ᠲᠠᠢ ᠪᠠᠷ ᠬᠤᠷᠢᠶᠠᠨ ᠬᠠᠳᠠᠭᠠᠯᠠᠬᠤ ᠲᠣᠭᠲᠠᠴᠠ ᠪᠠᠶᠢᠭᠤᠯᠬᠤ ᠶᠢ ᠵᠣᠷᠢᠭᠵᠢᠭᠤᠯᠵᠤ ᠂ ᠡᠨᠧᠷᠭᠢ ᠶᠢᠨ ᠬᠤᠷᠣᠭᠳᠠᠯ ᠢ ᠪᠠᠭᠠᠰᠬᠠᠬᠤ ᠬᠡᠮᠵᠢᠶᠡᠨ ᠤ ᠭᠦᠢᠴᠡᠳᠬᠡᠯ ᠲᠤᠭ᠎ᠠ ᠶᠢ ᠨᠢ ᠣᠷᠣᠨ ᠪᠦᠰᠡ ᠪᠠᠷ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ᠎ᠠ ᠃ ᠡᠨᠧᠷᠭᠢ ᠠᠷᠪᠢᠯᠠᠬᠤ ᠬᠡᠮᠵᠢᠶᠡᠨ ᠤ ᠭᠦᠢᠴᠡᠳᠬᠡᠯ ᠲᠤᠭ᠎ᠠ ᠶᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠶᠢ ᠰᠦᠪᠡᠭᠴᠢᠯᠡᠨ ᠥᠷᠨᠢᠭᠦᠯᠵᠦ ᠂ ︽ ᠡᠨᠧᠷᠭᠢ ᠬᠡᠷᠡᠭᠯᠡᠭᠴᠢ ᠵᠠᠷᠤᠳᠠᠯ ᠲᠤᠰᠢᠶᠠᠵᠤ ᠂ ᠡᠨᠧᠷᠭᠢ ᠠᠷᠪᠢᠯᠠᠭᠴᠢ ᠠᠰᠢᠭ ᠬᠦᠷᠳᠡᠬᠦ ︾ ᠡᠨᠧᠷᠭᠢ ᠬᠡᠷᠡᠭᠯᠡᠬᠦ ᠥᠪᠡᠷ ᠤᠨ ᠦᠷᠳᠡᠭ ᠤᠨ ᠠᠰᠢᠭ ᠣᠷᠣᠯᠭ᠎ᠠ ᠶᠢᠨ ᠲᠣᠭᠲᠠᠴᠠ ᠶᠢ ᠠᠯᠬᠤᠮ ᠠᠯᠬᠤᠮ ᠢᠶᠠᠷ ᠪᠤᠢ ᠪᠣᠯᠭᠠᠵᠤ ᠂ ᠡᠨᠧᠷᠭᠢ ᠶᠢᠨ ᠬᠦᠴᠦᠨ ᠵᠦᠢᠯ ᠢ ᠴᠢᠨᠠᠷ ᠰᠠᠶᠢᠲᠠᠢ ᠲᠦᠷᠦᠯ ᠵᠦᠢᠯ ᠂ ᠠᠵᠤ ᠠᠬᠤᠶᠢᠯᠠᠯ ᠂ ᠠᠵᠤ ᠦᠢᠯᠡᠰ ᠵᠢᠴᠢ ᠠᠵᠤ ᠠᠬᠤᠢ ᠶᠢᠨ ᠬᠥᠭᠵᠢᠯᠲᠡ ᠶᠢᠨ ᠨᠥᠬᠦᠴᠡᠯ ᠢᠶᠠᠷ ᠰᠠᠶᠢᠨ ᠭᠠᠵᠠᠷ ᠣᠷᠣᠨ ᠲᠡᠶᠢᠰᠢ ᠰᠢᠯᠵᠢᠭᠦᠯᠬᠦ ᠪᠠ ᠲᠥᠪᠯᠡᠷᠡᠭᠦᠯᠬᠦ ᠶᠢ ᠠᠬᠢᠭᠤᠯᠤᠨ᠎ᠠ ᠃ ᠪᠥᠬᠦ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠠᠷᠠᠯᠵᠢᠶ᠎ᠠ ᠶᠢᠨ ᠵᠠᠬ᠎ᠠ ᠳᠡᠯᠭᠡᠭᠦᠷ ᠲᠠᠢ ᠢᠳᠡᠪᠬᠢᠲᠡᠢ ᠪᠠᠷ ᠵᠠᠯᠭᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠠᠬ᠎ᠠ ᠳᠡᠯᠭᠡᠭᠦᠷ ᠢ ᠪᠣᠶᠢᠵᠢᠭᠤᠯᠤᠨ ᠬᠥᠭᠵᠢᠭᠦᠯᠦᠨ᠎ᠡ ᠃ ᠪᠣᠬᠢᠷᠳᠤᠯ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠢ ᠪᠣᠶᠢᠵᠢᠭᠤᠯᠤᠨ ᠬᠥᠭᠵᠢᠭᠦᠯᠵᠦ ᠂ ᠨᠥᠬᠦᠴᠡᠯ ᠲᠠᠢ ᠭᠠᠵᠠᠷ ᠣᠷᠣᠨ ᠤ ᠪᠣᠬᠢᠷᠳᠤᠯ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠲᠤᠷᠰᠢᠯᠲᠠ ᠶᠢᠨ ᠴᠡᠭ ᠤᠨ ᠬᠡᠪᠴᠢᠶ᠎ᠡ ᠪᠠᠨ ᠥᠷᠭᠡᠳᠬᠡᠬᠦ ᠶᠢ ᠨᠢ ᠵᠣᠷᠢᠭᠵᠢᠭᠤᠯᠤᠨ᠎ᠠ ᠃ ᠪᠣᠬᠢᠷᠳᠤᠯ ᠦᠭᠡᠢ ᠴᠠᠬᠢᠯᠭᠠᠨ ᠬᠦᠴᠦᠨ ᠤ ᠦᠨᠡᠮᠯᠡᠯ ᠤᠨ ᠠᠷᠠᠯᠵᠢᠶ᠎ᠠ ᠶᠢ ᠳᠡᠯᠭᠡᠷᠡᠭᠦᠯᠵᠦ ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠵᠣᠷᠢᠭᠵᠢᠭᠤᠯᠵᠤ ᠪᠠᠶᠢᠭᠠᠳ ᠪᠣᠬᠢᠷᠳᠤᠯ ᠦᠭᠡᠢ ᠴᠠᠬᠢᠯᠭᠠᠨ ᠬᠦᠴᠦᠨ ᠤ ᠦᠨᠡᠮᠯᠡᠯ ᠤᠨ ᠠᠷᠠᠯᠵᠢᠶ᠎ᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ ᠳᠠᠬᠢᠨ ᠡᠭᠦᠰᠴᠦ ᠪᠣᠯᠬᠤ ᠡᠨᠧᠷᠭᠢ ᠶᠢᠨ ᠴᠠᠬᠢᠯᠭᠠᠨ ᠬᠦᠴᠦᠨ ᠢ ᠠᠰᠢᠭᠯᠠᠭᠤᠯᠵᠤ ᠰᠢᠩᠭᠡᠯᠭᠡᠨᠡ ᠃ ᠡᠨᠧᠷᠭᠢ ᠶᠢ ᠲᠥᠯᠥᠪᠦᠷᠢ ᠲᠠᠢ ᠪᠠᠷ ᠨᠠᠶᠢᠳᠠᠵᠤ ᠬᠠᠮᠢᠶᠠᠷᠤᠭᠤᠯᠬᠤ ᠵᠡᠷᠭᠡ ᠡᠨᠧᠷᠭᠢ ᠶᠢᠨ ᠭᠡᠷᠡᠲᠦ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠵᠦ ᠂ ᠡᠨᠧᠷᠭᠢ ᠠᠷᠪᠢᠯᠠᠬᠤ ᠵᠥᠪᠯᠡᠯᠭᠡ ᠥᠭᠬᠦ ᠂ ᠣᠨᠣᠰᠢᠯᠠᠬᠤ ᠂ ᠵᠢᠷᠤᠵᠤ ᠲᠥᠯᠥᠪᠯᠡᠬᠦ ᠂ ᠪᠡᠯᠡ ᠲᠣᠬᠢᠷᠠᠭᠤᠯᠬᠤ ᠂ ᠥᠭᠡᠷᠡᠴᠢᠯᠡᠨ ᠰᠢᠨᠡᠳᠬᠡᠬᠦ ᠂ ᠨᠠᠶᠢᠳᠠᠵᠤ ᠬᠠᠮᠢᠶᠠᠷᠤᠭᠤᠯᠬᠤ ᠵᠡᠷᠭᠡ ︽ᠲᠥᠪᠯᠡᠷᠡᠩᠭᠦᠢ ︾ ᠶᠡᠷᠦᠩᠬᠡᠶᠢᠯᠡᠭᠰᠡᠨ ᠦᠢᠯᠡᠴᠢᠯᠡᠭᠡᠨ ᠤ ᠵᠠᠭᠪᠤᠷ ᠢ ᠢᠳᠡᠪᠬᠢᠲᠡᠢ ᠪᠠᠷ ᠳᠡᠯᠭᠡᠷᠡᠭᠦᠯᠦᠨ᠎ᠡ ᠃ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠣᠷᠬᠢᠯ ᠬᠡᠮᠵᠢᠭᠳᠡᠯ ᠢ ᠪᠠᠭᠤᠷᠠᠭᠤᠯᠬᠤ ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠦᠢᠯᠡᠳᠦᠯ ᠢ ᠪᠠᠳᠠᠷᠠᠭᠤᠯᠤᠨ᠎ᠠ ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢᠨ ᠭᠤᠷᠪᠠᠳᠠᠭᠢ ᠡᠲᠡᠭᠡᠳ ᠤᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠢ ᠠᠬᠢᠭᠤᠯᠵᠤ ᠂ ᠡᠯ᠎ᠡ ᠲᠥᠷᠥᠯ ᠤᠨ ᠬᠥᠷᠥᠩᠭᠡ ᠶᠢ ᠬᠥᠲᠥᠯᠥᠨ ᠵᠢᠯᠤᠭᠤᠳᠴᠤ ᠪᠠᠶᠢᠭᠠᠳ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠬᠠᠮᠢᠶᠠᠷᠤᠯᠲᠠ ᠂ ᠣᠷᠴᠢᠨ ᠲᠣᠭᠤᠷᠢᠨ ᠤ ᠵᠠᠰᠠᠯᠲᠠ ᠬᠢᠭᠡᠳ ᠦᠢᠯᠡᠴᠢᠯᠡᠭᠡᠨ ᠂ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠂ ᠬᠡᠷᠡᠭᠵᠢᠭᠦᠯᠦᠯᠲᠡ ᠳᠤ ᠣᠷᠣᠯᠴᠠᠭᠤᠯᠤᠨ᠎ᠠ ᠃ ᠡᠨᠧᠷᠭᠢ ᠶᠢᠨ ᠢᠯᠡᠳᠬᠡᠮᠵᠢ ᠶᠢᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ ᠂ ᠪᠣᠬᠢᠷᠳᠤᠯ ᠦᠭᠡᠢ ᠪᠦᠲᠦᠭᠡᠭᠳᠡᠬᠦᠨ ᠤ ᠭᠡᠷᠡᠴᠢ ᠣᠯᠭᠤᠬᠤ ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠲᠠᠢ ᠪᠥᠭᠡᠳ ᠣᠷᠴᠢᠨ ᠲᠣᠭᠤᠷᠢᠨ ᠢ ᠬᠠᠮᠠᠭᠠᠯᠠᠬᠤ ᠪᠦᠲᠦᠭᠡᠭᠳᠡᠬᠦᠨ ᠤ ᠭᠡᠷᠡᠴᠢ ᠣᠯᠭᠤᠬᠤ ᠶᠢ ᠠᠬᠢᠭᠤᠯᠤᠨ᠎ᠠ ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠡᠳ᠋ ᠤᠨ ᠵᠠᠰᠠᠭ ᠤᠨ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠡᠨᠧᠷᠭᠢ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶
︵ᠳᠣᠯᠤᠭ᠎ᠠ︶ ᠪᠦᠷᠢᠳᠬᠡᠵᠦ ᠬᠢᠨᠠᠨ ᠰᠢᠨᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ ᠃ ᠡᠨᠧᠷᠭᠢ ᠬᠡᠷᠡᠭᠯᠡᠬᠦ ᠭᠤᠣᠯᠳᠠᠯᠭ᠎ᠠ ᠲᠠᠢ ᠨᠢᠭᠡᠴᠢ ᠶᠢᠨ ᠡᠨᠧᠷᠭᠢ ᠶᠢᠨ ᠠᠰᠢᠭᠯᠠᠯᠲᠠ ᠶᠢᠨ ᠪᠠᠶᠢᠳᠠᠯ ᠢ ᠮᠡᠳᠡᠭᠦᠯᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ ᠡᠨᠧᠷᠭᠢ ᠬᠡᠷᠡᠭᠯᠡᠬᠦ ᠭᠤᠣᠯᠳᠠᠯᠭ᠎ᠠ ᠲᠠᠢ ᠨᠢᠭᠡᠴᠢ ᠶᠢᠨ ᠡᠨᠧᠷᠭᠢ ᠶᠢᠨ ᠬᠤᠷᠣᠭᠳᠠᠯ ᠢ ᠰᠦᠯᠵᠢᠶ᠎ᠡ ᠪᠠᠷ ᠬᠢᠨᠠᠨ ᠰᠢᠨᠵᠢᠬᠦ ᠰᠢᠰᠲ᠋ᠧᠮ ᠤᠨ ᠪᠠᠶᠢᠭᠤᠯᠤᠯᠲᠠ ᠪᠠ ᠬᠡᠷᠡᠭᠯᠡᠯᠲᠡ ᠶᠢ ᠴᠢᠩᠭᠠᠳᠬᠠᠨ ᠂ ᠡᠨᠧᠷᠭᠢ ᠶᠢᠨ ᠬᠡᠷᠡᠭᠯᠡᠭᠡ ᠶᠢ ᠬᠢᠨᠠᠨ ᠰᠢᠨᠵᠢᠵᠦ ᠵᠠᠳᠠᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ ᠃ ᠡᠨᠧᠷᠭᠢ ᠶᠢᠨ ᠬᠡᠮᠵᠢᠯᠲᠡ ᠶᠢᠨ ᠪᠠᠭᠠᠵᠢ ᠬᠡᠷᠡᠭᠰᠡᠯ ᠢᠶᠠᠷ ᠬᠢᠨᠠᠨ ᠬᠠᠮᠢᠶᠠᠷᠬᠤ ᠶᠢ ᠴᠢᠩᠭᠠᠳᠬᠠᠵᠤ ᠂ ᠡᠨᠧᠷᠭᠢ ᠶᠢᠨ ᠬᠡᠮᠵᠢᠯᠲᠡ ᠶᠢᠨ ᠮᠡᠷᠭᠡᠵᠢᠯ ᠤᠨ ᠵᠢᠷᠤᠮᠵᠢᠯ ᠪᠠ ᠪᠠᠷᠢᠮᠵᠢᠶ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ ᠂ ᠡᠨᠧᠷᠭᠢ ᠬᠡᠷᠡᠭᠯᠡᠬᠦ ᠨᠢᠭᠡᠴᠢ ᠶᠢᠨ ᠬᠡᠮᠵᠢᠯᠲᠡ ᠶᠢᠨ ᠭᠤᠣᠯ ᠴᠣᠭᠴᠠ ᠪᠣᠯᠬᠤ ᠬᠠᠷᠢᠭᠤᠴᠠᠯᠭ᠎ᠠ ᠶᠢ ᠨᠢ ᠴᠢᠩᠭᠠᠷᠠᠭᠤᠯᠵᠤ ᠂ ᠪᠦᠷᠢᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ ᠃ ᠡᠨᠧᠷᠭᠢ ᠶᠢᠨ ᠲᠦᠷᠦᠯ ᠵᠦᠢᠯ ᠢ ᠲᠦᠷᠦᠯ ᠬᠤᠪᠢᠶᠠᠨ ᠪᠦᠷᠢᠳᠬᠡᠬᠦ ᠠᠵᠢᠯ ᠢ ᠲᠡᠭᠦᠯᠳᠡᠷᠵᠢᠭᠦᠯᠦᠨ ᠨᠠᠷᠢᠯᠢᠭᠵᠢᠭᠤᠯᠵᠤ ᠂ ᠠᠵᠤ ᠦᠢᠯᠡᠳᠪᠦᠷᠢ ᠂ ᠪᠠᠷᠢᠯᠭ᠎ᠠ ᠂ ᠵᠠᠮ ᠬᠠᠷᠢᠯᠴᠠᠭ᠎ᠠ ᠵᠡᠷᠭᠡ ᠬᠦᠷᠢᠶ᠎ᠡ ᠴᠠᠷᠠᠭᠠᠨ ᠳᠠᠬᠢ ᠡᠨᠧᠷᠭᠢ ᠶᠢᠨ ᠬᠡᠷᠡᠭᠯᠡᠭᠡ ᠶᠢ ᠪᠦᠷᠢᠳᠬᠡᠬᠦ ᠭᠦᠢᠴᠡᠳᠬᠡᠯ ᠲᠤᠭ᠎ᠠ ᠪᠠ ᠠᠷᠭ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠵᠦ ᠂ ᠡᠨᠧᠷᠭᠢ ᠶᠢᠨ ᠪᠦᠷᠢᠳᠬᠡᠯ ᠤᠨ ᠠᠵᠢᠯ ᠤᠨ ᠲᠣᠭᠲᠠᠴᠠ ᠶᠢ ᠪᠦᠷᠢᠨᠰᠢᠭᠦᠯᠦᠨ ᠵᠢᠷᠤᠮᠵᠢᠭᠤᠯᠵᠤ ᠂ ᠪᠦᠷᠢᠳᠬᠡᠭᠰᠡᠨ ᠲᠤᠭ᠎ᠠ ᠪᠠᠷᠢᠮᠲᠠ ᠶᠢᠨ ᠪᠦᠬᠦ ᠲᠠᠯ᠎ᠠ ᠶᠢᠨ ᠂ ᠦᠨᠡᠨ ᠪᠣᠳᠠᠲᠠᠢ ᠪᠥᠭᠡᠳ ᠪᠤᠰᠤᠳᠴᠢ ᠪᠠᠶᠢᠬᠤ ᠶᠢ ᠪᠠᠲᠤᠯᠠᠨ᠎ᠠ ᠃ ᠪᠣᠬᠢᠷᠳᠤᠯ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠲᠠᠢ ᠨᠢᠭᠡᠴᠢ ᠶᠢ ᠬᠠᠮᠤᠷᠤᠭᠰᠠᠨ ᠲᠣᠭᠲᠠᠮᠠᠯ ᠪᠣᠬᠢᠷᠳᠤᠯ ᠤᠨ ᠡᠬᠢ ᠶᠢ ᠬᠢᠨᠠᠨ ᠬᠡᠮᠵᠢᠬᠦ ᠲᠣᠭᠲᠠᠯᠴᠠᠭ᠎ᠠ ᠶᠢ ᠪᠠᠶᠢᠭᠤᠯᠵᠤ ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠳᠤᠯ ᠤᠨ ᠡᠬᠢ ᠶᠢ ᠬᠢᠨᠠᠨ ᠬᠡᠮᠵᠢᠬᠦ ᠪᠠᠨ ᠴᠢᠩᠭᠠᠳᠬᠠᠨ ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠤᠨ ᠭᠠᠳᠠᠭᠰᠢᠯᠠᠭᠤᠯᠤᠯᠲᠠ ᠳᠤ ᠬᠤᠯᠪᠣᠭᠳᠠᠬᠤ ᠭᠤᠣᠯᠳᠠᠯᠭ᠎ᠠ ᠲᠠᠢ ᠪᠣᠬᠢᠷᠳᠤᠯ ᠭᠠᠳᠠᠭᠰᠢᠯᠠᠭᠤᠯᠬᠤ ᠨᠢᠭᠡᠴᠢ ᠳᠤ ᠰᠦᠯᠵᠢᠶ᠎ᠡ ᠪᠠᠷ ᠬᠢᠨᠠᠨ ᠡᠵᠡᠮᠳᠡᠵᠦ ᠬᠢᠨᠠᠨ ᠬᠡᠮᠵᠢᠬᠦ ᠪᠡᠯᠡᠳᠬᠡᠮᠵᠢ ᠤᠭᠰᠠᠷᠠᠬᠤ ᠶᠢ ᠠᠬᠢᠭᠤᠯᠤᠨ᠎ᠠ ᠃ ᠲᠤᠭ᠎ᠠ ᠪᠦᠷᠢᠳᠬᠡᠯ ᠤᠨ ᠠᠵᠢᠯ ᠤᠨ ᠦᠨᠳᠦᠰᠦᠨ ᠱᠠᠲᠤᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ ᠂ ᠪᠦᠷᠢᠳᠬᠡᠯ ᠤᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠪᠠᠨ ᠴᠢᠩᠭᠠᠷᠠᠭᠤᠯᠤᠨ ᠂ ᠲᠤᠭ᠎ᠠ ᠪᠦᠷᠢᠳᠬᠡᠯ ᠢ ᠬᠠᠭᠤᠷᠮᠠᠭ ᠢᠶᠠᠷ ᠵᠣᠬᠢᠶᠠᠬᠤ ᠂ ᠬᠤᠳᠠᠯ ᠢᠶᠠᠷ ᠵᠣᠬᠢᠶᠠᠬᠤ ᠶᠢ ᠰᠡᠷᠭᠡᠶᠢᠯᠡᠵᠦ ᠂ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ ᠃
︵ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠡᠨᠧᠷᠭᠢ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶
︵ᠨᠠᠢᠮᠠ ︶ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠲᠠᠯ᠎ᠠ ᠶᠢᠨ ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠤᠨ᠎ᠠ ᠃ ᠡᠨᠧᠷᠭᠢ ᠠᠷᠪᠢᠯᠠᠬᠤ ᠠᠵᠢᠯ ᠢ ᠬᠢᠨᠠᠨ ᠪᠠᠶᠢᠴᠠᠭᠠᠬᠤ ᠡᠩᠨᠡᠭᠡ ᠪᠠ ᠦᠨᠳᠦᠰᠦᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ ᠂ ᠥᠪᠡᠷᠲᠡᠭᠡᠨ ᠵᠠᠰᠠᠬᠤ ᠣᠷᠣᠨ ᠂ ᠠᠶᠢᠮᠠᠭ ᠬᠤᠳᠠ ᠂ ᠬᠤᠰᠢᠭᠤ ᠰᠢᠶᠠᠨ ︵ ᠬᠤᠳᠠ ᠂ ᠲᠣᠭᠤᠷᠢᠭ ︶ ᠭᠤᠷᠪᠠᠨ ᠱᠠᠲᠤᠨ ᠤ ᠡᠨᠧᠷᠭᠢ ᠠᠷᠪᠢᠯᠠᠬᠤ ᠠᠵᠢᠯ ᠢ ᠬᠢᠨᠠᠨ ᠪᠠᠶᠢᠴᠠᠭᠠᠬᠤ ᠲᠣᠭᠲᠠᠯᠴᠠᠭ᠎ᠠ ᠪᠠᠨ ᠪᠦᠷᠢᠨᠰᠢᠭᠦᠯᠦᠨ ᠲᠡᠭᠦᠯᠳᠡᠷᠵᠢᠭᠦᠯᠵᠦ ᠂ ᠡᠨᠧᠷᠭᠢ ᠠᠷᠪᠢᠯᠠᠬᠤ ᠠᠵᠢᠯ ᠢ ᠬᠢᠨᠠᠨ ᠪᠠᠶᠢᠴᠠᠭᠠᠬᠤ ᠪᠠᠶᠢᠭᠤᠯᠤᠮᠵᠢ ᠨᠢ ᠲᠡᠭᠦᠯᠳᠡᠷ ᠪᠤᠰᠤ ᠠᠶᠢᠮᠠᠭ ᠬᠤᠳᠠ ᠂ ᠬᠤᠰᠢᠭᠤ ᠰᠢᠶᠠᠨ ︵ ᠬᠤᠳᠠ ᠂ ᠲᠣᠭᠤᠷᠢᠭ ︶ ᠳᠤ ᠡᠨᠧᠷᠭᠢ ᠠᠷᠪᠢᠯᠠᠬᠤ ᠠᠵᠢᠯ ᠢ ᠬᠢᠨᠠᠨ ᠪᠠᠶᠢᠴᠠᠭᠠᠬᠤ ᠪᠠᠶᠢᠭᠤᠯᠤᠮᠵᠢ ᠪᠠᠶᠢᠭᠤᠯᠬᠤ ᠶᠢ ᠠᠬᠢᠭᠤᠯᠵᠤ ᠂ ᠡᠨᠧᠷᠭᠢ ᠠᠷᠪᠢᠯᠠᠬᠤ ᠠᠵᠢᠯ ᠢ ᠬᠢᠨᠠᠨ ᠪᠠᠶᠢᠴᠠᠭᠠᠬᠤ ᠵᠣᠬᠢᠴᠠᠩᠭᠤᠢ ᠠᠵᠢᠯᠲᠠᠨ ᠪᠠ ᠲᠥᠬᠦᠭᠡᠷᠦᠮᠵᠢ ᠶᠢ ᠲᠣᠬᠢᠷᠠᠭᠤᠯᠤᠨ᠎ᠠ ᠃ ᠡᠨᠧᠷᠭᠢ ᠬᠡᠷᠡᠭᠯᠡᠬᠦ ᠭᠤᠣᠯᠳᠠᠯᠭ᠎ᠠ ᠲᠠᠢ ᠨᠢᠭᠡᠴᠢ ᠨᠦᠭᠦᠳ ᠱᠠᠭᠠᠷᠳᠠᠯᠭ᠎ᠠ ᠶᠣᠰᠣᠭᠠᠷ ᠡᠨᠧᠷᠭᠢ ᠶᠢᠨ ᠬᠠᠮᠢᠶᠠᠷᠤᠯᠲᠠ ᠶᠢᠨ ᠠᠵᠢᠯ ᠤᠨ ᠪᠠᠶᠢᠷᠢ ᠪᠠ ᠬᠠᠷᠢᠭᠤᠴᠠᠯᠭᠠᠲᠠᠨ ᠢ ᠪᠠᠶᠢᠷᠢᠯᠠᠭᠤᠯᠬᠤ ᠬᠡᠷᠡᠭᠲᠡᠢ ᠃ ᠬᠤᠰᠢᠭᠤ ᠰᠢᠶᠠᠨ ᠤ ᠱᠠᠲᠤ ᠵᠢᠴᠢ ᠰᠤᠮᠤ ᠰᠢᠶᠠᠩ ᠪᠠᠯᠭᠠᠰᠤᠨ ᠤ ᠦᠨᠳᠦᠰᠦᠨ ᠱᠠᠲᠤᠨ ᠤ ᠠᠮᠢ ᠠᠬᠤᠢ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ ᠂ ᠭᠤᠣᠯᠳᠠᠯᠭ᠎ᠠ ᠲᠠᠢ ᠪᠣᠬᠢᠷᠳᠤᠯ ᠭᠠᠳᠠᠭᠰᠢᠯᠠᠭᠤᠯᠬᠤ ᠨᠢᠭᠡᠴᠢ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠢ ᠠᠵᠢᠯᠲᠠᠨ ᠢ ᠲᠣᠬᠢᠷᠠᠭᠤᠯᠤᠨ᠎ᠠ ᠃ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠂ ᠠᠵᠤ ᠠᠬᠤᠶᠢᠯᠠᠯ ᠵᠡᠷᠭᠡ ᠶᠢᠨ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠠᠵᠢᠯᠲᠠᠨ ᠳᠤ ᠪᠣᠯᠪᠠᠰᠤᠷᠠᠯ ᠬᠦᠷᠲᠡᠭᠡᠬᠦ ᠡᠷᠴᠢᠮ ᠢᠶᠠᠨ ᠴᠢᠩᠭᠠᠷᠠᠭᠤᠯᠵᠤ ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠂ ᠤᠷᠤᠯᠳᠤᠭᠠᠨ ᠮᠥᠷᠥᠶᠢᠴᠡᠭᠡᠨ ᠂ ᠲᠤᠷᠰᠢᠯᠭ᠎ᠠ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠦᠨ᠎ᠡ ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶
︵ ᠶᠢᠰᠦ ︶ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠲᠡᠷᠢᠭᠦᠨ ᠤ ᠮᠡᠷᠭᠡᠵᠢᠯ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠡᠷᠴᠢᠮ ᠢ ᠴᠢᠩᠭᠠᠷᠠᠭᠤᠯᠤᠨ᠎ᠠ ᠃ ᠰᠢᠨ᠎ᠡ ᠬᠡᠯᠪᠡᠷᠢ ᠶᠢᠨ ᠡᠨᠧᠷᠭᠢ ᠬᠢᠭᠡᠳ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠂ ᠨᠡᠭᠦᠷᠡᠰᠦᠲᠥ᠋ᠷᠥᠭᠴᠢ ᠶᠢ ᠴᠤᠭᠯᠠᠭᠤᠯᠤᠨ ᠠᠰᠢᠭᠯᠠᠬᠤ ᠬᠢᠭᠡᠳ ᠪᠢᠲᠡᠭᠦᠮᠵᠢᠯᠡᠨ ᠬᠠᠳᠠᠭᠠᠯᠠᠬᠤ ︵ CCUS ︶ ᠮᠡᠷᠭᠡᠵᠢᠯ ᠢ ᠰᠤᠳᠤᠯᠤᠨ ᠨᠡᠭᠡᠭᠡᠬᠦ ᠪᠠᠨ ᠴᠢᠩᠭᠠᠳᠬᠠᠵᠤ ᠂ ᠨᠡᠭᠦᠷᠡᠰᠦᠲᠥ᠋ᠷᠥᠭᠴᠢ ᠪᠠᠭᠠᠲᠠᠢ ᠬᠡᠯᠪᠡᠷᠢ ᠲᠡᠶᠢᠰᠢ ᠬᠤᠪᠢᠷᠠᠭᠤᠯᠬᠤ ᠮᠡᠷᠭᠡᠵᠢᠯ ᠢ ᠲᠡᠮᠵᠢᠨ ᠬᠥᠭᠵᠢᠭᠦᠯᠵᠦ ᠂ ᠠᠮᠢ ᠠᠬᠤᠢ ᠶᠢᠨ ᠰᠢᠰᠲ᠋ᠧᠮ ᠤᠨ ᠬᠤᠷᠠᠮᠳᠤᠯ ᠢ ᠨᠡᠮᠡᠭᠳᠡᠭᠦᠯᠬᠦ ᠮᠡᠷᠭᠡᠵᠢᠯ ᠤᠨ ᠰᠤᠳᠤᠯᠭᠠᠨ ᠢ ᠴᠢᠩᠭᠠᠳᠬᠠᠵᠤ ᠂ ᠴᠠᠬᠢᠯᠭᠠᠨ ᠤ ᠪᠤᠰᠤ ᠲᠠᠬᠢᠨ ᠡᠭᠦᠰᠴᠦ ᠪᠣᠯᠬᠤ ᠡᠨᠧᠷᠭᠢ ᠶᠢ ᠠᠰᠢᠭᠯᠠᠬᠤ ᠮᠡᠷᠭᠡᠵᠢᠯ ᠢ ᠰᠤᠳᠤᠯᠤᠨ ᠨᠡᠭᠡᠭᠡᠬᠦ ᠶᠢ ᠬᠠᠶᠢᠨ ᠰᠦᠪᠡᠭᠴᠢᠯᠡᠨ᠎ᠡ ᠃ ᠴᠠᠬᠢᠯᠭᠠᠨ ᠬᠦᠴᠦᠨ ᠂ ᠪᠣᠯᠣᠳ ᠲᠡᠮᠦᠷ ᠂ ᠬᠢᠮᠢ ᠶᠢᠨ ᠠᠵᠤ ᠦᠢᠯᠡᠳᠪᠦᠷᠢ ᠂ ᠥᠩᠭᠡᠲᠦ ᠲᠡᠮᠦᠷᠯᠢᠭ ᠂ ᠪᠠᠷᠢᠯᠭ᠎ᠠ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠲᠣᠭᠤᠷᠢᠨ ᠳᠤ ᠦᠯᠡᠳᠡᠪᠦᠷᠢ ᠢᠯᠴᠢ ᠶᠢ ᠡᠭᠡᠭᠦᠯᠦᠨ ᠬᠤᠷᠢᠶᠠᠬᠤ ᠂ ᠡᠨᠧᠷᠭᠢ ᠶᠢ ᠱᠠᠲᠤᠯᠠᠨ ᠠᠰᠢᠭᠯᠠᠬᠤ ᠵᠡᠷᠭᠡ ᠮᠡᠷᠭᠡᠵᠢᠯ ᠢ ᠨᠡᠭᠡᠭᠡᠨ ᠬᠥᠭᠵᠢᠭᠦᠯᠬᠦ ᠪᠠ ᠬᠡᠷᠡᠭᠯᠡᠬᠦ ᠶᠢ ᠠᠬᠢᠭᠤᠯᠤᠨ᠎ᠠ ᠃ ᠨᠡᠭᠦᠷᠡᠰᠦ ᠴᠡᠪᠡᠷᠰᠢᠭᠦᠯᠦᠨ ᠥᠨᠳᠥᠷ ᠪᠦᠲᠦᠮᠵᠢᠲᠡᠶ ᠪᠠᠷ ᠠᠰᠢᠭᠯᠠᠬᠤ ᠶᠢᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ ᠴᠢᠳᠠᠪᠤᠷᠢ ᠶᠢ ᠳᠡᠭᠡᠭᠰᠢᠯᠡᠭᠦᠯᠵᠦ ᠂ ᠨᠡᠭᠦᠷᠡᠰᠦ ᠰᠢᠲᠠᠭᠠᠬᠤ ᠲᠣᠭᠤᠭᠠᠲᠤ ᠵᠤᠤᠬ᠎ᠠ ᠶᠢᠨ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠶᠢ ᠶᠡᠷᠦᠩᠬᠡᠶᠢᠯᠡᠨ ᠳᠡᠭᠡᠭᠰᠢᠯᠡᠭᠦᠯᠬᠦ ᠪᠠ ᠴᠠᠬᠢᠯᠭᠠᠨ ᠮᠠᠰᠢᠨ ᠤ ᠰᠢᠰᠲ᠋ᠧᠮ ᠤᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠢ ᠥᠷᠨᠢᠭᠦᠯᠵᠦ ᠂ ᠣᠶᠤᠨᠯᠢᠭ ᠡᠨᠧᠷᠭᠢ ᠶᠢᠨ ᠬᠠᠮᠢᠶᠠᠷᠤᠯᠲᠠ ᠶᠢ ᠭᠦᠨᠵᠡᠭᠡᠶᠢᠷᠡᠭᠦᠯᠦᠨ ᠂ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ ᠃ ︵ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠡᠨᠧᠷᠭᠢ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶
ᠲᠠᠪᠤ ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ
︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ ᠃ ᠡᠯ᠎ᠡ ᠠᠶᠢᠮᠠᠭ ᠬᠤᠳᠠ ᠂ ᠡᠯ᠎ᠡ ᠰᠠᠯᠠᠭ᠎ᠠ ᠮᠥᠴᠢᠷ ᠪᠠ ᠡᠯ᠎ᠡ ᠬᠤᠯᠪᠣᠭᠳᠠᠯ ᠪᠦᠬᠦᠢ ᠨᠢᠭᠡᠴᠢ ᠨᠢ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠲᠤᠬᠠᠢ ᠤᠯᠤᠰ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠨ ᠂ ᠬᠠᠷᠠᠯᠲᠠ ᠬᠠᠷᠢᠭᠤᠴᠠᠯᠭ᠎ᠠ ᠪᠠᠨ ᠲᠣᠳᠣᠷᠬᠠᠶᠢᠯᠠᠵᠤ ᠂ ᠣᠨ ᠤ ᠲᠥᠯᠥᠪᠯᠡᠭᠡ ᠶᠢ ᠲᠣᠭᠲᠠᠭᠠᠨ ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ ᠂ ︽ ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠬᠤᠭᠤᠴᠠᠭᠠᠨ ᠤ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠡᠯ᠎ᠡ ᠵᠦᠢᠯ ᠤᠨ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠤᠨ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ ᠂ ᠭᠤᠣᠯ ᠬᠠᠷᠢᠭᠤᠴᠠᠬᠤ ᠬᠥᠮᠥᠨ ᠪᠣᠯ ᠨᠢᠭᠡᠳᠦᠭᠡᠷ ᠬᠠᠷᠢᠭᠤᠴᠠᠯᠭᠠᠲᠠᠨ ᠪᠣᠯᠬᠤ ᠲᠤᠯᠠ ᠵᠣᠬᠢᠶᠠᠨ ᠪᠠᠶᠢᠭᠤᠯᠵᠤ ᠤᠳᠤᠷᠢᠳᠬᠤ ᠪᠠ ᠪᠠᠶᠢᠷᠢᠯᠠᠭᠤᠯᠤᠨ ᠠᠬᠢᠭᠤᠯᠬᠤ ᠪᠠᠨ ᠦᠨᠡᠨ ᠬᠦ ᠴᠢᠩᠭᠠᠳᠬᠠᠵᠤ ᠂ ᠲᠤᠰ ᠭᠠᠵᠠᠷ ᠣᠷᠣᠨ ᠤ ᠪᠠᠨ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠲᠠ ᠶᠢ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠠᠪᠤᠨ ᠵᠢᠯ ᠤᠨ ᠲᠥᠯᠦᠪᠵᠢᠭᠦᠯᠭᠡ ᠬᠢᠭᠡᠳ ᠣᠨ ᠤ ᠲᠥᠯᠥᠪᠯᠡᠭᠡ ᠯᠦᠭᠡ ᠭᠦᠢᠴᠡᠳ ᠵᠣᠯᠭᠠᠭᠤᠯᠵᠤ ᠂ ᠳᠣᠣᠷ᠎ᠠ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠭᠤᠣᠯᠳᠠᠯᠭ᠎ᠠ ᠲᠠᠢ ᠨᠢᠭᠡᠴᠢ ᠶᠢᠨ ᠬᠠᠷᠢᠭᠤᠴᠠᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠳᠣᠷᠬᠠᠶᠢᠯᠠᠬᠤ ᠬᠡᠷᠡᠭᠲᠡᠢ ᠃ ᠰᠢᠨᠵᠢᠯᠡᠬᠦ ᠤᠬᠠᠭᠠᠨᠴᠢ ᠪᠠᠷ ᠰᠢᠯᠭᠠᠨ ᠬᠢᠨᠠᠵᠤ ᠂ ᠬᠠᠷᠠᠯᠲᠠ ᠡᠭᠦᠷᠭᠡ ᠶᠢ ᠳᠥᠭᠦᠮᠬᠡᠨ ᠢᠶᠠᠷ ᠱᠠᠲᠤ ᠱᠠᠲᠤ ᠪᠠᠷ ᠢᠯᠭᠠᠨ ᠬᠤᠪᠢᠶᠠᠷᠢᠯᠠᠬᠤ ᠠᠴᠠ ᠰᠡᠷᠭᠡᠶᠢᠯᠡᠬᠦ ᠬᠡᠷᠡᠭᠲᠡᠢ ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠳ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠲᠠᠲᠤ ᠬᠠᠷᠢᠭᠤᠴᠠᠯᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠵᠤ ᠂ ᠨᠡᠩ ᠴᠢᠩᠭ᠎ᠠ ᠬᠠᠷᠠᠯᠲᠠᠲᠤ ᠬᠠᠮᠢᠶᠠᠷᠤᠯᠲᠠ ᠬᠡᠷᠡᠭᠵᠢᠭᠦᠯᠬᠦ ᠶᠢ ᠵᠣᠷᠢᠭᠵᠢᠭᠤᠯᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠨᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ ᠂ ᠠᠵᠢᠯ ᠤᠨ ᠵᠢᠯᠣᠭᠤᠳᠤᠯᠭ᠎ᠠ ᠪᠠᠨ ᠰᠠᠶᠢᠲᠤᠷ ᠬᠢᠵᠦ ᠂ ᠡᠭᠦᠷᠭᠡ ᠪᠠᠨ ᠡᠮᠬᠢ ᠵᠢᠷᠤᠮ ᠲᠠᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠠᠬᠢᠭᠤᠯᠤᠨ ᠂ ᠲᠦᠭᠰᠢᠭᠦᠷᠢ ᠶᠢ ᠴᠠᠭ ᠲᠤᠬᠠᠢ ᠳᠤ ᠨᠢ ᠰᠡᠷᠭᠡᠶᠢᠯᠡᠨ ᠠᠷᠢᠯᠭᠠᠵᠤ ᠂ ᠴᠢᠬᠤᠯᠠ ᠶᠡᠭᠡ ᠪᠠᠶᠢᠳᠠᠯ ᠢ ᠴᠠᠭ ᠲᠤᠬᠠᠢ ᠳᠤ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠢ ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠲᠦᠷᠦᠭᠦᠯᠡᠵᠦ ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶
︵ᠬᠤᠶᠠᠷ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠳᠬᠠᠨ᠎ᠠ ᠃ ︽ ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠬᠤᠭᠤᠴᠠᠭᠠᠨ ᠤ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠲᠠᠲᠤ ᠬᠠᠷᠢᠭᠤᠴᠠᠯᠭ᠎ᠠ ᠶᠢᠨ ᠦᠨᠡᠯᠡᠯᠲᠡ ᠬᠢᠵᠦ ᠰᠢᠯᠭᠠᠨ ᠬᠢᠨᠠᠬᠤ ᠶᠢ ᠴᠢᠩᠳᠠᠯᠠᠵᠤ ᠂ ᠰᠢᠯᠭᠠᠨ ᠬᠢᠨᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠤᠨ ᠂ ᠠᠵᠢᠯ ᠤᠨ ᠦᠷ᠎ᠡ ᠪᠦᠲᠦᠮᠵᠢ ᠪᠠᠷ ᠢᠯᠡᠳᠲᠡ ᠭᠠᠵᠠᠷ ᠣᠷᠣᠨ ᠢ ᠤᠷᠮᠠᠰᠢᠭᠤᠯᠬᠤ ᠪᠠᠨ ᠴᠢᠩᠭᠠᠳᠬᠠᠵᠤ ᠂ ᠠᠵᠢᠯ ᠨᠢ ᠨᠠᠶᠢᠳᠠᠪᠤᠷᠢᠲᠠᠢ ᠪᠢᠰᠢ ᠭᠠᠵᠠᠷ ᠣᠷᠣᠨ ᠢ ᠰᠢᠮᠳᠠᠭᠤᠯᠤᠨ ᠵᠢᠯᠤᠭᠤᠳᠬᠤ ᠪᠠᠨ ᠴᠢᠩᠭᠠᠳᠬᠠᠵᠤ ᠂ ᠰᠢᠯᠭᠠᠨ ᠬᠢᠨᠠᠭᠰᠠᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ ᠂ ᠺᠠᠳ᠋ᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠤᠰᠢᠶᠠᠵᠤ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠢ ᠶᠡᠷᠦᠩᠬᠡᠶᠢᠯᠡᠨ ᠰᠢᠯᠭᠠᠵᠤ ᠬᠢᠨᠠᠨ ᠦᠨᠡᠯᠡᠯᠲᠡ ᠬᠢᠬᠦ ᠶᠢᠨ ᠴᠢᠬᠤᠯᠠ ᠦᠨᠳᠦᠰᠦᠯᠡᠯ ᠪᠣᠯᠭᠠᠨ᠎ᠠ ᠃ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠬᠢᠨᠠᠨ ᠰᠢᠯᠭᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠨᠡᠮᠡᠭᠳᠡᠭᠦᠯᠦᠭᠡᠳ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠶᠢᠨ ᠰᠢᠯᠭᠠᠨ ᠬᠢᠨᠠᠬᠤ ᠬᠤᠪᠢᠳᠠᠯ ᠢ ᠪᠠᠭᠤᠷᠠᠭᠤᠯᠵᠤ ᠂ ︽ᠬᠤᠶᠠᠷ ᠶᠡᠬᠡᠲᠡᠢ ︾ ᠲᠦᠷᠦᠯ ᠵᠦᠢᠯ ᠢ ᠳᠣᠣᠷ᠎ᠠ ᠬᠢᠷᠢ ᠲᠦᠪᠰᠢᠨ ᠲᠠᠢ ᠪᠠᠷ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠬᠤ ᠠᠵᠢᠯ ᠂ ᠡᠨᠧᠷᠭᠢ ᠡᠬᠢ ᠪᠠᠶᠠᠯᠢᠭ ᠤᠨ ᠲᠣᠬᠢᠷᠠᠭᠤᠯᠤᠯᠲᠠ ᠶᠢ ᠠᠬᠢᠭᠤᠯᠤᠨ ᠰᠢᠯᠢᠳᠡᠭᠵᠢᠭᠦᠯᠬᠦ ᠠᠷᠭ᠎ᠠ ᠬᠡᠮᠵᠢᠶ᠎ᠡ ᠂ ᠤᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠶᠢ ᠠᠷᠪᠢᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠢ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠵᠤ ᠂ ᠵᠠᠬ᠎ᠠ ᠳᠡᠯᠭᠡᠭᠦᠷ ᠤᠨ ︽ᠡᠯᠡᠢ ᠤᠯᠠᠷᠢᠯ ᠪᠠ ᠬᠥᠭᠵᠢᠶᠡᠨᠲᠦ ᠤᠯᠠᠷᠢᠯ ︾ ᠂ ᠡᠨᠧᠷᠭᠢ ᠬᠡᠷᠡᠭᠯᠡᠬᠦ ᠶᠢᠨ ︽ᠤᠷᠬᠢᠯ ᠤᠯᠠᠷᠢᠯ ᠪᠠ ᠰᠣᠭᠤ ᠤᠯᠠᠷᠢᠯ ︾ ᠵᠡᠷᠭᠡ ᠶᠢ ᠭᠦᠢᠴᠡᠳ ᠪᠣᠳᠣᠯᠬᠢᠯᠠᠨ ᠂ ᠬᠠᠷᠠᠯᠲᠠ ᠪᠠᠨ ᠪᠡᠶᠡᠯᠡᠭᠦᠯᠬᠦ ᠠᠬᠢᠴᠠ ᠂ ᠠᠵᠤ ᠠᠬᠤᠢ ᠶᠢᠨ ᠪᠠᠶᠢᠳᠠᠯ ᠵᠢᠴᠢ ᠦᠶᠡᠯᠡᠯ ᠠᠯᠤᠰᠯᠠᠭᠰᠠᠨ ᠬᠦᠴᠦᠨ ᠵᠦᠢᠯ ᠢ ᠨᠢᠭᠡᠳᠦᠯᠲᠡᠢ ᠲᠥᠯᠥᠪᠯᠡᠵᠦ ᠂ ᠰᠢᠯᠭᠠᠨ ᠬᠢᠨᠠᠬᠤ ᠳᠠᠪᠲᠠᠮᠵᠢ ᠶᠢ ᠰᠢᠯᠢᠳᠡᠭᠵᠢᠭᠦᠯᠦᠨ᠎ᠡ ᠃ ᠪᠣᠬᠢᠷᠳᠤᠯ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠪᠠᠭᠠᠰᠬᠠᠬᠤ ᠬᠠᠷᠠᠯᠲᠠ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠨᠢ ᠬᠢᠨᠠᠨ ᠰᠢᠯᠭᠠᠬᠤ ᠴᠢᠬᠤᠯᠠ ᠠᠭᠤᠯᠭ᠎ᠠ ᠪᠣᠯᠭᠠᠵᠤ ᠂ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ ᠃ ︵ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠲᠦᠷᠦᠭᠦᠯᠡᠵᠦ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶
︵ ᠭᠤᠷᠪᠠ ︶ ᠠᠷᠠᠳ ᠨᠡᠶᠢᠲᠡ ᠶᠢᠨ ᠠᠵᠢᠯᠯᠠᠭᠠᠨ ᠢ ᠥᠷᠨᠢᠭᠦᠯᠦᠨ᠎ᠡ ᠃ ᠨᠡᠶᠢᠭᠡᠮ ᠳᠠᠶᠠᠭᠠᠷ ᠪᠣᠬᠢᠷᠳᠤᠯ ᠦᠭᠡᠢ ᠠᠮᠢᠳᠤᠷᠠᠯ ᠢ ᠡᠭᠦᠳᠦᠨ ᠪᠠᠶᠢᠭᠤᠯᠬᠤ ᠠᠵᠢᠯᠯᠠᠭᠠᠨ ᠢ ᠥᠷᠨᠢᠭᠦᠯᠵᠦ ᠂ ᠠᠷᠪᠢᠲᠠᠢ ᠪᠥᠭᠡᠳ ᠲᠣᠬᠢᠷᠠᠮᠵᠢᠲᠠᠢ ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠂ ᠪᠣᠯᠪᠠᠰᠤᠨ ᠪᠥᠭᠡᠳ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠨ᠎ᠠ ᠃ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠂ ᠨᠡᠭᠦᠷᠡᠰᠦᠲᠥ᠋ᠷᠥᠭᠴᠢ ᠪᠠᠭᠠᠲᠠᠢ ᠡᠳᠦᠷ ᠂ ᠣᠷᠴᠢᠨ ᠠᠬᠤᠢ ᠶᠢᠨ ᠡᠳᠦᠷ ᠵᠡᠷᠭᠡ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ ᠂ ᠡᠳᠦᠷ ᠲᠤᠳᠤᠮ ᠤᠨ ᠴᠢᠨᠠᠷᠲᠠᠢ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ ᠃ ᠨᠣᠭᠤᠭᠠᠨ ᠬᠡᠷᠡᠭᠯᠡᠭᠡᠨ ᠤ ᠵᠠᠬ᠎ᠠ ᠳᠡᠯᠭᠡᠭᠦᠷ ᠢ ᠢᠳᠡᠪᠬᠢᠲᠡᠢ ᠪᠠᠷ ᠪᠣᠶᠢᠵᠢᠭᠤᠯᠵᠤ ᠂ ᠬᠡᠷᠡᠭᠯᠡᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠡᠨᠧᠷᠭᠢ ᠠᠷᠪᠢᠯᠠᠬᠤ ᠪᠠ ᠰᠢᠨ᠎ᠡ ᠡᠨᠧᠷᠭᠢ ᠶᠢᠨ ᠮᠠᠰᠢᠨ ᠲᠡᠷᠭᠡ ᠂ ᠥᠨᠳᠥᠷ ᠠᠰᠢᠭᠯᠠᠮᠵᠢ ᠲᠠᠢ ᠭᠡᠷ ᠤᠨ ᠴᠠᠬᠢᠯᠭᠠᠨ ᠬᠡᠷᠡᠭᠰᠡᠯ ᠂ ᠤᠰᠤ ᠠᠷᠪᠢᠯᠠᠬᠤ ᠬᠡᠯᠪᠡᠷᠢ ᠶᠢᠨ ᠪᠠᠭᠠᠵᠢ ᠬᠡᠷᠡᠭᠰᠡᠯ ᠵᠡᠷᠭᠡ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠳᠣᠣᠷ᠎ᠠ ᠦᠢᠯᠡᠳᠬᠦᠨ ᠬᠤᠳᠠᠯᠳᠤᠨ ᠠᠪᠤᠭᠤᠯᠵᠤ ᠂ ᠨᠣᠭᠤᠭᠠᠨ ᠬᠡᠷᠡᠭᠯᠡᠭᠡᠨ ᠤ ᠣᠨᠣᠯᠵᠢᠬᠤᠨ ᠢ ᠬᠥᠲᠥᠯᠥᠨ ᠵᠢᠯᠣᠭᠤᠳᠤᠨ᠎ᠠ ᠃ ᠪᠣᠬᠢᠷᠳᠤᠯ ᠦᠭᠡᠢ ᠪᠥᠭᠡᠳ ᠳᠣᠣᠷ᠎ᠠ ᠨᠡᠭᠦᠷᠡᠰᠦᠲᠥ᠋ᠷᠥᠭᠴᠢᠲᠦ ᠠᠶᠠᠯᠠᠯ ᠢ ᠶᠡᠭᠡ ᠪᠠᠷ ᠳᠡᠯᠭᠡᠷᠡᠭᠦᠯᠵᠦ ᠂ ᠪᠣᠬᠢᠷᠳᠤᠯ ᠦᠭᠡᠢ ᠠᠮᠢᠳᠤᠷᠠᠯ ᠪᠠ ᠰᠡᠯᠡᠭᠦᠴᠡᠯ ᠤᠨ ᠵᠠᠭᠪᠤᠷ ᠢ ᠰᠠᠨᠠᠭᠠᠴᠢᠯᠠᠨ᠎ᠠ ᠃ ᠠᠵᠢᠯ ᠲᠦᠷᠦᠯ ᠤᠨ ᠨᠡᠶᠢᠭᠡᠮᠯᠢᠭ ᠂ ᠬᠤᠳᠠᠯᠳᠤᠭᠠᠨ ᠤ ᠪᠦᠯᠬᠦᠮ ᠂ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠨᠡᠶᠢᠲᠡ ᠶᠢᠨ ᠠᠰᠠᠷᠠᠮᠵᠢ ᠶᠢᠨ ᠦᠢᠯᠡᠰ ᠢ ᠬᠥᠭᠵᠢᠭᠦᠯᠵᠦ ᠂ ᠤᠯᠠᠨ ᠨᠡᠶᠢᠲᠡ ᠶᠢᠨ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠣᠷᠤᠯᠴᠠᠬᠤ ᠶᠢ ᠨᠢ ᠵᠣᠷᠢᠭᠵᠢᠭᠤᠯᠤᠨ᠎ᠠ ᠃ ᠡᠨᠧᠷᠭᠢ ᠠᠷᠪᠢᠯᠠᠬᠤ ᠶᠢ ᠰᠠᠶᠢᠨ ᠳᠤᠷ᠎ᠠ ᠠᠴᠠ ᠪᠠᠨ ᠠᠮᠠᠯᠠᠬᠤ ᠠᠵᠢᠯᠯᠠᠭ᠎ᠠ ᠶᠢ ᠥᠷᠨᠢᠭᠦᠯᠵᠦ ᠂ ᠤᠯᠠᠨ ᠨᠡᠶᠢᠲᠡ ᠶᠢ ᠬᠥᠲᠥᠯᠥᠨ ᠵᠢᠯᠤᠭᠤᠳᠴᠤ ᠪᠠᠶᠢᠭᠠᠳ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠬᠠᠷᠢᠭᠤᠴᠠᠯᠭ᠎ᠠ ᠶᠢ ᠨᠢ ᠭᠦᠢᠴᠡᠳᠬᠡᠯᠭᠡᠨ᠎ᠡ ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶
ᠳᠠᠭᠠᠯᠳᠤᠭᠤᠯᠤᠯ ᠄
1. ︽ ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠡᠯ᠎ᠡ ᠠᠶᠢᠮᠠᠭ ᠬᠤᠳᠠ ᠶᠢᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ ᠬᠠᠷᠠᠯᠲᠠ
附件1 “十四五”各盟市能耗强度降低目标.pdf
2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠭᠤᠣᠯ ᠪᠣᠯᠬᠤ ᠠᠵᠢᠯ ᠲᠥᠷᠥᠯ ᠤᠨ ᠡᠨᠧᠷᠭᠢ ᠠᠷᠪᠢᠯᠠᠬᠤ ᠭᠦᠢᠴᠡᠳᠬᠡᠯ ᠲᠤᠭ᠎ᠠ
附件2 内蒙古自治区“十四五”主要行业节能指标.pdf