ᠰᠢ ᠶᠢᠨ ᠫᠢᠩ ᠷᠦᠸᠠᠨᠳᠠ ᠳᠤ ᠰᠢᠷᠦᠭᠦᠨ ᠪᠣᠷᠣᠭᠠᠨ ᠤ ᠭᠠᠮᠰᠢᠭ ᠪᠣᠯᠤᠭᠰᠠᠨ ᠲᠤᠬᠠᠢ ᠷᠦᠸᠠᠨᠳᠠ ᠶᠢᠨ ᠶᠡᠷᠦᠩᠬᠡᠶᠢᠯᠡᠭᠴᠢ ᠺᠠᠵᠢᠶᠠᠮᠸᠢ ᠳᠤ ᠲᠣᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2023/5/10

      ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 9 ᠤ ᠴᠠᠬᠢᠯᠭᠠᠨ ᠮᠡᠳᠡᠭᠡ   5 ᠰᠠᠷ᠎ᠠ ᠶᠢᠨ 8 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠷᠦᠸᠠᠨᠳᠠ ᠳᠤ ᠰᠢᠷᠦᠭᠦᠨ ᠪᠣᠷᠣᠭᠠᠨ ᠤ ᠭᠠᠮᠰᠢᠭ ᠪᠣᠯᠤᠭᠰᠠᠨ ᠲᠤᠬᠠᠢ ᠷᠦᠸᠠᠨᠳᠠ ᠶᠢᠨ ᠶᠡᠷᠦᠩᠬᠡᠶᠢᠯᠡᠭᠴᠢ ᠺᠠᠵᠢᠶᠠᠮᠸᠢ ᠳᠤ ᠲᠣᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ ᠃

      ᠰᠢ ᠶᠢᠨ ᠫᠢᠩ ᠂ ᠣᠶᠢᠷ᠎ᠠ ᠶᠢᠨ ᠡᠳᠦᠷ ᠷᠦᠸᠠᠨᠳᠠ ᠶᠢᠨ ᠤᠯᠠᠨ ᠭᠠᠵᠠᠷ ᠰᠢᠷᠦᠭᠦᠨ ᠪᠣᠷᠣᠭᠠᠨ ᠤ ᠭᠠᠮᠰᠢᠭ ᠲᠤ ᠲᠠᠭᠠᠷᠢᠬᠳᠠᠵᠤ ᠂ ᠬᠥᠮᠥᠨ ᠬᠠᠷ᠎ᠠ ᠬᠦᠨᠳᠦ ᠨᠣᠴᠢᠲᠠᠢ ᠦᠬᠦᠵᠦ ᠰᠢᠷᠬᠠᠲᠤᠭᠰᠠᠨ ᠪᠠ ᠡᠳ᠋ ᠬᠥᠷᠥᠩᠭᠡ ᠶᠢᠨ ᠬᠤᠬᠢᠷᠠᠯ ᠭᠠᠷᠴᠠᠢ ᠂ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠂ ᠠᠳᠡᠭᠰᠡᠳ ᠢ ᠭᠦᠨ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠵᠦ ᠂ ᠠᠳᠡᠭᠰᠡᠳ ᠤᠨ ᠭᠡᠷ ᠪᠦᠯᠢ ᠂ ᠰᠢᠷᠬᠠᠲᠤᠭᠰᠠᠳ ᠪᠣᠯᠣᠨ ᠭᠠᠮᠰᠢᠭᠳᠠᠭᠰᠠᠨ ᠣᠷᠣᠨ ᠤ ᠠᠷᠠᠳ ᠲᠦᠮᠡᠨ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠨ᠎ᠠ ᠃ ᠷᠦᠸᠠᠨᠳᠠ ᠯᠠᠪᠲᠠᠢ ᠬᠦᠴᠢᠷ ᠪᠡᠷᠬᠡᠰᠢᠶᠡᠯ ᠢ ᠢᠯᠠᠨ ᠳᠠᠪᠠᠵᠤ ᠂ ᠭᠡᠷ ᠣᠷᠣᠨ ᠢᠶᠠᠨ ᠳᠠᠭᠢᠨ ᠪᠠᠶᠢᠭᠤᠯᠬᠤ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ