2022 ᠣᠨ ᠤ 12 ᠳ᠋ᠤᠭᠠᠷ ᠰᠠᠷ᠎ᠠ ᠳᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠪᠣᠯᠣᠨ 110 ᠴᠠᠭᠳᠠᠭ᠎ᠠ ᠳᠤ ᠮᠡᠳᠡᠭᠦᠯᠬᠦ ᠦᠢᠯᠡᠴᠢᠯᠡᠭᠡᠨ ᠤ ᠲᠠᠪᠴᠠᠩ ᠢ ᠥᠨᠳᠥᠷ ᠪᠦᠲᠦᠮᠵᠢᠲᠡᠶ ᠪᠠᠷ ᠵᠣᠯᠭᠠᠭᠤᠯᠵᠤ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠬᠤ ᠬᠡᠷᠡᠭᠵᠢᠭᠦᠯᠬᠦ ᠲᠥᠰᠥᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 89 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠪᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ︵ᠳᠣᠷᠣᠭᠰᠢ 12345 ᠭᠡᠵᠦ ᠲᠣᠪᠴᠢᠯᠠᠨ᠎ᠠ︶ ᠪᠠ 110 ᠴᠠᠭᠳᠠᠭ᠎ᠠ ᠳᠤ ᠮᠡᠳᠡᠭᠦᠯᠬᠦ ᠦᠢᠯᠡᠴᠢᠯᠡᠭᠡᠨ ᠤ ᠲᠠᠪᠴᠠᠩ ︵ᠳᠣᠷᠣᠭᠰᠢ 110 ᠭᠡᠵᠦ ᠲᠣᠪᠴᠢᠯᠠᠨ᠎ᠠ︶ ᠤᠨ ᠬᠠᠮᠵᠢᠯᠴᠠᠨ ᠦᠢᠯᠡᠴᠢᠯᠡᠬᠦ ᠦᠢᠯᠡᠳᠦᠯ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠭᠥᠯᠢᠶᠡᠨ ᠠᠪᠴᠤ ᠰᠢᠢᠳᠪᠦᠷᠢᠯᠡᠬᠦ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠨ ᠂ ᠵᠣᠯᠭᠠᠭᠤᠯᠵᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠰᠢᠰᠲ᠋ᠧᠮ ᠤᠨ ᠲᠤᠯᠭᠠᠭᠤᠷᠢᠯᠠᠯ ᠪᠠ ᠲᠤᠭ᠎ᠠ ᠪᠠᠷᠢᠮᠲᠠ ᠶᠢ ᠬᠠᠮᠲᠤ ᠪᠠᠷ ᠬᠦᠷᠲᠡᠵᠦ ᠬᠡᠷᠡᠭᠯᠡᠬᠦ ᠶᠢ ᠴᠢᠩᠭᠠᠳᠬᠠᠬᠤ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ ᠡᠳᠦᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠪᠡ ᠄
ᠨᠢᠭᠡ ᠂ 12345 ᠨᠢ ᠶᠠᠭᠠᠬᠢᠭᠠᠳ 110 ᠲᠠᠢ ᠬᠤᠯᠪᠤᠭᠠᠯᠠᠨ ᠬᠥᠳᠡᠯᠦᠯᠴᠡᠬᠦ ᠬᠡᠷᠡᠭᠲᠡᠢ ᠪᠤᠢ ︖
ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠤᠯᠠᠮ ᠨᠢᠭᠡ ᠠᠯᠬᠤᠮ ᠢᠯᠭᠠᠨ ᠲᠣᠳᠣᠷᠬᠠᠶᠢᠯᠠᠵᠤ ᠂ ᠲᠤᠰ ᠲᠤᠰ ᠤᠨ ᠡᠭᠦᠷᠭᠡ ᠬᠠᠷᠢᠭᠤᠴᠠᠯᠭ᠎ᠠ᠂ ᠰᠢᠰᠲ᠋ᠧᠮ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠂ ᠪᠠᠴᠢᠮ ᠪᠤᠰᠤ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠮᠣᠳᠠᠯ ᠱᠠᠭᠠᠷᠳᠠᠯᠭ᠎ᠠ ᠪᠠ ᠴᠠᠭᠳᠠᠭᠠᠨ ᠤ ᠶᠠᠪᠤᠳᠠᠯ ᠤᠨ ᠵᠦᠢᠯᠡᠰ ᠢ ᠰᠢᠰᠲ᠋ᠧᠮᠵᠢᠭᠦᠯᠦᠨ ᠬᠠᠮᠢᠶᠠᠷᠴᠤ ᠂ ᠪᠠᠴᠢᠮ ᠲᠦᠷᠦᠯ ᠳᠤ ᠪᠠᠭᠲᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠮᠣᠳᠠᠯ ᠱᠠᠭᠠᠷᠳᠠᠯᠭ᠎ᠠ ᠶᠢ ᠬᠤᠯᠪᠤᠭᠠᠯᠠᠨ ᠬᠥᠳᠡᠯᠦᠯᠴᠡᠵᠦ ᠰᠢᠢᠳᠪᠦᠷᠢᠯᠡᠬᠦ ᠶᠢ ᠠᠬᠢᠭᠤᠯᠵᠤ ᠂ ᠤᠯᠠᠨ ᠲᠦᠮᠡᠨ ᠳᠤ ᠨᠡᠩ ᠲᠤᠰᠬᠠᠶᠢᠵᠢᠭᠰᠠᠨ ᠪᠥᠭᠡᠳ ᠲᠦᠷᠭᠡᠨ ᠰᠢᠭᠤᠷᠬᠠᠢ ᠦᠢᠯᠡᠴᠢᠯᠡᠭᠡ ᠦᠵᠡᠭᠦᠯᠬᠦ ᠶᠢ ᠪᠠᠲᠤᠯᠠᠵᠤ ᠂ ᠵᠠᠰᠠᠭ ᠤᠨ ᠣᠷᠳᠣᠨ ᠤ ᠬᠠᠮᠢᠶᠠᠷᠤᠯᠲᠠ ᠪᠠ ᠦᠢᠯᠡᠴᠢᠯᠡᠭᠡ ᠳᠤ ᠬᠤᠯᠪᠣᠭᠳᠠᠭᠰᠠᠨ ᠪᠠᠴᠢᠮ ᠪᠤᠰᠤ ᠭᠤᠮᠣᠳᠠᠯ ᠱᠠᠭᠠᠷᠳᠠᠯᠭ᠎ᠠ ᠶᠢ ᠨᠢᠭᠡᠳᠦᠯᠲᠡᠢ ᠲᠥᠯᠥᠪᠯᠡᠨ ᠰᠢᠢᠳᠪᠦᠷᠢᠯᠡᠬᠦ ᠶᠢ ᠠᠬᠢᠭᠤᠯᠵᠤ ᠂ ᠰᠠᠯᠠᠭ᠎ᠠ ᠮᠥᠴᠢᠷ ᠤᠳ ᠤᠨ ᠥᠨᠳᠥᠷ ᠪᠦᠲᠦᠮᠵᠢᠲᠡᠶ ᠪᠠᠷ ᠬᠠᠮᠵᠢᠯᠴᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠵᠤ ᠂ 110 ᠠᠴᠠ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ ᠂ ᠲᠤᠯᠭᠠᠮ᠎ᠠ ᠪᠥᠭᠡᠳ ᠠᠶᠤᠯ ᠲᠠᠢ ᠰᠡᠷᠡᠮᠵᠢ ᠶᠢᠨ ᠪᠠᠶᠢᠳᠠᠯ ᠢ ᠴᠠᠭ ᠲᠤᠬᠠᠢ ᠳᠤ ᠨᠢ ᠰᠢᠢᠳᠪᠦᠷᠢᠯᠡᠵᠦ ᠂ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠢ ᠨᠡᠩ ᠰᠠᠶᠢᠲᠤᠷ ᠬᠠᠮᠠᠭᠠᠯᠠᠬᠤ ᠶᠢᠨ ᠲᠤᠰᠠᠳᠠ ᠶᠤᠮ᠃
ᠬᠤᠶᠠᠷ ᠂ 12345 ᠬᠠᠯᠠᠮᠰᠢᠯ ᠤᠲᠠᠰᠤ ᠨᠢ ᠶᠠᠮᠠᠷ ᠬᠡᠷᠡᠭ ᠶᠠᠪᠤᠳᠠᠯ ᠢ ᠬᠠᠮᠢᠶᠠᠷᠳᠠᠭ ᠪᠤᠢ ︖
12345 ᠬᠠᠯᠠᠮᠰᠢᠯ ᠤᠲᠠᠰᠤ ᠨᠢ ᠠᠵᠤ ᠠᠬᠤᠶᠢᠯᠠᠯ ᠪᠠ ᠣᠯᠠᠨ ᠲᠦᠮᠡᠨ ᠤ ᠠᠵᠤ ᠠᠬᠤᠢ ᠶᠢᠨ ᠲᠣᠬᠢᠷᠠᠭᠤᠯᠤᠯᠲᠠ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠂ ᠨᠡᠶᠢᠭᠡᠮ ᠤᠨ ᠬᠠᠮᠢᠶᠠᠷᠤᠯᠲᠠ ᠂ ᠣᠯᠠᠨ ᠨᠡᠶᠢᠲᠡ ᠶᠢᠨ ᠦᠢᠯᠡᠴᠢᠯᠡᠭᠡ ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠠᠬᠢ ᠠᠰᠠᠭᠤᠨ ᠯᠠᠪᠯᠠᠭ᠎ᠠ ᠂ ᠪᠠᠴᠢᠮ ᠪᠤᠰᠤ ᠲᠤᠰᠠᠯᠠᠮᠵᠢ ᠭᠤᠶᠤᠴᠢᠯᠠᠯᠲᠠ ᠂ ᠭᠤᠮᠣᠳᠠᠯ ᠵᠠᠭᠠᠯᠳᠤᠯᠭ᠎ᠠ ᠂ ᠢᠯᠡᠴᠢᠯᠡᠨ ᠮᠡᠳᠡᠭᠦᠯᠦᠯᠲᠡ ᠪᠠ ᠰᠠᠨᠠᠯ ᠰᠠᠨᠠᠭᠤᠯᠭ᠎ᠠ ᠵᠡᠷᠭᠡ ᠶᠢ ᠭᠥᠯᠢᠶᠡᠨ ᠠᠪᠴᠤ ᠰᠢᠢᠳᠪᠦᠷᠢᠯᠡᠨ᠎ᠡ᠃
ᠵᠠᠭᠠᠯᠳᠤᠬᠤ ᠂ ᠬᠥᠨᠳᠡᠯᠡᠨ ᠠᠴᠠ ᠲᠠᠰᠤᠯᠬᠤ ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠵᠢᠷᠤᠮ ᠢᠶᠠᠷ ᠰᠢᠢᠳᠪᠦᠷᠢᠯᠡᠬᠦ ᠵᠦᠢᠯᠡᠰ ᠂ ᠨᠢᠭᠡᠨᠲᠡ ᠵᠠᠬᠢᠳᠠᠯ ᠰᠣᠷᠪᠤᠯᠵᠢᠯᠠᠭ᠎ᠠ ᠶᠢᠨ ᠵᠠᠮ ᠳᠤ ᠣᠷᠣᠭᠰᠠᠨ ᠵᠦᠢᠯᠡᠰ ᠵᠢᠴᠢ ᠤᠯᠤᠰ ᠤᠨ ᠨᠢᠭᠤᠴᠠ ᠂ ᠬᠤᠳᠠᠯᠳᠤᠭᠠᠨ ᠤ ᠨᠢᠭᠤᠴᠠ ᠂ ᠬᠤᠪᠢ ᠬᠥᠮᠥᠨ ᠤ ᠨᠢᠭᠤᠴᠠ ᠪᠠ ᠨᠡᠶᠢᠭᠡᠮ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠢ ᠵᠥᠷᠢᠴᠡᠭᠰᠡᠨ ᠵᠦᠢᠯᠡᠰ ᠵᠡᠷᠭᠡ ᠨᠢ 12345 ᠬᠠᠯᠠᠮᠰᠢᠯ ᠤᠲᠠᠰᠤᠨ ᠤ ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ᠃
ᠭᠤᠷᠪᠠ ᠂ 110 ᠨᠢ ᠶᠠᠮᠠᠷ ᠬᠡᠷᠡᠭ ᠶᠠᠪᠤᠳᠠᠯ ᠢ ᠬᠠᠮᠢᠶᠠᠷᠳᠠᠭ ᠪᠤᠢ ︖
ᠡᠷᠡᠭᠦᠦ ᠶᠢᠨ ᠬᠡᠷᠡᠭ ᠤᠨ ᠲᠦᠷᠦᠯ ᠤᠨ ᠰᠡᠷᠡᠮᠵᠢ ᠶᠢᠨ ᠪᠠᠶᠢᠳᠠᠯ ᠂ ᠠᠮᠤᠷ ᠢ ᠬᠠᠮᠠᠭᠠᠯᠠᠬᠤ ᠲᠦᠷᠦᠯ ᠤᠨ ᠰᠡᠷᠡᠮᠵᠢ ᠶᠢᠨ ᠪᠠᠶᠢᠳᠠᠯ ᠂ ᠵᠠᠮ ᠬᠠᠷᠢᠯᠴᠠᠭᠠᠨ ᠤ ᠲᠦᠷᠦᠯ ᠤᠨ ᠰᠡᠷᠡᠮᠵᠢ ᠶᠢᠨ ᠪᠠᠶᠢᠳᠠᠯ ᠂ ᠬᠥᠮᠥᠨ ᠤ ᠪᠡᠶ᠎ᠡ ᠪᠠ ᠡᠳ᠋ ᠬᠥᠷᠥᠩᠭᠡ ᠶᠢᠨ ᠠᠮᠤᠷ ᠲᠦᠪᠰᠢᠨ ᠪᠤᠶᠤ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠳᠤ ᠠᠶᠤᠯ ᠬᠥᠨᠥᠭᠡᠯ ᠤᠴᠠᠷᠠᠭᠤᠯᠤᠭᠰᠠᠨ ᠣᠯᠠᠨ ᠨᠠᠶᠢᠳᠠ ᠶᠢᠨ ᠴᠢᠨᠠᠷᠲᠠᠢ ᠬᠡᠷᠡᠭ ᠵᠢᠴᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠤᠯᠪᠣᠭᠳᠠᠭᠰᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠢᠢᠳᠪᠦᠷᠢᠯᠡᠬᠦ ᠴᠢᠬᠤᠯᠠᠲᠠᠢ ᠪᠤᠰᠤᠳ ᠴᠠᠭᠳᠠᠭ᠎ᠠ ᠳᠤ ᠮᠡᠳᠡᠭᠦᠯᠦᠭᠰᠡᠨ ᠬᠡᠷᠡᠭ︔ ᠤᠯᠠᠨ ᠨᠡᠶᠢᠲᠡ ᠶᠢᠨ ᠪᠡᠯᠡᠳᠬᠡᠮᠵᠢ ᠶᠢᠨ ᠲᠦᠭᠰᠢᠭᠦᠷᠢᠲᠦ ᠪᠠᠶᠢᠳᠠᠯ ᠂ ᠭᠠᠢ ᠭᠠᠮᠰᠢᠭ ᠡ᠊ᠨᠳᠡᠯ ᠵᠢᠴᠢ ᠬᠥᠮᠥᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠂ ᠤᠯᠠᠨ ᠨᠡᠶᠢᠲᠡ ᠶᠢᠨ ᠠᠮᠤᠷ ᠲᠦᠪᠰᠢᠨ ᠳᠤ ᠠᠶᠤᠯ ᠬᠥᠨᠥᠭᠡᠯ ᠤᠴᠠᠷᠠᠭᠤᠯᠤᠭᠰᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠣᠷᠣᠯᠴᠠᠵᠤ ᠰᠢᠢᠳᠪᠦᠷᠢᠯᠡᠬᠦ ᠴᠢᠬᠤᠯᠠᠲᠠᠢ ᠪᠤᠰᠤᠳ ᠪᠠᠴᠢᠮ ᠲᠤᠰᠠᠯᠠᠮᠵᠢ ᠭᠤᠶᠤᠴᠢᠯᠠᠯᠲᠠ︔ ᠶᠠᠭ ᠡᠭᠦᠰᠴᠦ ᠪᠠᠶᠢᠭ᠎ᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠴᠢ ᠠᠷᠠᠳ ᠤᠨ ᠴᠠᠭᠳᠠᠭ᠎ᠠ ᠶᠢᠨ ᠬᠠᠤᠯᠢ ᠰᠠᠬᠢᠯᠭ᠎ᠠ ᠶᠢ ᠵᠥᠷᠢᠴᠡᠭᠰᠡᠨ ᠪᠤᠶᠤ ᠬᠠᠷᠢᠭᠤᠴᠠᠯᠭ᠎ᠠ ᠠᠯᠳᠠᠭᠰᠠᠨ ᠠᠵᠢᠯᠯᠠᠭ᠎ᠠ ᠶᠢᠨ ᠲᠤᠬᠠᠢ ᠵᠠᠭᠠᠯᠳᠤᠯᠭ᠎ᠠ ᠃
ᠳᠥᠷᠪᠡ ᠂ 12345 ᠪᠣᠯᠣᠨ 110 ᠬᠡᠷᠬᠢᠨ ᠬᠤᠯᠪᠤᠭᠠᠯᠠᠨ ᠬᠥᠳᠡᠯᠦᠯᠴᠡᠬᠦ ᠪᠤᠢ ︖
12345 ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠤᠯᠪᠣᠭᠳᠠᠭᠰᠠᠨ ᠭᠤᠮᠣᠳᠠᠯ ᠵᠠᠭᠠᠯᠳᠤᠯᠭ᠎ᠠ ᠶᠢᠨ ᠵᠦᠢᠯᠡᠰ ᠪᠤᠶᠤ ᠪᠠᠴᠢᠮ ᠲᠤᠰᠠᠯᠠᠮᠵᠢ ᠭᠤᠶᠤᠴᠢᠯᠠᠯᠲᠠ ᠶᠢ ᠭᠥᠯᠢᠶᠡᠨ ᠠᠪᠴᠤ ᠂ 110 ᠨᠢ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠬᠤᠯᠪᠣᠭᠳᠠᠭᠰᠠᠨ ᠭᠤᠮᠣᠳᠠᠯ ᠵᠠᠭᠠᠯᠳᠤᠯᠭ᠎ᠠ ᠶᠢ ᠭᠥᠯᠢᠶᠡᠨ ᠠᠪᠴᠤ᠂ ᠬᠤᠯᠪᠤᠭᠠᠯᠠᠨ ᠬᠥᠳᠡᠯᠦᠯᠴᠡᠬᠦ ᠠᠵᠢᠯᠯᠠᠭᠠᠨ ᠤ ᠲᠣᠭᠲᠠᠴᠠ ᠶᠢ ᠡᠬᠢᠯᠡᠭᠦᠯᠵᠦ ᠂ ᠨᠢᠭᠡ ᠲᠣᠪᠴᠢ ᠪᠠᠷ ᠳᠠᠮᠵᠢᠭᠤᠯᠤᠨ ᠵᠠᠯᠭᠠᠬᠤ ᠂ ᠭᠤᠷᠪᠠᠨ ᠲᠠᠯ᠎ᠠ ︵ ᠭᠤᠮᠣᠳᠠᠯ ᠵᠠᠭᠠᠯᠳᠤᠯᠭ᠎ᠠ ᠢᠷᠡᠭᠦᠯᠦᠭᠰᠡᠨ ᠲᠠᠯ᠎ᠠ ᠂ 110 ᠂ 12345 ︶ ᠤᠲᠠᠰᠤ ᠪᠠᠷ ᠬᠤᠯᠪᠣᠭᠳᠠᠬᠤ ᠂ ᠲᠤᠰᠬᠠᠢ ᠰᠠᠭᠤᠳᠠᠯ ᠢᠶᠠᠷ ᠬᠤᠯᠪᠤᠭᠠᠯᠠᠨ ᠬᠥᠳᠡᠯᠦᠯᠴᠡᠬᠦ ᠂ ᠰᠢᠰᠲ᠋ᠧᠮ ᠢᠶᠠᠷ ᠮᠡᠳᠡᠭᠡᠯᠡᠯ ᠬᠦᠷᠭᠡᠬᠦ ᠵᠡᠷᠭᠡ ᠬᠡᠯᠪᠡᠷᠢ ᠪᠠᠷ ᠭᠦᠢᠴᠡᠳᠬᠡᠨ᠎ᠡ ᠃
ᠲᠠᠪᠤ ᠂ 12345 ᠨᠢ ᠠᠵᠤ ᠠᠬᠤᠶᠢᠯᠠᠯ ᠪᠠ ᠤᠯᠠᠨ ᠲᠦᠮᠡᠨ ᠳᠤ ᠬᠡᠷᠬᠢᠨ ᠨᠡᠩ ᠰᠠᠶᠢᠨ ᠦᠢᠯᠡᠴᠢᠯᠡᠬᠦ ᠪᠤᠢ ︖
ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠨᠡᠶᠢᠯᠡᠭᠦᠯᠦᠨ ᠨᠢᠭᠡᠳᠬᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ ᠂ ᠬᠤᠣᠰ ᠳ᠋ᠤᠭᠠᠷ ᠢ ᠵᠡᠷᠭᠡ ᠪᠠᠷ ᠬᠡᠷᠡᠭᠯᠡᠬᠦ ᠂ ᠬᠤᠪᠢᠶᠠᠷᠢ ᠲᠥᠪ ᠪᠠᠶᠢᠭᠤᠯᠬᠤ ᠬᠡᠯᠪᠡᠷᠢ ᠪᠠᠷ ᠨᠡᠶᠢᠯᠡᠭᠦᠯᠦᠨ ᠨᠢᠭᠡᠳᠬᠡᠬᠦ ᠶᠢ ᠨᠢᠭᠡᠨᠲᠡ ᠪᠡᠶᠡᠯᠡᠭᠦᠯᠦᠭᠰᠡᠨ ᠪᠣᠯᠪᠠᠴᠤ ᠤᠲᠠᠰᠤᠨ ᠤ ᠦᠢᠯᠡᠴᠢᠯᠡᠭᠡᠨ ᠤ ᠰᠠᠭᠤᠳᠠᠯ ᠢ ᠦᠯᠡᠳᠡᠭᠡᠭᠰᠡᠭᠡᠷ ᠪᠠᠶᠢᠭ᠎ᠠ ᠬᠠᠯᠠᠮᠰᠢᠯ ᠤᠲᠠᠰᠤ ᠶᠢᠨ ᠨᠣᠮᠧᠷ ᠂ ︽7×24 ᠴᠠᠭ︾ ᠬᠥᠮᠥᠨ ᠤ ᠬᠦᠴᠦᠨ ᠤ ᠦᠢᠯᠡᠴᠢᠯᠡᠭᠡᠨ ᠤ ᠴᠢᠳᠠᠪᠤᠷᠢ ᠦᠭᠡᠢ ᠪᠤᠶᠤ ᠬᠥᠮᠥᠨ ᠤ ᠬᠦᠴᠦᠨ ᠤ ᠬᠤᠯᠪᠣᠭᠳᠠᠬᠤ ᠨᠣᠷᠮ᠎ᠠ ᠨᠢ 60% ᠠᠴᠠ ᠳᠣᠣᠷ᠎ᠠ ᠪᠠᠶᠢᠪᠠᠯ ᠂ ᠤᠲᠠᠰᠤᠨ ᠤ ᠦᠢᠯᠡᠴᠢᠯᠡᠭᠡᠨ ᠤ ᠰᠠᠭᠤᠳᠠᠯ ᠢ 12345 ᠳᠤ ᠨᠡᠶᠢᠯᠡᠭᠦᠯᠵᠦ ᠨᠢᠭᠡᠳᠦᠯᠲᠡᠢ ᠬᠠᠮᠢᠶᠠᠷᠤᠨ᠎ᠠ᠃ 12345 ᠲᠠᠪᠴᠠᠩ ᠬᠢᠭᠡᠳ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠵᠤ ᠂ ᠮᠡᠳᠡᠭᠡ ᠵᠠᠩᠭᠢ ᠶᠢ ᠴᠠᠭ ᠲᠤᠬᠠᠢ ᠳᠤ ᠨᠢ ᠪᠥᠬᠦ ᠬᠡᠮᠵᠢᠶ᠎ᠡ ᠪᠠᠷ ᠬᠠᠮᠲᠤ ᠪᠠᠷ ᠬᠦᠷᠲᠡᠬᠦ ᠶᠢ ᠪᠡᠶᠡᠯᠡᠭᠦᠯᠦᠨ᠎ᠡ ᠃ 12345 ᠨᠢ ᠲᠣᠭᠲᠠᠮᠠᠯ ᠬᠤᠭᠤᠴᠠᠭ᠎ᠠ ᠲᠠᠢ ᠪᠠᠷ ᠠᠵᠤ ᠠᠬᠤᠶᠢᠯᠠᠯ ᠪᠠ ᠣᠯᠠᠨ ᠲᠦᠮᠡᠨ ᠤ ᠥᠨᠳᠥᠷ ᠳᠠᠪᠲᠠᠮᠵᠢᠲᠤ ᠠᠰᠠᠭᠤᠨ ᠯᠠᠪᠯᠠᠭ᠎ᠠ ᠶᠢᠨ ᠲᠥᠷᠥᠯ ᠤᠨ ᠠᠰᠠᠭᠤᠳᠠᠯ ᠢ ᠬᠤᠷᠢᠶᠠᠩᠭᠤᠶᠢᠯᠠᠵᠤ ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠭᠠᠴᠢᠯᠠᠭ᠎ᠠ ᠠᠴᠠ ᠪᠠᠨ ᠮᠡᠳᠡᠭᠡ ᠵᠠᠩᠭᠢ ᠪᠠᠨ ᠨᠡᠶᠢᠲᠡᠯᠡᠬᠦ ᠶᠢ ᠱᠠᠭᠠᠷᠳᠠᠵᠤ᠂ 12345 ᠠᠵᠢᠯ ᠤᠨ ᠬᠠᠭᠤᠳᠠᠰᠤ ᠶᠢ ᠳᠠᠭᠠᠭᠠᠨ ᠭᠦᠢᠴᠡᠳᠬᠡᠬᠦ ᠨᠢᠭᠡᠴᠢ ᠶᠢᠨ ᠠᠵᠢᠯ ᠢᠶᠠᠨ ᠭᠦᠢᠴᠡᠳᠬᠡᠬᠦ ᠶᠢ ᠰᠢᠮᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠶᠢ ᠴᠢᠩᠭᠠᠳᠬᠠᠵᠤ ᠂ ᠭᠦᠢᠴᠡᠳᠬᠡᠭᠰᠡᠨ ᠪᠠᠶᠢᠳᠠᠯ ᠢ ᠴᠠᠭ ᠲᠤᠬᠠᠢ ᠳᠤ ᠨᠢ ᠢᠯᠡ ᠪᠣᠯᠭᠠᠨ ᠂ ᠴᠤᠤᠷᠢᠶᠠᠲᠤᠨ ᠳᠠᠭᠠᠬᠤ ᠨᠣᠷᠮ᠎ᠠ ᠂ ᠰᠢᠢᠳᠪᠦᠷᠢᠯᠡᠬᠦ ᠨᠣᠷᠮ᠎ᠠ ᠪᠠ ᠬᠠᠨᠤᠮᠵᠢᠲᠠᠶ ᠪᠠᠶᠢᠬᠤ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠨ ᠱᠠᠭᠠᠷᠳᠠᠭᠰᠠᠨ ᠵᠦᠢᠯᠡᠰ ᠢ ᠠᠮᠵᠢᠯᠲᠠ ᠲᠠᠢ ᠂ ᠲᠦᠷᠭᠡᠨ ᠂ ᠰᠠᠶᠢᠨ ᠭᠦᠢᠴᠡᠳᠬᠡᠬᠦ ᠶᠢ ᠪᠠᠲᠤᠯᠠᠬᠤ ᠬᠡᠷᠡᠭᠲᠡᠢ᠃
ᠵᠢᠷᠭᠤᠭ᠎ᠠ ᠂ 110 ᠨᠢ ᠴᠠᠭᠳᠠᠭᠠᠨ ᠤ ᠰᠢᠢᠳᠪᠦᠷᠢᠯᠡᠬᠦ ᠬᠡᠷᠡᠭ ᠶᠠᠪᠦᠳᠠᠯ ᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠤᠨ ᠦᠷ᠎ᠡ ᠪᠦᠲᠦᠮᠵᠢ ᠶᠢ ᠬᠡᠷᠬᠢᠨ ᠳᠡᠭᠡᠭᠰᠢᠯᠡᠭᠦᠯᠬᠦ ᠪᠣᠶ︖
ᠡᠯ᠎ᠡ ᠭᠠᠵᠠᠷ ᠤᠨ ᠬᠢᠨ ᠲᠤᠰ ᠭᠠᠵᠠᠷ ᠣᠷᠣᠨ ᠤ ᠪᠠᠨ 110 ᠴᠠᠭᠳᠠᠭ᠎ᠠ ᠳᠤ ᠮᠡᠳᠡᠭᠦᠯᠬᠦ ᠬᠡᠷᠡᠭ ᠤᠨ ᠭᠥᠯᠢᠶᠡᠨ ᠠᠪᠬᠤ ᠬᠡᠮᠵᠢᠶ᠎ᠡ ᠶᠢ ᠦᠨᠳᠦᠰᠦᠯᠡᠨ ᠂ ᠭᠥᠯᠢᠶᠡᠨ ᠠᠪᠬᠤ ᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠬᠢᠷᠠᠭᠤᠯᠵᠤ ᠂ ᠭᠥᠯᠢᠶᠡᠨ ᠠᠪᠬᠤ ᠠᠵᠢᠯᠲᠠᠨ ᠪᠣᠯᠣᠨ ᠲᠣᠬᠢᠷᠠᠭᠤᠯᠤᠨ ᠵᠢᠯᠣᠭᠤᠳᠬᠤ ᠴᠠᠭᠳᠠᠭ᠎ᠠ ᠶᠢ ᠪᠦᠷᠢᠨ ᠭᠦᠢᠴᠡᠳ ᠪᠥᠭᠡᠳ ᠪᠦᠲᠦᠮᠵᠢᠲᠡᠢ ᠲᠣᠬᠢᠷᠠᠭᠤᠯᠵᠤ ᠂ ᠲᠥᠬᠦᠭᠡᠷᠦᠮᠵᠢ ᠪᠣᠯᠣᠨ ᠰᠢᠰᠲ᠋ᠧᠮ ᠤᠨ ᠪᠠᠲᠤᠯᠠᠭ᠎ᠠ ᠶᠢ ᠴᠢᠩᠭᠠᠳᠬᠠᠨ ᠂ 110 ᠤᠨ ︽ᠠᠮᠢ ᠨᠠᠰᠤᠨ ᠤ ᠤᠲᠠᠰᠤ︾ ᠶᠢᠨ ᠪᠦᠬᠦᠯᠢ ᠡᠳᠦᠷ ᠤᠨ ᠲᠤᠷᠰᠢ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢᠨ ᠬᠠᠮᠲᠤ ᠢᠨᠲ᠋ᠧᠷ ᠰᠦᠯᠵᠢᠶ᠎ᠡ ᠪᠠᠷ ᠴᠠᠭᠳᠠᠭ᠎ᠠ ᠳᠤ ᠮᠡᠳᠡᠭᠦᠯᠬᠦ ᠠᠷᠭ᠎ᠠ ᠵᠠᠮ ᠢ ᠥᠷᠭᠡᠳᠬᠡᠵᠦ ᠂ ᠠᠵᠤ ᠠᠬᠤᠶᠢᠯᠠᠯ ᠪᠣᠯᠣᠨ ᠣᠯᠠᠨ ᠲᠦᠮᠡᠨ ᠤ ᠬᠡᠷᠡᠭᠴᠡᠭᠡ ᠶᠢ ᠬᠠᠩᠭᠠᠨ᠎ᠠ ᠃ ᠡᠯ᠎ᠡ ᠴᠠᠭᠳᠠᠭᠠᠨ ᠲᠥᠷᠥᠯ ᠪᠠ ᠵᠢᠩᠬᠢᠨᠢ ᠪᠠᠶᠢᠯᠳᠤᠭᠠᠨ ᠤ ᠨᠢᠭᠡᠴᠢ ᠶᠢ 110 ᠭᠥᠯᠢᠶᠡᠨ ᠠᠪᠴᠤ ᠰᠢᠢᠳᠪᠦᠷᠢᠯᠡᠬᠦ ᠠᠵᠢᠯ ᠲᠠᠢ ᠬᠠᠷᠢᠯᠴᠠᠨ ᠵᠣᠯᠭᠠᠭᠤᠯᠤᠨ ᠲᠦᠷᠭᠡᠨ ᠴᠤᠤᠷᠢᠶᠠᠲᠤᠨ ᠳᠠᠭᠠᠬᠤ ᠲᠣᠭᠲᠠᠴᠠ ᠶᠢ ᠪᠠᠶᠢᠭᠤᠯᠵᠤ ᠂ ᠡᠮᠦᠨ᠎ᠠ ᠹᠷᠣᠨᠲ ᠤᠨ ᠴᠠᠭᠳᠠᠭᠠᠨ ᠤ ᠰᠢᠢᠳᠪᠦᠷᠢᠯᠡᠬᠦ ᠠᠵᠢᠯ ᠤᠨ ᠲᠤᠭ᠎ᠠ ᠪᠠᠷᠢᠮᠲᠠ ᠶᠢᠨ ᠴᠢᠳᠠᠪᠤᠷᠢ ᠣᠯᠭᠤᠬᠤ ᠪᠠ ᠠᠷᠤ ᠲᠠᠯ᠎ᠠ ᠶᠢᠨ ᠲᠤᠯᠭᠠᠭᠤᠷᠢᠯᠠᠯ ᠢ ᠴᠢᠩᠭᠠᠳᠬᠠᠨ ᠂ ᠤᠷᠢᠳᠴᠢᠯᠠᠨ ᠰᠡᠷᠭᠡᠶᠢᠯᠡᠬᠦ ᠴᠠᠭᠳᠠᠭᠠᠨ ᠤ ᠶᠠᠪᠤᠳᠠᠯ ᠢ ᠢᠳᠡᠪᠬᠢᠲᠡᠢ ᠰᠦᠪᠡᠭᠴᠢᠯᠡᠨ ᠬᠡᠷᠡᠭᠵᠢᠭᠦᠯᠵᠦ ᠂ ᠴᠠᠭᠳᠠᠭᠠᠨ ᠤ ᠰᠢᠢᠳᠪᠦᠷᠢᠯᠡᠬᠦ ᠬᠡᠷᠡᠭ ᠶᠠᠪᠦᠳᠠᠯ ᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠤᠨ ᠦᠢᠯᠡᠳᠦᠯ ᠴᠢᠳᠠᠮᠵᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃
ᠡᠭᠦᠨ ᠠᠴᠠ ᠭᠠᠳᠠᠨ᠎ᠠ ᠂ 12345 ᠪᠣᠯᠣᠨ 110 ᠨᠢ ᠬᠠᠮᠲᠤᠷᠠᠨ ᠡᠷᠬᠡ ᠰᠦᠷᠲᠦ ᠣᠨᠣᠪᠴᠢᠲᠠᠶ ᠂ ᠪᠠᠷᠢᠮᠵᠢᠶ᠎ᠠ ᠨᠢ ᠨᠢᠭᠡᠳᠦᠯᠲᠡᠢ ᠂ ᠴᠠᠭ ᠲᠤᠬᠠᠢ ᠳᠤ ᠨᠢ ᠰᠢᠨᠡᠳᠬᠡᠬᠦ ᠂ ᠬᠠᠮᠲᠤ ᠪᠠᠷ ᠪᠠᠶᠢᠭᠤᠯᠵᠤ ᠬᠠᠮᠲᠤ ᠪᠠᠷ ᠬᠦᠷᠲᠡᠬᠦ ᠮᠡᠳᠡᠯᠭᠡ ᠶᠢᠨ ᠬᠥᠮᠥᠷᠭᠡ ᠶᠢ ᠪᠠᠶᠢᠭᠤᠯᠵᠤ ᠂ ᠥᠨᠳᠥᠷ ᠳᠠᠪᠲᠠᠮᠵᠢᠲᠤ ᠠᠰᠠᠭᠤᠳᠠᠯ ᠪᠠ ᠥᠨᠳᠥᠷ ᠳᠠᠪᠲᠠᠮᠵᠢᠲᠤ ᠰᠢᠯᠵᠢᠭᠦᠯᠦᠨ ᠭᠦᠢᠴᠡᠳᠬᠡᠬᠦ ᠵᠦᠢᠯᠡᠰ ᠲᠤ ︽ᠨᠢᠭᠡ ᠠᠰᠠᠭᠤᠯᠲᠠ ᠳᠤ ᠨᠢᠭᠡ ᠬᠠᠷᠢᠭᠤᠯᠲᠠ ᠥᠭᠬᠦ ︾ ᠪᠠᠷᠢᠮᠵᠢᠶ᠎ᠠ ᠶᠢ ᠲᠣᠭᠲᠠᠭᠠᠵᠤ ᠂ ︽ᠠᠰᠠᠭᠤᠭᠰᠠᠨ ᠳᠠᠷᠤᠢ ᠳᠤ ᠨᠢ ᠬᠠᠷᠢᠭᠤᠯᠬᠤ︾ ᠶᠢ ᠢᠳᠡᠪᠬᠢᠲᠡᠢ ᠬᠡᠷᠡᠭᠵᠢᠭᠦᠯᠦᠨ᠎ᠡ᠃