ᠪᠦᠭᠦ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠳᠠᠶᠢᠴᠢᠯᠠᠯᠲᠠ ᠪᠠᠶᠢᠷᠢᠯᠠᠭᠤᠯᠤᠯᠲᠠ  ᠶᠢᠨ ᠬᠤᠷᠠᠯ ᠭᠦᠭᠡᠬᠤᠲᠠ ᠳᠤ ᠬᠤᠷᠠᠯᠳᠤᠪᠠ  ᠰᠦᠨ ᠱᠤᠤ ᠴᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/3/3

      3 ᠰᠠᠷ᠎ᠠ ᠶᠢᠨ 2 ᠤᠨ ᠡᠳᠦᠷ ᠂ ᠪᠦᠭᠦ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠭᠦᠭᠡᠬᠤᠲᠠ ᠳᠤ ᠬᠤᠷᠠᠯᠳᠤᠪᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ

ᠰᠦᠨ ᠱᠤᠤ ᠴᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ ᠃


0303全区纪检监察干部队伍教育整顿动员部署会议在呼和浩特召开 孙绍骋出席并讲话.png


      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠂ ᠬᠢᠨᠠᠨ ᠪᠠᠶᠢᠴᠠᠭᠠᠬᠤ ᠵᠥᠪᠯᠡᠯ ᠤᠨ ᠡᠷᠭᠢᠯᠡᠭᠴᠢ ᠯᠢᠦ ᠱᠤᠸᠠᠩ ᠬᠤᠷᠠᠯ ᠢ ᠡᠷᠭᠢᠯᠡᠭᠰᠡᠨ ᠪᠥᠭᠡᠳ ᠪᠦᠭᠦ ᠤᠯᠤᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠠᠵᠢᠯ ᠤᠨ ᠲᠣᠬᠢᠷᠠᠭᠤᠯᠤᠯᠲᠠ ᠶᠢ ᠤᠯᠠᠮᠵᠢᠯᠠᠪᠠ ᠃

      ᠰᠦᠨ ᠱᠤᠤ ᠴᠧᠩ ᠂ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠭᠰᠠᠨ ᠴᠢᠬᠤᠯᠠ ᠶᠡᠭᠡ ᠤᠯᠤᠰ ᠲᠦᠷᠦ ᠶᠢᠨ ᠠᠵᠢᠯ ᠪᠠᠶᠢᠵᠤ ᠂ ᠣᠳᠣᠬᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠨᠢᠭᠡᠨ ᠴᠢᠬᠤᠯᠠ ᠤᠯᠤᠰ ᠲᠦᠷᠦ ᠶᠢᠨ ᠡᠭᠦᠷᠭᠡ ᠪᠣᠯᠣᠨ᠎ᠠ ᠃ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠬᠥᠮᠦᠵᠢᠯ ᠴᠡᠭᠴᠡᠯᠡᠯᠲᠡ ᠶᠢᠨ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ ᠂ ᠵᠠᠶᠢᠯᠠᠰᠢ ᠦᠭᠡᠢ ᠴᠢᠨᠠᠷ ᠪᠠ ᠲᠤᠯᠭᠠᠮ ᠴᠢᠨᠠᠷ ᠢ ᠭᠦᠨᠵᠡᠭᠡᠢ ᠲᠠᠨᠢᠵᠤ ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠡᠩᠨᠡᠭᠡ ᠪᠠᠨ ᠴᠢᠩᠭ᠎ᠠ ᠴᠡᠭᠴᠡᠯᠡᠵᠦ ᠂ ︽ ᠬᠤᠶᠠᠷ ᠨᠢᠭᠤᠷᠲᠠᠨ ︾ ᠢ ᠡᠷᠡᠰ ᠪᠠᠶᠢᠴᠠᠭᠠᠨ ᠰᠢᠢᠳᠪᠦᠷᠢᠯᠡᠵᠦ ᠂ ︽ ᠳᠡᠷᠭᠡᠳᠡᠬᠢ ᠠᠰᠠᠭᠤᠳᠠᠯ ᠢᠶᠠᠨ ᠣᠯᠵᠤ ᠬᠠᠷᠠᠬᠤ ᠦᠭᠡᠢ ︾ ᠪᠠᠶᠢᠬᠤ ᠶᠢ ᠡᠷᠡᠰ ᠰᠡᠷᠭᠡᠶᠢᠯᠡᠨ ᠵᠠᠰᠠᠵᠤ ᠂ ᠦᠵᠡᠯ ᠰᠠᠨᠠᠭᠠᠨ ᠤ ᠲᠠᠯ᠎ᠠ ᠠᠴᠠ ᠠᠪᠤᠭᠠᠳ ᠵᠣᠬᠢᠶᠠᠨ ᠪᠠᠶᠢᠭᠤᠯᠤᠯᠲᠠ ᠭᠦᠷᠳᠡᠯ᠎ᠡ ᠮᠠᠨ ᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠭᠡᠬᠦ ᠡᠨᠡ ᠬᠦ ᠨᠠᠮ ᠤᠨ ︽ ᠰᠠᠬᠢᠯᠭ᠎ᠠ ᠪᠠᠲᠤ ᠶᠢᠨ ᠴᠡᠷᠢᠭ ᠠᠩᠭᠢ ︾ ᠶᠢ ᠰᠠᠶᠢᠲᠤᠷ ᠪᠠᠶᠢᠭᠤᠯᠵᠤ ᠂ ᠬᠦᠴᠦᠷᠬᠡᠭ ᠪᠣᠯᠭᠠᠨ ᠪᠠᠶᠢᠭᠤᠯᠵᠤ ᠂ ᠪᠦᠭᠦ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠨᠡᠩ ᠰᠠᠶᠢᠲᠤᠷ ᠪᠠᠲᠤᠯᠠᠭ᠎ᠠ ᠬᠠᠩᠭᠠᠬᠤ ᠬᠡᠷᠡᠭᠲᠡᠢ ᠭᠡᠪᠡ ᠃

      ᠰᠦᠨ ᠱᠤᠤ ᠴᠧᠩ ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠂ ᠬᠠᠷᠠᠯᠲᠠ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ ᠂ ᠰᠤᠷᠤᠯᠴᠠᠯᠭ᠎ᠠ ᠬᠥᠮᠦᠵᠢᠯ ᠂ ᠪᠠᠶᠢᠴᠠᠭᠠᠨ ᠦᠵᠡᠵᠦ ᠴᠡᠭᠴᠡᠯᠡᠨ ᠵᠠᠰᠠᠬᠤ ᠂ ᠪᠠᠬᠢᠵᠢᠭᠦᠯᠦᠨ ᠳᠡᠭᠡᠭᠰᠢᠯᠡᠭᠦᠯᠭᠦ ᠡᠯ᠎ᠡ ᠭᠤᠭᠴᠤᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠬᠡᠷᠡᠭᠲᠡᠢ ᠃ ᠬᠥᠮᠦᠵᠢᠯ ᠢ ᠴᠢᠩᠭᠠᠳᠬᠠᠨ ᠦᠵᠡᠯ ᠰᠠᠨᠠᠭ᠎ᠠ ᠪᠠᠨ ᠴᠡᠪᠡᠷᠰᠢᠭᠦᠯᠵᠦ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ ᠂ ᠤᠯᠤᠰ ᠲᠦᠷᠦ ᠶᠢᠨ ᠲᠠᠯ᠎ᠠ ᠪᠠᠷ ᠦᠨᠡᠨᠴᠢ ᠰᠢᠳᠤᠷᠭᠤ ᠪᠠᠶᠢᠬᠤ ᠶᠢ ᠴᠣᠭᠴᠠᠯᠠᠬᠤ ᠬᠡᠷᠡᠭᠲᠡᠢ ᠃ ᠵᠣᠬᠢᠶᠠᠨ ᠪᠠᠶᠢᠭᠤᠯᠤᠯᠲᠠ ᠶᠢ ᠴᠡᠪᠡᠷᠯᠡᠨ ᠴᠡᠭᠴᠡᠯᠡᠵᠦ ᠴᠡᠪᠡᠷᠰᠢᠭᠦᠯᠵᠦ ᠂ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ ᠬᠡᠷᠡᠭᠵᠢᠭᠦᠯᠬᠦ ᠡᠷᠬᠡ ᠶᠢᠨ ᠠᠵᠢᠯᠯᠠᠭᠠᠨ ᠳᠤ ᠬᠢᠨᠠᠯᠲᠠ ᠲᠠᠯᠪᠢᠬᠤ ᠶᠢᠨ ᠲᠣᠭᠤᠷᠢᠨ ᠳᠤ ᠂ ᠲᠣᠪᠣᠶᠢᠮ᠎ᠠ ᠠᠰᠠᠭᠤᠳᠠᠯ ᠪᠣᠯᠣᠨ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠵᠤ ᠵᠠᠯᠠᠷᠠᠭᠤᠯᠬᠤ ᠬᠡᠷᠡᠭᠲᠡᠢ ᠃ ᠭᠢᠲᠤᠭ᠎ᠠ ᠶᠢᠨ ᠢᠷ ᠢ ᠳᠣᠲᠣᠭᠰᠢ ᠬᠠᠨᠳᠤᠭᠤᠯᠤᠨ ᠥᠪᠡᠷ ᠤᠨ ᠪᠡᠶ᠎ᠡ ᠶᠢᠨ ᠢᠯᠵᠢᠷᠡᠮᠡᠯ ᠮᠢᠬ᠎ᠠ ᠪᠠᠨ ᠣᠭᠲᠣᠯᠵᠤ ᠂ ᠤᠯᠠᠨ ᠢ ᠲᠦᠢᠪᠡᠭᠡᠭᠴᠢ ᠶᠢ ᠡᠷᠡᠰ ᠠᠷᠢᠯᠭᠠᠵᠤ ᠂ ᠺᠠᠳ᠋ᠷ ᠤᠨ ᠡᠩᠨᠡᠭᠡᠨ ᠤ ᠪᠡᠶ᠎ᠡ ᠴᠣᠭᠴᠠ ᠶᠢᠨ ᠡᠷᠡᠭᠦᠯ ᠮᠡᠨᠳᠦ ᠶᠢ ᠪᠠᠲᠤᠯᠠᠬᠤ ᠬᠡᠷᠡᠭᠲᠡᠢ ᠃ ᠡᠷᠳᠡᠮ ᠴᠢᠳᠠᠪᠤᠷᠢ ᠪᠠᠨ ᠳᠡᠭᠡᠭᠰᠢᠯᠡᠭᠦᠯᠵᠦ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠂ ︽ ᠬᠤᠶᠠᠷ ᠲᠣᠮᠣ ᠶᠠᠪᠤᠳᠠᠯ ︾ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ  ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠤᠯᠤᠰ ᠲᠥᠷᠥ ᠶᠢᠨ ᠬᠢᠨᠠᠯᠲᠠ ᠲᠠᠯᠪᠢᠬᠤ ᠪᠠ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ ᠂ ᠺᠠᠳ᠋ᠷ ᠤᠨ ᠡᠭᠦᠷᠭᠡᠯᠡᠯ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠶ ᠪᠤᠯᠭᠠᠬᠤ ᠶᠢ ᠠᠬᠢᠭᠤᠯᠬᠤ ᠬᠡᠷᠡᠭᠲᠡᠢ ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠬᠤ ᠂ ᠲᠠᠰ ᠳᠠᠪᠬᠤᠷᠭ᠎ᠠ ᠬᠤᠪᠢᠶᠠᠨ ᠵᠡᠷᠭᠡ ᠪᠠᠷ ᠠᠬᠢᠭᠤᠯᠬᠤ ᠶᠢ ᠪᠠᠷᠢᠮᠲᠠᠯᠠᠵᠤ ᠂ ᠬᠥᠮᠦᠵᠢᠯ ᠴᠡᠭᠴᠡᠯᠡᠯᠲᠡ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠪᠡ ᠃

      ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠵᠤ ᠂ ᠡᠯ᠎ᠡ ᠠᠶᠢᠮᠠᠭ ᠬᠤᠳᠠ ᠂ ᠬᠤᠰᠢᠭᠤ ᠰᠢᠶᠠᠨ ︵ ᠬᠤᠳᠠ ᠂ ᠲᠣᠭᠤᠷᠢᠭ ︶ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ