︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ᠬᠤᠷᠢᠳᠤᠭᠠᠷ ᠬᠤᠭᠤᠴᠠᠭᠠᠨ ᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶ᠎ᠠ︾ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2023/5/16

 

      ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠬᠢᠯᠭᠠᠨ ᠮᠡᠳᠡᠭᠡ   5 ᠰᠠᠷ᠎ᠠ ᠶᠢᠨ 16 ᠤ ᠡᠳᠦᠷ ᠬᠡᠪᠯᠡᠭᠳᠡᠭᠰᠡᠨ 10 ᠳ᠋ᠤᠭᠠᠷ ᠬᠤᠭᠤᠴᠠᠭᠠᠨ ᠤ ︽ ᠦᠨᠡᠨ ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠵᠣᠬᠢᠶᠠᠯ ︽ ᠬᠤᠷᠢᠳᠤᠭᠠᠷ ᠬᠤᠭᠤᠴᠠᠭᠠᠨ ᠤ ᠨᠠᠮ ᠤᠨ ᠲᠥᠪ ᠬᠤᠷᠢᠶ᠎ᠠ  ᠶᠢᠨ ᠤᠯᠤᠰ ᠲᠦᠷᠦ ᠶᠢᠨ ᠲᠣᠪᠴᠢᠶ᠎ᠠ ᠶᠢᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶ᠎ᠠ ︾ ᠶᠢ ᠨᠡᠶᠢᠲᠡᠯᠡᠪᠡ ᠃

      ᠵᠣᠬᠢᠶᠠᠯ ᠳᠤ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠᠷ ᠰᠡᠳᠦᠪ ᠪᠣᠯᠭᠠᠨ ᠬᠠᠮᠲᠤ ᠶᠢᠨ ᠰᠤᠷᠤᠯᠴᠠᠯᠭ᠎ᠠ ᠬᠢᠬᠦ ᠶᠢᠨ ᠵᠣᠷᠢᠯᠭ᠎ᠠ ᠨᠢ ᠵᠢᠱᠢᠶ᠎ᠡ ᠦᠵᠡᠭᠦᠯᠭᠦ ᠦᠢᠯᠡᠳᠦᠯ ᠢ ᠪᠠᠳᠠᠷᠠᠭᠤᠯᠵᠤ ᠂ ᠪᠦᠭᠦ ᠨᠠᠮ ᠤᠨ ᠭᠤᠣᠯ ᠰᠡᠳᠦᠪᠲᠦ ᠬᠥᠮᠦᠵᠢᠯ ᠤᠨ ᠳᠤᠮᠳᠠ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢ ᠠᠬᠢᠭᠤᠯᠵᠤ ᠂ ᠦᠵᠡᠯ ᠰᠠᠨᠠᠭ᠎ᠠ ᠣᠨᠣᠯ ᠤᠨ ᠰᠠᠭᠤᠷᠢ ᠶᠢ ᠪᠠᠬᠢᠵᠢᠭᠦᠯᠬᠦ ᠶᠢᠨ ᠲᠥᠯᠥᠭᠡ ᠶᠤᠮ ᠭᠡᠵᠦ ᠴᠢᠬᠤᠯᠠᠴᠢᠯᠠᠪᠠ ᠃

      ᠵᠣᠬᠢᠶᠠᠯ ᠳᠤ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠣᠯ ᠰᠢᠨ᠎ᠡ ᠴᠠᠭ ᠦᠶ᠎ᠡ ᠰᠢᠨ᠎ᠡ ᠠᠶᠠᠨ ᠳᠤ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠦᠨᠳᠦᠰᠦᠨ ᠱᠠᠭᠠᠷᠳᠠᠯᠭ᠎ᠠ ᠮᠥᠨ ᠃ ᠪᠢᠳᠡ ᠰᠢᠭ ᠳᠡᠯᠡᠬᠡᠢ ᠳᠡᠭᠡᠷᠡᠬᠢ ᠬᠠᠮᠤᠭ ᠤᠨ ᠶᠡᠭᠡ ᠮᠠᠷᠺᠰ ᠤᠨ ᠦᠵᠡᠯ ᠤᠨ ᠲᠦᠷᠦ ᠪᠠᠷᠢᠭᠴᠢ ᠨᠠᠮ ᠳᠤ ᠠᠪᠴᠤ ᠬᠡᠯᠡᠪᠡᠯ ᠂ ᠤᠨᠤᠯ ᠤᠨ ᠲᠠᠯ᠎ᠠ ᠪᠠᠷ ᠴᠢᠩᠭ᠎ᠠ ᠪᠠᠶᠢᠪᠠᠯ ᠰᠠᠶ᠋ᠢ ᠴᠢᠭᠯᠡᠯ ᠲᠣᠳᠣᠷᠬᠠᠢ ᠂ ᠰᠡᠳᠬᠢᠯ ᠨᠢᠭᠡᠳᠴᠦ ᠂ ᠢᠲᠡᠭᠡᠯ ᠵᠣᠷᠢᠭ ᠲᠡᠭᠦᠯᠳᠡᠷ ᠪᠠᠶᠢᠵᠤ ᠴᠢᠳᠠᠨ᠎ᠠ ᠃ ᠰᠢᠨ᠎ᠡ ᠴᠠᠭ ᠦᠶ᠎ᠡ ᠰᠢᠨ᠎ᠡ ᠠᠶᠠᠨ ᠳᠤ ᠂ ᠨᠠᠷᠢᠨ ᠪᠤᠳᠤᠯᠢᠶᠠᠨᠲᠠᠢ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠂ ᠪᠡᠷᠬᠡ ᠬᠠᠲᠠᠭᠤᠵᠢᠯᠲᠠᠢ ᠨᠦᠰᠡᠷ ᠬᠦᠨᠳᠦ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠂ ᠡᠯ᠎ᠡ ᠵᠦᠢᠯ ᠤᠨ ᠲᠣᠬᠲᠠᠭᠠᠯᠲᠤ ᠪᠤᠰᠤ ᠲᠥᠰᠥᠭᠡᠯᠡᠬᠦᠶ᠎ᠡ ᠪᠡᠷᠬᠡ ᠠᠶᠤᠯ ᠲᠦᠭᠰᠢᠭᠦᠷᠢ ᠥᠷᠢᠰᠦᠯᠳᠦᠭᠡᠨ ᠤ ᠡᠮᠦᠨ᠎ᠡ ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠡᠶᠡᠯᠡᠭᠦᠯᠬᠦ ᠳᠤ ᠂ ᠥᠷᠭᠡᠨ ᠤᠯᠠᠨ ᠨᠠᠮ ᠤᠨ ᠭᠡᠰᠢᠭᠦᠨ ᠂ ᠺᠠᠳ᠋ᠷ ᠢᠯᠠᠩᠭᠤᠶ᠎ᠠ ᠡᠯ᠎ᠡ ᠱᠠᠲᠤᠨ ᠤ ᠤᠳᠤᠷᠢᠳᠬᠤ ᠺᠠᠳ᠋ᠷ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠤᠯᠠᠮ ᠴᠢᠨᠠᠭᠰᠢᠳᠠ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢ ᠲᠤᠯᠭᠠᠮ ᠱᠠᠭᠠᠷᠳᠠᠵᠤ ᠪᠠᠶᠢᠨ᠎ᠠ ᠂ ᠡᠨᠡ ᠪᠣᠯ ᠨᠠᠮ ᠤᠨ ᠲᠥᠪ ᠬᠤᠷᠢᠶ᠎ᠠ ᠠᠴᠠ ᠪᠦᠭᠦ ᠨᠠᠮ ᠤᠨ ᠳᠣᠲᠣᠷ᠎ᠠ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠪᠠᠷ ᠲᠣᠭᠲᠠᠭᠠᠭᠰᠠᠨ ᠭᠤᠣᠯ ᠪᠣᠳᠣᠯᠬᠢᠯᠠᠯ ᠪᠣᠯᠣᠨ᠎ᠠ ᠃ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠳᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠᠷ ᠭᠤᠣᠯ ᠰᠡᠳᠦᠪ ᠪᠣᠯᠭᠠᠬᠤ ᠪᠠᠷ ᠲᠣᠭᠲᠠᠭᠠᠭᠰᠠᠨ ᠨᠢ ᠳᠠᠷᠤᠢ ᠪᠦᠭᠦ ᠨᠠᠮ ᠢᠯᠠᠩᠭᠤᠶ᠎ᠠ ᠤᠳᠤᠷᠢᠳᠬᠤ ᠺᠠᠳ᠋ᠷ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠶᠢ ᠠᠬᠢᠭᠤᠯᠬᠤ ᠶᠠᠪᠤᠳᠠᠯ ᠪᠣᠯᠣᠨ᠎ᠠ ᠭᠡᠵᠦ ᠵᠢᠭᠠᠵᠤ ᠭᠠᠷᠭᠠᠪᠠ ᠃

      ᠵᠣᠬᠢᠶᠠᠯ ᠳᠤ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ ᠪᠣᠯᠣᠨ ᠤᠭᠢ ᠰᠣᠳᠣ ᠴᠢᠬᠤᠯᠠ ᠠᠭᠤᠯᠭ᠎ᠠ ᠶᠢ ᠬᠦᠴᠦᠯᠡᠨ ᠡᠵᠡᠮᠳᠡᠬᠦ ᠬᠡᠷᠡᠭᠲᠡᠢ ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠯᠭ᠎ᠠ ᠨᠢ ᠥᠭᠡᠷᠡᠴᠢᠯᠡᠯᠲᠡ ᠬᠥᠭᠵᠢᠯᠲᠡ ᠲᠣᠭᠲᠠᠭᠤᠨ ᠂ ᠳᠣᠲᠣᠭᠠᠳᠤ ᠵᠠᠰᠠᠭ ᠭᠠᠳᠠᠭᠠᠳᠤ ᠬᠠᠷᠢᠯᠴᠠᠭ᠎ᠠ ᠤᠯᠤᠰ ᠤᠨ ᠪᠠᠲᠤᠯᠠᠨ ᠬᠠᠮᠠᠭᠠᠯᠠᠯᠲᠠ ᠂ ᠨᠠᠮ ᠢ ᠵᠠᠰᠠᠬᠤ ᠤᠯᠤᠰ ᠢ ᠵᠠᠰᠠᠬᠤ ᠴᠡᠷᠢᠭ ᠢ ᠵᠠᠰᠠᠬᠤ ᠵᠡᠷᠭᠡ ᠡᠯ᠎ᠡ ᠲᠠᠯ᠎ᠠ ᠶᠢ ᠬᠠᠮᠤᠷᠴᠤ ᠂ ᠨᠢᠭᠡᠨ ᠪᠦᠷᠢᠨ ᠪᠦᠲᠦᠨ ᠰᠢᠨᠵᠢᠯᠡᠬᠦ ᠤᠬᠠᠭᠠᠨᠴᠢ ᠰᠢᠰᠲ᠋ᠧᠮ ᠢ ᠪᠦᠷᠢᠯᠳᠦᠭᠦᠯᠪᠡ ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ︽ ᠠᠷᠪᠠ ᠶᠢ ᠲᠣᠳᠣᠷᠬᠠᠶᠢᠯᠠᠬᠤ ︾᠂ ︽ ᠠᠷᠪᠠᠨ ᠲᠦᠷᠪᠡᠨ ᠪᠠᠷᠢᠮᠲᠠᠯᠠᠯ ︾᠂ ︽ ᠠᠷᠪᠠᠨ ᠭᠤᠷᠪᠠᠨ ᠲᠠᠯ᠎ᠠ ᠶᠢᠨ ᠠᠮᠵᠢᠯᠲᠠ ᠪᠦᠲᠦᠮᠵᠢ ︾ ᠳᠤ ᠡᠨᠡ ᠬᠦ ᠦᠵᠡᠯ ᠰᠠᠨᠠᠭᠠᠨ ᠤ ᠭᠤᠣᠯ ᠠᠭᠤᠯᠭ᠎ᠠ ᠶᠢ ᠬᠤᠷᠢᠶᠠᠩᠭᠤᠶᠢᠯᠠᠭᠰᠠᠨ ᠪᠠᠶᠢᠨ᠎ᠠ ᠃ ᠡᠳᠡᠭᠡᠷ ᠭᠤᠣᠯ ᠠᠭᠤᠯᠭ᠎ᠠ ᠶᠢ ᠪᠦᠭᠦ ᠲᠠᠯ᠎ᠠ ᠪᠠᠷ ᠰᠢᠰᠲ᠋ᠧᠮ ᠲᠠᠢ ᠰᠤᠷᠤᠯᠴᠠᠨ ᠡᠵᠡᠮᠰᠢᠬᠦ ᠮᠥᠷᠲᠡᠭᠡᠨ ᠪᠠᠰᠠ ᠡᠨᠡ ᠬᠦ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ ᠢ ᠪᠦᠬᠦᠯᠢ ᠴᠣᠭᠴᠠ ᠪᠠᠷ ᠨᠢ ᠡᠵᠡᠮᠰᠢᠵᠦ ᠂ ᠨᠡᠪᠲᠡᠷᠬᠡᠢ ᠣᠶᠢᠯᠠᠭᠠᠬᠤ ᠬᠡᠷᠡᠭᠲᠡᠢ ᠃ ᠡᠭᠦᠨ ᠤ ᠬᠠᠮᠲᠤ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠬᠤ ᠳᠤ ᠂ ᠡᠷᠬᠡᠪᠰᠢ ᠡᠨᠡ ᠬᠦ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠂ ᠠᠷᠭ᠎ᠠ ᠶᠢᠨ ᠤᠨᠤᠯ ᠪᠣᠯᠣᠨ ᠲᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠡᠵᠡᠮᠰᠢᠬᠦ ᠬᠡᠷᠡᠭᠲᠡᠢ ᠃ ᠭᠠᠭᠴᠠ ᠬᠦ ︽ ᠵᠢᠷᠭᠤᠭ᠎ᠠ ᠶᠢ ᠡᠷᠬᠡᠪᠰᠢ ᠪᠠᠷᠢᠮᠲᠠᠯᠠᠬᠤ ︾ ᠶᠢ ᠪᠠᠭᠲᠠᠭᠠᠭᠰᠠᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠣᠭᠰᠣᠯᠲᠠ ᠦᠵᠡᠯᠲᠡ ᠠᠷᠭ᠎ᠠ ᠶᠢ ᠣᠨᠣᠪᠴᠢᠲᠠᠢ ᠡᠵᠡᠮᠰᠢᠪᠡᠯ ᠰᠠᠶ᠋ᠢ ᠡᠨᠡ ᠬᠦ ᠦᠵᠡᠯ ᠰᠠᠨᠠᠭᠠᠨ ᠤ ᠭᠤᠣᠯ ᠴᠢᠮᠦᠭᠡ ᠴᠢᠬᠤᠯᠠ ᠠᠭᠤᠯᠭ᠎ᠠ ᠶᠢ ᠨᠡᠩ ᠰᠠᠶᠢᠨ ᠣᠶᠢᠯᠠᠭᠠᠵᠤ ᠂ ᠦᠵᠡᠯ ᠰᠠᠨᠠᠭ᠎ᠠ ᠠᠷᠭ᠎ᠠ ᠪᠠᠷᠢᠯ ᠢᠶᠠᠨ ᠰᠠᠶ᠋ᠢ ᠵᠥᠪ ᠣᠨᠣᠪᠴᠢᠲᠠᠢ ᠪᠣᠯᠭᠠᠵᠤ ᠂ ᠠᠰᠠᠭᠤᠳᠠᠯ ᠢ ᠲᠠᠨᠢᠬᠤ ᠳᠠᠭᠠᠨ ᠰᠠᠶ᠋ᠢ ᠥᠨᠳᠥᠷ ᠲᠤ ᠵᠣᠭᠰᠣᠵᠤ ᠂ ᠠᠰᠠᠭᠤᠳᠠᠯ ᠢ ᠵᠠᠳᠠᠯᠬᠤ ᠳᠠᠭᠠᠨ ᠰᠠᠶ᠋ᠢ ᠭᠦᠨᠵᠡᠭᠡᠢ ᠦᠵᠡᠵᠦ ᠂ ᠠᠵᠢᠯ ᠢᠶᠠᠨ ᠥᠷᠨᠢᠭᠦᠯᠬᠦ ᠳᠡᠭᠡᠨ ᠴᠦ ᠣᠨᠣᠪᠴᠢᠲᠠᠢ ᠡᠵᠡᠮᠳᠡᠵᠦ ᠂ ᠬᠡᠮᠵᠢᠶ᠎ᠡ ᠲᠣᠮᠵᠢᠶ᠎ᠠ ᠲᠠᠢ ᠂ ᠤᠶᠠᠨ ᠬᠠᠳᠠᠨ ᠪᠠᠶᠢᠬᠤ ᠶᠢ ᠦᠨᠡᠨ ᠬᠦ ᠪᠠᠲᠤᠯᠠᠵᠤ ᠴᠢᠳᠠᠨ᠎ᠠ ᠭᠡᠵᠦ ᠵᠢᠭᠠᠵᠤ ᠭᠠᠷᠭᠠᠪᠠ ᠃

      ᠵᠣᠬᠢᠶᠠᠯ ᠳᠤ ᠂ ᠤᠨᠤᠯ ᠢ ᠪᠣᠳᠠᠲᠠᠢ ᠲᠠᠢ ᠤᠶᠠᠯᠳᠤᠭᠤᠯᠬᠤ ᠰᠢᠯᠢᠳᠡᠭ ᠰᠤᠷᠲᠠᠯ ᠢ ᠪᠠᠳᠠᠷᠠᠭᠤᠯᠬᠤ ᠬᠡᠷᠡᠭᠲᠡᠢ ᠃ ᠤᠨᠤᠯ ᠤᠨ ᠨᠢᠭᠡ ᠤᠯᠤᠰ ᠲᠤ ᠪᠡᠶᠡᠯᠡᠭᠳᠡᠬᠦ ᠬᠡᠮᠵᠢᠶ᠎ᠡ ᠨᠢ ᠤᠨᠤᠯ ᠤᠨ ᠪᠣᠳᠠᠲᠤ ᠬᠡᠷᠡᠭᠴᠡᠭᠡ ᠶᠢ ᠬᠠᠩᠭᠠᠬᠤ ᠬᠡᠮᠵᠢᠶ᠎ᠡ ᠪᠠᠷ ᠰᠢᠢᠳᠪᠦᠷᠢᠯᠡᠭᠳᠡᠨ᠎ᠡ ᠂ ᠤᠨᠤᠯ ᠤᠨ ᠦᠢᠯᠡᠳᠦᠯ ᠢ ᠪᠠᠳᠠᠷᠠᠭᠤᠯᠬᠤ ᠦᠷ᠎ᠡ ᠪᠦᠲᠦᠮᠵᠢ ᠨᠢ ᠤᠨᠤᠯ ᠤᠨ ᠦᠢᠯᠡᠳᠦᠯᠭᠡ ᠶᠢᠨ ᠭᠦᠨᠴᠡ ᠪᠠᠷ ᠰᠢᠢᠳᠪᠦᠷᠢᠯᠡᠭᠳᠡᠨ᠎ᠡ ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠶᠢᠨ ᠵᠣᠷᠢᠯᠭ᠎ᠠ ᠨᠢ ᠪᠦᠷ ᠬᠡᠷᠡᠭᠯᠡᠬᠦ ᠳᠤ ᠪᠤᠢ ᠂ ᠡᠨᠡ ᠬᠦ ᠦᠵᠡᠯ ᠰᠠᠨᠠᠭ᠎ᠠ ᠶᠢ ᠪᠡᠶᠡᠴᠢ ᠶᠢᠷᠲᠢᠨᠴᠦ ᠪᠣᠯᠣᠨ ᠪᠤᠰᠤᠳᠴᠢ ᠶᠢᠷᠲᠢᠨᠴᠦ ᠶᠢ ᠥᠭᠡᠷᠡᠴᠢᠯᠡᠬᠦ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠣᠯᠭᠠᠨ ᠬᠤᠪᠢᠷᠠᠭᠤᠯᠬᠤ ᠳᠤ ᠪᠠᠶᠢᠨ᠎ᠠ ᠃ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠳᠤ ᠂ ᠨᠠᠮ ᠤᠨ ᠭᠡᠰᠢᠭᠦᠨ ᠂ ᠺᠠᠳ᠋ᠷ ᠢᠯᠠᠩᠭᠤᠶ᠎ᠠ ᠡᠯ᠎ᠡ ᠱᠠᠲᠤᠨ ᠤ ᠤᠳᠤᠷᠢᠳᠬᠤ ᠺᠠᠳ᠋ᠷ ᠰᠠᠨᠠᠭᠠᠴᠢᠯᠠᠭ᠎ᠠ ᠠᠴᠠ ᠪᠠᠨ ᠥᠪᠡᠷ ᠤᠨ ᠦᠵᠡᠯ ᠰᠠᠨᠠᠭ᠎ᠠ ᠪᠠᠨ ᠨᠢᠭᠡᠳᠬᠡᠨ ᠣᠷᠣᠭᠤᠯᠵᠤ ᠂ ᠨᠠᠮ ᠤᠨ ᠰᠢᠨ᠎ᠡ ᠶᠢ ᠡᠭᠦᠳᠬᠦ ᠤᠨᠤᠯ ᠤᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠂ ᠦᠵᠡᠯ ᠰᠠᠨᠠᠭᠠᠨ ᠤ ᠲᠦᠪᠰᠢᠨ ᠢᠶᠠᠨ ᠳᠡᠭᠡᠭᠰᠢᠯᠡᠭᠦᠯᠬᠦ ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠬᠤ ᠲᠤᠬᠠᠢ ᠠᠯᠢ ᠤᠯᠠᠨ ᠱᠠᠭᠠᠷᠳᠠᠯᠭ᠎ᠠ ᠶᠢ ᠰᠤᠷᠤᠯᠴᠠᠨ ᠡᠵᠡᠮᠰᠢᠵᠦ ᠂ ᠡᠪ ᠬᠠᠮᠲᠤᠴᠤᠳ ᠤᠨ ᠤᠯᠤᠰ ᠲᠦᠷᠦ ᠶᠢᠨ ᠣᠣᠷ ᠴᠢᠨᠠᠷ ᠢᠶᠠᠨ ᠢᠮᠠᠭᠲᠠ ᠪᠠᠲᠤᠯᠠᠬᠤ ᠬᠡᠷᠡᠭᠲᠡᠢ ᠃ ᠨᠠᠮ ᠤᠨ ᠰᠢᠨ᠎ᠡ ᠶᠢ ᠡᠭᠦᠳᠬᠦ ᠤᠨᠤᠯ ᠢ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠬᠡᠷᠡᠭᠯᠡᠬᠦ ᠬᠡᠷᠡᠭᠲᠡᠢ ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠴᠢᠳᠠᠮᠠᠭᠠᠢ ᠬᠡᠷᠡᠭᠯᠡᠵᠦ ᠴᠠᠭ ᠦᠶ᠎ᠡ ᠶᠢ ᠠᠵᠢᠭᠯᠠᠵᠤ ᠂ ᠴᠠᠭ ᠦᠶ᠎ᠡ ᠶᠢ ᠡᠵᠡᠮᠳᠡᠵᠦ ᠂ ᠴᠠᠭ ᠦᠶ᠎ᠡ ᠶᠢ ᠳᠠᠭᠠᠭᠤᠯᠵᠤ ᠂ ᠡᠨᠡ ᠬᠦ ᠦᠵᠡᠯ ᠰᠠᠨᠠᠭ᠎ᠠ ᠶᠢ ᠴᠢᠳᠠᠮᠠᠭᠠᠢ ᠬᠡᠷᠡᠭᠯᠡᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ ᠰᠢᠨ᠎ᠡ ᠠᠬᠢᠴᠠ ᠂ ᠰᠢᠨ᠎ᠡ ᠰᠢᠪᠲᠤᠯᠤᠯᠲᠠ ᠭᠠᠷᠭᠠᠵᠤ ᠂ ᠡᠨᠡ ᠬᠦ ᠦᠵᠡᠯ ᠰᠠᠨᠠᠭ᠎ᠠ ᠶᠢ ᠴᠢᠳᠠᠮᠠᠭᠠᠢ ᠬᠡᠷᠡᠭᠯᠡᠵᠦ ᠠᠵᠤ ᠠᠬᠤᠢ ᠨᠡᠶᠢᠭᠡᠮ ᠤᠨ ᠬᠥᠭᠵᠢᠯᠲᠡ ᠳᠤᠮᠳᠠᠬᠢ ᠡᠯ᠎ᠡ ᠵᠦᠢᠯ ᠤᠨ ᠵᠥᠷᠢᠴᠡᠯ ᠪᠣᠯᠣᠨ ᠠᠰᠠᠭᠤᠳᠠᠯ ᠢ ᠰᠢᠢᠳᠪᠦᠷᠢᠯᠡᠵᠦ ᠂ ᠡᠨᠡ ᠬᠦ ᠦᠵᠡᠯ ᠰᠠᠨᠠᠭ᠎ᠠ ᠶᠢ ᠴᠢᠳᠠᠮᠠᠭᠠᠢ ᠬᠡᠷᠡᠭᠯᠡᠵᠦ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠳᠠᠭᠠᠵᠤ ᠂ ᠡᠨᠡ ᠬᠦ ᠦᠵᠡᠯ ᠰᠠᠨᠠᠭ᠎ᠠ ᠶᠢ ᠴᠢᠳᠠᠮᠠᠭᠠᠢ ᠬᠡᠷᠡᠭᠯᠡᠵᠦ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃

      ᠵᠣᠬᠢᠶᠠᠯ ᠳᠤ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠨᠥᠬᠦᠳ ᠭᠤᠣᠯ ᠰᠡᠳᠦᠪᠲᠦ ᠬᠥᠮᠦᠵᠢᠯ ᠤᠨ ᠳᠤᠮᠳᠠ ᠳᠠᠭᠤᠷᠢᠶᠠᠯ ᠪᠣᠯᠬᠤ ᠬᠡᠷᠡᠭᠲᠡᠢ ᠃ ᠤᠳᠤᠷᠢᠳᠬᠤ ᠺᠠᠳ᠋ᠷᠴᠤᠳ ᠡᠯ᠎ᠡ ᠲᠠᠯ᠎ᠠ ᠪᠠᠷ ᠴᠥᠮ ᠪᠡᠶ᠎ᠡ ᠪᠠᠷ ᠢᠶᠠᠨ ᠬᠡᠪ ᠳᠦᠷᠢᠮ ᠪᠣᠯᠬᠤ ᠂ ᠳᠡᠭᠡᠷ᠎ᠡ ᠱᠠᠲᠤ ᠨᠢ ᠳᠣᠣᠷ᠎ᠠ ᠱᠠᠲᠤ ᠪᠠᠨ ᠳᠠᠭᠠᠭᠤᠯᠬᠤ ᠶᠢ ᠪᠠᠷᠢᠮᠲᠠᠯᠠᠬᠤ ᠬᠡᠷᠡᠭᠲᠡᠢ ᠂ ᠡᠨᠡ ᠪᠣᠯ ᠨᠢᠭᠡ ᠵᠦᠢᠯ ᠤᠨ ᠪᠦᠲᠦᠮᠵᠢᠲᠡᠢ ᠤᠳᠤᠷᠢᠳᠬᠤ ᠠᠷᠭ᠎ᠠ ᠪᠠ ᠠᠵᠢᠯᠯᠠᠬᠤ ᠠᠷᠭ᠎ᠠ ᠮᠥᠨ ᠭᠡᠵᠦ ᠵᠢᠭᠠᠵᠤ ᠭᠠᠷᠭᠠᠪᠠ ᠃

 

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ