ᠰᠢᠨᠬᠤᠸᠠ ᠬᠤᠷᠢᠶ᠎ᠠ ᠶᠢᠨ ᠾᠧᠪᠧᠢ ᠶᠢᠨ ᠰᠢᠶᠦ᠋ᠩ ᠠᠨ ᠰᠢᠨ᠎ᠡ ᠲᠣᠭᠤᠷᠢᠭ ᠤᠨ 5 ᠰᠠᠷ᠎ᠠ ᠶᠢᠨ 10 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 10 ᠤ ᠡᠳᠦᠷ ᠾᠧᠪᠧᠢ ᠮᠤᠵᠢ ᠶᠢᠨ ᠰᠢᠶᠦ᠋ᠩ ᠠᠨ ᠰᠢᠨ᠎ᠡ ᠲᠣᠭᠤᠷᠢᠭ ᠲᠤ ᠰᠢᠨᠵᠢᠯᠡᠨ ᠪᠠᠶᠢᠴᠠᠭᠠᠵᠤ ᠂ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ ᠃ ᠲᠡᠷᠡ ᠂ ᠰᠢᠶᠦ᠋ᠩ ᠠᠨ ᠰᠢᠨ᠎ᠡ ᠲᠣᠭᠤᠷᠢᠭ ᠨᠢᠭᠡᠨᠲᠡ ᠶᠡᠭᠡ ᠬᠡᠪᠴᠢᠶ᠎ᠡ ᠪᠠᠷ ᠪᠦᠲᠦᠭᠡᠨ ᠪᠠᠶᠢᠭᠤᠯᠬᠤ ᠬᠢᠭᠡᠳ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠵᠣᠬᠢᠴᠠᠭᠤᠯᠤᠨ ᠰᠢᠢᠳᠪᠦᠷᠢᠯᠡᠬᠦ ᠶᠢ ᠵᠣᠯᠭᠠᠭᠤᠯᠬᠤ ᠶᠢ ᠵᠡᠷᠭᠡ ᠪᠠᠷ ᠴᠢᠬᠤᠯᠠᠴᠢᠯᠠᠬᠤ ᠱᠠᠲᠤᠨ ᠳᠤ ᠣᠷᠣᠵᠤ ᠂ ᠠᠵᠢᠯ ᠤᠨ ᠭᠤᠣᠯᠳᠠᠯᠭ᠎ᠠ ᠨᠢᠭᠡᠨᠲᠡ ᠴᠢᠨᠠᠷ ᠰᠠᠶᠢᠲᠠᠢ ᠪᠦᠲᠦᠭᠡᠨ ᠪᠠᠶᠢᠭᠤᠯᠤᠯᠲᠠ ᠂ ᠥᠨᠳᠥᠷ ᠲᠦᠪᠰᠢᠨ ᠪᠦᠬᠦᠢ ᠬᠠᠮᠢᠶᠠᠷᠤᠯᠲᠠ ᠂ ᠴᠢᠨᠠᠷ ᠰᠠᠶᠢᠲᠠᠢ ᠵᠣᠬᠢᠴᠠᠭᠤᠯᠤᠨ ᠰᠢᠢᠳᠪᠦᠷᠢᠯᠡᠬᠦ ᠬᠥᠭᠵᠢᠯᠲᠡ ᠶᠢ ᠵᠡᠷᠭᠡ ᠪᠠᠷ ᠴᠢᠬᠤᠯᠠᠴᠢᠯᠠᠬᠤ ᠲᠡᠶᠢᠰᠢ ᠰᠢᠯᠵᠢᠪᠡ ᠃ ᠢᠲᠡᠭᠡᠯ ᠵᠣᠷᠢᠭ ᠢᠶᠠᠨ ᠪᠠᠲᠤᠳᠬᠠᠵᠤ ᠂ ᠲᠣᠭᠲᠠᠯ ᠬᠦᠴᠦᠨ ᠢᠶᠠᠨ ᠪᠠᠲᠤᠯᠠᠵᠤ ᠂ ᠯᠠᠪᠳᠠᠭᠤᠨ ᠴᠢᠳᠠᠮᠠᠭᠠᠢ ᠪᠦᠲᠦᠭᠡᠯᠴᠢ ᠪᠠᠷ ᠠᠵᠢᠯᠯᠠᠵᠤ ᠂ ᠡᠯ᠎ᠡ ᠵᠦᠢᠯ ᠤᠨ ᠠᠵᠢᠯ ᠤᠨ ᠲᠠᠰᠤᠷᠠᠯᠲᠠ ᠦᠭᠡᠢ ᠰᠢᠨ᠎ᠡ ᠠᠬᠢᠴᠠ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠪᠠᠷ᠎ᠠ ᠪᠣᠯᠵᠤ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠵᠠᠢ ᠃

5 ᠰᠠᠷ᠎ᠠ ᠶᠢᠨ 10 ᠤ ᠡᠳᠦᠷ ᠂ ᠰᠢ ᠶᠢᠨ ᠫᠢᠩ ᠾᠧᠪᠧᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠨᠢ ᠶᠤᠸᠠᠢ ᠹᠧᠩ ᠂ ᠮᠤᠵᠢ ᠶᠢᠨ ᠳᠠᠷᠤᠭ᠎ᠠ ᠸᠠᠩ ᠵᠧᠩ ᠫᠦ᠋ ᠶᠢᠨ ᠪᠠᠷ᠎ᠠ ᠪᠤᠯᠣᠯᠭ᠎ᠠ ᠲᠠᠢ ᠪᠠᠷ ᠂ ᠰᠢᠶᠦ᠋ᠩ ᠠᠨ ᠰᠢᠨ᠎ᠡ ᠲᠣᠭᠤᠷᠢᠭ ᠤᠨ ᠲᠦᠷᠭᠡᠨ ᠤ ᠲᠡᠮᠦᠷ ᠵᠠᠮ ᠤᠨ ᠥᠷᠲᠡᠭᠡ ᠂ ᠨᠡᠶᠢᠭᠡᠮ ᠲᠣᠭᠤᠷᠢᠭ ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠵᠡᠷᠭᠡ ᠪᠠᠷ ᠭᠦᠨᠵᠡᠭᠡᠶᠢᠷᠡᠵᠦ ᠂ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠲᠤᠬᠠᠢ ᠪᠠᠶᠢᠴᠠᠭᠠᠨ ᠰᠤᠳᠤᠯᠤᠯᠲᠠ ᠬᠢᠪᠡ ᠃

ᠲᠤᠰ ᠡᠳᠦᠷ ᠤᠨ ᠦᠳᠡ ᠶᠢᠨ ᠡᠮᠦᠨ᠎ᠡ ᠂ ᠰᠢ ᠶᠢᠨ ᠫᠢᠩ ᠲᠦᠷᠭᠡᠨ ᠤ ᠲᠡᠮᠦᠷ ᠵᠠᠮ ᠢᠶᠠᠷ ᠰᠢᠶᠦ᠋ᠩ ᠠᠨ ᠰᠢᠨ᠎ᠡ ᠲᠣᠭᠤᠷᠢᠭ ᠲᠤ ᠬᠦᠷᠴᠦ ᠂ ᠭᠦᠷᠦᠭᠰᠡᠨ ᠤ ᠳᠠᠷᠠᠭ᠎ᠠ ᠡᠩ ᠲᠡᠷᠢᠭᠦᠨ ᠳᠤ ᠰᠢᠶᠦ᠋ᠩ ᠠᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠰᠢᠨᠵᠢᠯᠡᠨ ᠪᠠᠶᠢᠴᠠᠭᠠᠪᠠ ᠃ ᠰᠢᠶᠦ᠋ᠩ ᠠᠨ ᠦᠷᠳᠡᠭᠡ ᠪᠣᠯ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠩᠬᠠᠨ ᠤ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠲᠦᠷᠤᠯ ᠵᠦᠢᠯ ᠮᠥᠨ ᠪᠠᠶᠢᠵᠤ ᠂ ᠪᠡᠯᠭᠡ ᠲᠡᠮᠳᠡᠭ ᠤᠨ ᠴᠢᠨᠠᠷᠲᠠᠢ ᠠᠴᠢ ᠬᠤᠯᠪᠣᠭᠳᠠᠯ ᠲᠠᠢ ᠶᠤᠮ ᠃ ᠰᠢ ᠶᠢᠨ ᠫᠢᠩ ᠤᠷᠢᠳ ᠬᠤᠵᠢᠳ ᠥᠷᠲᠡᠭᠡᠨ ᠤ ᠵᠣᠭᠰᠣᠭᠠᠯ ᠂ ᠲᠡᠷᠭᠡ ᠬᠦᠯᠢᠶᠡᠬᠦ ᠲᠢᠩᠬᠢᠮ ᠂ ᠥᠷᠲᠡᠭᠡᠨ ᠤ ᠭᠠᠳᠠᠨᠠᠬᠢ ᠠᠭᠤᠳᠠᠮ ᠲᠠᠯᠠᠪᠠᠢ ᠶᠢ ᠪᠠᠶᠢᠴᠠᠭᠠᠨ ᠦᠵᠡᠵᠦ ᠂ ᠰᠢᠶᠦ᠋ᠩ ᠠᠨ ᠥᠷᠲᠡᠭᠡᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠪᠣᠯᠣᠨ ᠪᠠᠶᠢᠭ᠎ᠠ ᠽᠠᠨ ᠭᠠᠩ ᠲᠣᠭᠤᠷᠢᠭ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠪᠠ ᠃ ᠰᠢ ᠶᠢᠨ ᠫᠢᠩ ᠂ ᠰᠢᠶᠦ᠋ᠩ ᠠᠨ ᠦᠷᠳᠡᠭᠡ ᠪᠣᠯ ᠰᠢᠶᠦ᠋ᠩ ᠠᠨ ᠰᠢᠨ᠎ᠡ ᠲᠣᠭᠤᠷᠢᠭ ᠤᠨ ᠠᠭᠤᠯᠵᠠᠷ ᠲᠡᠷᠭᠡᠨ ᠦᠷᠳᠡᠭᠡ ᠪᠣᠯᠣᠨ᠎ᠠ ᠂ ᠰᠢᠶᠦ᠋ᠩ ᠠᠨ ᠦᠷᠳᠡᠭᠡ ᠪᠣᠯᠣᠨ ᠰᠢᠶᠦ᠋ᠩ ᠠᠨ ᠰᠢᠨ᠎ᠡ ᠲᠣᠭᠤᠷᠢᠭ ᠢ ᠬᠤᠯᠪᠣᠨ ᠨᠡᠪᠲᠡᠷᠡᠭᠦᠯᠬᠦ ᠵᠠᠮ ᠬᠠᠷᠢᠯᠴᠠᠭᠠᠨ ᠤ ︽ ᠨᠠᠷᠢᠨ ᠴᠢᠰᠤᠨ ᠰᠤᠳᠠᠯ ︾ ᠢ ᠴᠢᠨᠠᠭᠰᠢᠳᠠ ᠲᠡᠭᠦᠯᠳᠡᠷᠵᠢᠭᠦᠯᠵᠦ ᠂ ᠬᠥᠮᠥᠨ ᠤ ᠤᠷᠤᠰᠬᠠᠯ ᠪᠠᠷᠠᠭᠠᠨ ᠤ ᠭᠦᠢᠯᠭᠡᠭᠡ ᠶᠢᠨ ᠲᠥᠪᠯᠡᠷᠡᠬᠦ ᠪᠠ ᠲᠠᠷᠬᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠃ ᠽᠠᠨ ᠭᠠᠩ ᠲᠣᠭᠤᠷᠢᠭ ᠢ ᠳᠡᠭᠡᠳᠦ ᠲᠡᠰ ᠤᠨ ᠳᠡᠭᠡᠳᠦ ᠰᠢᠨ᠎ᠡ ᠠᠵᠤ ᠦᠢᠯᠡᠰ ᠤᠨ ᠲᠥᠪᠯᠡᠷᠡᠭᠰᠡᠨ ᠣᠷᠣᠨ ᠪᠣᠯᠭᠠᠨ ᠪᠦᠲᠦᠭᠡᠨ ᠪᠠᠶᠢᠭᠤᠯᠵᠤ ᠂ ᠡᠯ᠎ᠡ ᠲᠠᠯ᠎ᠠ ᠶᠢᠨ ᠵᠣᠴᠢᠳ ᠲᠤ ᠰᠢᠶᠦ᠋ᠩ ᠠᠨ ᠳᠤ ᠢᠷᠡᠮᠡᠭᠴᠡ ᠰᠢᠶᠦ᠋ᠩ ᠠᠨ ᠰᠢᠨ᠎ᠡ ᠲᠣᠭᠤᠷᠢᠭ ᠤᠨ ᠰᠦᠷ ᠳᠠᠯᠠᠶᠢᠴᠠᠲᠠᠢ ᠣᠳᠣᠬᠢᠴᠢᠯᠠᠯᠲᠠ ᠶᠢᠨ ᠰᠢᠨ᠎ᠡ ᠳᠦᠷᠰᠦ ᠪᠠᠶᠢᠳᠠᠯ ᠢ ᠮᠡᠳᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃
ᠰᠢ ᠶᠢᠨ ᠫᠢᠩ ᠳᠠᠷᠠᠭ᠎ᠠ ᠨᠢ ᠲᠡᠷᠭᠡᠨ ᠳᠤ ᠰᠠᠭᠤᠵᠤ ᠷᠦᠩᠳᠦ᠋ᠩ ᠲᠣᠭᠤᠷᠢᠭ ᠤᠨ ᠨᠠᠨ ᠸᠧᠨ ᠶᠢᠩ ᠨᠡᠶᠢᠭᠡᠮ ᠲᠣᠭᠤᠷᠢᠭ ᠲᠤ ᠭᠦᠷᠪᠡ ᠃ ᠲᠣᠰ ᠨᠡᠶᠢᠭᠡᠮ ᠲᠣᠭᠤᠷᠢᠭ ᠠᠨ ᠰᠢᠨ ᠂ ᠷᠦᠩ ᠴᠧᠩ ᠬᠤᠶᠠᠷ ᠰᠢᠶᠠᠨ ᠤ 5000 ᠭᠠᠷᠤᠢ ᠪᠤᠴᠠᠭᠠᠨ ᠨᠡᠭᠦᠯᠭᠡᠭᠰᠡᠨ ᠠᠷᠠᠳ ᠢ ᠲᠥᠪᠬᠢᠨᠡᠭᠦᠯᠪᠡ ᠃ ᠰᠢ ᠶᠢᠨ ᠫᠢᠩ ᠤᠷᠢᠳ ᠬᠤᠵᠢᠳ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠪᠣᠯᠣᠨ ᠨᠡᠶᠢᠭᠡᠮ ᠲᠣᠭᠤᠷᠢᠭ ᠤᠨ ᠬᠤᠭᠤᠯᠠᠨ ᠲᠠᠩᠬᠢᠮ ᠳᠤ ᠬᠦᠷᠴᠦ ᠂ ᠨᠡᠶᠢᠭᠡᠮ ᠲᠣᠭᠤᠷᠢᠭ ᠤᠨ ᠠᠵᠢᠯᠲᠠᠨ ᠂ ᠲᠤᠬᠠᠢ ᠶᠢᠨ ᠲᠠᠯᠠᠪᠠᠢ ᠳᠤ ᠠᠵᠢᠯ ᠶᠠᠪᠤᠳᠠᠯ ᠭᠦᠢᠴᠡᠳᠬᠡᠵᠦ ᠪᠠᠶᠢᠭ᠎ᠠ ᠤᠯᠠᠨ ᠲᠦᠮᠡᠨ ᠂ ᠬᠤᠭᠤᠯᠠ ᠢᠳᠡᠵᠦ ᠪᠠᠶᠢᠭ᠎ᠠ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠠᠢ ᠳᠣᠲᠣᠨᠣ ᠪᠠᠷ ᠶᠠᠷᠢᠯᠴᠠᠵᠤ ᠂ ᠠᠷᠠᠳ ᠤᠨ ᠪᠠᠶᠢᠳᠠᠯ ᠤᠨ ᠡᠬᠡ ᠲᠠᠩᠰᠠ ᠶᠢ ᠨᠠᠷᠢᠨ ᠦᠵᠡᠵᠦ ᠂ ᠨᠡᠶᠢᠭᠡᠮ ᠲᠣᠭᠤᠷᠢᠭ ᠤᠨ ᠥᠷᠨᠢᠭᠦᠯᠦᠭᠰᠡᠨ ᠠᠷᠠᠳ ᠲᠤ ᠲᠦᠭᠦᠮ ᠦᠵᠡᠭᠦᠯᠭᠦ ᠨᠠᠰᠤᠵᠢᠯ ᠤᠨ ᠦᠢᠯᠡᠴᠢᠯᠡᠭᠡ ᠵᠡᠷᠭᠡ ᠶᠢ ᠨᠤᠲᠠᠯᠠᠵᠤ ᠪᠠᠶᠢᠬᠤ ᠪᠠᠨ ᠢᠯᠡᠳᠬᠡᠪᠡ ᠃ ᠰᠢ ᠶᠢᠨ ᠫᠢᠩ ᠂ ᠪᠢ ᠪᠤᠴᠠᠭᠠᠨ ᠨᠡᠭᠦᠯᠭᠡᠭᠰᠡᠨ ᠤᠯᠠᠨ ᠲᠦᠮᠡᠨ ᠤ ᠲᠥᠯᠥᠭᠡ ᠰᠠᠨᠠᠭᠠᠰᠢᠷᠠᠭᠰᠠᠭᠠᠷ ᠢᠷᠡᠵᠠᠢ ᠂ ᠤᠯᠠᠨ ᠤ ᠠᠮᠢᠳᠤᠷᠠᠯ ᠰᠠᠶᠢᠨ ᠪᠠᠶᠢᠬᠤ ᠶᠢ ᠦᠵᠡᠭᠡᠳ ᠪᠢ ᠮᠠᠰᠢ ᠪᠠᠶᠠᠷᠯᠠᠵᠤ ᠪᠠᠶᠢᠨ᠎ᠠ ᠃ ᠰᠢᠶᠦ᠋ᠩ ᠠᠨ ᠰᠢᠨ᠎ᠡ ᠲᠣᠭᠤᠷᠢᠭ ᠢ ᠰᠠᠶᠢᠲᠤᠷ ᠪᠦᠲᠦᠭᠡᠨ ᠪᠠᠶᠢᠭᠤᠯᠬᠤ ᠳᠤ ᠂ ᠴᠢᠬᠤᠯᠠ ᠨᠢ ᠠᠮᠤᠷ ᠠᠮᠤᠭᠤᠯᠠᠩ ᠣᠷᠣᠨ ᠰᠠᠭᠤᠴᠠ ᠪᠠ ᠪᠠᠶᠠᠷ ᠪᠠᠶᠠᠰᠤᠯ ᠲᠠᠢ ᠠᠵᠤ ᠳᠦᠷᠦᠭᠦ ᠶᠢ ᠵᠤᠯᠭᠠᠯᠴᠠᠭᠤᠯᠵᠦ ᠂ ᠤᠯᠠᠨ ᠲᠦᠮᠡᠨ ᠢ ᠲᠣᠭᠲᠠᠭᠤᠨ ᠰᠠᠭᠤᠷᠢᠰᠢᠭᠤᠯᠵᠤ ᠂ ᠠᠮᠤᠷ ᠲᠠᠶᠢᠪᠤᠩ ᠠᠮᠢᠳᠤᠷᠠᠭᠤᠯᠵᠤ ᠂ ᠬᠦᠰᠡᠯ ᠡᠷᠡᠮᠡᠯᠵᠡᠯ ᠲᠠᠢ ᠪᠣᠯᠭᠠᠬᠤ ᠶᠠᠪᠤᠳᠠᠯ ᠪᠣᠯᠣᠨ᠎ᠠ ᠃ ᠬᠤᠳᠠ ᠶᠢᠨ ᠵᠠᠰᠠᠯᠲᠠ ᠶᠢᠨ ᠣᠳᠣᠬᠢᠴᠢᠯᠠᠯᠲᠠ ᠶᠢ ᠵᠡᠷᠭᠡ ᠪᠠᠷ ᠠᠬᠢᠭᠤᠯᠵᠤ ᠂ ᠡᠬᠢᠯᠡᠩᠭᠦᠲᠡ ᠪᠠᠨ ︽ᠬᠠᠳᠬᠤᠮᠠᠯ ᠬᠠᠳᠬᠤᠬᠤ ︾ ᠬᠦᠴᠦ ᠶᠢ ᠣᠷᠣᠭᠤᠯᠵᠤ ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠲᠡᠩᠴᠡᠭᠦᠷᠢᠰᠢᠭᠦᠯᠬᠦ ᠶᠢ ᠢᠳᠡᠪᠬᠢᠲᠡᠢ ᠠᠬᠢᠭᠤᠯᠵᠤ ᠂ ᠰᠢᠨ᠎ᠡ ᠴᠠᠭ ᠦᠶ᠎ᠡ ᠶᠢᠨ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠢ ︽ᠠᠷᠠᠳ ᠤᠨ ᠬᠤᠳᠠ ︾ ᠶᠢ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ ᠃
ᠰᠢ ᠶᠢᠨ ᠫᠢᠩ ᠪᠤᠴᠠᠭᠠᠨ ᠨᠡᠭᠦᠯᠭᠡᠭᠰᠡᠨ ᠰᠠᠭᠤᠭᠠᠯᠢ ᠠᠷᠠᠳ ᠯᠢ ᠵᠢᠩ ᠾᠧ ᠶᠢᠨ ᠭᠡᠷ ᠲᠤ ᠬᠦᠷᠴᠦ ᠪᠣᠯᠭᠤᠭᠠᠨ ᠦᠵᠡᠪᠡ ᠃ ᠯᠢ ᠵᠢᠩ ᠾᠧ ᠶᠡᠷᠦᠩᠬᠡᠢ ᠱᠦᠵᠢ ᠳᠤ ᠂ 2021 ᠣᠨ ᠤ 11 ᠰᠠᠷ᠎ᠠ ᠳᠤ ᠰᠢᠨ᠎ᠡ ᠣᠷᠣᠨ ᠰᠠᠭᠤᠴᠠ ᠳᠤ ᠨᠡᠭᠦᠨ ᠣᠷᠣᠵᠤ ᠂ ᠭᠡᠷ ᠪᠠᠶᠢᠰᠢᠩ ᠠᠭᠤᠵᠢᠮ ᠰᠠᠷᠠᠭᠤᠯ ᠂ ᠰᠠᠭᠤᠬᠤ ᠳᠤ ᠲᠤᠶᠢᠯ ᠤᠨ ᠲᠠᠭᠠᠯᠠᠮᠵᠢᠲᠠᠢ ᠪᠠᠶᠢᠵᠤ ᠂ ᠠᠮᠢᠳᠤᠷᠠᠯ ᠶᠠᠪᠤᠬᠤ ᠲᠤᠲᠤᠮ ᠰᠠᠶᠢᠵᠢᠷᠠᠵᠤ ᠪᠠᠶᠢᠨ᠎ᠠ ᠭᠡᠪᠡ ᠃ ᠰᠢ ᠶᠢᠨ ᠫᠢᠩ ᠂ ᠰᠢᠶᠦ᠋ᠩ ᠠᠨ ᠰᠢᠨ᠎ᠡ ᠲᠣᠭᠤᠷᠢᠭ ᠢ ᠪᠦᠲᠦᠭᠡᠨ ᠪᠠᠶᠢᠭᠤᠯᠬᠤ ᠪᠣᠯ ᠨᠠᠮ ᠤᠨ ᠲᠥᠪ ᠬᠤᠷᠢᠶ᠎ᠠ ᠶᠢᠨ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠮᠥᠨ ᠂ ᠤᠯᠠᠨ ᠢᠶᠠᠷ ᠢᠶᠠᠨ ᠤᠯᠤᠰ ᠤᠨ ᠤᠷᠢᠶᠠᠯᠠᠭ᠎ᠠ ᠶᠢ ᠴᠤᠤᠷᠢᠶᠠᠲᠤᠨ ᠂ ᠢᠳᠡᠪᠬᠢᠲᠡᠢ ᠬᠠᠮᠵᠢᠯᠴᠠᠵᠤ ᠂ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠬᠤᠪᠢ ᠨᠡᠮᠡᠷᠢ ᠦᠵᠡᠭᠦᠯᠵᠡᠢ ᠭᠡᠵᠦ ᠴᠢᠬᠤᠯᠠᠴᠢᠯᠠᠪᠠ ᠃ ᠲᠡᠷᠡ ᠵᠠᠯᠠᠭᠤ ᠨᠢᠭᠡ ᠦᠶ᠎ᠡ ᠶᠢᠨ ᠬᠢᠨ ᠢ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠬᠢᠴᠠ ᠳᠤᠮᠳᠠ ᠢᠲᠡᠭᠡᠯ ᠵᠣᠷᠢᠭ ᠢᠶᠠᠨ ᠪᠠᠲᠤᠳᠬᠠᠵᠤ ᠂ ᠡᠷᠳᠡᠮ ᠴᠢᠳᠠᠪᠤᠷᠢ ᠶᠢ ᠰᠠᠶᠢᠲᠤᠷ ᠰᠤᠷᠤᠯᠴᠠᠵᠤ ᠂ ᠨᠤᠲᠤᠭ ᠤᠰᠤᠨ ᠳᠠᠭᠠᠨ ᠪᠤᠶᠠᠨ ᠦᠢᠯᠡᠳᠴᠦ ᠂ ᠨᠡᠶᠢᠭᠡᠮ ᠵᠢᠷᠤᠮ ᠤᠨ ᠦᠢᠯᠡᠰ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠪᠣᠯᠣᠭᠠᠷᠠᠢ ᠭᠡᠵᠦ ᠵᠣᠷᠢᠭᠵᠢᠭᠤᠯᠪᠠ ᠃
ᠠᠶᠠᠷᠯᠠᠨ ᠰᠠᠯᠬᠤ ᠦᠶ᠎ᠡ ᠳᠤ ᠂ ᠰᠠᠭᠤᠭᠠᠯᠢ ᠠᠷᠠᠳ ︽ᠶᠡᠷᠦᠩᠬᠡᠢ ᠱᠦᠵᠢ ᠰᠠᠶᠢᠨ ︾ ᠭᠡᠵᠦ ᠥᠨᠳᠥᠷ ᠲᠠᠭᠤᠨ ᠢᠶᠠᠷ ᠬᠠᠰᠬᠢᠷᠤᠨ ᠂ ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠯ ᠳᠡᠪᠰᠢᠭᠦᠯᠪᠡ ᠃ ᠲᠡᠷᠡ ᠭᠦᠨ ᠰᠡᠳᠬᠢᠯᠭᠡ ᠲᠠᠢ ᠪᠠᠷ ᠤᠯᠠᠨ ᠳᠤ ᠂ ᠾᠧᠪᠧᠢ ᠪᠣᠯ ᠮᠢᠨᠤ ᠠᠵᠢᠯᠯᠠᠵᠤ ᠥᠩᠭᠡᠷᠡᠭᠰᠡᠨ ᠭᠠᠵᠠᠷ ᠂ ᠪᠢ ᠠᠳᠡ ᠬᠠᠶᠢᠷ᠎ᠠ ᠰᠡᠳᠬᠢᠯᠭᠡ ᠲᠠᠢ ᠂ ᠠᠳᠡᠬᠢ ᠶᠢ ᠰᠠᠶᠢᠲᠤᠷ ᠪᠦᠲᠦᠭᠡᠨ ᠪᠠᠶᠢᠭᠤᠯᠬᠤ ᠪᠣᠯ ᠮᠢᠨᠤ ᠬᠦᠰᠡᠯ ᠡᠷᠡᠮᠡᠯᠵᠡᠯ ᠮᠥᠨ ᠃ ᠰᠢᠶᠦ᠋ᠩ ᠠᠨ ᠰᠢᠨ᠎ᠡ ᠲᠣᠭᠤᠷᠢᠭ ᠢ ᠪᠦᠲᠦᠭᠡᠨ ᠪᠠᠶᠢᠭᠤᠯᠬᠤ ᠪᠣᠯ ᠮᠢᠩᠭᠠᠨ ᠣᠨ ᠤ ᠶᠡᠭᠡ ᠪᠣᠳᠣᠯᠭ᠎ᠠ ᠂ ᠤᠯᠤᠰ ᠤᠨ ᠶᠡᠭᠡ ᠶᠠᠪᠤᠳᠠᠯ ᠮᠥᠨ ᠂ ᠭᠦᠪᠰᠦᠷᠭᠡᠵᠤ ᠬᠥᠭᠡᠷᠴᠦ ᠪᠣᠯᠬᠤ ᠦᠭᠡᠢ ᠂ ᠬᠦᠯᠢᠶᠡᠵᠦ ᠲᠦᠰᠢᠵᠦ ᠠᠪᠴᠤ ᠪᠣᠯᠬᠤ ᠦᠭᠡᠢ ᠂ ᠯᠠᠪᠳᠠᠭᠤᠨ ᠪᠠᠲᠤᠲᠠᠢ ᠪᠠᠷ ᠴᠢᠷᠮᠠᠶᠢᠵᠤ ᠂ ᠤᠳᠠᠭᠠᠨ ᠳᠠᠭᠠᠭᠠᠮᠠᠭᠠᠢ ᠪᠠᠷ ᠵᠢᠳᠬᠦᠬᠦ ᠬᠡᠷᠡᠭᠲᠡᠢ ᠭᠡᠪᠡ ᠃
ᠰᠢᠶᠦ᠋ᠩ ᠠᠨ ᠤ ᠬᠤᠳᠠ ᠶᠢᠨ ᠬᠤᠭᠤᠷᠣᠨᠳᠣᠭᠢ ᠦᠷᠳᠡᠭᠡ ᠶᠢᠨ ᠬᠦᠢᠰᠦ ᠪᠠᠷᠢᠯᠭ᠎ᠠ ᠨᠢ ᠰᠢᠶᠦ᠋ᠩ ᠠᠨ ᠰᠢᠨ᠎ᠡ ᠲᠣᠭᠤᠷᠢᠭ ᠤᠨ ᠡᠬᠢᠯᠡᠭᠦᠯᠬᠦ ᠣᠷᠣᠨ ᠤ ᠭᠤᠣᠯ ᠪᠠᠶᠢᠷᠢᠨ ᠳᠤ ᠪᠤᠢ ᠃ ᠰᠢ ᠶᠢᠨ ᠫᠢᠩ ᠰᠢᠶᠦ᠋ᠩ ᠠᠨ ᠤ ᠬᠤᠳᠠ ᠶᠢᠨ ᠬᠤᠭᠤᠷᠣᠨᠳᠣᠭᠢ ᠦᠷᠳᠡᠭᠡ ᠵᠢᠴᠢ ᠤᠯᠠᠨ ᠤᠯᠤᠰ ᠤᠨ ᠠᠷᠠᠯᠵᠢᠶᠠᠨ ᠤ ᠲᠥᠪ ᠤᠨ ᠲᠦᠷᠤᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ ᠂ ᠡᠯᠡᠰᠦᠨ ᠴᠠᠷᠠᠭ᠎ᠠ ᠶᠢ ᠦᠵᠡᠵᠦ ᠂ ᠲᠠᠭᠲᠤ ᠳᠤ ᠭᠠᠷᠴᠤ ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠢ ᠪᠠᠷᠠᠯᠠᠵᠤ ᠂ ᠡᠬᠢᠯᠡᠭᠦᠯᠬᠦ ᠣᠷᠣᠨ ᠤ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠲᠦᠷᠤᠯ ᠵᠦᠢᠯ ᠵᠢᠴᠢ ᠭᠤᠣᠯᠳᠠᠯᠭ᠎ᠠ ᠲᠠᠢ ᠲᠠᠷᠬᠠᠭᠠᠨ ᠵᠣᠬᠢᠴᠠᠭᠤᠯᠬᠤ ᠲᠦᠷᠤᠯ ᠵᠦᠢᠯ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠣᠶᠢᠯᠠᠭᠠᠪᠠ ᠃
ᠰᠢ ᠶᠢᠨ ᠫᠢᠩ ᠂ ᠵᠠᠮ ᠬᠠᠷᠢᠯᠴᠠᠭ᠎ᠠ ᠪᠣᠯ ᠤᠳᠤ ᠦᠶ᠎ᠡ ᠶᠢᠨ ᠬᠤᠳᠠ ᠶᠢᠨ ᠴᠢᠰᠤᠨ ᠰᠤᠳᠠᠯ ᠮᠥᠨ ᠃ ᠴᠢᠰᠤᠨ ᠰᠤᠳᠠᠯ ᠰᠠᠭᠠᠳ ᠦᠭᠡᠢ ᠨᠡᠪᠲᠡᠷᠡᠪᠡᠯ ᠬᠤᠲᠠ ᠨᠢ ᠰᠠᠶ᠋ᠢ ᠡᠷᠡᠭᠦᠯ ᠢᠶᠠᠷ ᠬᠥᠭᠵᠢᠵᠦ ᠴᠢᠳᠠᠨ᠎ᠠ ᠃ ᠪᠣᠰᠤᠭ᠎ᠠ ᠴᠣᠭᠴᠠᠲᠤ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠣᠷ ᠢ ᠪᠦᠲᠦᠭᠡᠨ ᠪᠠᠶᠢᠭᠤᠯᠬᠤ ᠳᠡᠭᠡᠷ᠎ᠡ ᠬᠦᠴᠦ ᠲᠠᠯᠪᠢᠵᠤ ᠂ ᠭᠠᠵᠠᠷ ᠳᠣᠣᠷᠠᠬᠢ ᠣᠷᠣᠨ ᠵᠠᠢ ᠶᠢ ᠭᠦᠢᠴᠡᠳ ᠠᠰᠢᠭᠯᠠᠬᠤ ᠳᠡᠭᠡᠷ᠎ᠡ ᠬᠦᠴᠦ ᠲᠠᠯᠪᠢᠵᠤ ᠂ ︽ᠬᠤᠳᠠ ᠶᠢᠨ ᠡᠪᠡᠳᠴᠢᠨ ︾ ᠦᠭᠡᠢ ᠢᠷᠡᠭᠡᠳᠦᠢ ᠶᠢᠨ ᠬᠤᠳᠠ ᠶᠢ ᠬᠦᠴᠦᠯᠡᠨ ᠪᠠᠶᠢᠭᠤᠯᠵᠤ ᠂ ᠥᠨᠳᠥᠷ ᠪᠠᠷᠢᠮᠵᠢᠶᠠᠲᠤ ᠬᠤᠳᠠ ᠶᠢᠨ ᠲᠥᠯᠦᠪᠵᠢᠭᠦᠯᠭᠡ ᠶᠢᠨ ᠠᠤᠭ᠎ᠠ ᠲᠥᠰᠥᠪ ᠢ ᠦᠨᠡᠨ ᠬᠦ ᠴᠢᠨᠠᠷ ᠰᠠᠶᠢᠲᠠᠢ ᠬᠤᠳᠠ ᠶᠢᠨ ᠬᠥᠭᠵᠢᠯᠲᠡ ᠶᠢᠨ ᠪᠣᠳᠠᠲᠤ ᠦᠵᠡᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃
ᠦᠳᠡ ᠶᠢᠨ ᠬᠤᠶᠢᠨ᠎ᠠ ᠂ ᠰᠢ ᠶᠢᠨ ᠫᠢᠩ ᠰᠢᠶᠦ᠋ᠩ ᠠᠨ ᠤ ᠬᠤᠷᠠᠯ ᠦᠵᠡᠰᠬᠦᠯᠡᠩ ᠤᠨ ᠲᠥᠪ ᠤᠨ ᠰᠢᠶᠦ᠋ᠩ ᠠᠨ ᠲᠢᠩᠬᠢᠮ ᠳᠤ ᠬᠦᠷᠴᠦ ᠂ ᠡᠯᠡᠰᠦᠨ ᠴᠠᠷ᠎ᠠ ᠂ ᠸᠢᠳᠢᠤ᠋ ᠣᠬᠤᠷ ᠹᠢᠯᠢᠮ ᠲᠠᠢ ᠤᠶᠠᠯᠳᠤᠭᠤᠯᠤᠨ ᠂ ᠰᠢᠶᠦ᠋ᠩ ᠠᠨ ᠰᠢᠨ᠎ᠡ ᠲᠣᠭᠤᠷᠢᠭ ᠤᠨ ᠪᠦᠬᠦᠯᠢ ᠴᠣᠭᠴᠠ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠲᠠᠨᠢᠯᠴᠠᠭᠤᠯᠭ᠎ᠠ ᠶᠢ ᠰᠣᠨᠣᠰᠴᠤ ᠂ ᠪᠠᠢ ᠶᠠᠩ ᠳ᠋ᠢᠶᠠᠨ ᠤ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠪᠠ ᠬᠠᠮᠠᠭᠠᠯᠠᠯᠲᠠ ᠵᠢᠴᠢ ᠬᠤᠷᠠᠭᠰᠠᠨ ᠰᠢᠪᠠᠷ ᠢ ᠴᠡᠪᠡᠷᠯᠡᠨ ᠯᠠᠶᠢᠳᠠᠬᠤ ᠂ ᠪᠠᠢ ᠶᠠᠩ ᠳ᠋ᠢᠶᠠᠨ ᠤ ᠳᠣᠲᠣᠭᠠᠳᠤ ᠤᠰᠤᠨ ᠵᠠᠮ ᠤᠨ ᠨᠡᠪᠲᠡᠷᠡᠯᠴᠡᠭᠡ ᠵᠡᠷᠭᠡ ᠠᠵᠢᠯ ᠤᠨ ᠠᠬᠢᠴᠠ ᠶᠢᠨ ᠪᠠᠶᠢᠳᠠᠯ ᠢ ᠣᠶᠢᠯᠠᠭᠠᠪᠠ ᠃ ᠰᠢ ᠶᠢᠨ ᠫᠢᠩ ᠂ ᠪᠠᠢ ᠶᠠᠩ ᠳ᠋ᠢᠶᠠᠨ ᠤ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠪᠠ ᠬᠠᠮᠠᠭᠠᠯᠠᠯᠲᠠ ᠨᠢ ᠤᠳᠤ ᠦᠶ᠎ᠡ ᠳᠤ ᠭᠠᠪᠢᠶ᠎ᠠ ᠪᠠᠶᠢᠭᠤᠯᠵᠤ ᠂ ᠮᠢᠩᠭᠠᠨ ᠣᠨ ᠳᠤ ᠠᠰᠢᠭ ᠬᠦᠷᠲᠡᠭᠡᠬᠦ ᠤᠴᠢᠷ ᠠᠴᠠ ᠡᠷᠬᠡᠪᠰᠢ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ ᠂ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ
ᠴᠢᠬᠤᠯᠠᠴᠢᠯᠠᠪᠠ ᠃
ᠲᠠᠷᠠᠭ᠎ᠠ ᠨᠢ ᠂ ᠰᠢ ᠶᠢᠨ ᠫᠢᠩ ᠬᠤᠷᠠᠯ ᠦᠵᠡᠰᠬᠦᠯᠡᠩ ᠤᠨ ᠲᠥᠪ ᠤᠨ ᠭᠤᠷᠪᠠᠳᠤᠭᠠᠷ ᠳᠠᠪᠬᠤᠷᠭ᠎ᠠ ᠶᠢᠨ ᠤᠯᠠᠨ ᠴᠢᠳᠠᠪᠬᠢᠲᠤ ᠲᠢᠩᠬᠢᠮ ᠳᠤ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠲᠤᠬᠠᠢ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠵᠧᠩ ᠱᠠᠨ ᠵᠢᠶᠧ ᠂ ᠾᠧᠪᠧᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠨᠢ ᠶᠤᠸᠠᠢ ᠹᠧᠩ ᠂ ᠰᠢᠶᠦ᠋ᠩ ᠠᠨ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠭᠦᠸᠧ ᠬᠤᠸᠠ ᠤᠷᠢᠳ ᠬᠤᠵᠢᠳ ᠦᠭᠡ ᠬᠡᠯᠡᠵᠡᠢ ᠃ ᠳᠤᠮᠳᠠᠳᠤ ᠤᠯᠤᠰ ᠤᠨ ᠳᠠᠭᠠᠭᠤᠯᠢ ᠤᠳᠤᠨ ᠤ ᠰᠦᠯᠵᠢᠶᠡᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠂ ᠳᠤᠮᠳᠠᠳᠤ ᠤᠯᠤᠰ ᠤᠨ ᠪᠠᠷᠢᠯᠭ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠭᠤᠣᠯ ᠬᠠᠷᠢᠭᠤᠴᠠᠯᠭᠠᠲᠠᠨ ᠪᠢᠴᠢᠭ ᠢᠶᠠᠷ ᠦᠭᠡ ᠬᠡᠯᠡᠪᠡ ᠃
ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ ᠃ ᠲᠡᠷᠡ ᠂ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠲᠥᠪ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠪᠡᠭᠡᠵᠢᠩ ᠂ ᠲᠢᠶᠠᠨᠵᠢᠨ ᠵᠡᠷᠭᠡ ᠭᠠᠵᠠᠷ ᠤᠨ ᠬᠦᠴᠦᠲᠡᠢ ᠳᠡᠮᠵᠢᠯᠭᠡ ᠳᠣᠣᠷ᠎ᠠ ᠂ ᠾᠧᠪᠧᠢ ᠮᠤᠵᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ ᠂ ᠰᠢᠶᠦ᠋ᠩ ᠠᠨ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠪᠠ ᠬᠠᠮᠢᠶᠠᠷᠤᠯᠲᠠ ᠶᠢᠨ ᠵᠥᠪᠯᠡᠯ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ ᠂ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ ᠱᠠᠲᠤᠴᠢ ᠴᠢᠨᠠᠷᠲᠠᠢ ᠦᠷ᠎ᠡ ᠪᠦᠲᠦᠭᠡᠯ ᠣᠯᠵᠤ ᠂ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠦᠵᠦ ᠲᠥᠯᠥᠪᠯᠡᠭᠡ ᠶᠢ ᠦᠨᠳᠦᠰᠦᠨ ᠳᠡᠭᠡᠨ ᠪᠡᠶᠡᠯᠡᠭᠦᠯᠵᠦ ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ ᠠᠬᠢᠯᠲᠠ ᠲᠠᠢ ᠪᠣᠯᠵᠤ ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠨ ᠵᠣᠬᠢᠴᠠᠭᠤᠯᠬᠤ ᠠᠵᠢᠯ ᠠᠩᠬ᠎ᠠ ᠠᠯᠬᠤᠮ ᠦᠷ᠎ᠡ ᠪᠦᠲᠦᠮᠵᠢ ᠣᠯᠵᠤ ᠂ ᠪᠠᠢ ᠶᠠᠩ ᠳ᠋ᠢᠶᠠᠨ ᠤ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠢᠯᠡᠳᠲᠡ ᠦᠷ᠎ᠡ ᠪᠦᠲᠦᠮᠵᠢ ᠣᠯᠵᠤ ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠠᠵᠢᠯ ᠢᠳᠡᠪᠬᠢᠲᠡᠢ ᠠᠬᠢᠯᠲᠠ ᠲᠠᠢ ᠪᠣᠯᠵᠤ ᠂ ᠠᠵᠤ ᠦᠢᠯᠡᠰ ᠪᠠ ᠰᠢᠨ᠎ᠡ ᠶᠢ ᠡᠭᠦᠳᠬᠦ ᠡᠯᠧᠮᠧᠨ᠋ᠲ ᠤᠨ ᠲᠥᠪᠯᠡᠷᠡᠯ ᠤᠨ ᠨᠥᠬᠦᠴᠡᠯ ᠠᠯᠬᠤᠮ ᠠᠯᠬᠤᠮ ᠢᠶᠠᠷ ᠲᠡᠭᠦᠯᠳᠡᠷᠵᠢᠵᠦ ᠂ ᠪᠤᠴᠠᠭᠠᠨ ᠨᠡᠭᠦᠯᠭᠡᠵᠦ ᠲᠥᠪᠬᠢᠨᠡᠭᠦᠯᠬᠦ ᠠᠵᠢᠯ ᠢ ᠡᠮᠬᠢ ᠵᠢᠷᠤᠮ ᠲᠠᠢ ᠪᠠᠷ ᠠᠬᠢᠭᠤᠯᠪᠠ ᠃ ᠣᠬᠤᠷᠬᠠᠨ 6 ᠵᠢᠯ ᠳᠤ ᠂ ᠰᠢᠶᠦ᠋ᠩ ᠠᠨ ᠰᠢᠨ᠎ᠡ ᠲᠣᠭᠤᠷᠢᠭ ᠦᠭᠡᠢ ᠪᠠᠶᠢᠭᠰᠠᠨ ᠠᠴᠠ ᠪᠠᠨ ᠪᠠᠶᠢᠬᠤ ᠪᠣᠯᠵᠤ ᠂ ᠠᠤᠭ᠎ᠠ ᠲᠥᠰᠥᠪ ᠠᠴᠠ ᠪᠣᠳᠠᠲᠤ ᠠᠬᠤᠢ ᠪᠣᠯᠵᠤ ᠂ ᠥᠨᠳᠥᠷ ᠲᠦᠪᠰᠢᠨ ᠪᠦᠬᠦᠢ ᠣᠳᠣᠬᠢᠴᠢᠯᠠᠭᠰᠠᠨ ᠬᠤᠳᠠ ᠶᠠᠭ ᠰᠦᠨᠳᠡᠷᠯᠡᠨ ᠪᠣᠰᠴᠤ ᠂ ᠭᠠᠶᠢᠬᠠᠮᠰᠢᠭ ᠲᠤ ᠲᠣᠭᠠᠴᠠᠭᠳᠠᠵᠤ ᠪᠣᠯᠣᠨ᠎ᠠ ᠃ ᠡᠳᠡᠭᠡᠷ ᠠᠮᠵᠢᠯᠲᠠ ᠪᠦᠲᠦᠮᠵᠢ ᠶᠢ ᠪᠣᠯ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠂ 3 ᠵᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠢ ᠪᠠᠶᠢᠳᠠᠯ ᠳᠣᠣᠷ᠎ᠠ ᠣᠯᠣᠭᠰᠠᠨ ᠶᠤᠮ ᠂ ᠮᠠᠰᠢ ᠭᠢᠯᠪᠠᠷ ᠪᠤᠰᠤ ᠪᠢᠯᠡ ᠃ ᠰᠢᠶᠦ᠋ᠩ ᠠᠨ ᠰᠢᠨ᠎ᠡ ᠲᠣᠭᠤᠷᠢᠭ ᠢ ᠪᠦᠲᠦᠭᠡᠨ ᠪᠠᠶᠢᠭᠤᠯᠬᠤ ᠲᠤᠬᠠᠢ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠣᠯ ᠪᠦᠷᠢᠮᠦᠰᠦᠨ ᠵᠥᠪ ᠂ ᠡᠯ᠎ᠡ ᠲᠠᠯ᠎ᠠ ᠶᠢᠨ ᠠᠵᠢᠯ ᠪᠣᠯ ᠯᠠᠪᠳᠠᠭᠤᠨ ᠪᠦᠲᠦᠮᠵᠢᠲᠡᠢ ᠭᠡᠳᠡᠭ ᠢ ᠦᠢᠯᠡᠳᠦᠯᠭᠡ ᠭᠡᠷᠡᠴᠢᠯᠡᠵᠡᠢ ᠭᠡᠵᠦ ᠴᠢᠬᠤᠯᠠᠴᠢᠯᠠᠪᠠ ᠃
ᠰᠢ ᠶᠢᠨ ᠫᠢᠩ ᠂ ᠪᠦᠷᠢᠨ ᠪᠦᠲᠦᠨ ᠂ ᠵᠥᠪ ᠣᠨᠣᠪᠴᠢᠲᠠᠢ ᠂ ᠪᠦᠭᠦ ᠲᠠᠯ᠎ᠠ ᠪᠠᠷ ᠰᠢᠶᠦ᠋ᠩ ᠠᠨ ᠰᠢᠨ᠎ᠡ ᠲᠣᠭᠤᠷᠢᠭ ᠢ ᠪᠦᠲᠦᠭᠡᠨ ᠪᠠᠶᠢᠭᠤᠯᠬᠤ ᠲᠤᠬᠠᠢ ᠨᠠᠮ ᠤᠨ ᠲᠥᠪ ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠠ ᠠᠯᠤᠰ ᠭᠡᠲᠦ ᠶᠢᠨ ᠲᠡᠦᠬᠡᠲᠦ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ᠰᠢᠶᠦ᠋ᠩ ᠠᠨ ᠰᠢᠨ᠎ᠡ ᠲᠣᠭᠤᠷᠢᠭ ᠤᠨ ᠲᠤᠬᠠᠢ ᠨᠠᠮ ᠤᠨ ᠲᠥᠪ ᠬᠤᠷᠢᠶ᠎ᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠂ ᠲᠡᠦᠬᠡᠲᠦ ᠡᠭᠦᠷᠭᠡ ᠪᠠ ᠵᠠᠷᠴᠢᠮ ᠤᠨ ᠱᠠᠭᠠᠷᠳᠠᠯᠭ᠎ᠠ ᠶᠢ ᠪᠠᠲᠤ ᠡᠵᠡᠮᠳᠡᠵᠦ ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠲᠡᠦᠬᠡᠲᠦ ᠲᠡᠰᠪᠦᠷᠢ ᠲᠡᠪᠴᠢᠶᠡᠷᠢ ᠶᠢ ᠪᠠᠲᠤᠯᠠᠵᠤ ᠂ ᠣᠶᠢᠷ᠎ᠠ ᠶᠢᠨ ᠬᠤᠭᠤᠴᠠᠭᠠᠨ ᠤ ᠬᠠᠷᠠᠯᠲᠠ ᠪᠣᠯᠣᠨ ᠳᠤᠮᠳᠠ ᠤᠷᠳᠤ ᠬᠤᠭᠤᠴᠠᠭᠠᠨ ᠤ ᠬᠠᠷᠠᠯᠲᠠ ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠪᠠ ᠬᠥᠮᠥᠨ ᠠᠮᠠ ᠶᠢᠨ ᠲᠥᠪᠯᠡᠷᠡᠯ ᠤᠨ ᠬᠡᠪᠴᠢᠶ᠎ᠡ ᠂ ᠠᠵᠤ ᠦᠢᠯᠡᠰ ᠤᠨ ᠰᠢᠯᠵᠢᠯᠲᠡ ᠪᠠ ᠠᠵᠤ ᠦᠢᠯᠡᠰ ᠤᠨ ᠳᠡᠰ ᠳᠠᠪᠰᠢᠯᠲᠠ ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠨ ᠵᠣᠬᠢᠴᠠᠭᠤᠯᠬᠤ ᠪᠠ ᠬᠤᠲᠠ ᠶᠢᠨ ᠲᠣᠰ ᠪᠡᠶ᠎ᠡ ᠶᠢᠨ ᠬᠥᠭᠵᠢᠯᠲᠡ ᠶᠢ ᠵᠣᠯᠭᠠᠭᠤᠯᠬᠤ ᠂ ᠬᠤᠲᠠ ᠶᠢᠨ ᠪᠦᠲᠦᠭᠡᠨ ᠪᠠᠶᠢᠭᠤᠯᠤᠯᠲᠠ ᠪᠠ ᠡᠷᠭᠢᠨ ᠲᠣᠭᠤᠷᠢᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠴᠢᠬᠤᠯᠠ ᠶᠡᠭᠡ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ ᠂ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠵᠥᠪ ᠴᠢᠭᠯᠡᠯ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃
ᠰᠢ ᠶᠢᠨ ᠫᠢᠩ ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠨ ᠵᠣᠬᠢᠴᠠᠭᠤᠯᠬᠤ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ ᠂ ᠬᠤᠶᠠᠳᠤᠭᠠᠷ ᠪᠦᠯᠦᠭ ᠤᠨ ᠲᠠᠷᠬᠠᠭᠠᠨ ᠵᠣᠬᠢᠴᠠᠭᠤᠯᠬᠤ ᠠᠵᠢᠯ ᠢ ᠡᠬᠢᠯᠡᠭᠦᠯᠦᠭᠰᠡᠨ ᠪᠡᠭᠡᠵᠢᠩ ᠳᠤ ᠪᠠᠶᠢᠭ᠎ᠠ ᠲᠥᠪ ᠤᠨ ᠠᠵᠤ ᠠᠬᠤᠶᠢᠯᠠᠯ ᠤᠨ ᠶᠡᠷᠦᠩᠬᠡᠢ ᠬᠡᠯᠲᠡᠰ ᠵᠢᠴᠢ ᠬᠤᠶᠠᠳᠤᠭᠠᠷ ᠂ ᠭᠤᠷᠪᠠᠳᠤᠭᠠᠷ ᠳᠡᠰ ᠤᠨ ᠬᠤᠪᠢᠶᠠᠷᠢ ᠺᠣᠮᠫᠠᠨᠢ ᠪᠤᠶᠤ ᠰᠢᠨ᠎ᠡ ᠶᠢ ᠡᠭᠦᠳᠬᠦ ᠲᠤᠬᠠᠶᠢᠯᠠᠭᠰᠠᠨ ᠠᠵᠢᠯ ᠤᠨ ᠬᠡᠰᠡᠭ ᠵᠡᠷᠭᠡ ᠶᠢ ᠦᠷᠭᠦᠯᠵᠢᠯᠡᠨ ᠲᠥᠯᠥᠪᠵᠢᠭᠦᠯᠵᠦ ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠂ ᠠᠵᠢᠯ ᠦᠢᠯᠡᠰ ᠤᠨ ᠨᠢᠭᠡᠴᠡ ᠶᠢ ᠲᠠᠷᠬᠠᠭᠠᠨ ᠰᠢᠯᠵᠢᠭᠦᠯᠬᠦ ᠠᠵᠢᠯ ᠢ ᠭᠠᠷᠳᠠᠨ ᠲᠥᠯᠥᠪᠵᠢᠭᠦᠯᠵᠦ ᠬᠡᠷᠡᠭᠲᠡᠢ ᠃ ᠲᠠᠷᠬᠠᠭᠠᠨ ᠵᠣᠬᠢᠴᠠᠭᠤᠯᠬᠤ ᠶᠢ ᠵᠣᠷᠢᠭᠵᠢᠭᠤᠯᠬᠤ ᠬᠢᠵᠠᠭᠠᠷᠯᠠᠬᠤ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠬᠦ ᠬᠡᠷᠡᠭᠲᠡᠢ ᠃ᠲᠠᠷᠬᠠᠭᠠᠨ ᠵᠣᠬᠢᠴᠠᠭᠤᠯᠬᠤ ᠬᠥᠮᠥᠰ ᠤᠨ ᠦᠷ᠎ᠡ ᠬᠡᠦᠬᠡᠳ ᠤᠨ ᠰᠤᠷᠭᠠᠨ ᠬᠥᠮᠦᠵᠢᠯ ᠂ ᠡᠮ ᠡᠮᠨᠡᠯᠭᠡ ᠂ ᠣᠷᠣᠨ ᠰᠠᠭᠤᠴᠠ ᠂ ᠴᠠᠯᠢᠩ ᠬᠥᠯᠥᠰᠦ ᠂ ᠨᠡᠶᠢᠭᠡᠮ ᠤᠨ ᠳᠠᠭᠠᠳᠬᠠᠯ ᠂ ᠡᠮ ᠡᠮᠨᠡᠯᠭᠡ ᠶᠢᠨ ᠳᠠᠭᠠᠳᠬᠠᠯ ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠳᠤ ᠂ ᠨᠠᠰᠤᠲᠠᠶᠢᠴᠤᠳ ᠲᠤᠨᠢ ᠬᠠᠭᠤᠴᠢᠨ ᠠᠷᠭ᠎ᠠ ᠪᠣᠳᠣᠯᠭ᠎ᠠ ᠶᠢ ᠬᠡᠷᠡᠭᠵᠢᠭᠦᠯᠬᠦ ᠂ ᠰᠢᠨ᠎ᠡ ᠬᠥᠮᠥᠨ ᠳᠤ ᠰᠢᠨ᠎ᠡ ᠠᠷᠭ᠎ᠠ ᠬᠡᠷᠡᠭᠵᠢᠭᠦᠯᠬᠦ ᠵᠠᠷᠴᠢᠮ ᠤᠨ ᠱᠠᠭᠠᠷᠳᠠᠯᠭ᠎ᠠ ᠶᠣᠰᠣᠭᠠᠷ ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠨᠠᠷᠢᠯᠢᠭᠵᠢᠭᠤᠯᠤᠨ ᠪᠣᠳᠠᠲᠠᠶᠢᠵᠢᠭᠤᠯᠵᠤ ᠂ ᠲᠠᠷᠬᠠᠭᠠᠨ ᠵᠣᠬᠢᠴᠠᠭᠤᠯᠤᠭᠰᠠᠨ ᠨᠢᠭᠡᠴᠢ ᠪᠠ ᠠᠵᠢᠯᠲᠠᠨ ᠳᠤ ᠦᠨᠡᠨ ᠪᠣᠳᠠᠲᠠᠢ ᠠᠰᠢᠭ ᠬᠦᠷᠲᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠢ ᠃ ᠵᠠᠬ᠎ᠠ ᠳᠡᠯᠭᠡᠭᠦᠷ ᠤᠨ ᠲᠣᠭᠲᠠᠴᠠ ᠪᠠ ᠵᠠᠰᠠᠭ ᠤᠨ ᠣᠷᠳᠣᠨ ᠤ ᠬᠥᠲᠥᠯᠥᠨ ᠵᠢᠯᠤᠭᠤᠳᠬᠤ ᠶᠢ ᠤᠶᠠᠯᠳᠤᠭᠤᠯᠬᠤ ᠂ ᠲᠦᠷᠦᠯ ᠵᠦᠢᠯ ᠪᠠ ᠲᠦᠷᠦ ᠶᠢᠨ ᠪᠣᠳᠣᠯᠭ᠎ᠠ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ ᠂ ᠵᠠᠬ᠎ᠠ ᠳᠡᠯᠭᠡᠭᠦᠷᠴᠢᠯᠡᠯᠲᠡ ᠂ ᠬᠠᠤᠯᠢᠵᠢᠯᠳᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ ᠨᠡᠶᠢᠰᠯᠡᠯ ᠤᠨ ᠪᠤᠰᠤ ᠴᠢᠳᠠᠮᠵᠢ ᠶᠢ ᠭᠠᠳᠠᠭᠰᠢ ᠪᠠᠨ ᠲᠠᠷᠬᠠᠭᠠᠨ ᠵᠣᠬᠢᠴᠠᠭᠤᠯᠬᠤ ᠳᠣᠲᠣᠭᠠᠳᠤ ᠬᠦᠳᠡᠯᠭᠡᠬᠦ ᠬᠦᠴᠦᠨ ᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃
ᠰᠢ ᠶᠢᠨ ᠫᠢᠩ ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠡᠯ᠎ᠡ ᠬᠦᠷᠢᠶᠡᠨ ᠤ ᠥᠭᠡᠷᠡᠴᠢᠯᠡᠯᠲᠡ ᠨᠡᠭᠡᠭᠡᠯᠲᠡ ᠶᠢᠨ ᠬᠤᠰᠢᠭᠤᠷᠠᠯ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠪᠣᠯᠣᠨ ᠤᠷᠢᠳᠠᠴᠢ ᠴᠢᠨᠠᠷᠲᠠᠢ ᠰᠢᠨ᠎ᠡ ᠶᠢ ᠡᠭᠦᠳᠬᠦ ᠲᠤᠷᠰᠢᠯᠲᠠ ᠶᠢᠨ ᠵᠢᠱᠢᠶ᠎ᠡ ᠦᠵᠡᠭᠦᠯᠭᠦ ᠲᠦᠷᠦᠯ ᠵᠦᠢᠯ ᠢ ᠰᠢᠶᠦ᠋ᠩ ᠠᠨ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ ᠂ ᠴᠢᠷᠮᠠᠶᠢᠵᠤ ᠪᠠᠶᠢᠭᠠᠳ ᠰᠢᠨ᠎ᠡ ᠴᠢᠳᠠᠪᠬᠢ ᠶᠢ ᠪᠠᠶᠢᠭᠤᠯᠵᠤ ᠂ ᠰᠢᠨ᠎ᠡ ᠳᠦᠷᠢ ᠲᠥᠷᠬᠦ ᠶᠢ ᠪᠦᠷᠢᠯᠳᠦᠭᠦᠯᠵᠦ ᠂ ᠰᠢᠨ᠎ᠡ ᠠᠵᠤ ᠦᠢᠯᠡᠰ ᠢ ᠬᠥᠭᠵᠢᠭᠦᠯᠵᠦ ᠂ ᠰᠢᠨ᠎ᠡ ᠴᠢᠳᠠᠪᠤᠷᠢᠲᠠᠨ ᠢ ᠲᠥᠪᠯᠡᠷᠡᠭᠦᠯᠵᠦ ᠂ ᠰᠢᠨ᠎ᠡ ᠲᠣᠭᠲᠠᠴᠠ ᠶᠢ ᠪᠠᠶᠢᠭᠤᠯᠵᠤ ᠂ ᠰᠢᠶᠦ᠋ᠩ ᠠᠨ ᠰᠢᠨ᠎ᠡ ᠲᠣᠭᠤᠷᠢᠭ ᠢ ᠰᠢᠨ᠎ᠡ ᠴᠠᠭ ᠦᠶ᠎ᠡ ᠶᠢᠨ ᠰᠢᠨ᠎ᠡ ᠶᠢ ᠡᠭᠦᠳᠬᠦ ᠥᠨᠳᠦᠷᠯᠢᠭ ᠪᠠ ᠦᠢᠯᠡᠰ ᠪᠣᠰᠬᠠᠬᠤ ᠬᠠᠯᠠᠭᠤᠨ ᠬᠥᠷᠥᠰᠥ ᠪᠣᠯᠭᠠᠬᠤ ᠬᠡᠷᠡᠭᠲᠡᠢ ᠃ ᠵᠠᠬ᠎ᠠ ᠳᠡᠯᠭᠡᠭᠦᠷᠴᠢᠯᠡᠭᠰᠡᠨ ᠂ ᠬᠠᠤᠯᠢᠵᠢᠭᠰᠠᠨ ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠢ ᠪᠣᠯᠭᠠᠵᠤ ᠂ ᠠᠯᠢ ᠤᠯᠠᠨ ᠣᠨᠴᠠᠭᠠᠢ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠦᠴᠦᠨ ᠪᠣᠯᠣᠨ ᠬᠥᠷᠥᠩᠭᠡ ᠶᠢ ᠥᠷᠭᠡᠨ ᠢᠶᠠᠷ ᠲᠠᠲᠠᠬᠤ ᠪᠠ ᠲᠥᠪᠯᠡᠷᠡᠭᠦᠯᠵᠦ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠣᠯᠣᠨ ᠬᠥᠭᠵᠢᠯᠲᠡ ᠳᠤ ᠣᠷᠣᠯᠴᠠᠭᠤᠯᠵᠤ ᠂ ᠬᠥᠮᠥᠰ ᠤᠨ ᠬᠦᠰᠡᠨ ᠡᠷᠡᠮᠡᠯᠵᠡᠵᠦ ᠂ ᠴᠢᠬᠤᠯᠠ ᠡᠯᠧᠮᠧᠨ᠋ᠲ ᠴᠤᠭᠯᠠᠷᠠᠵᠤ ᠂ ᠬᠦᠴᠦ ᠪᠠᠨ ᠬᠠᠮᠲᠤᠳᠬᠠᠵᠤ ᠬᠠᠮᠲᠤ ᠪᠠᠷ ᠪᠠᠶᠢᠭᠤᠯᠬᠤ ᠂ ᠬᠠᠮᠲᠤ ᠪᠠᠷ ᠬᠥᠭᠵᠢᠬᠦ ᠠᠮᠢᠳᠤᠯᠢᠭ ᠪᠠᠶᠢᠳᠠᠯ ᠢ ᠪᠦᠷᠢᠯᠳᠦᠭᠦᠯᠬᠦ ᠬᠡᠷᠡᠭᠲᠡᠢ ᠃ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠥᠷᠭᠡᠨ ᠢᠶᠠᠷ ᠬᠡᠷᠡᠭᠯᠡᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠡᠷᠴᠢᠮ ᠢᠶᠠᠨ ᠴᠢᠩᠭᠠᠷᠠᠭᠤᠯᠵᠤ ᠂ ᠰᠢᠨ᠎ᠡ ᠡᠵᠡᠩᠨᠡᠯᠲᠡ ᠶᠢᠨ ᠬᠡᠯᠪᠡᠷᠢ ᠂ ᠰᠢᠨ᠎ᠡ ᠵᠠᠭᠪᠤᠷ ᠢ ᠢᠳᠡᠪᠬᠢᠲᠡᠢ ᠬᠥᠭᠵᠢᠭᠦᠯᠵᠦ ᠂ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠵᠤ ᠂ ᠰᠢᠨ᠎ᠡ ᠬᠦᠳᠡᠯᠭᠡᠬᠦ ᠡᠨᠧᠷᠭᠢ ᠶᠢ ᠪᠦᠷᠢᠯᠳᠦᠭᠦᠯᠵᠦ ᠂ ᠣᠶᠤᠨᠴᠢ ᠂ ᠪᠣᠬᠢᠷᠳᠤᠯ ᠦᠭᠡᠢ ᠂ ᠰᠢᠨ᠎ᠡ ᠶᠢ ᠡᠭᠦᠳᠬᠦ ᠶᠢ ᠰᠢᠶᠦ᠋ᠩ ᠠᠨ ᠰᠢᠨ᠎ᠡ ᠲᠣᠭᠤᠷᠢᠭ ᠤᠨ ᠦᠵᠡᠰᠬᠦᠯᠡᠩᠲᠦ ᠰᠠᠶᠢᠬᠠᠨ ᠨᠡᠷ᠎ᠡ ᠶᠢᠨ ᠬᠠᠭᠤᠳᠠᠰᠤ ᠪᠣᠯᠭᠠᠬᠤ ᠬᠡᠷᠡᠭᠲᠡᠢ ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠲᠤᠭᠤᠰᠢᠯᠠᠭᠤᠯᠵᠤ ᠂ ᠪᠣᠬᠢᠷᠳᠤᠯ ᠦᠭᠡᠢ ᠂ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠪᠠᠷᠢᠮᠲᠠᠯᠠᠵᠤ ᠂ ᠰᠢᠶᠦ᠋ᠩ ᠠᠨ ᠰᠢᠨ᠎ᠡ ᠲᠣᠭᠤᠷᠢᠭ ᠢ ᠪᠣᠬᠢᠷᠳᠤᠯ ᠦᠭᠡᠢ ᠬᠥᠭᠵᠢᠬᠦ ᠬᠤᠳᠠ ᠶᠢᠨ ᠨᠡᠶᠢᠲᠡᠯᠢᠭ ᠵᠢᠱᠢᠶ᠎ᠡ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃
ᠰᠢ ᠶᠢᠨ ᠫᠢᠩ ᠂ ᠰᠢᠶᠦ᠋ᠩ ᠠᠨ ᠰᠢᠨ᠎ᠡ ᠲᠣᠭᠤᠷᠢᠭ ᠤᠨ ᠤᠳᠤᠷᠢᠳᠬᠤ ᠪᠠᠶᠢᠭᠤᠯᠤᠮᠵᠢ ᠪᠣᠯᠣᠨ ᠬᠠᠮᠢᠶᠠᠷᠤᠯᠲᠠ ᠶᠢᠨ ᠲᠣᠭᠲᠠᠴᠠ ᠶᠢ ᠰᠢᠯᠢᠳᠡᠭᠵᠢᠭᠦᠯᠦᠨ ᠪᠦᠷᠢᠨᠰᠢᠭᠦᠯᠵᠦ ᠂ ᠰᠢᠨ᠎ᠡ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠲᠡᠶᠢᠰᠢ ᠬᠤᠪᠢᠷᠠᠬᠤ ᠶᠢ ᠱᠠᠲᠤ ᠬᠤᠪᠢᠶᠠᠨ ᠠᠯᠬᠤᠮ ᠲᠠᠷᠠᠭ᠎ᠠ ᠬᠤᠪᠢᠶᠠᠨ ᠯᠠᠪᠳᠠᠭᠤᠨ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠲᠡᠢ ᠃ ᠰᠢᠨ᠎ᠡ ᠲᠣᠭᠤᠷᠢᠭ ᠤᠨ ᠡᠯ᠎ᠡ ᠱᠠᠲᠤᠨ ᠤ ᠤᠳᠤᠷᠢᠳᠬᠤ ᠪᠠᠭ ᠪᠠ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ ᠂ ᠺᠠᠳ᠋ᠷ ᠤᠨ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠪᠠ ᠲᠤᠰᠬᠠᠶᠢᠵᠢᠭᠰᠠᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠃ ᠰᠢᠨ᠎ᠡ ᠲᠣᠭᠤᠷᠢᠭ ᠤᠨ ᠺᠠᠳ᠋ᠷ ᠢ ᠰᠢᠯᠭᠠᠨ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠵᠦ ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠂ ᠵᠣᠷᠢᠭᠲᠠᠢ ᠪᠠᠷ ᠰᠢᠨ᠎ᠡ ᠶᠢ ᠡᠭᠦᠳᠬᠦ ᠂ ᠴᠢᠳᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃
ᠰᠢ ᠶᠢᠨ ᠫᠢᠩ ᠂ ᠠᠷᠠᠳ ᠲᠦᠮᠡᠨ ᠤ ᠬᠤᠳᠠ ᠶᠢ ᠠᠷᠠᠳ ᠲᠦᠮᠡᠨ ᠪᠦᠲᠦᠭᠡᠨ ᠪᠠᠶᠢᠭᠤᠯᠵᠤ ᠂ ᠠᠷᠠᠳ ᠲᠦᠮᠡᠨ ᠤ ᠬᠤᠳᠠ ᠶᠢ ᠠᠷᠠᠳ ᠲᠦᠮᠡᠨ ᠤ ᠲᠥᠯᠥᠭᠡ ᠪᠠᠶᠢᠯᠭᠠᠬᠤ ᠶᠢ ᠪᠠᠷᠢᠮᠲᠠᠯᠠᠵᠤ ᠂ ᠰᠢᠶᠦ᠋ᠩ ᠠᠨ ᠰᠢᠨ᠎ᠡ ᠲᠣᠭᠤᠷᠢᠭ ᠤᠨ ᠺᠠᠳ᠋ᠷ ᠤᠯᠠᠨ ᠲᠦᠮᠡᠨ ᠤ ᠠᠩᠬᠠᠷᠴᠤ ᠪᠠᠶᠢᠭ᠎ᠠ ᠲᠤᠰ ᠪᠡᠶ᠎ᠡ ᠶᠢᠨ ᠠᠰᠢᠭ ᠲᠤᠰᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠂ ᠠᠷᠠᠳ ᠤᠯᠠᠨ ᠳᠤ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠠᠴᠠ ᠦᠨᠡᠨ ᠪᠣᠳᠠᠲᠠᠢ ᠬᠦᠷᠲᠡᠮᠵᠢ ᠶᠢᠨ ᠲᠥᠷᠥᠭᠳᠡᠯ ᠂ ᠵᠢᠷᠭᠠᠯᠲᠤ ᠲᠥᠷᠥᠭᠳᠡᠯ ᠣᠯᠭᠤᠬᠤ ᠬᠡᠷᠡᠭᠲᠡᠢ ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ ᠂ ᠠᠵᠢᠯ ᠣᠯᠭᠤᠬᠤ ᠦᠢᠯᠡᠰ ᠪᠣᠰᠬᠠᠬᠤ ᠶᠢ ᠬᠥᠲᠥᠯᠥᠨ ᠵᠢᠯᠤᠭᠤᠳᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ ᠂ ᠰᠢᠨ᠎ᠡ ᠲᠣᠭᠤᠷᠢᠭ ᠤᠨ ᠬᠥᠳᠡᠯᠮᠦᠷᠢ ᠬᠦᠴᠦᠨ ᠳᠤ ᠲᠠᠭᠢᠨ ᠠᠵᠢᠯ ᠣᠯᠭᠤᠬᠤ ᠪᠣᠯᠪᠠᠰᠤᠷᠠᠯ ᠬᠦᠷᠲᠡᠭᠡᠬᠦ ᠶᠢ ᠴᠢᠩᠭᠠᠳᠬᠠᠬᠤ ᠬᠡᠷᠡᠭᠲᠡᠢ ᠃ ᠬᠤᠳᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠶᠢ ᠠᠬᠢᠭᠤᠯᠵᠤ ᠂ ᠬᠤᠳᠠ ᠬᠥᠳᠡᠭᠡ ᠶᠢᠨ ᠵᠥᠷᠢᠶ᠎ᠡ ᠶᠢ ᠪᠠᠭᠠᠰᠬᠠᠬᠤ ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ᠂ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠬᠤ ᠲᠠᠯ᠎ᠠ ᠪᠠᠷ ᠰᠢᠨ᠎ᠡ ᠵᠠᠮ ᠨᠡᠭᠡᠭᠡᠬᠦ ᠬᠡᠷᠡᠭᠲᠡᠢ ᠭᠡᠵᠦ ᠴᠢᠬᠤᠯᠠᠴᠢᠯᠠᠪᠠ ᠃
ᠰᠢ ᠶᠢᠨ ᠫᠢᠩ ᠂ ᠰᠢᠶᠦ᠋ᠩ ᠠᠨ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠵᠢᠴᠢ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠤᠣᠯ ᠰᠡᠳᠦᠪᠲᠦ ᠬᠥᠮᠦᠵᠢᠯ ᠢ ᠨᠠᠷᠢᠨ ᠬᠢᠨᠠᠮᠠᠭᠠᠢ ᠥᠷᠨᠢᠭᠦᠯᠬᠦ ᠶᠢᠨ ᠬᠠᠮᠲᠤ ᠡᠭᠦᠨ ᠢᠶᠠᠷ ᠠᠵᠠ ᠲᠣᠭᠢᠶᠠᠯ ᠪᠣᠯᠭᠠᠵᠤ ᠂ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠵᠤ ᠂ ᠦᠵᠡᠯ ᠰᠠᠨᠠᠭᠠᠨ ᠤ ᠶᠡᠭᠡ ᠴᠢᠯᠦᠭᠡᠯᠡᠯᠲᠡ ᠂ ᠴᠢᠳᠠᠪᠤᠷᠢ ᠶᠢᠨ ᠶᠡᠭᠡ ᠳᠡᠭᠡᠭᠰᠢᠯᠡᠯᠲᠡ ᠂ ᠰᠤᠷᠲᠠᠯ ᠤᠨ ᠶᠡᠭᠡ ᠬᠤᠪᠢᠷᠠᠯᠲᠠ ᠂ ᠠᠵᠢᠯ ᠤᠨ ᠶᠡᠭᠡ ᠨᠠᠶᠢᠳᠠᠪᠤᠷᠢᠵᠢᠭᠤᠯᠤᠯᠲᠠ ᠶᠢ ᠠᠬᠢᠭᠤᠯᠵᠤ ᠂ ᠤᠯᠤᠰ ᠲᠦᠷᠦ ᠶᠢᠨ ᠴᠢᠳᠠᠮᠵᠢ ᠪᠣᠯᠣᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠤᠯᠠᠮ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ ᠃ ︽ᠲᠦᠷᠪᠡᠨ ᠰᠤᠷᠲᠠᠯ ︾ ᠢ ᠦᠷᠭᠦᠯᠵᠢᠯᠡᠨ ᠵᠠᠯᠠᠷᠠᠭᠤᠯᠤᠨ ᠵᠠᠰᠠᠵᠤ ᠂ ᠢᠯᠵᠠᠷᠠᠬᠤ ᠠᠴᠠ ᠵᠢᠷᠦᠬᠡᠰᠢᠶᠡᠬᠦ ᠂ ᠢᠯᠵᠠᠷᠠᠵᠤ ᠪᠣᠯᠬᠤ ᠦᠭᠡᠢ ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ ᠂ ︽ᠠᠷᠢᠭᠤᠨ ᠴᠢᠬᠡᠴᠢ ᠰᠢᠶᠦ᠋ᠩ ᠠᠨ ︾ ᠢᠶᠠᠷ ︽ᠰᠢᠶᠦ᠋ᠩ ᠠᠨ ᠤ ᠶᠠᠰᠤ ᠴᠢᠨᠠᠷ ︾ ᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃
ᠯᠢ ᠴᠢᠶᠠᠩ ᠶᠠᠷᠢᠶᠠᠨ ᠳᠠᠭᠠᠨ ᠂ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠳᠤ ᠬᠠᠮᠤᠭ ᠤᠨ ᠦᠨᠳᠦᠰᠦᠨ ᠬᠠᠮᠤᠭ ᠤᠨ ᠵᠠᠩᠭᠢᠯᠠᠭ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠰᠤᠷᠤᠯᠴᠠᠨ ᠣᠶᠢᠯᠠᠭᠠᠵᠤ ᠂ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠠᠪᠤᠳᠠᠯ ᠪᠣᠯᠣᠨ᠎ᠠ ᠃ ︽ᠮᠢᠩᠭᠠᠨ ᠣᠨ ᠤ ᠶᠡᠭᠡ ᠪᠣᠳᠣᠯᠭ᠎ᠠ ︾ ᠶᠢᠨ ᠲᠣᠭᠲᠠᠯ ᠬᠦᠴᠦᠨ ᠲᠠᠢ ᠪᠠᠶᠢᠵᠤ ᠂ ᠰᠢᠶᠦ᠋ᠩ ᠠᠨ ᠰᠢᠨ᠎ᠡ ᠲᠣᠭᠤᠷᠢᠭ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠲᠡᠦᠬᠡᠲᠦ ᠡᠭᠦᠷᠭᠡ ᠬᠠᠷᠢᠭᠤᠴᠠᠯᠭ᠎ᠠ ᠶᠢ ᠪᠠᠲᠤ ᠡᠵᠡᠮᠳᠡᠵᠦ ᠂ ᠯᠠᠪᠳᠠᠭᠤᠨ ᠪᠠᠲᠤᠲᠠᠢ ᠠᠵᠢᠯᠯᠠᠵᠤ ᠂ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ ᠃ ︽ᠥᠷᠯᠥᠭᠡ ᠦᠳᠡᠰᠢ ᠶᠢ ᠲᠡᠮᠡᠴᠡᠬᠦ ︾ ᠡᠷᠴᠢ ᠵᠣᠷᠢᠭ ᠲᠠᠢ ᠪᠠᠶᠢᠵᠤ ᠂ ᠨᠢᠭᠡᠨᠲᠡ ᠲᠣᠳᠣᠷᠬᠠᠢ ᠪᠣᠯᠤᠭᠰᠠᠨ ᠂ ᠡᠷᠬᠡᠪᠰᠢ ᠬᠢᠬᠦ ᠴᠢᠬᠤᠯᠠᠲᠠᠢ ᠶᠠᠪᠤᠳᠠᠯ ᠢ ᠴᠢᠩᠭ᠎ᠠ ᠠᠳᠬᠤᠵᠤ ᠂ ᠬᠦᠯᠢᠶᠡᠬᠦ ᠦᠭᠡᠢ ᠤᠳᠠᠭᠠᠰᠢᠷᠠᠭᠤᠯᠬᠤ ᠦᠭᠡᠢ ᠂ ᠱᠠᠯᠠᠮᠠᠭᠠᠶᠢᠯᠠᠨ ᠠᠵᠢᠯᠯᠠᠵᠤ ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠨ ᠵᠣᠬᠢᠴᠠᠭᠤᠯᠬᠤ ᠶᠢ ᠲᠦᠷᠭᠡᠪᠴᠢᠯᠡᠨ ᠵᠣᠯᠭᠠᠭᠤᠯᠵᠤ ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠵᠤ ᠂ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠪᠠᠳᠠᠷᠠᠭᠤᠯᠵᠤ ᠂ ᠡᠯ᠎ᠡ ᠵᠦᠢᠯ ᠤᠨ ᠠᠵᠢᠯ ᠤᠨ ᠲᠠᠰᠤᠷᠠᠯᠲᠠ ᠦᠭᠡᠢ ᠰᠢᠨ᠎ᠡ ᠠᠬᠢᠴᠠ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠢᠯᠡᠳᠬᠡᠪᠡ ᠃
ᠳ᠋ᠢᠩ ᠰᠢᠤᠸᠠᠢ ᠰᠢᠶᠠᠩ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠰᠢᠶᠦ᠋ᠩ ᠠᠨ ᠰᠢᠨ᠎ᠡ ᠲᠣᠭᠤᠷᠢᠭ ᠤᠨ ᠴᠢᠨᠠᠷ ᠰᠠᠶᠢᠲᠠᠢ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠦᠨᠳᠦᠰᠦ ᠪᠣᠯᠭᠠᠵᠤ ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ ᠤᠤᠭᠠᠯ ᠰᠢᠨ᠎ᠡ ᠶᠢ ᠡᠭᠦᠳᠬᠦ ᠴᠢᠬᠤᠯᠠ ᠭᠤᠯᠣᠮᠲᠠ ᠶᠢ ᠬᠦᠴᠦᠯᠡᠨ ᠪᠠᠶᠢᠭᠤᠯᠵᠤ ᠂ ᠲᠡᠷᠢᠭᠦᠨ ᠤ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠥᠷᠨᠢᠭᠦᠯᠬᠦ ᠭᠡᠷᠡᠭᠲᠡᠢ︔ᠰᠢᠨ᠎ᠡ ᠶᠢ ᠡᠭᠦᠳᠬᠦ ᠬᠡᠯᠬᠢᠶ᠎ᠡ ᠠᠵᠤ ᠦᠢᠯᠡᠰ ᠤᠨ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠬᠦᠴᠦᠯᠡᠨ ᠠᠬᠢᠭᠤᠯᠵᠤ ᠂ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠤᠨ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠡᠷᠴᠢᠮ ᠢ ᠴᠢᠩᠭᠠᠷᠠᠭᠤᠯᠵᠤ ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠭᠡᠷᠡᠭᠳᠠᠢ ︔ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠰᠢᠨ᠎ᠡ ᠶᠢ ᠡᠭᠦᠳᠬᠦ ᠬᠠᠮᠲᠤ ᠶᠢᠨ ᠴᠣᠭᠴᠠ ᠶᠢ ᠬᠦᠴᠦᠯᠡᠨ ᠪᠠᠶᠢᠭᠤᠯᠵᠤ ᠂ ᠠᠰᠢᠭ ᠲᠤᠰᠠ ᠶᠢ ᠬᠠᠮᠲᠤ ᠪᠠᠷ ᠡᠳ᠋ᠯᠡᠬᠦ ᠵᠠᠭᠪᠤᠷ ᠤᠨ ᠰᠢᠨ᠎ᠡ ᠶᠢ ᠡᠭᠦᠳᠴᠦ ᠂ ᠰᠢᠨ᠎ᠡ ᠶᠢ ᠡᠭᠦᠳᠬᠦ ᠨᠡᠩ ᠤᠯᠠᠨ ᠡᠯᠧᠮᠧᠨ᠋ᠲ ᠤᠨ ᠡᠬᠢ ᠪᠠᠶᠠᠯᠢᠭ ᠢ ᠰᠢᠩᠭᠡᠬᠡᠨ ᠠᠪᠬᠤ ᠪᠠ ᠲᠥᠪᠯᠡᠷᠡᠭᠦᠯᠵᠦ ᠪᠠᠶᠢᠭᠠᠳ ᠰᠢᠶᠦ᠋ᠩ ᠠᠨ ᠰᠢᠨ᠎ᠡ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠣᠷᠣᠯᠴᠠᠭᠤᠯᠬᠤ ᠬᠡᠷᠡᠭᠲᠡᠢ ᠭᠡᠵᠦ ᠢᠯᠡᠳᠬᠡᠪᠡ ᠃
ᠯᠢ ᠭᠠᠨ ᠵᠢᠶᠧ ᠂ ᠾᠧ ᠯᠢ ᠹᠧᠩ ᠨᠠᠷ ᠪᠠᠷ᠎ᠠ ᠪᠣᠯᠵᠤ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠵᠤ ᠂ ᠦ᠋ ᠵᠧᠩ ᠯᠦᠩ ᠂ ᠮᠦ ᠬᠤᠩ ᠂ ᠵᠢᠶᠠᠩ ᠰᠢᠨ ᡁᠢ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠂ ᠾᠧᠪᠧᠢ ᠮᠤᠵᠢ ᠂ ᠰᠢᠶᠦ᠋ᠩ ᠠᠨ ᠰᠢᠨ᠎ᠡ ᠲᠣᠭᠤᠷᠢᠭ ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠵᠠᠢ ᠃