ᠥᠪᠡᠷᠲᠡᠭᠡᠨ ᠵᠠᠰᠠᠬᠤ ᠣᠷᠣᠨ  ᠤ ᠵᠠᠰᠠᠭ ᠤᠨ ᠣᠷᠳᠣᠨ ᠤ 2023 ᠣᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/31

      3 ᠰᠠᠷ᠎ᠠ ᠶᠢᠨ 29 ᠤ ᠡᠳᠦᠷ ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠂ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠪᠠ ᠬᠠᠪᠤᠷ ᠤᠨ ᠲᠠᠷᠢᠶᠠᠯᠠᠭ᠎ᠠ ᠵᠡᠷᠭᠡ ᠵᠦᠢᠯ ᠢ ᠰᠤᠳᠤᠯᠪᠠ ᠃

      ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠠᠮᠤ ᠪᠤᠳᠠᠭᠠᠨ ᠤ ᠠᠮᠤᠷ ᠲᠦᠪᠰᠢᠨ ᠤ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ ᠃ ᠨᠢᠭᠡ ᠳᠤ ᠂ ᠤᠯᠤᠰ ᠠᠴᠠ ᠮᠠᠨ ᠤ ᠣᠷᠣᠨ ᠳᠤ ᠲᠤᠰᠢᠶᠠᠭᠰᠠᠨ ᠠᠮᠤ ᠪᠤᠳᠠᠭ᠎ᠠ ᠲᠠᠷᠢᠬᠤ ᠡᠭᠦᠷᠭᠡ ᠶᠢ ᠪᠣᠳᠠᠲᠠᠢ ᠭᠠᠵᠠᠷ ᠲᠤᠨᠢ ᠨᠠᠶᠢᠳᠠᠪᠤᠷᠢᠵᠢᠭᠤᠯᠵᠤ ᠂ ᠲᠡᠷᠡ ᠬᠡᠪ ᠢᠶᠠᠷ ᠨᠢ ᠪᠣᠳᠠᠲᠠᠶᠢᠵᠢᠭᠤᠯᠵᠤ ᠲᠠᠷᠢᠬᠤ ᠬᠡᠷᠡᠭᠲᠡᠢ ᠃ ᠬᠤᠶᠠᠷ ᠲᠤ ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ ᠂ ᠪᠠᠷᠠᠭᠤᠨ ᠠᠴᠠ ᠵᠡᠭᠦᠨᠰᠢ ᠲᠣᠬᠢᠷᠠᠭᠤᠯᠤᠯᠲᠠ ᠬᠢᠬᠦ ᠶᠢ ᠴᠢᠩᠭᠠᠳᠬᠠᠵᠤ ᠂ ᠲᠠᠷᠢᠶᠠᠯᠠᠬᠤ ᠴᠠᠭ ᠢ ᠶᠠᠭᠠᠬᠢᠭᠰᠠᠨ ᠴᠤ ᠰᠠᠭᠠᠲᠠᠭᠠᠵᠤ ᠪᠤᠯᠬᠤ ᠦᠭᠡᠢ ᠃ ᠭᠤᠷᠪᠠ ᠳᠤ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠂ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠤᠯᠠᠮ ᠴᠢᠨᠠᠭᠰᠢᠳᠠ ᠳᠡᠭᠡᠭᠰᠢᠯᠡᠭᠦᠯᠦᠨ ᠂ ᠳᠠᠭᠠᠵᠤ ᠵᠢᠯᠤᠭᠤᠳᠬᠤ ᠪᠠᠨ ᠪᠦᠭᠦ ᠲᠠᠯ᠎ᠠ ᠪᠠᠷ ᠴᠢᠩᠭᠠᠳᠬᠠᠬᠤ ᠬᠡᠷᠡᠭᠲᠡᠢ ᠃ ᠳᠥᠷᠪᠡ ᠳᠤ ᠂ ᠡᠯᠧᠮᠧᠨ᠋ᠲ ᠤᠨ ᠡᠷᠴᠢᠮᠵᠢᠭᠦᠯᠦᠭᠰᠡᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ ᠂ ᠦᠷ᠎ᠡ ᠡᠳ᠋ ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠂ ᠤᠰᠤ ᠬᠡᠷᠡᠭᠯᠡᠬᠦ ᠵᠡᠷᠭᠡ ᠡᠯ᠎ᠡ ᠲᠠᠯ᠎ᠠ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ ᠂ ᠮᠦ ᠨᠢᠭᠡᠴᠢ ᠶᠢᠨ ᠤᠨᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠃ ᠲᠠᠪᠤ ᠳᠤ ᠂ ᠠᠮᠤ ᠪᠤᠳᠠᠭ᠎ᠠ ᠶᠢ ᠠᠷᠪᠢᠯᠠᠨ ᠬᠤᠷᠣᠭᠳᠠᠯ ᠢ ᠪᠠᠭᠠᠰᠬᠠᠬᠤ ᠠᠵᠢᠯ ᠢ ᠰᠠᠶᠢᠲᠤᠷ ᠬᠢᠵᠦ ᠂ ᠠᠮᠤ ᠪᠤᠳᠠᠭ᠎ᠠ ᠨᠥᠭᠡᠴᠡᠯᠡᠬᠦ ᠪᠦᠲᠦᠴᠡ ᠶᠢ ᠰᠢᠯᠢᠳᠡᠭᠵᠢᠭᠦᠯᠦᠨ ᠂ ᠭᠦᠢᠯᠭᠡᠭᠡᠵᠦ ᠰᠢᠯᠵᠢᠭᠦᠯᠦᠨ ᠵᠥᠭᠡᠭᠡᠪᠦᠷᠢᠯᠡᠬᠦ ᠠᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠵᠤ ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ ᠂ ᠨᠡᠶᠢᠭᠡᠮ ᠳᠠᠶᠠᠭᠠᠷ ᠢ ᠬᠥᠲᠥᠯᠥᠨ ᠵᠢᠯᠤᠭᠤᠳᠴᠤ ᠪᠠᠶᠢᠭᠠᠳ ᠠᠮᠤ ᠪᠤᠳᠠᠭ᠎ᠠ ᠶᠢ ᠠᠷᠪᠢᠯᠠᠬᠤ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠪᠠᠰᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠬᠤᠯᠪᠣᠭᠳᠠᠯ ᠪᠦᠬᠦᠢ ᠭᠤᠣᠯᠳᠠᠯᠭ᠎ᠠ ᠲᠠᠢ ᠡᠭᠦᠷᠭᠡ ᠶᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠬᠢᠷᠠᠭᠤᠯᠵᠤ ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠵᠡᠷᠭᠡ ᠵᠦᠢᠯ ᠢ ᠰᠤᠳᠤᠯᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ