ᠰᠢ ᠶᠢᠨ ᠫᠢᠩ ᠦᠺᠷᠠᠶᠢᠨ ᠤ ᠶᠡᠷᠦᠩᠬᠡᠶᠢᠯᠡᠭᠴᠢ ᠽᠧᠯᠢᠶᠠᠨᠰᠺᠢ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2023/4/27

 

      ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 26 ᠤ ᠴᠠᠬᠢᠯᠭᠠᠨ ᠮᠡᠳᠡᠭᠡ   4 ᠰᠠᠷ᠎ᠠ ᠶᠢᠨ 26 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠵᠤᠭ᠎ᠠ ᠶᠤᠰᠤᠭᠠᠷ ᠦᠺᠷᠠᠶᠢᠨ ᠤ ᠶᠡᠷᠦᠩᠬᠡᠶᠢᠯᠡᠭᠴᠢ ᠽᠧᠯᠢᠶᠠᠨᠰᠺᠢ ᠲᠠᠢ ᠤᠲᠠᠰᠤ ᠪᠠᠷ ᠶᠠᠷᠢᠯᠴᠠᠪᠠ᠃ ᠬᠤᠶᠠᠷ ᠲᠠᠯ᠎ᠠ ᠪᠠᠷ ᠢᠶᠠᠨ ᠳᠤᠮᠳᠠᠳᠤ ᠦᠺᠷᠠᠶᠢᠨ ᠤ ᠬᠠᠷᠢᠯᠴᠠᠭ᠎ᠠ ᠪᠣᠯᠤᠨ ᠦᠺᠷᠠᠶᠢᠨ ᠤ ᠬᠢᠮᠤᠷᠠᠯ ᠤᠨ ᠲᠤᠬᠠᠶ ᠰᠠᠨᠠᠯ ᠢᠶᠠᠨ ᠰᠣᠯᠢᠯᠴᠠᠵᠠᠶ᠃

      ᠰᠢ ᠶᠢᠨ ᠫᠢᠩ᠂ ᠳᠤᠮᠳᠠᠳᠤ ᠦᠺᠷᠠᠶᠢᠨ ᠤ ᠬᠠᠷᠢᠯᠴᠠᠭ᠎ᠠ 31 ᠵᠢᠯ ᠤᠨ ᠬᠥᠭᠵᠢᠯᠲᠡ ᠶᠢᠨ ᠶᠠᠪᠤᠴᠠ ᠶᠢ ᠥᠩᠭᠡᠷᠡᠭᠡᠵᠦ᠂ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠦᠪᠰᠢᠨ ᠳᠤ ᠬᠦᠷᠴᠦ᠂ ᠬᠤᠶᠠᠷ ᠤᠯᠤᠰ ᠤᠨ ᠲᠤᠰ ᠲᠤᠰ ᠤᠨ ᠬᠥᠭᠵᠢᠯ ᠮᠠᠨᠳᠤᠯ ᠳᠤ ᠬᠦᠴᠦᠨ ᠨᠡᠮᠡᠷᠢᠯᠡᠪᠡ᠃ ᠪᠢ ᠶᠡᠷᠦᠩᠬᠡᠶᠢᠯᠡᠭᠴᠢ ᠽᠧᠯᠢᠶᠠᠨᠰᠺᠢ ᠶᠢᠨ ᠤᠯᠠᠨ ᠤᠳᠠᠭ᠎ᠠ ᠳᠤᠮᠳᠠᠳᠤ ᠦᠺᠷᠠᠶᠢᠨ ᠤ ᠬᠠᠷᠢᠯᠴᠠᠭ᠎ᠠ ᠪᠣᠯᠤᠨ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭ᠎ᠠ ᠶᠢ ᠴᠢᠬᠤᠯᠠᠴᠢᠯᠠᠨ ᠦᠵᠡᠵᠦ ᠪᠠᠶᠢᠬᠤ ᠪᠠᠨ ᠢᠯᠡᠳᠭᠡᠭᠰᠡᠨ ᠢ ᠮᠠᠭᠲᠠᠨ ᠰᠠᠶᠢᠰᠢᠶᠠᠵᠤ ᠪᠠᠶᠢᠨ᠎ᠠ᠂ ᠦᠺᠷᠠᠶᠢᠨ ᠤ ᠲᠠᠯ᠎ᠠ ᠶᠢᠨ ᠬᠢᠨ ᠨᠢᠳᠤᠨᠤᠨ ᠳᠤᠮᠳᠠᠳᠤ ᠤᠯᠤᠰ ᠤᠨ ᠠᠷᠠᠳ ᠢᠷᠭᠡᠨ ᠤ ᠥᠺᠷᠡᠶᠢᠨ ᠠᠴᠠ ᠤᠬᠤᠷᠢᠨ ᠭᠠᠷᠬᠤ ᠳᠤ ᠬᠦᠴᠦᠲᠡᠢ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠡᠷᠬᠡ ᠮᠡᠳᠡᠯ ᠪᠠ ᠨᠤᠲᠤᠭ ᠳᠡᠪᠢᠰᠭᠡᠷ ᠤᠨ ᠪᠦᠷᠢᠨ ᠪᠦᠲᠦᠨ ᠪᠠᠶᠢᠬᠤ ᠶᠢ ᠬᠠᠷᠢᠯᠴᠠᠨ ᠬᠦᠨᠳᠦᠳᠭᠡᠬᠦ ᠪᠣᠯ ᠳᠤᠮᠳᠠᠳᠤ ᠦᠺᠷᠠᠶᠢᠨ ᠤ ᠬᠠᠷᠢᠯᠴᠠᠭᠠᠨ ᠤ ᠤᠯᠤᠰ ᠲᠥᠷᠥ ᠶᠢᠨ ᠰᠠᠭᠤᠷᠢ ᠮᠥᠨ᠃ ᠬᠤᠶᠠᠷ ᠲᠠᠯ᠎ᠠ ᠪᠠᠷ ᠢᠶᠠᠨ ᠢᠷᠡᠭᠡᠳᠦᠢ ᠳᠤ ᠬᠠᠨᠳᠤᠵᠤ᠂ ᠠᠯᠤᠰ ᠬᠡᠳᠤ ᠶᠢᠨ ᠬᠠᠷᠠᠭᠠᠰᠤ ᠠᠴᠠ ᠬᠤᠶᠠᠷ ᠤᠯᠤᠰ ᠤᠨ ᠬᠠᠷᠢᠯᠴᠠᠭ᠎ᠠ ᠳᠤ ᠬᠠᠨᠳᠤᠬᠤ ᠪᠠ  ᠲᠥᠯᠥᠪᠵᠢᠭᠦᠯᠵᠦ ᠂ ᠬᠤᠶᠠᠷ ᠲᠠᠯ᠎ᠠ ᠶᠢᠨ ᠬᠠᠷᠢᠯᠴᠠᠨ ᠬᠦᠨᠳᠦᠳᠭᠡᠬᠦ᠂ ᠦᠨᠡᠨᠴᠢ ᠪᠠᠷ ᠬᠠᠨᠳᠤᠬᠤ ᠤᠯᠠᠮᠵᠢᠯᠠᠯ ᠢᠶᠠᠨ ᠦᠷᠭᠦᠯᠵᠢᠯᠡᠭᠦᠯᠵᠦ᠂ ᠳᠤᠮᠳᠠᠳᠤ ᠦᠺᠷᠠᠶᠢᠨ ᠤ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠤᠷᠤᠬᠰᠢ ᠬᠥᠭᠵᠢᠬᠦ ᠶᠢ ᠠᠬᠢᠭᠤᠯᠤᠶ᠎ᠡ᠃ ᠲᠤᠮᠳᠠᠳᠤ ᠦᠺᠷᠠᠶᠢᠨ ᠤ ᠬᠠᠷᠢᠯᠴᠠᠭ᠎ᠠ ᠶᠢ ᠬᠥᠭᠵᠢᠭᠦᠯᠬᠦ ᠲᠤᠬᠠᠢ ᠳᠤᠮᠳᠠᠳᠤ ᠤᠯᠤᠰ ᠤᠨ ᠵᠤᠷᠢᠯᠳᠠ ᠪᠣᠯ ᠢᠮᠠᠭᠲᠠ ᠶᠢᠨ ᠪᠥᠭᠡᠳ ᠲᠣᠳᠣᠷᠬᠠᠶ ᠶᠤᠮ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ᠂ ᠳᠤᠮᠳᠠᠳᠤ ᠤᠯᠤᠰ ᠳᠤᠷᠠᠲᠠᠶ᠎ᠠ ᠦᠺᠷᠠᠶᠢᠨ ᠤ ᠬᠢᠨ ᠲᠠᠢ ᠬᠠᠮᠲᠤ ᠪᠠᠷ ᠬᠤᠶᠠᠷ ᠤᠯᠤᠰ ᠤᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠤᠷᠤᠬᠰᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃

      ᠰᠢ ᠶᠢᠨ ᠫᠢᠩ᠂ ᠦᠺᠷᠠᠶᠢᠨ ᠤ ᠬᠢᠮᠤᠷᠠᠯ ᠨᠠᠷᠢᠨ ᠪᠤᠳᠤᠯᠢᠶᠠᠨᠲᠠᠢ ᠬᠤᠪᠢᠷᠠᠯᠲᠠ ᠭᠠᠷᠴᠤ᠂ ᠳᠡᠯᠡᠬᠡᠢ ᠶᠢᠨ ᠪᠠᠶᠢᠳᠠᠯ ᠳᠤ ᠴᠢᠬᠤᠯᠠ ᠶᠡᠭᠡ ᠨᠥᠯᠦᠭᠡ ᠦᠵᠡᠭᠦᠯᠪᠡ᠃ ᠦᠺᠷᠠᠶᠢᠨ ᠤ ᠬᠢᠮᠤᠷᠠᠯ ᠤᠨ ᠠᠰᠠᠭᠤᠳᠠᠯ ᠳᠡᠭᠡᠷ᠎ᠡ᠂ ᠳᠤᠮᠳᠠᠳᠤ ᠤᠯᠤᠰ ᠢᠮᠠᠭᠲᠠ ᠡᠩᠬᠡ ᠲᠠᠶᠢᠪᠤᠩ ᠤᠨ ᠲᠠᠯ᠎ᠠ ᠳᠤ ᠵᠣᠭᠰᠣᠵᠤ᠂ ᠭᠤᠣᠯ ᠪᠣᠯᠬᠤ ᠵᠣᠭᠰᠣᠯᠲᠠ ᠪᠣᠯ ᠢᠳᠬᠠᠨ ᠡᠪᠰᠡᠭᠦᠯᠵᠦ ᠬᠡᠯᠡᠯᠴᠡᠭᠡ ᠬᠢᠯᠭᠡᠬᠦ ᠶᠠᠪᠤᠳᠠᠯ ᠪᠣᠯᠤᠨ᠎ᠠ᠃ ᠪᠢ ︽ᠲᠦᠷᠪᠡᠨ ᠡᠷᠬᠡᠪᠰᠢ︾᠂ ︽ᠲᠦᠷᠪᠡᠨ ᠬᠠᠮᠲᠤ ᠪᠠᠷ︾ ᠪᠠ ︽ᠭᠤᠷᠪᠠᠨ ᠪᠣᠳᠣᠯᠬᠢᠯᠠᠯ︾ ᠢ ᠤᠷᠢᠳ ᠬᠤᠵᠢᠳ ᠳᠤᠷᠠᠳᠪᠠ᠃ ᠳᠤᠮᠳᠠᠳᠤ ᠤᠯᠤᠰ ᠪᠠᠰᠠ ᠡᠨᠡ ᠬᠦ ᠰᠠᠭᠤᠷᠢᠨ ᠳᠡᠭᠡᠷ᠎ᠡ ︽ᠦᠺᠷᠠᠶᠢᠨ ᠤ ᠬᠢᠮᠤᠷᠠᠯ ᠢ ᠤᠯᠤᠰ ᠲᠥᠷᠥ ᠪᠠᠷ ᠰᠢᠢᠳᠪᠦᠷᠢᠯᠡᠬᠦ ᠲᠤᠬᠠᠶ ᠳᠤᠮᠳᠠᠳᠤ ᠤᠯᠤᠰ ᠤᠨ ᠵᠣᠭᠰᠣᠯᠲᠠ︾ ᠭᠡᠬᠦ ᠪᠢᠴᠢᠭ ᠮᠠᠲ᠋ᠧᠷᠢᠶᠠᠯ ᠢ ᠨᠡᠶᠢᠲᠡᠯᠡᠵᠡᠶ᠃ ᠳᠤᠮᠳᠠᠳᠤ ᠤᠯᠤᠰ ᠪᠣᠯ ᠦᠺᠷᠠᠶᠢᠨ ᠤ ᠬᠢᠮᠤᠷᠠᠯ ᠢ ᠪᠤᠶ ᠪᠣᠯᠭᠠᠭᠰᠠᠳ ᠪᠢᠰᠢ᠂ ᠲᠤᠬᠠᠶ ᠶᠢᠨ ᠲᠠᠯ᠎ᠠ ᠶᠢᠨ ᠬᠢᠨ ᠴᠦ ᠪᠢᠰᠢ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯᠬᠦᠢ ᠶᠢᠨ ᠵᠥᠪᠯᠡᠯ ᠤᠨ ᠪᠠᠶᠢᠩᠭᠤ ᠶᠢᠨ ᠬᠡᠷᠡᠭ ᠡᠷᠬᠢᠯᠡᠭᠴᠢ ᠤᠯᠤᠰ ᠪᠠ ᠬᠠᠷᠢᠭᠤᠴᠠᠯᠭ᠎ᠠ ᠲᠠᠢ ᠶᠡᠭᠡ ᠤᠯᠤᠰ ᠪᠣᠯᠤᠭᠰᠠᠨ ᠤ ᠬᠤᠪᠢ ᠳᠤ᠂ ᠪᠢᠳᠡ ᠬᠠᠷᠠᠵᠤ ᠪᠠᠶᠢᠭᠠᠳ ᠬᠠᠶᠢᠬᠤᠷᠬᠤ ᠦᠭᠡᠢ ᠪᠠᠶᠢᠵᠤ ᠴᠢᠲᠠᠬᠤ ᠦᠭᠡᠢ ᠪᠥᠭᠡᠳ ᠨᠤᠴᠤᠭᠰᠠᠨ ᠭᠠᠯ ᠲᠡᠭᠡᠷ᠎ᠡ ᠲᠤᠰᠤ ᠨᠡᠮᠡᠬᠦ ᠦᠭᠡᠢ᠂ ᠨᠡᠩ ᠴᠤ ᠵᠠᠪᠰᠢᠶᠠᠨ ᠢ ᠳᠠᠯᠢᠮᠳᠠᠭᠤᠯᠤᠨ ᠠᠰᠢᠭ ᠤᠯᠬᠤ ᠶᠠᠪᠤᠳᠠᠯ ᠬᠢᠬᠦ ᠦᠭᠡᠢ ᠶᠤᠮ᠃ ᠳᠤᠮᠳᠠᠳᠤ ᠶᠢᠨ ᠲᠠᠯ᠎ᠠ ᠶᠢᠨ ᠦᠢᠯᠡ ᠠᠵᠢᠯᠯᠠᠭ᠎ᠠ ᠲᠥᠪ ᠴᠢᠭᠡᠴᠢ ᠪᠠᠶᠢᠳᠠᠭ᠃ ᠶᠠᠷᠢᠯᠴᠠᠭ᠎ᠠ ᠬᠡᠯᠡᠯᠴᠡᠭᠡ ᠬᠢᠬᠦ ᠪᠣᠯ ᠴᠤᠷ ᠤᠨ ᠭᠠᠭᠴᠠ ᠭᠠᠷᠬᠤ ᠵᠠᠮ ᠮᠥᠨ᠃ ᠴᠥᠮ᠎ᠡ ᠶᠢᠨ ᠳᠠᠶᠢᠨ ᠳᠤ ᠢᠯᠠᠭᠴᠢ ᠪᠠᠶᠢᠬᠤ ᠦᠭᠡᠢ᠃ ᠴᠥᠮ᠎ᠡ ᠶᠢᠨ ᠠᠰᠠᠭᠤᠳᠠᠯ ᠳᠤ ᠬᠠᠨᠳᠤᠬᠤ ᠳᠠᠭᠠᠨ ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ᠴᠥᠮ ᠯᠠᠪᠳᠠᠭᠤᠨ ᠪᠣᠯᠭᠤᠮᠵᠢᠲᠠᠢ ᠬᠦᠯᠢᠴᠡᠩᠭᠦᠢ ᠪᠠᠶᠢᠵᠤ᠂ ᠲᠤᠰ ᠪᠡᠶ᠎ᠡ ᠪᠠ ᠪᠦᠬᠦ ᠬᠥᠮᠦᠨ ᠲᠥᠷᠥᠯᠬᠢᠲᠡᠨ ᠤ ᠢᠷᠡᠭᠡᠳᠦᠢ ᠬᠤᠪᠢ ᠵᠠᠶᠠᠭ᠎ᠠ ᠶᠢ ᠦᠨᠡᠨ ᠬᠦ ᠪᠣᠳᠣᠯᠬᠢᠯᠠᠵᠤ᠂ ᠬᠢᠮᠤᠷᠠᠯ ᠢ ᠬᠠᠮᠲᠤ ᠪᠠᠷ ᠰᠠᠶᠢᠲᠤᠷ ᠬᠠᠮᠢᠶᠠᠷᠤᠨ ᠡᠵᠡᠮᠳᠡᠪᠡᠯ ᠵᠤᠬᠢᠨ᠎ᠠ᠃ ᠤᠳᠤ ᠡᠯ᠎ᠡ ᠲᠠᠯ᠎ᠠ ᠶᠢᠨ ᠤᠶᠤᠨᠯᠢᠬ ᠪᠣᠳᠣᠯᠬᠢᠯᠠᠯ ᠪᠠ ᠳᠠᠭᠤᠨ ᠨᠡᠮᠡᠭᠳᠡᠵᠦ ᠪᠠᠶᠢᠨ᠎ᠠ᠂ ᠡᠨᠡ ᠬᠦ ᠲᠣᠬᠢᠶᠠᠯ ᠢ ᠠᠮᠵᠢᠨ᠂ ᠬᠢᠮᠤᠷᠠᠯ ᠤᠨ ᠤᠯᠤᠰ ᠲᠦᠷᠦ ᠶᠢᠨ ᠰᠢᠢᠳᠪᠦᠷᠢᠯᠡᠯᠲᠡ ᠳᠤ ᠠᠰᠢᠭᠲᠠᠢ ᠨᠥᠬᠦᠴᠡᠯ ᠬᠤᠷᠠᠮᠳᠤᠭᠤᠯᠵᠤ ᠥᠭᠪᠡᠯ ᠵᠤᠬᠢᠨ᠎ᠠ᠃ ᠡᠯ᠎ᠡ ᠲᠠᠯ᠎ᠠ ᠶᠢᠨ ᠬᠢᠨ ᠦᠺᠷᠠᠶᠢᠨ ᠤ ᠬᠢᠮᠤᠷᠠᠯ ᠠᠴᠠ ᠭᠦᠨᠵᠡᠭᠡᠶ ᠲᠤᠩᠭᠠᠨ ᠪᠣᠳᠣᠯᠬᠢᠯᠠᠵᠤ᠂ ᠶᠠᠷᠢᠯᠴᠠᠭ᠎ᠠ ᠪᠠᠷ ᠳᠠᠮᠵᠢᠭᠤᠯᠤᠨ ᠧᠦ᠋ᠷᠣᠫᠠ ᠲᠢᠪ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠵᠠᠮ ᠢ ᠬᠠᠮᠲᠤ ᠪᠠᠷ ᠡᠷᠢᠯᠬᠢᠯᠡᠬᠦ ᠶᠢ ᠬᠦᠰᠡᠵᠦ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠢᠨ ᠡᠪᠰᠡᠭᠦᠯᠬᠦ ᠪᠠᠷ ᠢᠳᠬᠠᠨ ᠬᠡᠯᠡᠯᠴᠡᠭᠡ ᠬᠢᠬᠦ ᠶᠢ ᠠᠬᠢᠭᠤᠯᠬᠤ ᠶᠢ ᠪᠠᠷᠢᠮᠲᠠᠯᠠᠵᠤ᠂ ᠡᠷᠳᠡᠭᠡᠨ ᠳᠠᠶᠢᠨ ᠵᠣᠭᠰᠣᠬᠤ᠂ ᠡᠩᠬᠡ ᠲᠠᠶᠢᠪᠤᠩ ᠢ ᠰᠡᠷᠭᠦᠭᠡᠬᠦ ᠶᠢᠨ ᠲᠥᠯᠥ᠋ᠭᠡ ᠥᠪᠡᠷ ᠤᠨ ᠴᠢᠷᠮᠠᠶᠢᠯᠭ᠎ᠠ ᠪᠠᠨ ᠭᠠᠷᠭᠠᠨ᠎ᠠ᠃ ᠳᠤᠮᠳᠠᠳᠤ ᠶᠢᠨ ᠲᠠᠯ᠎ᠠ ᠶᠢᠨ ᠬᠢᠨ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠧᠦ᠋ᠷᠣᠫᠠ ᠠᠽᠢᠶ᠎ᠠ ᠶᠢᠨ ᠬᠡᠷᠡᠭ ᠶᠠᠪᠤᠳᠠᠯ ᠤᠨ ᠣᠨᠴᠠ ᠲᠥᠯᠦᠭᠡᠯᠡᠭᠴᠢ ᠶᠢ ᠲᠣᠮᠢᠯᠠᠨ ᠦᠺᠷᠠᠶᠢᠨ ᠵᠡᠷᠭᠡ ᠤᠯᠤᠰ ᠲᠤ ᠠᠶᠢᠯᠴᠢᠯᠠᠯᠲᠠ ᠬᠢᠯᠭᠡᠵᠦ᠂ ᠦᠺᠷᠠᠶᠢᠨ ᠤ ᠬᠢᠮᠤᠷᠠᠯ ᠢ ᠤᠯᠤᠰ ᠲᠥᠷᠥ ᠶᠢᠨ ᠠᠷᠭ᠎ᠠ ᠪᠠᠷ ᠰᠢᠢᠳᠪᠦᠷᠢᠯᠡᠬᠦ ᠲᠤᠬᠠᠶ ᠡᠯ᠎ᠡ ᠲᠠᠯ᠎ᠠ ᠶᠢᠨ ᠬᠢᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠨ᠎ᠠ᠃ ᠳᠤᠮᠳᠠᠳᠤ ᠶᠢᠨ ᠲᠠᠯ᠎ᠠ ᠶᠢᠨ ᠬᠢᠨ ᠨᠢᠭᠡᠨᠳᠡ ᠦᠺᠷᠠᠶᠢᠨ ᠳᠤ ᠬᠥᠮᠦᠯᠢᠭ ᠦᠵᠡᠯ ᠤᠨ ᠲᠤᠰᠠᠯᠠᠮᠵᠢ ᠬᠠᠩᠭᠠᠵᠤ᠂ ᠳᠤᠷᠠᠲᠠᠶ᠎ᠠ ᠦᠷᠬᠦᠯᠵᠢᠯᠡᠨ ᠠᠯᠢ ᠪᠣᠯᠬᠤᠶᠢᠴᠠ ᠬᠠᠪᠰᠤᠷᠤᠯᠭ᠎ᠠ ᠬᠠᠩᠭᠠᠨ᠎ᠠ ᠭᠡᠵᠦ ᠵᠢᠭᠠᠵᠤ ᠭᠠᠷᠭᠠᠪᠠ᠃

      ᠽᠧᠯᠢᠶᠠᠨᠰᠺᠢ ᠰᠢ ᠶᠢᠨ ᠫᠢᠩ ᠤᠨ ᠳᠠᠬᠢᠨᠲᠠ ᠲᠡᠷᠢᠭᠦᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠵᠦ᠂ ᠳᠤᠮᠳᠠᠳᠤ ᠤᠯᠤᠰ ᠤᠨ ᠣᠯᠤᠭᠰᠠᠨ ᠶᠡᠷᠦ ᠪᠤᠰᠤ ᠶᠢᠨ ᠠᠮᠵᠢᠯᠲᠠ ᠪᠦᠲᠦᠮᠵᠢ ᠶᠢ ᠮᠠᠭᠲᠠᠨ ᠰᠠᠶᠢᠰᠢᠶᠠᠵᠤ᠂ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠡᠯ᠎ᠡ ᠵᠦᠢᠯ ᠤᠨ ᠥᠷᠢᠰᠥᠯᠳᠦᠭᠡᠨ ᠢ ᠠᠮᠵᠢᠯᠲᠠ ᠲᠠᠢ ᠠᠷᠭᠠᠴᠠᠭᠠᠵᠤ᠂ ᠦᠷᠭᠦᠯᠵᠢᠯᠡᠨ ᠤᠷᠤᠭᠰᠢ ᠬᠥᠭᠵᠢᠬᠦ ᠶᠢ ᠢᠲᠡᠭᠡᠵᠦ ᠪᠠᠶᠢᠨ᠎ᠠ᠃ ᠳᠤᠮᠳᠠᠳᠤ ᠤᠯᠤᠰ ᠤᠯᠠᠨ ᠤᠯᠤᠰ ᠤᠨ ᠬᠡᠷᠡᠭ ᠶᠠᠪᠤᠳᠠᠯ ᠳᠤᠮᠳᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠲᠦᠷᠢᠮ ᠤᠨ ᠵᠣᠷᠢᠯᠲᠠ ᠪᠠ ᠵᠠᠷᠴᠢᠮ ᠢ ᠪᠠᠷᠢᠮᠲᠠᠯᠠᠵᠤ᠂ ᠤᠯᠠᠨ ᠤᠯᠤᠰ ᠤᠨ ᠲᠠᠪᠴᠠᠩ ᠳᠡᠭᠡᠷ᠎ᠡ ᠯᠤᠲᠤ ᠶᠡᠭᠡ ᠨᠥᠯᠦᠭᠡᠯᠡᠬᠦ ᠬᠦᠴᠦᠨ ᠢᠶᠠᠨ ᠪᠠᠳᠠᠷᠠᠭᠤᠯᠵᠤ ᠪᠠᠶᠢᠨ᠎ᠠ᠃ ᠦᠺᠷᠠᠶᠢᠨ ᠤ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠤᠳᠤᠯᠭ᠎ᠠ ᠶᠢ  ᠬᠢᠴᠢᠶᠡᠩᠭᠦᠶᠢᠯᠡᠨ ᠰᠠᠬᠢᠵᠤ᠂ ᠳᠤᠮᠳᠠᠳᠤ ᠤᠯᠤᠰ ᠯᠤᠭ᠎ᠠ ᠪᠦᠬᠦ ᠲᠠᠯ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠦᠺᠷᠠᠶᠢᠨ ᠳᠤᠮᠳᠠᠳᠤ ᠶᠢᠨ ᠬᠠᠷᠢᠯᠴᠠᠭ᠎ᠠ ᠶᠢᠨ ᠰᠢᠨ᠎ᠡ ᠬᠠᠭᠤᠳᠠᠰᠤ ᠶᠢ ᠨᠡᠭᠡᠭᠡᠵᠦ᠂ ᠳᠡᠯᠡᠬᠡᠢ ᠶᠢᠨ ᠡᠩᠬᠡ ᠲᠠᠶᠢᠪᠤᠩ ᠪᠣᠯᠤᠨ ᠲᠣᠭᠲᠠᠭᠤᠨ ᠢ ᠬᠠᠮᠠᠭᠠᠯᠠᠬᠤ ᠪᠠᠷ ᠬᠠᠮᠲᠤ ᠪᠠᠷ ᠴᠢᠷᠮᠠᠶᠢᠬᠤ ᠶᠢ ᠬᠦᠰᠡᠵᠠᠢ᠃ ᠽᠧᠯᠢᠶᠠᠨᠰᠺᠢ ᠣᠳᠣᠬᠠᠨ ᠤ ᠦᠺᠷᠠᠶᠢᠨ ᠤ ᠬᠢᠮᠤᠷᠠᠯ ᠤᠨ ᠲᠤᠬᠠᠢ ᠦᠵᠡᠯᠲᠡ ᠪᠠᠨ ᠲᠠᠨᠢᠯᠴᠠᠭᠤᠯᠵᠤ᠂ ᠳᠤᠮᠳᠠᠳᠤ ᠶᠢᠨ ᠲᠠᠯ᠎ᠠ ᠶᠢᠨ ᠬᠢᠨ ᠤ ᠦᠺᠷᠠᠶᠢᠨ ᠳᠤ ᠬᠠᠩᠭᠠᠭᠰᠠᠨ ᠬᠥᠮᠦᠯᠢᠭ ᠦᠵᠡᠯ ᠤᠨ ᠲᠤᠰᠠᠯᠠᠮᠵᠢ ᠳᠤ ᠲᠠᠯᠠᠷᠬᠠᠵᠤ᠂ ᠳᠤᠮᠳᠠᠳᠤ ᠤᠯᠤᠰ ᠡᠩᠬᠡ ᠲᠠᠶᠢᠪᠤᠩ ᠪᠠᠶᠢᠳᠠᠯ ᠢ ᠰᠡᠷᠭᠦᠭᠡᠬᠦ᠂ ᠭᠠᠳᠠᠭᠠᠳᠤ ᠬᠠᠷᠢᠯᠴᠠᠭᠠᠨ ᠤ ᠠᠷᠭ᠎ᠠ ᠪᠠᠷᠢᠯ ᠢᠶᠠᠷ ᠬᠢᠮᠤᠷᠠᠯ ᠢ ᠰᠢᠢᠳᠪᠦᠷᠢᠯᠡᠬᠦ ᠳᠤ ᠴᠢᠬᠤᠯᠠ ᠦᠢᠯᠡᠳᠦᠯ ᠦᠵᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ ᠭᠡᠪᠡ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ