ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2023 ᠣᠨ ᠤ 11 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/28

 

      4 ᠰᠠᠷ᠎ᠠ ᠶᠢᠨ 27 ᠤ ᠡᠳᠦᠷ ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ ᠃

      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠳᠦᠷᠢᠮ ᠢ ᠬᠢᠨᠠᠨ ᠵᠥᠪᠯᠡᠵᠦ ᠂ ᠵᠠᠰᠠᠭ ᠤᠨ ᠣᠷᠳᠣᠨ ᠤ ᠤᠳᠤᠷᠢᠳᠬᠤ ᠪᠠᠭ ᠴᠢᠩᠭ᠎ᠠ ᠵᠢᠷᠤᠮᠯᠠᠵᠤ ᠂ ᠬᠡᠷᠡᠭᠵᠢᠭᠦᠯᠬᠦ ᠬᠡᠷᠡᠭᠲᠡᠢ ᠃ ᠨᠢᠭᠡ ᠳᠤ ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ ᠂ ︽ ᠨᠢᠭᠡᠳᠦᠭᠡᠷ ᠵᠥᠪᠯᠡᠬᠦ ᠵᠦᠢᠯ ︾ ᠢ ᠰᠤᠷᠤᠯᠴᠠᠬᠤ ᠂ ︽ ᠨᠢᠭᠡᠳᠦᠭᠡᠷ ᠴᠢᠬᠤᠯᠠ ᠵᠦᠢᠯ ︾  ᠢ ᠰᠢᠢᠳᠪᠦᠷᠢᠯᠡᠬᠦ ᠂ ︽ ᠨᠢᠭᠡᠳᠦᠭᠡᠷ ᠵᠦᠢᠯ ︾ ᠢ ᠨᠠᠶᠢᠳᠠᠪᠤᠷᠢᠵᠢᠭᠤᠯᠬᠤ ᠲᠣᠭᠲᠠᠴᠠ ᠶᠢ ᠪᠠᠷᠢᠮᠲᠠᠯᠠᠵᠤ ᠂ 

︽ ᠬᠤᠶᠠᠷ ᠢ ᠲᠣᠭᠲᠠᠭᠠᠭᠰᠠᠨ ︾ ᠢ ᠡᠷᠡᠰ ᠬᠦᠷᠢᠶᠡᠯᠡᠵᠦ ᠂ ︽ ᠬᠤᠶᠠᠷ ᠢ ᠬᠠᠮᠠᠭᠠᠯᠠᠬᠤ ︾ ᠶᠢ ᠡᠷᠡᠰ ᠪᠡᠶᠡᠯᠡᠭᠦᠯᠬᠦ ᠬᠡᠷᠡᠭᠲᠡᠢ ᠃ ᠬᠤᠶᠠᠷ ᠲᠤ ᠂ ︽ ᠲᠠᠪᠤᠨ ᠶᠡᠭᠡ ᠡᠭᠦᠷᠭᠡ ︾ ᠶᠢ ᠴᠢᠨᠠᠷ ᠰᠠᠶᠢᠲᠠᠢ ᠪᠡᠶᠡᠯᠡᠭᠦᠯᠬᠦ ᠪᠠ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠃ ᠭᠤᠷᠪᠠ ᠳᠤ ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠂ ᠰᠤᠷᠲᠠᠯ ᠢᠶᠠᠨ ᠰᠠᠶᠢᠵᠢᠷᠠᠭᠤᠯᠵᠤ ᠂ ᠪᠠᠭ᠎ᠠ ᠬᠤᠷᠠᠯ ᠬᠢᠬᠦ ᠂ ᠣᠬᠤᠷ ᠬᠤᠷᠠᠯ ᠬᠢᠬᠦ ᠂ ᠠᠰᠠᠭᠤᠳᠠᠯ ᠢ ᠰᠢᠢᠳᠪᠦᠷᠢᠯᠡᠬᠦ ᠬᠤᠷᠠᠯ ᠬᠢᠬᠦ ᠶᠢ ᠪᠠᠷᠢᠮᠲᠠᠯᠠᠵᠤ ᠂ ᠵᠥᠪᠯᠡᠨ ᠲᠣᠭᠲᠠᠭᠠᠭᠰᠠᠨ ᠶᠠᠪᠤᠳᠠᠯ ᠢ ᠲᠤᠭᠤᠰᠢᠲᠠᠢ ᠠᠩᠬᠠᠷᠴᠤ ᠂ ᠪᠠᠶᠢᠴᠠᠭᠠᠨ ᠰᠤᠳᠤᠯᠵᠤ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤᠨᠢ ᠰᠤᠳᠤᠯᠵᠤ ᠂ 

︽ ᠲᠤᠯᠤᠭ᠎ᠠ ᠶᠢ ᠲᠠᠶᠠᠭᠳᠠᠬᠤ ︾ ᠶᠢ ᠦᠨᠡᠨ ᠬᠦ ᠪᠡᠶᠡᠯᠡᠭᠦᠯᠵᠦ ᠂ ︽ ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ ︾ ᠪᠠᠶᠢᠬᠤ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠬᠦ ᠬᠡᠷᠡᠭᠲᠡᠢ ᠃ ᠳᠥᠷᠪᠡ ᠳᠤ ᠂ ᠨᠢᠭᠡᠳᠦᠭᠡᠷ ᠹᠷᠣᠨᠲ ᠤᠨ ᠠᠵᠢᠯ ᠂ ᠨᠢᠭᠡᠳᠦᠭᠡᠷ ᠹᠷᠣᠨᠲ ᠤᠨ ᠰᠡᠳᠬᠢᠬᠦᠢ ᠶᠢ ᠪᠠᠷᠢᠮᠲᠠᠯᠠᠵᠤ ᠂ ᠠᠰᠠᠭᠤᠳᠠᠯ ᠢ ᠰᠢᠢᠳᠪᠦᠷᠢᠯᠡᠬᠦ ᠬᠠᠷᠠᠭᠠᠰᠤ ᠠᠴᠠ ᠬᠤᠷᠠᠯ ᠬᠢᠵᠦ ᠤᠴᠢᠷ ᠶᠠᠪᠤᠳᠠᠯ ᠢ ᠲᠣᠭᠲᠠᠭᠠᠵᠤ ᠂ ᠰᠤᠳᠤᠯᠤᠨ ᠪᠠᠶᠢᠷᠢᠯᠠᠭᠤᠯᠵᠤ ᠂ ᠱᠠᠯᠠᠪᠳᠠᠭᠤᠯᠬᠤ ᠪᠠ ᠬᠠᠪᠰᠤᠷᠬᠤ ᠶᠢ ᠤᠶᠠᠯᠳᠤᠭᠤᠯᠤᠨ ᠦᠨᠳᠦᠰᠦᠨ ᠱᠠᠲᠤᠨ ᠤ ᠠᠰᠠᠭᠤᠳᠠᠯ ᠢ ᠬᠠᠪᠰᠤᠷᠤᠨ ᠰᠢᠢᠳᠪᠦᠷᠢᠯᠡᠬᠦ ᠬᠡᠷᠡᠭᠲᠡᠢ ᠃ ᠲᠠᠪᠤ ᠳᠤ ᠂ ᠬᠠᠲᠠᠭᠤ ᠴᠢᠩᠭ᠎ᠠ ᠬᠢᠵᠠᠭᠠᠷᠯᠠᠯ ᠢ ᠴᠢᠩᠭᠠᠳᠬᠠᠵᠤ ᠂ ᠳᠦᠷᠢᠮ ᠲᠣᠭᠲᠠᠭᠠᠯ ᠶᠣᠰᠣᠭᠠᠷ ᠬᠡᠷᠡᠭ ᠵᠥᠪᠯᠡᠬᠦ ᠂ ᠠᠵᠢᠯ ᠶᠠᠪᠤᠳᠠᠯ ᠬᠢᠬᠦ ᠶᠢ ᠪᠠᠷᠢᠮᠲᠠᠯᠠᠵᠤ ᠂ ᠶᠠᠭᠠᠬᠢᠭᠰᠠᠨ ᠴᠤ ᠬᠡᠯᠡᠬᠦ ᠶᠢᠨ ᠲᠡᠳᠦᠢ ᠬᠡᠯᠡᠵᠦ ᠬᠢᠬᠦ ᠶᠢᠨ ᠲᠡᠳᠦᠢ ᠬᠢᠵᠦ ᠪᠣᠯᠬᠤ ᠦᠭᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠣᠯᠳᠠᠯᠭ᠎ᠠ ᠲᠠᠢ ᠡᠭᠦᠷᠭᠡ ᠪᠣᠯᠣᠨ ᠠᠶᠢᠮᠠᠭ ᠬᠤᠲᠠ ᠶᠢᠨ ᠥᠪᠡᠷᠲᠡᠭᠡᠨ ᠵᠠᠰᠠᠬᠤ ᠣᠷᠣᠨ ᠢᠶᠠᠷ ᠳᠡᠮᠵᠢᠭᠦᠯᠬᠦ ᠪᠠᠷ ᠳᠡᠪᠰᠢᠭᠦᠯᠦᠭᠰᠡᠨ ᠵᠦᠢᠯᠡᠰ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠣᠬᠢᠷᠠᠭᠤᠯᠤᠯᠲᠠ ᠬᠢᠵᠦ ᠂ ᠵᠠᠰᠠᠮᠠᠯ ᠵᠠᠮ ᠤᠨ ︽ ᠮᠤᠬᠤᠷ ᠵᠠᠮ ︾ ᠂ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠪᠣᠯᠣᠨ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠂ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠵᠢᠴᠢ ᠲᠣᠰᠬᠤᠨ ᠤ ᠱᠠᠲᠤᠨ ᠤ ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡᠨ ᠤ ︽ ᠬᠠᠪᠰᠤᠷᠤᠨ ᠣᠷᠣᠯᠠᠨ ᠭᠦᠢᠴᠡᠳᠬᠡᠬᠦ ︾ ᠵᠡᠷᠭᠡ ᠡᠭᠦᠷᠭᠡ ᠶᠢ ᠱᠠᠯᠠᠪᠳᠠᠭᠤᠯᠤᠨ ᠭᠦᠢᠴᠡᠳᠬᠡᠵᠦ ᠂ ᠦᠨᠳᠦᠰᠦᠨ ᠱᠠᠲᠤᠨ ᠤ ᠡᠨᠧᠷᠭᠢ ᠂ ᠤᠰᠤᠨ ᠠᠰᠢᠭᠯᠠᠯᠲᠠ ᠂ ᠮᠠᠯ ᠠᠵᠤ ᠠᠬᠤᠢ ᠲᠠᠷᠢᠶᠠᠯᠠᠩ ᠂ ᠣᠶ ᠰᠢᠭᠤᠢ ᠨᠤᠲᠤᠭ ᠪᠡᠯᠴᠢᠭᠡᠷ ᠵᠡᠷᠭᠡ ᠬᠦᠷᠢᠶᠡᠨ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠰᠤᠳᠤᠯᠵᠤ ᠂ ᠨᠢᠭᠡᠳ ᠨᠢᠭᠡ ᠪᠠᠷ ᠠᠷᠭ᠎ᠠ ᠬᠡᠮᠵᠢᠶ᠎ᠡ ᠠᠪᠴᠤ ᠰᠢᠢᠳᠪᠦᠷᠢᠯᠡᠪᠡ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ