ᠮᠠᠨᠵᠤᠤᠷ ᠬᠤᠳᠠ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠠᠶᠤᠯ ᠦᠭᠡᠢ ᠦᠢᠯᠡᠳᠪᠦᠷᠢᠯᠡᠯ ᠤᠨ ᠬᠤᠯᠪᠣᠭᠠᠯᠠᠭᠰᠠᠨ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/3/3

      ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠴᠢᠩᠭᠠᠳᠬᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠨ᠂ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠦᠭᠡᠳ ᠡᠮᠬᠢ ᠳᠢᠭᠯᠢᠮ ᠲᠠᠢ ᠪᠠᠶᠢᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ 2 ᠳ᠋ᠤᠭᠠᠷ ᠰᠠᠷ᠎ᠠ ᠶᠢᠨ 23 ᠤ ᠡᠳᠦᠷ ᠂ ᠮᠠᠨᠵᠤᠤᠷ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ︽ ᠱᠠᠯᠢᠭ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ︾ ᠠᠯᠪᠠᠨ ᠭᠡᠷ ᠠᠴᠠ ᠬᠤᠳᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠂ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠬᠤᠳᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ  ᠲᠠᠢ ᠬᠤᠯᠪᠣᠭᠠᠯᠠᠨ ᠮᠠᠨᠵᠤᠤᠷ ᠬᠤᠳᠠ ᠶᠢᠨ ᠭᠤᠣᠯᠳᠠᠯᠭ᠎ᠠ ᠲᠠᠢ ᠰᠣᠶᠣᠯ ᠴᠡᠩᠭᠡᠯ ᠤᠨ ᠭᠠᠵᠠᠷ ᠲᠤ ᠠᠶᠤᠯ ᠦᠭᠡᠢ ᠪᠠᠷ ᠬᠠᠤᠯᠢ ᠬᠡᠷᠡᠭᠵᠢᠭᠦᠯᠬᠦ ᠬᠤᠯᠪᠣᠭᠠᠯᠠᠭᠰᠠᠨ ᠪᠠᠶᠢᠴᠠᠭᠠᠯᠲᠠ ᠦᠷᠨᠢᠭᠦᠯᠪᠡ᠃

      ᠲᠣᠰ ᠤᠳᠠᠭᠠᠨ ᠤ ᠪᠠᠶᠢᠴᠠᠭᠠᠯᠲᠠ  ᠨᠢ ᠭᠤᠣᠯᠳᠠᠭᠤ ᠮᠠᠨᠵᠤᠤᠷ ᠬᠤᠲᠠ ᠶᠢᠨ ᠰᠦᠯᠵᠢᠶᠡᠨ ᠪᠠᠭᠠᠷ ᠂ ᠵᠦᠴᠦᠭᠡ ᠶᠢᠨ ᠵᠣᠬᠢᠶᠠᠯ ᠤᠨ ᠵᠦᠢᠴᠢᠯᠡᠬᠦ ᠲᠣᠭᠯᠠᠭᠠᠮ᠂ KTV ᠵᠡᠷᠭᠡ ᠵᠤᠭ᠎ᠠ ᠴᠡᠩᠭᠡᠯ ᠤᠨ ᠲᠠᠯᠠᠪᠤᠷ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠴᠢᠭᠯᠡᠭᠦᠯᠦᠨ ᠪᠠᠶᠢᠴᠠᠭᠠᠯᠲᠠ ᠬᠢᠪᠡ᠃ ᠪᠠᠶᠢᠴᠠᠭᠠᠬᠤ ᠶᠠᠪᠤᠴᠠ ᠳᠤ ᠂ ᠪᠠᠶᠢᠴᠠᠭᠠᠬᠤ ᠳᠤᠭᠤᠶᠢᠯᠠᠩ ᠤᠨ ᠬᠢᠨ ᠡᠯ᠎ᠡ ᠲᠠᠯᠠᠪᠤᠷ ᠤᠨ ᠭᠠᠯ ᠤᠨᠲᠠᠷᠠᠭᠠᠬᠤ ᠵᠠᠮ ᠂ ᠵᠠᠶᠢᠯᠠᠭᠤᠯᠤᠨ ᠲᠠᠷᠬᠠᠭᠠᠬᠤ ᠲᠡᠮᠳᠡᠭ ᠂ ᠭᠠᠯ ᠤᠨᠲᠠᠷᠠᠭᠠᠬᠤ ᠠᠮᠤᠷ ᠲᠦᠪᠰᠢᠨ ᠤ ᠪᠡᠯᠡᠳᠬᠡᠮᠵᠢ ᠲᠥᠬᠦᠭᠡᠷᠦᠮᠵᠢ ᠵᠡᠷᠭᠡ ᠪᠠᠶᠢᠳᠠᠯ ᠢ ᠪᠠᠶᠢᠴᠠᠭᠠᠭᠰᠠᠨ ᠢᠶᠠᠷ ᠪᠠᠷᠠᠬᠤ ᠦᠭᠡᠢ ᠂ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠪᠠᠰᠠ ᠵᠤᠭ᠎ᠠ ᠴᠡᠩᠭᠡᠯ ᠤᠨ ᠲᠠᠯᠠᠪᠤᠷ ᠲᠤ ᠤᠯᠤᠰ ᠠᠴᠠ ᠴᠠᠭᠠᠵᠠᠯᠠᠭᠰᠠᠨ ᠠᠭᠤᠯᠭ᠎ᠠ ᠲᠠᠢ ᠵᠢᠷᠤᠭ ᠳᠥᠷᠰᠦ ᠶᠢ ᠨᠡᠪᠲᠡᠷᠡᠭᠦᠯᠦᠭᠰᠡᠨ ᠡᠰᠡᠬᠦ ᠂ ᠬᠢᠯᠢ ᠶᠢᠨ ᠭᠠᠳᠠᠨᠠᠬᠢ ᠲᠠᠭᠤᠨ ᠤ ᠬᠥᠮᠥᠷᠭᠡ ᠲᠠᠢ ᠬᠤᠯᠪᠣᠭᠰᠠᠨ ᠡᠰᠡᠬᠦ ᠵᠡᠷᠭᠡ ᠪᠠᠶᠢᠳᠠᠯ ᠳᠤ ᠪᠠᠶᠢᠴᠠᠭᠠᠯᠲᠠ ᠬᠢᠭᠰᠡᠨ ᠪᠥᠭᠡᠳ ᠣᠯᠵᠤ ᠮᠡᠳᠡᠭᠰᠡᠨ ᠠᠮᠤᠷ ᠲᠦᠪᠰᠢᠨ ᠤ ᠳᠠᠯᠳᠠ ᠬᠡᠮ ᠢ ᠲᠡᠷᠡ ᠳᠠᠷᠤᠢ ᠳᠤ ᠨᠢ ᠴᠡᠭᠴᠡᠯᠡᠨ ᠵᠠᠰᠠᠬᠤ ᠶᠢ ᠱᠠᠭᠠᠷᠳᠠᠪᠠ᠃ ᠡᠭᠦᠨ ᠤ ᠬᠠᠮᠲᠤ ᠂ ᠡᠯ᠎ᠡ ᠬᠠᠷᠢᠭᠤᠴᠠᠯᠭᠠᠲᠠᠨ ᠢ ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ᠠᠶᠤᠯ ᠦᠭᠡᠢ ᠦᠢᠯᠡᠳᠪᠦᠷᠢᠯᠡᠯ ᠤᠨ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ ᠂ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠬᠢᠬᠦ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠂ ᠰᠢᠲᠠᠮᠠᠬᠠᠢ ᠪᠣᠳᠠᠰ ᠢ ᠴᠡᠪᠡᠷᠯᠡᠨ ᠠᠷᠢᠯᠭᠠᠬᠤ ᠵᠡᠷᠭᠡ ᠠᠵᠢᠯ ᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠵᠦ ᠂ ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠰᠣᠶᠣᠯ ᠴᠡᠩᠭᠡᠯ ᠤᠨ ᠲᠠᠯᠠᠪᠤᠷ ᠤᠨ ᠠᠮᠤᠷ ᠲᠦᠪᠰᠢᠨ ᠂ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃

      ᠳᠠᠷᠠᠭᠠᠴᠢ ᠶᠢᠨ ᠠᠯᠬᠤᠮ ᠳᠤ ᠂ ᠮᠠᠨᠵᠤᠤᠷ ᠬᠤᠳᠠ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠦᠷᠭᠦᠯᠵᠢᠯᠡᠨ ᠶᠠᠪᠤᠭᠳᠠᠭᠤᠯᠬᠤ ᠶᠢᠨ ᠬᠠᠮᠲᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠮᠠᠨᠵᠤᠤᠷ ᠬᠤᠲᠠ ᠶᠢᠨ ᠰᠣᠶᠣᠯ ᠴᠡᠩᠭᠡᠯ ᠤᠨ ᠭᠠᠵᠠᠷ ᠤᠳ ᠢ ᠠᠶᠤᠯ ᠦᠭᠡᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ ᠂ ᠪᠥᠬᠦ ᠤᠯᠤᠰ ᠤᠨ ᠬᠤᠶᠠᠷ ᠬᠤᠷᠠᠯ ᠤᠨ ᠡᠯ᠎ᠡ ᠵᠦᠢᠯ ᠤᠨ ᠠᠵᠢᠯ ᠤᠨ ᠤᠷᠤᠭᠰᠢᠲᠠᠢ ᠶᠠᠪᠤᠭᠳᠠᠬᠤ ᠳᠤ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠤᠷᠢᠶᠠᠯᠠᠵᠤ ᠪᠤᠢ ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ