ᠶᠡᠷᠦᠩᠬᠡᠢ ᠱᠦᠵᠢ ᠰᠢ ᠶᠢᠨ ᠫᠢᠩ ᠤᠨ ︽ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠥᠭᠦᠯᠡᠭᠦ ᠨᠢ︾ ᠵᠡᠷᠭᠡ ᠭᠤᠣᠯ ᠰᠡᠳᠦᠪᠲᠦ ᠬᠥᠮᠦᠵᠢᠯ ᠤᠨ ᠰᠤᠷᠤᠯᠴᠠᠯᠭ᠎ᠠ ᠶᠢᠨ ᠮᠠᠲ᠋ᠧᠷᠢᠶᠠᠯ ᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2023/4/28

 

      ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 9  ᠤ ᠴᠠᠭᠢᠯᠭᠠᠨ ᠮᠡᠳᠡᠭᠡ   ᠪᠦᠭᠦ ᠨᠠᠮ ᠤᠨ ᠳᠣᠲᠣᠷ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠳᠤ ᠬᠠᠮᠵᠢᠯᠴᠠᠬᠤ ᠶᠢᠨ ᠲᠥᠯᠥᠭᠡ ᠂ ᠲᠥᠪ ᠤᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠂ ᠲᠥᠪ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠠᠢ ᠬᠠᠮᠲᠤᠷᠠᠨ ᠶᠡᠷᠦᠩᠬᠡᠢ ᠱᠦᠵᠢ ᠰᠢ ᠶᠢᠨ ᠫᠢᠩ ᠤᠨ ︽ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠥᠭᠦᠯᠡᠭᠦ ᠨᠢ ︾ ᠂ ︽ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠤᠨ ᠲᠤᠰᠬᠠᠢ ᠰᠡᠳᠦᠪᠲᠦ ᠲᠡᠭᠦᠪᠦᠷᠢ ︾ ᠂ ︽ ᠰᠢ ᠶᠢᠨ ᠫᠢᠩ ᠤᠨ ᠪᠠᠶᠢᠴᠠᠭᠠᠨ ᠰᠤᠳᠤᠯᠤᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ ︾ ᠵᠡᠷᠭᠡ 3 ᠵᠦᠢᠯ ᠤᠨ ᠰᠤᠷᠤᠯᠴᠠᠯᠭ᠎ᠠ ᠶᠢᠨ ᠮᠠᠲ᠋ᠧᠷᠢᠶᠠᠯ ᠢ ᠲᠣᠰ ᠲᠣᠰ ᠨᠠᠶᠢᠷᠠᠭᠤᠯᠵᠤ ᠂ ᠨᠢᠭᠡᠨᠲᠡ ᠵᠢᠩᠬᠢᠨᠢ ᠪᠠᠷ ᠬᠡᠪᠯᠡᠭᠦᠯᠵᠦ ᠂ ᠲᠣᠰ ᠡᠳᠦᠷ ᠠᠴᠠ ᠡᠬᠢᠯᠡᠨ ᠪᠦᠭᠦ ᠤᠯᠤᠰ ᠲᠤ ᠲᠠᠷᠬᠠᠭᠠᠪᠠ ᠃

      3 ᠵᠦᠢᠯ ᠤᠨ ᠰᠤᠷᠤᠯᠴᠠᠯᠭ᠎ᠠ ᠶᠢᠨ ᠮᠠᠲ᠋ᠧᠷᠢᠶᠠᠯ ᠨᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠢᠯᠡᠳᠬᠡᠯ᠂ ᠶᠠᠷᠢᠶ᠎ᠠ ᠂ ᠵᠣᠬᠢᠶᠠᠯ᠂ ᠵᠢᠭᠠᠪᠤᠷᠢ᠂ ᠴᠣᠬᠤᠯᠠᠪᠤᠷᠢ ᠵᠡᠷᠭᠡ ᠴᠢᠬᠤᠯᠠ ᠲᠤᠯᠭᠤᠷ ᠪᠢᠴᠢᠭ ᠢ ᠬᠤᠷᠢᠶᠠᠨ ᠴᠤᠭᠯᠠᠭᠤᠯᠵᠤ ᠰᠣᠩᠭᠤᠨ ᠨᠠᠶᠢᠷᠠᠭᠤᠯᠪᠠ ᠂ ᠡᠭᠦᠨ ᠳᠤ ᠬᠡᠰᠡᠭ ᠠᠭᠤᠯᠭ᠎ᠠ ᠶᠢ ᠨᠢ ᠠᠩᠬ᠎ᠠ ᠤᠳᠠᠭ᠎ᠠ ᠢᠯᠡ ᠪᠠᠷ ᠨᠡᠶᠢᠲᠡᠯᠡᠵᠦ ᠪᠠᠶᠢᠨ᠎ᠠ ᠃

      ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠭᠡᠰᠢᠭᠦᠨ ᠂ ᠺᠠᠳ᠋ᠷᠴᠤᠳ ᠢ ᠵᠣᠬᠢᠶᠠᠨ ᠪᠠᠶᠢᠭᠤᠯᠵᠤ ᠲᠡᠷᠡ ᠬᠡᠪ ᠢᠶᠠᠷ ᠨᠢ ᠰᠤᠷᠤᠯᠴᠠᠵᠥ᠂ ᠢᠯᠡᠭᠦᠬᠡᠨ ᠰᠡᠳᠬᠢᠵᠦ ᠢᠯᠡᠭᠦᠬᠡᠨ ᠪᠣᠳᠣᠯᠬᠢᠯᠠᠵᠤ ᠂ ᠭᠦᠨᠵᠡᠭᠡᠢ ᠰᠤᠷᠤᠯᠴᠠᠵᠥ ᠨᠡᠪᠳᠡᠷᠡᠳᠡᠯ᠎ᠡ ᠣᠶᠢᠯᠠᠭᠠᠵᠤ ᠂ ︽ ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ ᠲᠦᠷᠪᠡᠨ ᠤᠬᠠᠮᠰᠠᠷ ︾ ᠢᠶᠠᠨ ᠴᠢᠩᠭᠠᠳᠬᠠᠵᠤ ᠂ ︽ ᠲᠦᠷᠪᠡᠨ ᠢᠲᠡᠭᠡᠯ ︾ ᠢᠶᠠᠨ ᠪᠠᠲᠤᠳᠬᠠᠵᠤ ᠂

︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠵᠦ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠰᠡᠯᠡᠩ ᠢᠶᠠᠨ ᠪᠠᠲᠤᠳᠬᠠᠬᠤ᠂ ᠨᠠᠮᠴᠢ ᠴᠢᠨᠠᠷ ᠢᠶᠠᠨ ᠳᠠᠪᠲᠠᠨ ᠪᠤᠯᠪᠠᠰᠤᠷᠠᠭᠤᠯᠬᠤ ᠪᠠ ᠦᠢᠯᠡᠳᠦᠯᠭᠡ ᠪᠠᠨ ᠵᠢᠯᠣᠭᠤᠳᠤᠭᠤᠯᠬᠤ ᠂ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠃

  

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ