ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠷᠭ᠎ᠠ
ᠨᠡᠶᠢᠲᠡᠯᠡᠭᠰᠡᠨ ᠴᠠᠭ᠄
2023/5/16

              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ

                                              258 ᠳ᠋ᠤᠭᠠᠷ ᠲᠣᠭᠠᠲᠤ

 

      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠷᠭ᠎ᠠ︾ ᠶᠢ 2022 ᠣᠨ ᠤ 12 ᠳ᠋ᠤᠭᠠᠷ ᠰᠠᠷ᠎ᠠ ᠶᠢᠨ 19 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠭᠤᠴᠢᠨ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠂ ᠡᠳᠦᠭᠡ ᠨᠡᠶᠢᠲᠡᠯᠡᠪᠡ ᠂ 2023 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃

 

                                                                ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ   ᠸᠠᠩ ᠯᠢ ᠰᠢᠶᠠ

                                                                  2022 ᠣᠨ ᠤ 12 ᠳ᠋ᠤᠭᠠᠷ ᠰᠠᠷ᠎ᠠ ᠶᠢᠨ 28 ᠤ ᠡᠳᠦᠷ

 

                 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭ᠎ᠠ ᠲᠡᠭᠡᠭᠡᠪᠦᠷᠢ ᠶᠢᠨ ᠲᠡᠷᠭᠡ

                 ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠷᠭ᠎ᠠ

 

      ᠨᠢᠭᠡᠳᠦᠭᠡᠷ ᠪᠦᠯᠦᠭ  ᠶᠡᠷᠦᠩᠬᠡᠢ ᠳᠦᠷᠢᠮ

      ᠨᠢᠭᠡᠳᠦᠭᠡᠷ ᠵᠦᠢᠯ  ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠦᠢᠯᠡ ᠠᠵᠢᠯᠯᠠᠭ᠎ᠠ ᠶᠢ ᠵᠠᠰᠠᠵᠤ ᠂ ᠵᠠᠰᠠᠮᠠᠯ ᠵᠠᠮ ᠤᠨ ᠠᠮᠤᠷ ᠲᠦᠪᠰᠢᠨ ᠂ ᠬᠡᠪ ᠢᠶᠠᠷ ᠪᠠ ᠰᠠᠭᠠᠳ ᠦᠭᠡᠢ ᠨᠡᠪᠲᠡᠷᠡᠬᠦ ᠶᠢ ᠪᠠᠲᠤᠯᠠᠨ ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠤᠰᠠᠳᠠ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ︽ᠵᠠᠰᠠᠮᠠᠯ ᠵᠠᠮ ᠤᠨ ᠠᠮᠤᠷ ᠲᠦᠪᠰᠢᠨ ᠢ ᠬᠠᠮᠠᠭᠠᠯᠠᠬᠤ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠂ ᠬᠠᠤᠯᠢ ᠲᠣᠭᠲᠠᠭᠠᠯ ᠢ ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ ᠂ ᠲᠣᠰ ᠠᠷᠭ᠎ᠠ ᠶᠢ ᠲᠣᠭᠲᠠᠭᠠᠪᠠ ᠃

      ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠳᠤ ᠲᠣᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ ᠃

      ᠲᠤᠰ ᠠᠷᠭ᠎ᠠ ᠳᠤ ᠬᠡᠯᠡᠵᠦ ᠪᠠᠶᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠭᠡᠳᠡᠭ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠪᠠᠷᠠᠭᠠᠨ ᠤ ᠭᠠᠳᠠᠷ ᠬᠦᠪᠡᠭᠡ ᠶᠢᠨ ᠬᠡᠮᠵᠢᠶ᠎ᠡ ᠂ ᠲᠡᠩᠭᠡᠯᠢᠭ ᠤᠨ ᠳᠠᠭᠠᠭᠠᠴᠠ ᠂ ᠶᠡᠷᠦᠩᠬᠡᠢ ᠮᠠᠰ ᠨᠢ ᠤᠯᠤᠰ ᠤᠨ ᠲᠣᠭᠲᠠᠭᠠᠭᠰᠠᠨ ᠪᠠᠷᠢᠮᠵᠢᠶ᠎ᠠ ᠠᠴᠠ ᠬᠡᠲᠦᠷᠡᠭᠰᠡᠨ ᠪᠤᠶᠤ ᠵᠠᠰᠠᠮᠠᠯ ᠵᠠᠮ ᠂ ᠵᠠᠰᠠᠮᠠᠯ ᠵᠠᠮ ᠤᠨ ᠬᠥᠭᠦᠷᠭᠡ ᠂ ᠵᠠᠰᠠᠮᠠᠯ ᠵᠠᠮ ᠤᠨ ᠨᠦᠬᠡᠨ ᠵᠠᠮ ᠤᠨ ᠵᠠᠮ ᠬᠠᠷᠢᠯᠴᠠᠭᠠᠨ ᠤ ᠲᠡᠮᠳᠡᠭ ᠲᠤ ᠲᠣᠳᠣᠷᠬᠠᠶᠢᠯᠠᠭᠰᠠᠨ ᠳᠠᠭᠠᠭᠠᠴᠠ ᠶᠢ ᠬᠢᠵᠠᠭᠠᠷᠯᠠᠬᠤ ᠂ ᠥᠨᠳᠥᠷ ᠢ ᠬᠢᠵᠠᠭᠠᠷᠯᠠᠬᠤ ᠂ ᠥᠷᠭᠡᠨ ᠢ ᠬᠢᠵᠠᠭᠠᠷᠯᠠᠬᠤ ᠂ ᠤᠷᠳᠤ ᠶᠢ ᠬᠢᠵᠠᠭᠠᠷᠯᠠᠬᠤ ᠪᠠᠷᠢᠮᠵᠢᠶ᠎ᠠ ᠠᠴᠠ ᠬᠡᠲᠦᠷᠡᠭᠰᠡᠨ ᠢ ᠵᠢᠭᠠᠵᠤ ᠪᠤᠢ ᠃

      ᠭᠤᠷᠪᠠᠳᠤᠭᠠᠷ ᠵᠦᠢᠯ  ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠳᠤ ᠵᠠᠰᠠᠭ ᠤᠨ ᠣᠷᠳᠣᠨ ᠤᠳᠤᠷᠢᠳᠬᠤ ᠂ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠬᠦ ᠂ ᠦᠡᠭᠭᠡᠨ ᠲᠠᠯ᠎ᠠ ᠪᠠ ᠤᠭ ᠦᠨᠳᠦᠰᠦ ᠶᠢ ᠨᠢ ᠵᠡᠷᠭᠡ ᠪᠠᠷ ᠵᠠᠰᠠᠬᠤ ᠂ ᠤᠷᠳᠤ ᠬᠤᠭᠤᠴᠠᠭ᠎ᠠ ᠪᠠᠷ ᠦᠷ᠎ᠡ ᠪᠦᠲᠦᠮᠵᠢᠲᠡᠢ ᠵᠠᠰᠠᠬᠤ ᠵᠠᠷᠴᠢᠮ ᠢ ᠪᠠᠷᠢᠮᠲᠠᠯᠠᠬᠤ ᠬᠡᠷᠡᠭᠲᠡᠢ ᠃

      ᠳᠥᠷᠪᠡᠳᠦᠭᠡᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠣᠰ ᠵᠠᠰᠠᠭ ᠵᠠᠬᠢᠷᠭᠠᠨ ᠤ ᠣᠷᠣᠨ ᠳᠠᠬᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠢ ᠤᠳᠤᠷᠢᠳᠬᠤ ᠪᠠᠨ ᠴᠢᠩᠭᠠᠳᠬᠠᠵᠤ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠠᠶᠤᠯ ᠦᠭᠡᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠤᠨ ᠬᠠᠮᠲᠤᠷᠠᠭᠰᠠᠨ ᠬᠤᠷᠠᠯ ᠪᠠ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠢ ᠣᠨ ᠤ ᠠᠵᠢᠯ ᠤᠨ ᠬᠠᠷᠠᠯᠲᠠ ᠶᠢᠨ ᠰᠢᠯᠭᠠᠨ ᠬᠢᠨᠠᠯᠲᠠ ᠳᠤ ᠪᠠᠨ ᠣᠷᠣᠭᠤᠯᠬᠤ ᠬᠡᠷᠡᠭᠲᠡᠢ ᠃

      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠳᠤ ᠬᠡᠷᠡᠭᠰᠡᠬᠦ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠪᠠᠨ ᠣᠷᠣᠭᠤᠯᠬᠤ ᠬᠡᠷᠡᠭᠲᠡᠢ ᠃

      ᠲᠠᠪᠤᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠂ ᠲᠣᠰ ᠵᠠᠰᠠᠭ ᠵᠠᠬᠢᠷᠭᠠᠨ ᠤ ᠣᠷᠣᠨ ᠳᠠᠬᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠢᠶᠠᠨ ᠬᠠᠷᠢᠭᠤᠴᠠᠬᠤ ᠬᠡᠷᠡᠭᠲᠡᠢ ᠃

      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠂ ᠡᠳ᠋ ᠤᠨ ᠵᠠᠰᠠᠭ ᠂ ᠪᠠᠶᠢᠭᠠᠯᠢ ᠶᠢᠨ ᠡᠬᠢ ᠪᠠᠶᠠᠯᠢᠭ ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠂ ᠡᠨᠧᠷᠭᠢ ᠪᠠ ᠬᠤᠳᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ ᠃

      ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠥᠷᠨᠢᠭᠦᠯᠬᠦ ᠶᠢ ᠨᠢ ᠳᠡᠮᠵᠢᠬᠦ ᠪᠠ ᠲᠡᠭᠦᠨ ᠳᠤ ᠬᠠᠮᠵᠢᠬᠤ ᠬᠡᠷᠡᠭᠲᠡᠢ ᠃

      ᠵᠢᠷᠭᠤᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠤᠨ ᠮᠡᠳᠡᠭᠡ ᠵᠠᠩᠭᠢᠵᠢᠭᠤᠯᠬᠤ ᠂ ᠣᠶᠤᠨᠴᠢᠯᠠᠬᠤ ᠪᠠᠶᠢᠭᠤᠯᠤᠯᠲᠠ ᠪᠠᠨ ᠴᠢᠩᠭᠠᠳᠬᠠᠵᠤ ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ ᠂ ᠵᠠᠮ ᠬᠠᠷᠢᠯᠴᠠᠭ᠎ᠠ ᠲᠡᠭᠡᠭᠡᠪᠦᠷᠢ ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠂ ᠬᠥᠭᠵᠢᠭᠦᠯᠦᠯᠲᠡ ᠪᠠ ᠥᠭᠡᠷᠡᠴᠢᠯᠡᠯᠲᠡ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠂ ᠡᠳ᠋ ᠤᠨ ᠵᠠᠰᠠᠭ ᠂ ᠪᠠᠶᠢᠭᠠᠯᠢ ᠶᠢᠨ ᠡᠬᠢ ᠪᠠᠶᠠᠯᠢᠭ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠂ ᠡᠨᠧᠷᠭᠢ ᠪᠠ ᠬᠤᠲᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠵᠢᠴᠢ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠠᠵᠤ ᠠᠬᠤᠶᠢᠯᠠᠯ ᠂ ᠪᠠᠷᠠᠭ᠎ᠠ ᠲᠡᠭᠡᠭᠡᠪᠦᠷᠢ ᠶᠢᠨ ᠡᠵᠡᠩᠨᠡᠭᠴᠢ ᠵᠡᠷᠭᠡ ᠶᠢ ᠮᠡᠳᠡᠭᠡ ᠵᠠᠩᠭᠢ ᠬᠠᠮᠲᠤ ᠳᠤ ᠪᠠᠨ ᠬᠦᠷᠲᠡᠬᠦ ᠲᠠᠪᠴᠠᠩ ᠳᠤ ᠪᠠᠨ ᠣᠷᠣᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠂ ᠵᠠᠰᠠᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ ᠃

      ᠳᠣᠯᠣᠳᠤᠭᠠᠷ ᠵᠦᠢᠯ  ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠂ ᠪᠠᠷᠠᠭ᠎ᠠ ᠲᠡᠭᠡᠭᠡᠪᠦᠷᠢ ᠶᠢᠨ ᠡᠵᠡᠩᠨᠡᠭᠴᠢ ᠨᠢ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠬᠡᠷᠡᠭᠲᠡᠢ ᠃

      ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠂ ᠪᠠᠷᠠᠭ᠎ᠠ ᠲᠡᠭᠡᠭᠡᠪᠦᠷᠢ ᠶᠢᠨ ᠡᠵᠡᠩᠨᠡᠭᠴᠢ ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠨᠢ ᠤᠯᠤᠰ ᠠᠴᠠ ᠲᠣᠭᠲᠠᠭᠠᠭᠰᠠᠨ ᠲᠡᠷᠭᠡ ᠬᠥᠰᠬᠡ ᠶᠢᠨ ᠠᠴᠢᠶᠠᠯᠠᠬᠤ  ᠬᠢᠵᠠᠭᠠᠷ ᠬᠡᠮᠵᠢᠭᠳᠡᠯ ᠪᠠ ᠵᠠᠰᠠᠮᠠᠯ ᠵᠠᠮ ᠤᠨ ᠵᠠᠮ ᠬᠠᠷᠢᠯᠴᠠᠭᠠᠨ ᠤ ᠲᠡᠮᠳᠡᠭ ᠤᠨ ᠲᠣᠳᠣᠷᠬᠠᠶᠢᠯᠠᠭᠰᠠᠨ ᠳᠠᠭᠠᠭᠠᠴᠠ ᠶᠢ ᠬᠢᠵᠠᠭᠠᠷᠯᠠᠬᠤ ᠂ ᠥᠨᠳᠥᠷ ᠢ ᠬᠢᠵᠠᠭᠠᠷᠯᠠᠬᠤ ᠂ ᠥᠷᠭᠡᠨ ᠢ ᠬᠢᠵᠠᠭᠠᠷᠯᠠᠬᠤ ᠂ ᠤᠷᠳᠤ ᠶᠢ ᠬᠢᠵᠠᠭᠠᠷᠯᠠᠬᠤ ᠪᠠᠷᠢᠮᠵᠢᠶ᠎ᠠ ᠪᠠᠷ ᠠᠴᠢᠶᠠᠯᠠᠬᠤ ᠂ ᠲᠡᠭᠡᠭᠡᠪᠦᠷᠢᠯᠡᠬᠦ ᠪᠠ ᠡᠵᠡᠩᠨᠡᠬᠦ ᠪᠠᠨ ᠵᠢᠷᠤᠮᠵᠢᠭᠤᠯᠬᠤ ᠬᠡᠷᠡᠭᠲᠡᠢ ᠃ 

      ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠳᠤ ᠵᠠᠮ ᠭᠤᠳᠣᠰ ᠤᠨ ᠪᠠᠷᠠᠭ᠎ᠠ ᠲᠡᠭᠡᠭᠡᠪᠦᠷᠢ ᠶᠢᠨ ᠦᠷᠳᠡᠭᠡ ︵ᠲᠠᠯᠠᠪᠤᠷ︶ ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠵᠢᠴᠢ ᠨᠡᠭᠦᠷᠡᠰᠦ ᠂ ᠬᠦᠳᠡᠷ ᠂ ᠪᠣᠯᠣᠳ ᠮᠠᠲ᠋ᠧᠷᠢᠶᠠᠯ ᠂ ᠱᠦᠢᠨᠢ ᠂ ᠪᠧᠲ᠋ᠤᠨ ᠂ ᠬᠠᠶᠢᠷ ᠴᠢᠯᠠᠭᠤ ᠂ ᠰᠢᠪᠠᠷ ᠰᠢᠷᠣᠢ ᠂ ᠲᠠᠸᠠᠷ ᠤᠨ ᠲᠡᠷᠭᠡ ᠂ ᠬᠦᠨᠳᠦ ᠶᠡᠭᠡ ᠲᠣᠨᠤᠭ ᠲᠥᠬᠦᠭᠡᠷᠦᠮᠵᠢ ᠵᠡᠷᠭᠡ ᠪᠠᠷᠠᠭ᠎ᠠ ᠠᠴᠢᠶᠠᠯᠠᠬᠤ ᠭᠠᠵᠠᠷ ᠪᠠᠭᠲᠠᠨ᠎ᠠ ᠃

      ᠨᠠᠢᠮᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠲᠠᠯ᠎ᠠ ᠶᠢᠨ ᠢᠲᠡᠭᠡᠮᠵᠢ ᠶᠢᠨ ᠳᠦᠷᠢᠮ ᠢ ᠪᠠᠶᠢᠭᠤᠯᠵᠤ ᠂ ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ ᠤᠨ ᠨᠢᠭᠡᠴᠢ ᠂ ᠪᠠᠷᠠᠭ᠎ᠠ ᠲᠡᠭᠡᠭᠡᠪᠦᠷᠢ ᠶᠢᠨ ᠡᠵᠡᠩᠨᠡᠭᠴᠢ ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠂ ᠵᠢᠯᠣᠭᠤᠴᠢ ᠵᠡᠷᠭᠡ ᠶᠢ ᠢᠲᠡᠭᠡᠮᠵᠢ ᠶᠢᠨ ᠬᠠᠮᠢᠶᠠᠷᠤᠯᠲᠠ ᠶᠢᠨ ᠲᠣᠭᠲᠠᠯᠴᠠᠭ᠎ᠠ ᠳᠤ ᠪᠠᠨ ᠣᠷᠣᠭᠤᠯᠵᠤ ᠂ ᠬᠠᠮᠢᠶ᠎ᠠ ᠪᠦᠬᠦᠢ ᠢᠲᠡᠭᠡᠮᠵᠢ ᠶᠢᠨ ᠮᠡᠳᠡᠭᠡ ᠵᠠᠩᠭᠢ ᠶᠢ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠣᠷᠣᠭᠤᠯᠬᠤ ᠬᠡᠷᠡᠭᠲᠡᠢ  ᠃

      ᠶᠢᠰᠦᠳᠦᠭᠡᠷ ᠵᠦᠢᠯ  ᠷᠠᠳᠢᠣ᠋ ᠂ ᠲᠧᠯᠸᠢᠰ ᠂ ᠰᠣᠨᠢᠨ ᠰᠡᠳᠬᠦᠯ ᠂ ᠰᠦᠯᠵᠢᠶ᠎ᠡ ᠵᠡᠷᠭᠡ ᠵᠠᠭᠤᠴᠢᠯᠠᠭᠤᠷ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠬᠠᠤᠯᠢ ᠴᠠᠭᠠᠵᠠ ᠂ ᠬᠠᠤᠯᠢ ᠲᠣᠭᠲᠠᠭᠠᠯ ᠬᠢᠭᠡᠳ ᠬᠠᠮᠢᠶ᠎ᠠ ᠪᠦᠬᠦᠢ ᠮᠡᠳᠡᠯᠭᠡ ᠶᠢᠨ ᠤᠬᠠᠭᠤᠯᠭ᠎ᠠ ᠥᠷᠨᠢᠭᠦᠯᠵᠦ ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠦᠢᠯᠡ ᠠᠵᠢᠯᠯᠠᠭ᠎ᠠ ᠳᠠᠬᠢ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠪᠠᠨ ᠴᠢᠩᠭᠠᠳᠬᠠᠬᠤ ᠬᠡᠷᠡᠭᠲᠡᠢ ᠃

      ᠠᠷᠪᠠᠳᠤᠭᠠᠷ ᠵᠦᠢᠯ  ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠴᠥᠮ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠭᠠᠯᠳᠤᠬᠤ ᠂ ᠢᠯᠡᠴᠢᠯᠡᠨ ᠮᠡᠳᠡᠭᠦᠯᠬᠦ ᠡᠷᠬᠡ ᠲᠠᠢ ᠃

      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠵᠠᠭᠠᠯᠳᠤᠬᠤ ᠂ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠢᠶᠠᠨ ᠨᠡᠶᠢᠭᠡᠮ ᠳᠤ ᠢᠯᠡ ᠨᠡᠶᠢᠲᠡᠯᠡᠵᠦ ᠂ ᠬᠠᠤᠯᠢ ᠶᠣᠰᠣᠭᠠᠷ ᠴᠠᠭ ᠲᠤᠬᠠᠢ ᠳᠤ ᠨᠢ ᠰᠢᠢᠳᠪᠦᠷᠢᠯᠡᠬᠦ ᠶᠢᠨ ᠬᠠᠮᠲᠤ ᠂ ᠵᠠᠭᠠᠯᠳᠤᠭᠴᠢ ᠢᠯᠡᠴᠢᠯᠡᠨ ᠮᠡᠳᠡᠭᠦᠯᠦᠭᠴᠢ ᠳᠤ ᠰᠢᠢᠳᠪᠦᠷᠢᠯᠡᠭᠰᠡᠨ ᠦᠷ᠎ᠡ ᠳ᠋ᠦᠩ ᠢᠶᠠᠨ ᠬᠠᠷᠢᠭᠤ ᠲᠤᠰᠬᠠᠬᠤ ᠬᠡᠷᠡᠭᠲᠡᠢ ᠃

      ᠬᠤᠶᠠᠳᠤᠭᠠᠷ ᠪᠦᠯᠦᠭ  ᠡᠬᠢ ᠡᠭᠦᠰᠦᠯ ᠠᠴᠠ ᠨᠢ ᠵᠠᠰᠠᠬᠤ

      ᠠᠷᠪᠠᠨ ᠨᠢᠭᠡᠳᠦᠭᠡᠷ ᠵᠦᠢᠯ  ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠦᠢᠯᠡᠳᠪᠦᠷᠢᠯᠡᠬᠦ ᠂ ᠥᠭᠡᠷᠡᠴᠢᠯᠡᠨ ᠤᠭᠰᠠᠷᠠᠬᠤ ᠳᠤ ᠲᠡᠷᠭᠡ ᠶᠢᠨ ᠭᠠᠳᠠᠷ ᠬᠦᠪᠡᠭᠡ ᠶᠢᠨ ᠬᠡᠮᠵᠢᠶ᠎ᠡ ᠂ ᠲᠡᠩᠭᠡᠯᠢᠭ ᠤᠨ ᠳᠠᠭᠠᠭᠠᠴᠠ ᠂ ᠮᠠᠰ ᠤᠨ ᠬᠢᠵᠠᠭᠠᠷ ᠬᠡᠮᠵᠢᠭᠳᠡᠯ ᠵᠡᠷᠭᠡ ᠶᠢᠨ ᠲᠤᠬᠠᠢ ᠤᠯᠤᠰ ᠤᠨ ᠮᠠᠰᠢᠨᠲᠤ ᠲᠡᠷᠭᠡ ᠶᠢᠨ ᠠᠮᠤᠷ ᠲᠦᠪᠰᠢᠨ ᠤ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ ᠃ ᠤᠯᠤᠰ ᠤᠨ ᠬᠤᠯᠪᠣᠭᠳᠠᠯ ᠪᠦᠬᠦᠢ ᠪᠠᠷᠢᠮᠵᠢᠶ᠎ᠠ ᠳᠤ ᠥᠯᠥ ᠨᠡᠶᠢᠴᠡᠭᠰᠡᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠦᠢᠯᠡᠳᠪᠦᠷᠢᠯᠡᠬᠦ ᠂ ᠬᠡᠷᠡᠭᠯᠡᠬᠦ ᠂ ᠪᠣᠷᠣᠯᠠᠭᠤᠯᠬᠤ ᠶᠢ ᠴᠠᠭᠠᠵᠠᠯᠠᠨ᠎ᠠ ᠃

      ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠭᠡᠳ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠨᠡᠶᠢᠯᠡᠭᠦᠯᠵᠦ ᠤᠭᠰᠠᠷᠠᠬᠤ ᠪᠤᠶᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠭᠠᠳᠠᠷ ᠬᠡᠯᠪᠡᠷᠢ ᠪᠠ ᠨᠢᠭᠡᠨᠲᠡ ᠳᠠᠩᠰᠠᠯᠠᠭᠤᠯᠤᠭᠰᠠᠨ ᠬᠤᠯᠪᠣᠭᠳᠠᠯ ᠪᠦᠬᠦᠢ ᠮᠡᠷᠭᠡᠵᠢᠯ ᠤᠨ ᠲᠤᠭ᠎ᠠ ᠪᠠᠷᠢᠮᠲᠠ ᠶᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ ᠃

      ᠵᠠᠳᠠᠷᠠᠵᠤ ᠪᠣᠯᠣᠰᠢ ᠦᠭᠡᠢ ᠪᠣᠳᠠᠰ ᠢ ᠲᠡᠭᠡᠭᠡᠪᠦᠷᠢᠯᠡᠬᠦ ᠳᠤ ᠲᠡᠷᠭᠡ ᠬᠥᠰᠬᠡ ᠶᠢ ᠥᠭᠡᠷᠡᠴᠢᠯᠡᠨ ᠤᠭᠰᠠᠷᠠᠬᠤ ᠴᠢᠬᠤᠯᠠᠲᠠᠢ ᠪᠣᠯ ᠂ ᠵᠣᠬᠢᠬᠤ ᠬᠢᠷᠢ ᠬᠡᠮ ᠲᠠᠢ ᠲᠡᠷᠭᠡ ᠬᠥᠰᠬᠡ ᠦᠢᠯᠡᠳᠪᠦᠷᠢᠯᠡᠬᠦ ᠠᠵᠤ ᠠᠬᠤᠶᠢᠯᠠᠯ ᠢᠶᠠᠷ ᠲᠣᠭᠲᠠᠭᠠᠭᠰᠠᠨ ᠲᠡᠷᠭᠡᠨ ᠤ ᠬᠡᠯᠪᠡᠷᠢ ᠪᠠ ᠮᠡᠷᠭᠡᠵᠢᠯ ᠤᠨ ᠫᠠᠷᠠᠮᠧᠲᠷ ᠢᠶᠠᠷ ᠥᠭᠡᠷᠡᠴᠢᠯᠡᠨ ᠤᠭᠰᠠᠷᠠᠭᠤᠯᠬᠤ ᠶᠢᠨ ᠬᠠᠮᠲᠤ ᠂ ᠬᠠᠤᠯᠢ ᠶᠣᠰᠣᠭᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ  ᠳᠤ ᠬᠤᠪᠢᠷᠠᠭᠤᠯᠬᠤ ᠳᠠᠩᠰᠠᠯᠠᠯᠲᠠ ᠬᠢᠯᠭᠡᠬᠦ ᠪᠠᠷ ᠭᠤᠶᠤᠴᠢᠯᠠᠬᠤ ᠬᠡᠷᠡᠭᠲᠡᠢ ᠃

      ᠠᠷᠪᠠᠨ ᠬᠤᠶᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠳᠠᠩᠰᠠᠯᠠᠨ ᠲᠡᠮᠳᠡᠭᠯᠡᠬᠦ ᠪᠠ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠢᠯᠭᠠᠬᠤ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠨᠡᠶᠢᠯᠡᠭᠦᠯᠵᠦ ᠤᠭᠰᠠᠷᠠᠭᠰᠠᠨ ᠂ ᠥᠭᠡᠷᠡᠴᠢᠯᠡᠨ ᠤᠭᠰᠠᠷᠠᠭᠰᠠᠨ ᠪᠠᠶᠢᠳᠠᠯ ᠢ ᠪᠠᠶᠢᠴᠠᠭᠠᠨ ᠰᠢᠯᠭᠠᠬᠤ ᠬᠡᠷᠡᠭᠲᠡᠢ ᠂ ᠤᠯᠤᠰ ᠤᠨ ᠠᠮᠤᠷ ᠲᠦᠪᠰᠢᠨ ᠤ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠬᠦ ᠦᠭᠡᠢ ᠪᠠ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠳᠠᠩᠰᠠᠯᠠᠯᠲᠠ ᠬᠢᠬᠦ ᠂ ᠦᠨᠡᠮᠯᠡᠯ ᠪᠠ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ ᠣᠯᠭᠤᠵᠤ ᠪᠣᠯᠬᠤ

ᠦᠭᠡᠢ ᠃

      ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠳᠠᠩᠰᠠᠯᠠᠭᠤᠯᠤᠭᠠᠳᠤᠢ ᠪᠠ ᠨᠡᠶᠢᠯᠡᠭᠦᠯᠵᠦ ᠤᠭᠰᠠᠷᠠᠭᠰᠠᠨ ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠡᠵᠡᠩᠨᠡᠯᠲᠡ ᠶᠢᠨ ᠦᠨᠡᠮᠯᠡᠯ ᠭᠦᠢᠴᠡᠳᠬᠡᠨ ᠥᠭᠴᠦ ᠪᠣᠯᠬᠤ ᠦᠭᠡᠢ ᠃

      ᠠᠷᠪᠠᠨ ᠭᠤᠷᠪᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠂ ᠡᠨᠧᠷᠭᠢ ᠵᠡᠷᠭᠡ ᠰᠠᠯᠠᠭ᠎ᠠ ᠮᠥᠴᠢᠷ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠨᠡᠶᠢᠯᠡᠭᠦᠯᠵᠦ ᠤᠭᠰᠠᠷᠠᠬᠤ ᠂ ᠬᠠᠤᠯᠢ ᠪᠤᠰᠤ ᠪᠠᠷ ᠥᠭᠡᠷᠡᠴᠢᠯᠡᠵᠦ ᠤᠭᠰᠠᠷᠠᠬᠤ ᠠᠵᠢᠯ ᠡᠷᠬᠢᠯᠡᠵᠤ ᠪᠠᠶᠢᠭ᠎ᠠ ᠪᠤᠶᠤ ᠡᠶᠢᠮᠦᠷᠬᠦᠦ ᠲᠡᠷᠭᠡ ᠶᠢ ᠬᠡᠷᠡᠭᠯᠡᠵᠦ ᠪᠠᠶᠢᠭ᠎ᠠ ᠦᠢᠯᠡ ᠠᠵᠢᠯᠯᠠᠭ᠎ᠠ ᠶᠢ ᠴᠠᠭ ᠲᠤᠬᠠᠢ ᠳᠤ ᠨᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠃ ᠪᠠᠶᠢᠴᠠᠭᠠᠨ ᠮᠡᠳᠡᠭᠰᠡᠨ ᠨᠡᠶᠢᠯᠡᠭᠦᠯᠵᠦ ᠤᠭᠰᠠᠷᠠᠭᠰᠠᠨ ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠨᠢᠭᠡᠴᠢ ᠪᠤᠶᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠥᠮᠴᠢᠯᠡᠭᠴᠢ ᠶᠢ ᠬᠠᠤᠯᠢ ᠶᠣᠰᠣᠭᠠᠷ ᠵᠠᠷᠯᠢᠭᠳᠠᠵᠤ ᠥᠪᠡᠷᠰᠡᠳ ᠢᠶᠠᠷ ᠨᠢ ᠵᠠᠳᠠᠯᠤᠨ ᠰᠠᠯᠭᠠᠭᠤᠯᠬᠤ ᠬᠡᠷᠡᠭᠲᠡᠢ ᠃

      ᠠᠷᠪᠠᠨ ᠳᠥᠷᠪᠡᠳᠦᠭᠡᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠵᠠᠮ ᠬᠠᠷᠢᠯᠴᠠᠭ᠎ᠠ ᠲᠡᠭᠡᠭᠡᠪᠦᠷᠢ ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠂ ᠡᠨᠧᠷᠭᠢ ᠵᠡᠷᠭᠡ ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠵᠤ ᠂ ᠲᠣᠰ ᠵᠠᠰᠠᠭ ᠵᠠᠬᠢᠷᠭᠠᠨ ᠤ ᠣᠷᠣᠨ ᠳᠠᠬᠢ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠶᠢ ᠪᠠᠨ ᠬᠠᠷᠭᠤᠭᠤᠯᠤᠨ ᠪᠠᠶᠢᠴᠠᠭᠠᠵᠤ ᠂ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠶᠢᠨ ᠨᠡᠷᠡᠰ ᠢ ᠨᠠᠶᠢᠷᠠᠭᠤᠯᠤᠨ ᠲᠣᠭᠲᠠᠭᠠᠵᠤ ᠂ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠬᠠᠤᠯᠢ ᠠᠴᠠ ᠵᠥᠷᠢᠴᠡᠭᠰᠡᠨ ᠲᠡᠮᠳᠡᠭᠯᠡᠯ ᠵᠡᠷᠭᠡ ᠪᠠᠶᠢᠳᠠᠯ ᠢ ᠦᠨᠳᠦᠰᠦᠯᠡᠨ ᠂ ᠭᠤᠣᠯᠳᠠᠯᠭ᠎ᠠ ᠪᠣᠯᠬᠤ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠶᠢ ᠲᠣᠭᠲᠠᠭᠠᠵᠤ ᠂ ᠨᠡᠶᠢᠭᠡᠮ ᠳᠤ ᠨᠡᠶᠢᠲᠡᠯᠡᠬᠦ ᠶᠢᠨ ᠬᠠᠮᠲᠤ ᠂ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠬᠦ ᠬᠡᠷᠡᠭᠲᠡᠢ ᠃

      ᠠᠷᠪᠠᠨ ᠲᠠᠪᠤᠳᠤᠭᠠᠷ ᠵᠦᠢᠯ  ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠨᠢ ᠳᠣᠣᠷ᠎ᠠ ᠵᠢᠭᠰᠠᠭᠠᠭᠰᠠᠨ ᠲᠣᠭᠲᠠᠭᠠᠯ ᠤᠳ ᠢ ᠵᠢᠷᠤᠮᠯᠠᠬᠤ ᠬᠡᠷᠡᠭᠲᠡᠢ ᠄

      ︵ᠨᠢᠭᠡ︶ ᠬᠤᠯᠪᠣᠭᠳᠠᠯ ᠪᠦᠬᠦᠢ ᠠᠵᠢᠯ ᠡᠷᠬᠢᠯᠡᠭᠰᠡᠳ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ ᠂ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ︔

      ︵ᠬᠤᠶᠠᠷ︶ ᠪᠠᠷᠠᠭ᠎ᠠ ᠲᠡᠭᠡᠭᠡᠪᠦᠷᠢ ᠶᠢ ᠬᠡᠮᠵᠢᠵᠦ ᠬᠦᠨᠳᠦ ᠶᠢ ᠬᠡᠮᠵᠢᠬᠦ ᠪᠠ ᠬᠢᠨᠠᠨ ᠡᠵᠡᠮᠳᠡᠬᠦ ᠶᠢᠨ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠲᠥᠬᠦᠭᠡᠷᠦᠮᠵᠢ ᠶᠢ ᠲᠣᠭᠲᠠᠭᠠᠯ ᠶᠣᠰᠣᠭᠠᠷ ᠳᠦᠬᠦᠷᠵᠢᠭᠦᠯᠦᠨ ᠲᠣᠬᠢᠷᠠᠭᠤᠯᠬᠤ ᠶᠢᠨ ᠬᠠᠮᠲᠤ ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠮᠡᠳᠡᠭᠡ ᠵᠠᠩᠭᠢ ᠶᠢᠨ ᠲᠠᠪᠴᠠᠩ ᠯᠤᠭ᠎ᠠ ᠰᠦᠯᠵᠢᠶᠡᠵᠢᠭᠦᠯᠬᠦ ᠬᠡᠷᠡᠭᠲᠡᠢ ︔

      ︵ ᠭᠤᠷᠪᠠ︶ ᠪᠠᠷᠠᠭ᠎ᠠ ᠠᠴᠢᠶᠠᠯᠠᠬᠤ ᠂ ᠬᠦᠨᠳᠦ ᠶᠢ ᠬᠡᠮᠵᠢᠬᠦ ᠂ ᠪᠠᠷᠢᠮᠲᠠ ᠭᠠᠷᠭᠠᠬᠤ ᠵᠡᠷᠭᠡ ᠬᠤᠯᠪᠣᠭᠳᠠᠯ ᠪᠦᠬᠦᠢ ᠠᠵᠢᠯ ᠡᠷᠬᠢᠯᠡᠭᠰᠡᠳ ᠲᠤ ᠪᠣᠯᠪᠠᠰᠤᠷᠠᠯ ᠬᠢᠬᠦ ᠬᠡᠷᠡᠭᠲᠡᠢ ︔

      ︵ᠳᠥᠷᠪᠡ︶ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠬᠢᠭᠡᠳ ᠵᠢᠯᠣᠭᠤᠴᠢ ᠶᠢᠨ ᠲᠡᠷᠭᠡ ᠵᠠᠮᠨᠠᠭᠤᠯᠬᠤ ᠦᠨᠡᠮᠯᠡᠯ ᠂ ᠵᠠᠮ ᠲᠡᠭᠡᠭᠡᠪᠦᠷᠢ ᠶᠢᠨ ᠦᠨᠡᠮᠯᠡᠯ ᠪᠠ ᠵᠠᠮ ᠲᠡᠭᠡᠭᠡᠪᠦᠷᠢ ᠶᠢᠨ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠢ ᠨᠢ  ᠳᠠᠩᠰᠠᠯᠠᠨ ᠲᠡᠮᠳᠡᠭᠯᠡᠬᠦ ᠬᠡᠷᠡᠭᠲᠡᠢ ︔

      ︵ᠲᠠᠪᠤ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠤᠨ ᠳᠠᠩᠰᠠᠯᠠᠯᠲᠠ ᠲᠡᠮᠳᠡᠭᠯᠡᠯ ᠂ ᠪᠦᠷᠢᠳᠬᠡᠯ ᠪᠠ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ ᠪᠦᠷᠢᠨᠰᠢᠭᠦᠯᠬᠦ ᠶᠢᠨ ᠬᠠᠮᠲᠤ ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠮᠢᠶ᠎ᠠ ᠪᠦᠬᠦᠢ ᠮᠡᠳᠡᠭᠡ ᠵᠠᠩᠭᠢ ᠪᠠᠨ ᠮᠡᠳᠡᠭᠦᠯᠬᠦ ᠬᠡᠷᠡᠭᠲᠡᠢ ︔

      ︵ᠵᠢᠷᠭᠤᠭ᠎ᠠ︶ ᠬᠠᠤᠯᠢ ᠬᠡᠷᠡᠭᠵᠢᠭᠦᠯᠦᠭᠴᠢ ᠶᠢᠨ ᠬᠢᠨᠠᠨ ᠪᠠᠶᠢᠴᠠᠭᠠᠯᠲᠠ ᠶᠢ ᠬᠦᠯᠢᠶᠡᠵᠦ ᠂ ᠲᠣᠭᠤᠷᠢᠨ ᠪᠠᠶᠢᠴᠠᠭᠠᠬᠤ ᠪᠠ ᠬᠤᠸᠠᠷᠠᠩᠨᠠᠬᠤ ᠬᠥᠮᠥᠰ ᠲᠤ ᠴᠢᠬᠤᠯᠠ ᠪᠦᠬᠦᠢ ᠲᠥᠬᠦᠮ ᠨᠥᠬᠦᠴᠡᠯ ᠬᠠᠩᠭᠠᠵᠤ ᠂ ᠬᠤᠯᠪᠣᠭᠳᠠᠯ ᠪᠦᠬᠦᠢ ᠪᠠᠶᠢᠳᠠᠯ ᠪᠠ ᠮᠠᠲ᠋ᠧᠷᠢᠶᠠᠯ ᠢ ᠦᠨᠡᠨ ᠪᠣᠳᠠᠲᠠᠢ ᠪᠠᠷ ᠬᠠᠩᠭᠠᠬᠤ ᠬᠡᠷᠡᠭᠲᠡᠢ ᠃

      ᠠᠷᠪᠠᠨ ᠵᠢᠷᠭᠤᠳᠤᠭᠠᠷ ᠵᠦᠢᠯ  ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠳᠤ ᠳᠣᠣᠷᠠᠬᠢ ᠦᠢᠯᠡ ᠠᠵᠢᠯᠯᠠᠭ᠎ᠠ ᠪᠠᠶᠢᠵᠤ ᠪᠣᠯᠬᠤ ᠦᠭᠡᠢ ᠄

      ︵ᠨᠢᠭᠡ︶ ᠲᠡᠷᠭᠡ ᠵᠠᠮᠨᠠᠭᠤᠯᠬᠤ ᠦᠨᠡᠮᠯᠡᠯ ᠂ ᠵᠠᠮ ᠲᠡᠭᠡᠭᠡᠪᠦᠷᠢ ᠶᠢᠨ ᠦᠨᠡᠮᠯᠡᠯ ᠦᠭᠡᠢ ᠪᠤᠶᠤ ᠪᠤᠰᠤᠳ ᠳᠠᠩᠰᠠᠯᠠᠭᠤᠯᠤᠨ ᠪᠦᠷᠢᠳᠬᠡᠭᠦᠯᠦᠭᠡᠳᠦᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠠᠭ᠎ᠠ ᠠᠴᠢᠶᠠᠯᠠᠬᠤ ᠂ ᠲᠡᠭᠡᠭᠡᠪᠦᠷᠢ  ᠲᠣᠬᠢᠷᠠᠭᠤᠯᠤᠭᠰᠠᠨ ︔

      ︵ᠬᠤᠶᠠᠷ︶ ᠵᠠᠮ ᠲᠡᠭᠡᠭᠡᠪᠦᠷᠢ ᠶᠢᠨ ᠠᠵᠢᠯ ᠡᠷᠬᠢᠯᠡᠬᠦ ᠬᠢᠷᠢ ᠬᠡᠮ ᠣᠯᠣᠭᠠᠳᠤᠢ ᠵᠢᠯᠣᠭᠤᠴᠢ ᠶᠢᠨ ᠵᠢᠯᠣᠭᠤᠳᠤᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠠᠭ᠎ᠠ ᠠᠴᠢᠶᠠᠯᠠᠬᠤ ᠂ ᠲᠡᠭᠡᠭᠡᠪᠦᠷᠢ ᠲᠣᠬᠢᠷᠠᠭᠤᠯᠤᠭᠰᠠᠨ ︔

      ︵ᠭᠤᠷᠪᠠ︶ ᠨᠡᠶᠢᠯᠡᠭᠦᠯᠵᠦ ᠤᠭᠰᠠᠷᠠᠭᠰᠠᠨ ᠂ ᠭᠠᠳᠠᠷ ᠬᠡᠯᠪᠡᠷᠢ ᠪᠠ ᠨᠢᠭᠡᠨᠲᠡ ᠳᠠᠩᠰᠠᠯᠠᠨ ᠲᠡᠮᠳᠡᠭᠯᠡᠭᠦᠯᠦᠭᠰᠡᠨ ᠬᠤᠯᠪᠣᠭᠳᠠᠯ ᠪᠦᠬᠦᠢ ᠮᠡᠷᠭᠡᠵᠢᠯ ᠤᠨ ᠲᠤᠭ᠎ᠠ ᠪᠠᠷᠢᠮᠲᠠ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠠᠭ᠎ᠠ ᠠᠴᠢᠶᠠᠯᠠᠬᠤ ᠂ ᠲᠡᠭᠡᠭᠡᠪᠦᠷᠢ ᠲᠣᠬᠢᠷᠠᠭᠤᠯᠤᠭᠰᠠᠨ ︔

      ︵ ᠳᠥᠷᠪᠡ︶ ᠪᠠᠷᠢᠮᠵᠢᠶ᠎ᠠ ᠠᠴᠠ ᠬᠡᠲᠦᠷᠡᠲᠡᠯ᠎ᠡ ᠪᠠᠷᠠᠭ᠎ᠠ ᠠᠴᠢᠶᠠᠯᠠᠬᠤ ᠂ ᠲᠡᠭᠡᠭᠡᠪᠦᠷᠢ ᠲᠣᠬᠢᠷᠠᠭᠤᠯᠤᠭᠰᠠᠨ ︔

      ︵ᠲᠠᠪᠤ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠳᠤᠷ᠎ᠠ ᠪᠠᠷ ᠢᠶᠠᠨ ᠲᠠᠯᠪᠢᠵᠤ  ᠶᠠᠪᠤᠭᠤᠯᠤᠭᠰᠠᠨ ︔

      ︵ᠵᠢᠷᠭᠤᠭ᠎ᠠ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠠᠭ᠎ᠠ ᠠᠴᠢᠶᠠᠯᠠᠬᠤ ᠂ ᠲᠡᠭᠡᠭᠡᠪᠦᠷᠢ ᠲᠣᠬᠢᠷᠠᠭᠤᠯᠬᠤ ᠪᠠᠷ ᠬᠤᠳᠠᠯ ᠬᠠᠭᠤᠷᠮᠠᠭ ᠭᠡᠷᠡᠴᠢ ᠬᠠᠩᠭᠠᠭᠰᠠᠨ ᠃

      ᠠᠷᠪᠠᠨ ᠳᠣᠯᠣᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠸᠠᠷᠠᠩᠨᠠᠬᠤ ᠪᠤᠶᠤ ᠲᠣᠭᠤᠷᠢᠨ ᠪᠠᠶᠢᠴᠠᠭᠠᠬᠤ ᠵᠡᠷᠭᠡ ᠠᠷᠭ᠎ᠠ ᠪᠠᠷ ᠳᠠᠮᠵᠢᠭᠤᠯᠤᠨ ᠂ ᠭᠤᠣᠯᠳᠠᠯᠭ᠎ᠠ ᠪᠣᠯᠬᠤ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠳᠤ ᠬᠢᠨᠠᠯᠲᠠ ᠬᠠᠮᠢᠶᠠᠷᠤᠯᠲᠠ ᠬᠡᠷᠡᠭᠵᠢᠭᠦᠯᠬᠦ ᠬᠡᠷᠡᠭᠲᠡᠢ ᠃

      ᠠᠷᠪᠠᠨ ᠨᠠᠢᠮᠠᠳᠤᠭᠠᠷ ᠵᠦᠢᠯ  ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠲᠣᠰ ᠠᠵᠢᠯ ᠲᠦᠷᠦᠯ ᠤᠨ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠶᠢᠨ ᠪᠠᠷᠠᠭ᠎ᠠ ᠠᠴᠢᠶᠠᠯᠠᠭᠰᠠᠨ ᠂ ᠲᠡᠭᠡᠭᠡᠪᠦᠷᠢ ᠲᠣᠬᠢᠷᠠᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠢ ᠃ ᠬᠢᠨᠠᠯᠲᠠ ᠲᠠᠯᠪᠢᠵᠤ ᠪᠠᠶᠢᠴᠠᠭᠠᠬᠤ ᠳᠤ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠣᠯᠵᠤ ᠮᠡᠳᠡᠪᠡᠯ ᠂ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠶᠢ ᠴᠡᠭᠴᠡᠯᠡᠨ ᠵᠠᠰᠠᠬᠤ ᠪᠠᠷ ᠱᠠᠭᠠᠷᠳᠠᠬᠤ ᠬᠡᠷᠡᠭᠲᠡᠢ ︔ ᠲᠣᠰ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠤ ᠬᠠᠷᠢᠶᠠᠯᠠᠭᠳᠠᠬᠤ ᠦᠭᠡᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ ᠃

      ᠠᠷᠪᠠ ᠶᠢᠰᠦᠳᠦᠭᠡᠷ ᠵᠦᠢᠯ  ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠤᠨ ᠰᠠᠯᠠᠭ᠎ᠠ ᠮᠥᠴᠢᠷ ᠂ ᠳᠠᠩᠰᠠᠯᠠᠨ ᠲᠡᠮᠳᠡᠭᠯᠡᠬᠦ ᠰᠠᠯᠠᠭ᠎ᠠ ᠮᠥᠴᠢᠷ ᠵᠡᠷᠭᠡ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠵᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠢ ᠰᠠᠶᠢᠲᠤᠷ ᠬᠢᠵᠦ ᠂ ᠲᠡᠭᠦᠨ ᠤ ᠰᠢᠯᠵᠢᠭᠦᠯᠦᠨ ᠬᠦᠷᠭᠡᠭᠰᠡᠨ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠃

      ᠬᠤᠷᠢᠳᠤᠭᠠᠷ ᠵᠦᠢᠯ  ᠪᠠᠷᠠᠭ᠎ᠠ ᠲᠡᠭᠡᠭᠡᠪᠦᠷᠢ ᠶᠢᠨ ᠡᠵᠡᠩᠨᠡᠭᠴᠢ ᠳᠣᠣᠷ᠎ᠠ ᠵᠢᠭᠰᠠᠭᠠᠭᠰᠠᠨ ᠲᠣᠭᠲᠠᠭᠠᠯ ᠤᠳ ᠢ ᠵᠢᠷᠤᠮᠯᠠᠬᠤ ᠬᠡᠷᠡᠭᠲᠡᠢ ᠄

      ︵ᠨᠢᠭᠡ︶ ᠬᠠᠷᠢᠶ᠎ᠠ ᠪᠦᠬᠦᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠳᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠬᠢᠵᠦ ᠂ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠲᠡᠷᠭᠡ ᠬᠠᠩᠭᠠᠵᠤ ᠲᠡᠭᠡᠭᠡᠪᠦᠷᠢ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠦᠨ᠎ᠡ ︔

      ︵ᠬᠤᠶᠠᠷ︶ ᠤᠯᠤᠰ ᠤᠨ ᠪᠠᠷᠢᠮᠵᠢᠶ᠎ᠠ ᠪᠤᠶᠤ ᠠᠵᠢᠯ ᠲᠦᠷᠦᠯ ᠤᠨ ᠪᠠᠷᠢᠮᠵᠢᠶ᠎ᠠ ᠳᠤ ᠲᠣᠭᠲᠠᠭᠠᠭᠰᠠᠨ ᠲᠡᠷᠭᠡ ᠬᠥᠰᠬᠡ ᠶᠢᠨ ᠳᠠᠭᠠᠭᠠᠵᠤ ᠳᠡᠶᠢᠯᠬᠦ ᠬᠢᠵᠠᠭᠠᠷ ᠬᠡᠮᠵᠢᠭᠳᠡᠯ ᠢᠶᠠᠷ ᠪᠠᠷᠠᠭ᠎ᠠ ᠠᠴᠢᠶᠠᠯᠠᠵᠤ ᠂ ᠲᠡᠭᠡᠭᠡᠪᠦᠷᠢ  ᠲᠣᠬᠢᠷᠠᠭᠤᠯᠤᠨ᠎ᠠ ︔

      ︵ᠭᠤᠷᠪᠠ︶ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠣᠯᠣᠭᠠᠳᠤᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠶᠢ ᠤᠷᠢᠨ ᠬᠡᠷᠡᠭᠯᠡᠵᠦ ᠪᠣᠯᠬᠤ ᠦᠭᠡᠢ ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠶᠢ ᠵᠢᠭᠠᠨ ᠳᠣᠬᠢᠵᠤ ᠂ ᠠᠯᠪᠠᠳᠠᠵᠤ ᠪᠠᠶᠢᠭᠠᠳ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠪᠠᠷᠠᠭ᠎ᠠ ᠠᠴᠢᠶᠠᠯᠠᠵᠤ ᠲᠡᠭᠡᠭᠡᠪᠦᠷᠢᠯᠡᠭᠦᠯᠵᠦ ᠪᠣᠯᠬᠤ ᠦᠭᠡᠢ ︔

      ︵ᠳᠥᠷᠪᠡ︶ ᠪᠠᠷᠠᠭ᠎ᠠ ᠠᠴᠢᠶᠠᠯᠠᠭᠰᠠᠨ ᠡᠬᠢ ᠡᠭᠦᠰᠦᠯ ᠤᠨ ᠨᠢᠭᠡᠴᠢ ᠠᠶᠤᠯ ᠦᠭᠡᠢ ᠦᠢᠯᠡᠳᠪᠦᠷᠢᠯᠡᠯ ᠤᠨ ᠡᠭᠦᠷᠭᠡ ᠪᠠᠨ ᠭᠦᠢᠴᠡᠳᠬᠡᠬᠦ ᠦᠭᠡᠢ ᠪᠤᠶᠤ ᠠᠮᠤᠷ ᠲᠦᠪᠰᠢᠨ ᠤ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠳᠡᠬᠦ ᠬᠡᠷᠡᠭᠲᠡᠢ ︔

      ︵ ᠲᠠᠪᠤ︶ ᠬᠠᠤᠯᠢ ᠴᠠᠭᠠᠵᠠ ᠂ ᠬᠠᠤᠯᠢ ᠲᠣᠭᠲᠠᠭᠠᠯ ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠡᠭᠦᠷᠭᠡ ᠤᠳ ᠃

      ᠭᠤᠷᠪᠠᠳᠤᠭᠠᠷ ᠪᠦᠯᠦᠭ  ᠵᠠᠮ ᠳᠡᠭᠡᠷᠡᠬᠢ ᠶᠢ ᠵᠠᠰᠠᠬᠤ

      ᠬᠤᠷᠢᠨ ᠨᠢᠭᠡᠳᠦᠭᠡᠷ ᠵᠦᠢᠯ  ᠬᠠᠤᠯᠢ ᠠᠴᠠ ᠵᠥᠷᠢᠴᠡᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠵᠠᠮ ᠳᠤ ᠭᠠᠷᠬᠤ ᠶᠢ ᠴᠠᠭᠠᠵᠠᠯᠠᠨ᠎ᠠ ᠃

      ᠵᠠᠳᠠᠷᠠᠵᠤ ᠪᠣᠯᠣᠰᠢ ᠦᠭᠡᠢ ᠪᠣᠳᠠᠰ ᠢ ᠲᠡᠭᠡᠭᠡᠪᠦᠷᠢᠯᠡᠭᠰᠡᠨ ᠪᠥᠭᠡᠳ ᠤᠯᠤᠰ ᠤᠨ ᠵᠠᠰᠠᠮᠠᠯ ᠵᠡᠮ ᠤᠨ ᠲᠡᠷᠭᠡ ᠬᠥᠰᠬᠡ ᠶᠢᠨ ᠨᠡᠪᠲᠡᠷᠡᠬᠦ ᠬᠢᠵᠠᠭᠠᠷ ᠬᠡᠮᠵᠢᠭᠳᠡᠯ ᠠᠴᠠ ᠬᠡᠲᠦᠷᠡᠭᠦᠯᠲᠡᠯ᠎ᠡ ᠠᠴᠢᠶᠠᠯᠠᠭᠰᠠᠨ ᠲᠡᠭᠡᠭᠡᠪᠦᠷᠢ ᠶᠢᠨ ᠲᠡᠷᠭᠡ ᠬᠥᠰᠬᠡ ᠨᠢ ᠵᠠᠰᠠᠮᠠᠯ ᠵᠡᠮ ᠤᠨ ᠬᠡᠮᠵᠢᠶ᠎ᠡ ᠠᠴᠠ ᠬᠡᠲᠦᠷᠡᠭᠦᠯᠦᠨ ᠲᠡᠭᠡᠭᠡᠪᠦᠷᠢᠯᠡᠬᠦ ᠵᠥᠪᠰᠢᠶᠡᠷᠡᠯ ᠢ ᠬᠠᠤᠯᠢ ᠶᠣᠰᠣᠭᠠᠷ ᠭᠦᠢᠴᠡᠳᠬᠡᠵᠦ ᠂ ᠵᠢᠭᠠᠨ ᠲᠣᠭᠲᠠᠭᠠᠭᠰᠠᠨ ᠴᠠᠭ ᠂ ᠵᠠᠮ ᠱᠤᠭᠤᠮ ᠂ ᠬᠤᠷᠳᠤᠴᠠ ᠪᠠᠷ ᠶᠠᠪᠤᠬᠤ ᠶᠢᠨ ᠬᠠᠮᠲᠤ ᠂ ᠢᠯᠡᠷᠬᠡᠢ ᠲᠡᠮᠳᠡᠭ ᠡᠯᠭᠦᠬᠦ ᠬᠡᠷᠡᠭᠲᠡᠢ ᠃

      ᠬᠤᠷᠢᠨ ᠬᠤᠶᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠬᠤ ᠳᠤ ᠪᠠᠨ ᠂ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠦᠷᠲᠡᠭᠡ ᠠᠴᠠ ᠪᠠᠶᠢᠴᠠᠭᠠᠨ ᠰᠢᠨᠵᠢᠬᠦ ᠂ ᠰᠢᠯᠵᠢᠯᠲᠡ ᠲᠠᠢ ᠪᠠᠷ ᠪᠠᠶᠢᠴᠠᠭᠠᠨ ᠰᠢᠨᠵᠢᠬᠦ ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠪᠠᠷ ᠪᠠᠶᠢᠴᠠᠭᠠᠨ ᠰᠢᠨᠵᠢᠬᠦ ᠵᠡᠷᠭᠡ ᠠᠷᠭ᠎ᠠ ᠶᠢ ᠠᠪᠴᠤ ᠪᠣᠯᠣᠨ᠎ᠠ ᠃

      ᠬᠤᠷᠢᠨ ᠭᠤᠷᠪᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠨᠢᠭᠡᠳᠦᠯᠲᠡᠢ ᠲᠥᠯᠥᠪᠵᠢᠭᠦᠯᠬᠦ ᠂ ᠵᠦᠢ ᠵᠣᠬᠢᠰᠲᠠᠢ ᠪᠠᠶᠢᠷᠢᠰᠢᠭᠤᠯᠬᠤ ᠂ ᠶᠡᠷᠦᠩᠬᠡᠢ ᠬᠡᠮᠵᠢᠶ᠎ᠡ ᠶᠢ ᠨᠢ ᠬᠢᠵᠠᠭᠠᠷᠯᠠᠬᠤ ᠂ ᠴᠠᠭ ᠲᠤᠬᠠᠢ ᠳᠤ ᠨᠢ ᠲᠣᠬᠢᠷᠠᠭᠤᠯᠤᠯᠲᠠ ᠬᠢᠬᠦ ᠵᠠᠷᠴᠢᠮ ᠶᠣᠰᠣᠭᠠᠷ ᠂ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠦᠷᠳᠡᠭᠡ ᠴᠡᠭ ᠲᠣᠬᠢᠷᠠᠭᠤᠯᠤᠨ ᠪᠠᠶᠢᠷᠢᠯᠠᠭᠤᠯᠬᠤ ᠲᠥᠰᠥᠯ ᠳᠤᠷᠠᠳᠬᠤ ᠶᠢᠨ ᠬᠠᠮᠲᠤ ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠠᠨᠠᠯ ᠬᠤᠷᠢᠶᠠᠵᠤ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠲᠠᠷᠠᠭ᠎ᠠ ᠬᠡᠷᠡᠭᠵᠢᠭᠦᠯᠬᠦ ᠬᠡᠷᠡᠭᠲᠡᠢ ᠃

      ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ ᠂ ᠥᠭᠡᠷᠡᠴᠢᠯᠡᠨ ᠪᠠᠶᠢᠭᠤᠯᠬᠤ ᠂ ᠥᠷᠭᠡᠳᠬᠡᠨ ᠪᠠᠶᠢᠭᠤᠯᠬᠤ ᠳᠤ ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠥᠷᠳᠡᠭᠡ ᠴᠡᠭ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠣᠰᠣᠭᠠᠷ ᠂ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠥᠷᠳᠡᠭᠡ ᠴᠡᠭ ᠂ ᠲᠡᠷᠭᠡ ᠬᠥᠰᠬᠡ ᠶᠢ ᠪᠠᠶᠢᠴᠠᠭᠠᠨ ᠰᠢᠨᠵᠢᠬᠦ ᠂ ᠲᠡᠷᠭᠡ ᠬᠥᠰᠬᠡ ᠶᠢᠨ ᠬᠦᠨᠳᠦ ᠶᠢ ᠵᠢᠩᠯᠡᠬᠦ ᠵᠡᠷᠭᠡ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠶᠢ ᠵᠠᠰᠠᠮᠠᠯ ᠵᠠᠮ ᠤᠨ ᠳᠠᠭᠠᠯᠲᠠ ᠪᠡᠯᠡᠳᠬᠡᠮᠵᠢ ᠪᠠᠷ ᠬᠠᠮᠲᠤ ᠳᠤ ᠨᠢ ᠪᠠᠷᠢᠯᠭ᠎ᠠ ᠶᠢᠨ ᠲᠥᠰᠥᠪ ᠲᠤ ᠣᠷᠣᠭᠤᠯᠵᠤ ᠂ ᠵᠠᠰᠠᠮᠠᠯ ᠵᠠᠮ ᠤᠨ ᠭᠤᠣᠯ ᠴᠣᠭᠴᠠ ᠶᠢᠨ ᠪᠠᠷᠢᠯᠭ᠎ᠠ ᠯᠤᠭ᠎ᠠ ᠵᠡᠷᠭᠡ ᠳᠤ ᠨᠢ ᠵᠢᠷᠤᠭᠯᠠᠨ ᠲᠥᠯᠥᠪᠯᠡᠵᠦ ᠂ ᠵᠡᠷᠭᠡ ᠳᠤ ᠨᠢ ᠪᠦᠲᠦᠭᠡᠨ ᠪᠠᠶᠢᠭᠤᠯᠵᠤ ᠂ ᠵᠡᠷᠭᠡ ᠳᠤ ᠨᠢ ᠰᠢᠯᠭᠠᠨ ᠠᠪᠴᠤ ᠠᠵᠢᠯᠯᠠᠭᠤᠯᠬᠤ ᠬᠡᠷᠡᠭᠲᠡᠢ ᠃

      ᠬᠤᠷᠢᠨ ᠳᠥᠷᠪᠡᠳᠦᠭᠡᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠲᠦᠷᠭᠡᠨ ᠤ ᠵᠠᠮ ᠤᠨ ᠣᠷᠤᠴᠠ ᠭᠠᠷᠴᠠ ᠂ ᠲᠡᠷᠭᠡᠨ ᠤ ᠵᠣᠭᠰᠣᠭᠠᠯ ᠂ ᠦᠢᠯᠡᠴᠢᠯᠡᠭᠡᠨ ᠤ ᠲᠣᠭᠤᠷᠢᠭ ᠵᠢᠴᠢ ᠡᠩ ᠤᠨ ᠵᠠᠰᠠᠮᠠᠯ ᠵᠠᠮ ᠤᠨ ᠰᠦᠢᠳᠬᠡᠯ ᠬᠤᠷᠢᠶᠠᠬᠤ ᠦᠷᠳᠡᠭᠡ ᠵᠡᠷᠭᠡ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠦᠢᠯᠡ ᠠᠵᠢᠯᠯᠠᠭ᠎ᠠ ᠤᠯᠠᠨ ᠡᠭᠦᠰᠳᠡᠭ ᠵᠠᠮ ᠤᠨ ᠬᠡᠰᠡᠭ ᠂ ᠵᠠᠩᠭᠢᠯᠠᠭ᠎ᠠ ᠴᠡᠭ ᠲᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠥᠷᠳᠡᠭᠡ ᠠᠴᠠ ᠵᠠᠶᠢᠯᠠᠵᠤ ᠲᠣᠭᠤᠷᠢᠵᠤ ᠶᠠᠪᠤᠬᠤ ᠂ ᠣᠶᠢᠷ᠎ᠠ ᠵᠠᠮ ᠳᠤ ᠳᠠᠮᠵᠢᠭᠤᠯᠤᠨ ᠲᠡᠭᠡᠭᠡᠬᠦ ᠵᠡᠷᠭᠡ ᠦᠢᠯᠡ ᠠᠵᠢᠯᠯᠠᠭ᠎ᠠ ᠶᠢ ᠪᠠᠶᠢᠴᠠᠭᠠᠨ ᠰᠢᠨᠵᠢᠵᠦ ᠪᠣᠯᠣᠨ᠎ᠠ ᠃  ᠰᠢᠯᠵᠢᠯᠲᠡ ᠲᠠᠢ ᠪᠠᠷ ᠪᠠᠶᠢᠴᠠᠭᠠᠨ ᠰᠢᠨᠵᠢᠭᠰᠡᠨ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠪᠣᠯ ᠣᠶᠢᠷ᠎ᠠ ᠬᠠᠪᠢ ᠶᠢᠨ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠥᠷᠲᠡᠭᠡ ᠴᠡᠭ ᠪᠤᠶᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠪᠥᠭᠡᠳ ᠨᠡᠶᠢᠲᠡᠯᠡᠭᠰᠡᠨ ᠬᠠᠤᠯᠢ ᠬᠡᠷᠡᠭᠵᠢᠭᠦᠯᠬᠦ ᠥᠷᠲᠡᠭᠡ ᠭᠠᠵᠠᠷ ᠂ ᠲᠡᠷᠭᠡᠨ ᠤ ᠵᠣᠭᠰᠣᠭᠠᠯ ᠂ ᠪᠠᠷᠠᠭ᠎ᠠ ᠪᠠᠭᠤᠯᠭᠠᠬᠤ ᠲᠠᠯᠠᠪᠠᠶ ᠵᠡᠷᠭᠡ ᠲᠡᠷᠭᠡ ᠵᠣᠭᠰᠤᠭᠠᠬᠤ ᠵᠢᠴᠢ ᠪᠠᠷᠠᠭ᠎ᠠ ᠪᠠᠭᠤᠯᠭᠠᠬᠤ ᠨᠥᠬᠦᠴᠡᠯ ᠲᠠᠢ ᠭᠠᠵᠠᠷ ᠪᠤᠶᠤ ᠲᠠᠯᠠᠪᠤᠷ ᠲᠤ ᠳᠠᠭᠠᠭᠤᠯᠤᠨ ᠬᠦᠷᠭᠡᠵᠦ  ᠰᠢᠢᠳᠪᠦᠷᠢᠯᠡᠨ᠎ᠡ ᠃

      ᠲᠦᠷᠭᠡᠨ ᠤ ᠵᠠᠮ ᠤᠨ ᠡᠵᠡᠩᠨᠡᠯᠲᠡ ᠶᠢᠨ ᠨᠢᠭᠡᠴᠢ ᠨᠢ ᠬᠠᠷᠢᠶᠠᠨ ᠳᠠᠬᠢ ᠲᠦᠷᠭᠡᠨ ᠤ ᠵᠠᠮ ᠤᠨ ᠣᠷᠤᠴᠠ ᠭᠠᠷᠴᠠ ᠳᠠᠬᠢ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠠᠴᠠ ᠴᠤᠭᠯᠠᠭᠤᠯᠤᠭᠰᠠᠨ ᠬᠠᠤᠯᠢ ᠠᠴᠠ ᠵᠥᠷᠢᠴᠡᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠲᠡᠷᠭᠡ ᠬᠥᠰᠬᠡ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠮᠡᠳᠡᠭᠡ ᠵᠠᠩᠭᠢ ᠶᠢᠨ ᠲᠠᠪᠴᠠᠩ ᠳᠤ ᠴᠠᠭ ᠲᠤᠬᠠᠢ ᠳᠤ ᠨᠢ ᠳᠠᠮᠵᠢᠭᠤᠯᠤᠨ ᠬᠦᠷᠭᠡᠬᠦ ᠬᠡᠷᠡᠭᠲᠡᠢ ᠃

      ᠬᠤᠷᠢᠨ ᠲᠠᠪᠤᠳᠤᠭᠠᠷ ᠵᠦᠢᠯ  ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠦᠷᠲᠡᠭᠡ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠮᠲᠤᠷᠠᠨ ᠬᠠᠤᠯᠢ

ᠬᠡᠷᠡᠭᠵᠢᠭᠦᠯᠦᠨ᠎ᠡ ᠃

      ᠬᠤᠷᠢᠨ ᠵᠢᠷᠭᠤᠳᠤᠭᠠᠷ ᠵᠦᠢᠯ  ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠥᠷᠲᠡᠭᠡ ᠳᠤ ᠥᠷᠲᠡᠭᠡᠨ ᠳᠤ ᠣᠷᠣᠬᠤ ᠠᠴᠠ ᠡᠮᠦᠨ᠎ᠡ ᠤᠷᠤᠰᠬᠠᠯ ᠢ ᠵᠠᠯᠠᠬᠤ ᠂ ᠠᠮᠤᠷ ᠲᠦᠪᠰᠢᠨ ᠤ ᠲᠥᠬᠦᠭᠡᠷᠦᠮᠵᠢ ᠲᠣᠬᠢᠷᠠᠭᠤᠯᠵᠤ ᠂ ᠴᠢᠬᠤᠯᠠ ᠪᠦᠬᠦᠢ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠪᠠ ᠪᠠᠶᠢᠴᠠᠭᠠᠨ ᠰᠢᠨᠵᠢᠬᠦ ᠂ ᠠᠴᠢᠶᠠᠯᠠᠵᠤ ᠪᠠᠭᠤᠯᠭᠠᠬᠤ ᠂ ᠴᠢᠮᠡᠭᠡ ᠨᠡᠪᠲᠡᠷᠡᠯᠭᠡ ᠶᠢᠨ ᠲᠥᠬᠦᠭᠡᠷᠦᠮᠵᠢ ᠲᠠᠭᠠᠷᠠᠭᠤᠯᠵᠣ ᠂ ᠥᠷᠲᠡᠭᠡᠨ ᠳᠠᠬᠢ ᠢᠯᠡᠷᠬᠡᠢ ᠪᠠᠶᠢᠷᠢᠨ ᠳᠤ ᠵᠥᠪᠰᠢᠶᠡᠷᠡᠭᠰᠡᠨ ᠪᠠᠶᠢᠭᠤᠯᠭ᠎ᠠ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠴᠤᠪᠤᠷᠠᠯ ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠪᠠᠷᠢᠮᠵᠢᠶ᠎ᠠ ᠵᠡᠷᠭᠡ ᠮᠡᠳᠡᠭᠡ ᠵᠠᠩᠭᠢ ᠶᠢ ᠢᠯᠡ ᠨᠡᠶᠢᠲᠡᠯᠡᠨ᠎ᠡ ᠃

      ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠦᠷᠲᠡᠭᠡ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠤᠷᠤᠰᠬᠠᠯ ᠤᠨ ᠬᠡᠮᠵᠢᠶ᠎ᠡ ᠶᠢ ᠦᠨᠳᠦᠰᠦᠯᠡᠨ ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠪᠠᠶᠢᠴᠠᠭᠠᠨ ᠰᠢᠨᠵᠢᠬᠦ ᠨᠡᠪᠳᠡᠷᠡᠯ ᠵᠠᠮ ᠂ ᠲᠡᠷᠭᠡ ᠬᠥᠰᠬᠡ ᠶᠢ ᠵᠠᠮᠴᠢᠯᠠᠨ ᠳᠠᠭᠠᠭᠤᠯᠬᠤ ᠵᠠᠮ ᠢᠶᠠᠨ ᠵᠦᠢ ᠵᠣᠬᠢᠰᠲᠠᠢ ᠪᠠᠶᠢᠷᠢᠯᠠᠭᠤᠯᠬᠤ ᠪᠠ ᠵᠣᠬᠢᠬᠤ ᠬᠡᠪᠴᠢᠶᠡᠨ ᠤ ᠲᠡᠷᠭᠡᠨ ᠤ ᠵᠣᠭᠰᠣᠭᠠᠯ ᠂ ᠪᠠᠷᠠᠭ᠎ᠠ ᠪᠠᠭᠤᠯᠭᠠᠬᠤ ᠭᠠᠵᠠᠷ ᠢ ᠲᠣᠬᠢᠷᠠᠭᠤᠯᠤᠨ ᠪᠠᠶᠢᠭᠤᠯᠬᠤ ᠬᠡᠷᠡᠭᠲᠡᠢ ᠂ ᠲᠡᠷᠭᠡ ᠬᠥᠰᠬᠡ ᠶᠢ ᠪᠠᠶᠢᠴᠠᠭᠠᠨ ᠰᠢᠨᠵᠢᠬᠦ ᠠᠴᠠ ᠪᠣᠯᠵᠤ  ᠪᠤᠰᠤᠳ ᠲᠡᠷᠭᠡ ᠬᠥᠰᠬᠡ ᠶᠢᠨ ᠬᠡᠪ ᠢᠶᠠᠷ ᠨᠡᠪᠲᠡᠷᠡᠬᠦ ᠪᠠ ᠵᠠᠮ ᠬᠠᠷᠢᠯᠴᠠᠭᠠᠨ ᠤ ᠠᠮᠤᠷ ᠲᠦᠪᠰᠢᠨ ᠢ ᠨᠥᠯᠥᠭᠡᠯᠡᠵᠦ ᠪᠣᠯᠬᠤ ᠦᠭᠡᠢ ᠃

      ᠬᠤᠷᠢᠨ ᠳᠣᠯᠣᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠬᠠᠢ ᠶᠢᠨ ᠲᠠᠯᠠᠪᠠᠢ ᠳᠤ ᠪᠠᠶᠢᠴᠠᠭᠠᠨ ᠰᠢᠨᠵᠢᠵᠦ ᠮᠠᠭᠠᠳᠯᠠᠨ ᠲᠣᠭᠲᠠᠭᠠᠭᠰᠠᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠳᠣᠣᠷᠠᠬᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ ᠄

      ︵ᠨᠢᠭᠡ︶ ᠰᠠᠯᠭᠠᠨ ᠠᠴᠢᠶᠠᠯᠠᠵᠤ ᠪᠣᠯᠬᠤ ᠪᠠᠷᠠᠭ᠎ᠠ ᠶᠢ ᠲᠡᠭᠡᠭᠡᠪᠦᠷᠢᠯᠡᠭᠰᠡᠨ ᠮᠥᠷᠲᠡᠭᠡᠨ ᠲᠤᠬᠠᠢ ᠶᠢᠨ ᠲᠠᠯᠠᠪᠤᠷ ᠲᠤ ᠨᠢ ᠪᠠᠷᠠᠭ᠎ᠠ ᠪᠠᠭᠤᠯᠭᠠᠬᠤ ᠨᠥᠬᠦᠴᠡᠯ ᠢ ᠪᠦᠷᠢᠯᠳᠦᠭᠦᠯᠦᠭᠰᠡᠨ ᠪᠣᠯ ᠂ ᠲᠤᠬᠠᠢ ᠶᠢᠨ ᠬᠥᠮᠥᠨ ᠢ ᠵᠠᠷᠯᠢᠭᠳᠠᠵᠤ ᠪᠠᠶᠢᠭᠠᠳ ᠥᠪᠡᠷ ᠢᠶᠠᠨ ᠪᠠᠷᠠᠭ᠎ᠠ ᠪᠠᠨ ᠪᠠᠭᠤᠯᠭᠠᠬᠤ ᠂ ᠰᠠᠯᠭᠠᠨ ᠠᠴᠢᠶᠠᠯᠠᠬᠤ ᠵᠡᠷᠭᠡ ᠵᠠᠯᠠᠷᠠᠭᠤᠯᠬᠤ ᠠᠷᠭ᠎ᠠ ᠬᠡᠮᠵᠢᠶ᠎ᠡ ᠪᠠᠷ ᠬᠠᠤᠯᠢ ᠠᠴᠠ ᠵᠥᠷᠢᠴᠡᠭᠰᠡᠨ ᠪᠠᠶᠢᠳᠠᠯ ᠢ ᠠᠷᠢᠯᠭᠠᠬᠤ ᠬᠡᠷᠡᠭᠲᠡᠢ ᠃ ᠪᠠᠷᠠᠭ᠎ᠠ ᠪᠠᠨ ᠪᠠᠭᠤᠯᠭᠠᠭᠰᠠᠨ ᠂ ᠰᠠᠯᠭᠠᠨ ᠲᠡᠭᠡᠭᠡᠪᠦᠷᠢᠯᠡᠭᠰᠡᠨ ᠤ ᠳᠠᠷᠠᠭ᠎ᠠ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠲᠠᠬᠢᠨ ᠪᠠᠶᠢᠴᠠᠭᠠᠵᠤ ᠂ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠭᠰᠡᠨ ᠤ ᠲᠠᠷᠠᠭ᠎ᠠ ᠵᠠᠮ ᠳᠤ ᠭᠠᠷᠭᠠᠨ ᠶᠠᠪᠤᠭᠤᠯᠵᠤ ᠪᠣᠯᠣᠨ᠎ᠠ ︔

      ︵ᠬᠤᠶᠠᠷ︶ ᠰᠠᠯᠭᠠᠨ ᠠᠴᠢᠶᠠᠯᠠᠵᠤ ᠪᠣᠯᠬᠤ ᠪᠠᠷᠠᠭ᠎ᠠ ᠲᠡᠭᠡᠭᠡᠪᠦᠷᠢᠯᠡᠭᠰᠡᠨ ᠪᠣᠯᠪᠠᠴᠤ ᠲᠤᠬᠠᠢ ᠶᠢᠨ ᠲᠠᠯᠠᠪᠠᠢ ᠳᠤ ᠨᠢ ᠪᠠᠷᠠᠭ᠎ᠠ ᠪᠠᠭᠤᠯᠭᠠᠬᠤ ᠨᠥᠬᠦᠴᠡᠯ ᠢ ᠪᠦᠷᠢᠳᠦᠭᠦᠯᠦᠭᠰᠡᠨ ᠦᠭᠡᠢ ᠪᠣᠯ ᠲᠤᠬᠠᠢ ᠶᠢᠨ ᠬᠥᠮᠥᠨ ᠢ ᠵᠠᠷᠯᠢᠭᠳᠠᠵᠤ ᠪᠠᠶᠢᠭᠠᠳ ᠣᠶᠢᠷ᠎ᠠ ᠬᠠᠪᠢ ᠶᠢᠨ ᠪᠠᠷᠠᠭ᠎ᠠ ᠪᠠᠭᠤᠯᠭᠠᠬᠤ ᠨᠥᠬᠦᠴᠡᠯ ᠢ ᠪᠦᠷᠢᠳᠦᠭᠦᠯᠦᠭᠰᠡᠨ ᠲᠠᠯᠠᠪᠤᠷ ᠲᠤ ᠬᠦᠷᠴᠦ ᠪᠠᠷᠠᠭ᠎ᠠ ᠪᠠᠨ ᠪᠠᠭᠤᠯᠭᠠᠵᠤ ᠂ ᠰᠠᠯᠭᠠᠨ ᠲᠡᠭᠡᠭᠡᠪᠦᠷᠢᠯᠡᠭᠦᠯᠵᠦ ᠂ ᠬᠠᠤᠯᠢ ᠠᠴᠠ ᠵᠥᠷᠢᠴᠡᠭᠰᠡᠨ ᠪᠠᠶᠢᠳᠠᠯ ᠢ ᠠᠷᠢᠯᠭᠠᠬᠤ ᠬᠡᠷᠡᠭᠲᠡᠢ ᠃ ᠪᠠᠷᠠᠭ᠎ᠠ ᠪᠠᠨ ᠪᠠᠭᠤᠯᠭᠠᠭᠰᠠᠨ ᠂ ᠰᠠᠯᠭᠠᠨ ᠲᠡᠭᠡᠭᠡᠪᠦᠷᠢᠯᠡᠭᠰᠡᠨ ᠤ ᠳᠠᠷᠠᠭ᠎ᠠ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠲᠠᠬᠢᠨ ᠪᠠᠶᠢᠴᠠᠭᠠᠵᠤ ᠂ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠭᠰᠡᠨ ᠤ ᠲᠠᠷᠠᠭ᠎ᠠ ᠵᠠᠮ ᠳᠤ ᠭᠠᠷᠭᠠᠨ ᠶᠠᠪᠤᠭᠤᠯᠵᠤ ᠪᠣᠯᠣᠨ᠎ᠠ ︔

      ︵ ᠭᠤᠷᠪᠠ ︶ ᠵᠠᠳᠠᠷᠠᠵᠤ ᠪᠣᠯᠣᠰᠢ ᠦᠭᠡᠢ ᠲᠣᠮᠣ ᠪᠣᠳᠠᠰ ᠢ ᠲᠡᠭᠡᠭᠡᠪᠦᠷᠢᠯᠡᠬᠦ ᠳᠤ ᠪᠠᠨ ᠬᠡᠮᠵᠢᠶ᠎ᠡ ᠠᠴᠠ ᠬᠡᠲᠦᠷᠡᠭᠦᠯᠦᠨ ᠲᠡᠭᠡᠭᠡᠪᠦᠷᠢᠯᠡᠬᠦ ᠵᠥᠪᠰᠢᠶᠡᠷᠡᠯ ᠤᠨ ᠭᠠᠷ ᠭᠦᠢᠴᠡᠳᠬᠡᠯ ᠬᠢᠭᠰᠡᠨ ᠦᠭᠡᠢ ᠪᠣᠯ ᠂ ᠲᠤᠬᠠᠢ ᠶᠢᠨ ᠬᠥᠮᠥᠨ ᠢ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠪᠠᠶᠢᠳᠠᠯ ᠢ ᠠᠷᠢᠯᠭᠠᠵᠤ ᠂ ᠪᠠᠶᠢᠴᠠᠭᠠᠨ ᠰᠢᠢᠳᠪᠦᠷᠢᠯᠡᠬᠦ ᠶᠢ ᠬᠦᠯᠢᠶᠡᠬᠦ ᠶᠢᠨ ᠬᠠᠮᠲᠤ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠦᠷᠴᠦ ᠬᠡᠮᠵᠢᠶ᠎ᠡ ᠠᠴᠠ ᠬᠡᠲᠦᠷᠡᠭᠦᠯᠦᠨ ᠲᠡᠭᠡᠭᠡᠪᠦᠷᠢᠯᠡᠬᠦ ᠵᠥᠪᠰᠢᠶᠡᠷᠡᠯ ᠤᠨ ᠭᠠᠷ ᠭᠦᠢᠴᠡᠳᠬᠡᠯ ᠬᠢᠯᠭᠡᠬᠦ ᠪᠠᠷ ᠭᠤᠶᠤᠴᠢᠯᠠᠬᠤ ᠶᠢ ᠲᠤᠬᠠᠢ ᠶᠢᠨ ᠬᠥᠮᠥᠨ ᠳᠤ ᠮᠡᠳᠡᠭᠳᠡᠬᠦ ᠬᠡᠷᠡᠭᠲᠡᠢ ︔

      ︵ ᠳᠥᠷᠪᠡ︶ ᠨᠣᠴᠣᠮᠠᠲᠠᠭᠠᠢ ᠂ ᠳᠡᠯᠪᠡᠷᠡᠮᠡᠲᠡᠭᠡᠢ ᠂ ᠳᠣᠭᠰᠢᠨ ᠬᠤᠣᠷ ᠂ ᠰᠠᠴᠤᠷᠠᠭ ᠢᠳᠡᠪᠬᠢ ᠴᠢᠨᠠᠷ ᠲᠠᠢ ᠵᠡᠷᠭᠡ ᠠᠶᠤᠯᠲᠠᠢ ᠪᠣᠳᠠᠰ ᠢ ᠲᠡᠭᠡᠭᠡᠪᠦᠷᠢᠯᠡᠭᠰᠡᠨ ᠪᠤᠶᠤ ᠬᠤᠯᠢᠯᠳᠤᠭᠤᠯᠤᠨ ᠰᠠᠪᠠᠯᠠᠭᠰᠠᠨ ᠪᠣᠯ ᠂ ᠬᠤᠯᠪᠣᠭᠳᠠᠯ ᠪᠦᠬᠦᠢ ᠬᠠᠤᠯᠢ ᠴᠠᠭᠠᠵᠠ ᠂ ᠬᠠᠤᠯᠢ ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠢ ᠃ 

      ᠳᠠᠭᠠᠭᠠᠨ ᠲᠡᠭᠡᠭᠡᠪᠦᠷᠢᠯᠡᠭᠴᠢ ᠠᠴᠠ ᠲᠠᠪᠤᠨ ᠡᠳᠦᠷ ᠤᠨ ᠳᠣᠲᠣᠷ᠎ᠠ ᠪᠠᠭᠤᠯᠭᠠᠭᠰᠠᠨ ᠪᠠᠷᠠᠭ᠎ᠠ ᠪᠠᠨ ᠰᠢᠢᠳᠪᠦᠷᠢᠯᠡᠬᠦ ᠬᠡᠷᠡᠭᠲᠡᠢ ︔ ᠬᠤᠭᠤᠴᠠᠭ᠎ᠠ ᠬᠡᠲᠦᠷᠡᠭᠡᠳ ᠰᠢᠢᠳᠪᠦᠷᠢᠯᠡᠭᠰᠡᠨ ᠦᠭᠡᠢ ᠪᠣᠯ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ ᠃

      ᠬᠤᠷᠢᠨ ᠨᠠᠢᠮᠠᠳᠤᠭᠠᠷ ᠵᠦᠢᠯ  ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠵᠢᠭᠠᠯᠲᠠ ᠲᠡᠮᠳᠡᠭ ᠪᠤᠶᠤ ᠬᠠᠤᠯᠢ ᠬᠡᠷᠡᠭᠵᠢᠭᠦᠯᠬᠦ ᠠᠵᠢᠯᠲᠠᠨ ᠤ ᠵᠢᠯᠣᠭᠤᠳᠤᠯᠭ᠎ᠠ ᠪᠠᠷ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢᠨ ᠪᠠᠶᠢᠴᠠᠭᠠᠨ ᠰᠢᠨᠵᠢᠬᠦ ᠶᠢ ᠬᠦᠯᠢᠶᠡᠵᠦ ᠂ ᠨᠡᠪᠲᠡᠷᠡᠬᠦ ᠲᠡᠷᠭᠡᠨ ᠵᠠᠮ ᠢ ᠵᠣᠷᠢᠭᠤᠳᠠ ᠪᠥᠭᠯᠡᠬᠦ ᠂ ᠠᠯᠪᠠᠳᠠᠯᠭ᠎ᠠ ᠪᠠᠷ ᠪᠣᠭᠤᠮᠲᠠ ᠬᠤᠷᠢᠭ᠎ᠠ ᠳᠠᠭᠠᠷᠢᠬᠤ ᠪᠤᠶᠤ ᠪᠤᠰᠤᠳ ᠠᠷᠭ᠎ᠠ ᠪᠠᠷ ᠪᠠᠶᠢᠴᠠᠭᠠᠨ ᠰᠢᠨᠵᠢᠬᠦ ᠶᠢᠨ ᠡᠮᠬᠢ ᠳᠢᠭᠯᠢᠮ ᠢ ᠰᠠᠮᠠᠭᠤᠷᠠᠭᠤᠯᠵᠤ ᠪᠣᠯᠬᠤ ᠦᠭᠡᠢ ᠂ ᠣᠶᠢᠷ᠎ᠠ ᠵᠠᠮ ᠳᠤ ᠳᠠᠮᠵᠢᠭᠤᠯᠤᠨ ᠲᠡᠭᠡᠭᠡᠬᠦ ᠵᠡᠷᠭᠡ ᠠᠷᠭ᠎ᠠ ᠪᠠᠷ ᠪᠠᠶᠢᠴᠠᠭᠠᠨ ᠰᠢᠨᠵᠢᠬᠦ ᠠᠴᠠ ᠵᠠᠶᠢᠯᠠᠵᠤ ᠳᠤᠲᠠᠭᠠᠵᠤ ᠪᠣᠯᠬᠤ ᠦᠭᠡᠢ ᠃

      ᠬᠤᠷᠢᠨ ᠶᠢᠰᠦᠳᠦᠭᠡᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂ ᠰᠦᠢᠳᠬᠡᠯ ᠬᠤᠷᠢᠶᠠᠬᠤ ᠵᠠᠰᠠᠮᠠᠯ ᠵᠠᠮ ᠤᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ᠨᠢ ᠪᠠᠷᠠᠭ᠎ᠠ ᠲᠡᠭᠡᠭᠡᠪᠦᠷᠢ ᠶᠢᠨ ᠭᠤᠣᠯ ᠨᠡᠪᠲᠡᠷᠡᠯ ᠵᠠᠮ ᠂ ᠴᠢᠬᠤᠯᠠ ᠬᠥᠭᠦᠷᠭᠡ ᠂ ᠴᠢᠬᠤᠯᠠ ᠨᠦᠬᠡᠨ ᠵᠠᠮ ᠤᠨ ᠣᠷᠤᠴᠠ ᠵᠢᠴᠢ ᠪᠠᠷᠠᠭ᠎ᠠ ᠲᠡᠭᠡᠭᠡᠪᠦᠷᠢ ᠶᠢᠨ ᠤᠷᠤᠰᠬᠠᠯ ᠤᠨ ᠬᠡᠮᠵᠢᠶ᠎ᠡ ᠨᠡᠯᠢᠶᠡᠳ ᠶᠡᠭᠡ ᠵᠠᠮ ᠤᠨ ᠬᠡᠰᠡᠭ ᠪᠠ ᠵᠠᠩᠭᠢᠯᠠᠭ᠎ᠠ ᠶᠢᠨ ᠴᠡᠭ ᠲᠤ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠪᠠᠶᠢᠷᠢᠯᠠᠭᠤᠯᠬᠤ  ᠶᠢᠨ ᠬᠠᠮᠲᠤ ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠪᠠᠶᠢᠴᠠᠭᠠᠨ ᠰᠢᠨᠵᠢᠭᠰᠡᠨ ᠮᠡᠳᠡᠭᠡ ᠵᠠᠩᠭᠢ ᠪᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠮᠡᠳᠡᠭᠡ ᠵᠠᠩᠭᠢ ᠶᠢᠨ ᠲᠠᠪᠴᠠᠩ ᠳᠤ ᠴᠠᠭ ᠲᠤᠬᠠᠢ ᠳᠤ ᠨᠢ ᠳᠠᠮᠵᠢᠭᠤᠯᠤᠨ ᠬᠦᠷᠭᠡᠵᠦ ᠂ ᠣᠯᠵᠤ ᠮᠡᠳᠡᠭᠰᠡᠨ ᠬᠠᠤᠯᠢ ᠠᠴᠠ ᠵᠥᠷᠢᠴᠡᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠢᠢᠳᠪᠦᠷᠢᠯᠡᠨ᠎ᠡ ᠃

      ᠭᠤᠴᠢᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠶᠣᠰᠣᠭᠠᠷ ᠂ ᠬᠥᠳᠡᠯᠦᠩᠭᠦᠢ ᠪᠠᠷ ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠂ ᠲᠦᠷᠭᠡᠨ ᠤ ᠵᠠᠮ ᠤᠨ ᠣᠷᠤᠴᠠ ᠭᠠᠷᠴᠠ ᠮᠡᠷᠭᠡᠵᠢᠯ ᠤᠨ ᠪᠠᠶᠢᠴᠠᠭᠠᠨ ᠰᠢᠨᠵᠢᠵᠦ ᠬᠢᠨᠠᠨ ᠡᠵᠡᠮᠳᠡᠬᠦ ᠲᠥᠬᠦᠭᠡᠷᠦᠮᠵᠢ ᠪᠠᠷ ᠬᠠᠤᠯᠢ ᠠᠴᠠ ᠵᠥᠷᠢᠴᠡᠭᠰᠡᠨ ᠪᠣᠳᠠᠲᠤ ᠬᠡᠷᠡᠭ ᠢ ᠴᠤᠭᠯᠠᠭᠤᠯᠵᠤ ᠲᠣᠭᠲᠠᠪᠤᠷᠢᠵᠢᠭᠤᠯᠤᠭᠰᠠᠨ ᠪᠣᠯ ᠂ ᠬᠠᠤᠯᠢ ᠳᠦᠷᠢᠮ ᠪᠠ ᠮᠡᠷᠭᠡᠵᠢᠯ ᠤᠨ ᠬᠢᠨᠠᠨ ᠬᠠᠷᠭᠤᠭᠤᠯᠤᠯᠲᠠ ᠪᠠᠷ ᠳᠠᠮᠵᠢᠭᠤᠯᠤᠨ ᠂ ᠡᠯᠧᠺᠲᠷᠣᠨ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠶᠢᠨ ᠪᠠᠷᠢᠮᠵᠢᠶ᠎ᠠ ᠳᠤ ᠨᠡᠶᠢᠴᠡᠬᠦ ᠶᠢ ᠦᠨᠡᠨ ᠬᠦ ᠪᠠᠲᠤᠯᠠᠵᠤ ᠂ ᠲᠣᠬᠢᠷᠠᠭᠤᠯᠤᠯᠲᠠ ᠶᠢ ᠨᠢ ᠵᠦᠢ ᠵᠣᠬᠢᠰᠲᠠᠢ ᠂ ᠢᠯᠡᠳᠬᠡᠮᠵᠢ ᠲᠡᠮᠳᠡᠭ ᠢ ᠨᠢ ᠢᠯᠡᠷᠬᠡᠢ ᠪᠠᠶᠢᠯᠭᠠᠵᠤ ᠂ ᠪᠠᠶᠢᠷᠢᠯᠠᠭᠤᠯᠤᠭᠰᠠᠨ ᠭᠠᠵᠠᠷ ᠢ ᠨᠡᠶᠢᠭᠡᠮ ᠳᠤ ᠢᠯᠡ ᠨᠡᠶᠢᠲᠡᠯᠡᠬᠦ ᠬᠡᠷᠡᠭᠲᠡᠢ ᠂ ᠴᠤᠭᠯᠠᠭᠤᠯᠤᠭᠰᠠᠨ ᠡᠯᠧᠺᠲᠷᠣᠨ ᠲᠤᠭ᠎ᠠ ᠪᠠᠷᠢᠮᠲᠠ ᠶᠢ ᠬᠡᠷᠡᠭ ᠤᠨ ᠪᠣᠳᠠᠲᠤ ᠶᠠᠪᠤᠳᠠᠯ ᠢ ᠮᠠᠭᠠᠳᠯᠠᠨ ᠲᠣᠭᠲᠠᠭᠠᠬᠤ ᠭᠡᠷᠡᠴᠢ ᠪᠠᠷᠢᠮᠲᠠ ᠪᠣᠯᠭᠠᠵᠤ ᠪᠣᠯᠣᠨ᠎ᠠ ᠃

      ᠡᠯᠧᠺᠲᠷᠣᠨ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠶᠢᠨ ᠲᠡᠮᠳᠡᠭᠯᠡᠭᠰᠡᠨ ᠬᠠᠤᠯᠢ ᠶᠢ ᠵᠥᠷᠢᠴᠡᠭᠰᠡᠨ ᠪᠣᠳᠠᠲᠤ ᠬᠡᠷᠡᠭ ᠨᠢ ᠦᠨᠡᠨ ᠪᠣᠳᠠᠲᠠᠢ ᠂ ᠲᠣᠳᠣᠷᠬᠠᠢ ᠂ ᠪᠦᠷᠢᠨ ᠪᠦᠲᠦᠨ ᠂ ᠣᠨᠣᠪᠴᠢᠲᠠᠢ ᠪᠠᠶᠢᠬᠤ ᠬᠡᠷᠡᠭᠲᠡᠢ ᠃ ᠵᠠᠮ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠢᠩᠭᠡᠬᠡᠨ ᠲᠡᠮᠳᠡᠭᠯᠡᠭᠰᠡᠨ ᠠᠭᠤᠯᠭ᠎ᠠ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠬᠢᠨᠠᠨ ᠬᠠᠷᠭᠤᠭᠤᠯᠬᠤ ᠬᠡᠷᠡᠭᠲᠡᠢ ︔ ᠬᠢᠨᠠᠨ ᠬᠠᠷᠭᠤᠭᠤᠯᠤᠭᠰᠠᠨ ᠦᠭᠡᠢ ᠪᠤᠶᠤ ᠬᠢᠨᠠᠨ ᠬᠠᠷᠭᠤᠭᠤᠯᠤᠭᠠᠳ ᠱᠠᠭᠠᠷᠳᠠᠯᠭ᠎ᠠ ᠳᠤ ᠨᠡᠶᠢᠴᠡᠭᠰᠡᠨ ᠦᠭᠡᠢ ᠪᠣᠯ ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠭᠡᠷᠡᠴᠢ ᠪᠠᠷᠢᠮᠲᠠ ᠪᠣᠯᠭᠠᠵᠤ ᠪᠣᠯᠬᠤ ᠦᠭᠡᠢ ᠃

      ᠵᠠᠮ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠠᠤᠯᠢ ᠠᠴᠠ ᠵᠥᠷᠢᠴᠡᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠬᠢᠨᠠᠨ ᠬᠠᠷᠭᠤᠭᠤᠯᠵᠤ ᠨᠤᠲᠠᠯᠠᠭᠰᠠᠨ ᠪᠣᠯ ᠂ ᠬᠠᠤᠯᠢ ᠠᠴᠠ ᠵᠥᠷᠢᠴᠡᠭᠰᠡᠨ ᠪᠣᠳᠠᠲᠤ ᠬᠡᠷᠡᠭ ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠮᠡᠳᠡᠭᠡ ᠵᠠᠩᠭᠢ ᠶᠢ ᠮᠠᠰᠢᠨᠲᠤ ᠲᠡᠷᠭᠡ ᠳᠠᠩᠰᠠᠯᠠᠭᠤᠯᠤᠭᠰᠠᠨ ᠮᠡᠳᠡᠭᠡ ᠵᠠᠩᠭᠢ ᠳᠠᠬᠢ ᠬᠠᠷᠢᠯᠴᠠᠬᠤ ᠠᠷᠭ᠎ᠠ ᠮᠠᠶ᠋ᠢᠭ ᠤᠨ ᠶᠣᠰᠣᠭᠠᠷ ᠪᠢᠴᠢᠭᠯᠡᠭᠰᠡᠨ ᠮᠡᠳᠡᠭᠳᠡᠯ ᠂ ᠤᠲᠠᠰᠤ ᠂ ᠭᠠᠷ ᠤᠲᠠᠰᠤᠨ ᠤ ᠣᠬᠤᠷ ᠮᠡᠳᠡᠭᠡ ᠂ ᠰᠢᠯᠵᠢᠮᠡᠯ ᠢᠨᠲ᠋ᠧᠷ ᠰᠦᠯᠵᠢᠶᠡᠨ ᠤ ᠬᠡᠷᠡᠭᠯᠡᠭᠡᠨ ᠤ ᠫᠷᠣᠭ᠍ᠷᠠᠮ ᠵᠡᠷᠭᠡ ᠠᠷᠭ᠎ᠠ ᠪᠠᠷ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠥᠮᠴᠢᠯᠡᠭᠴᠢ ᠪᠤᠶᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠳᠤ ᠴᠠᠭ ᠲᠤᠬᠠᠢ ᠳᠤ ᠨᠢ ᠮᠡᠳᠡᠭᠳᠡᠬᠦ ᠬᠡᠷᠡᠭᠲᠡᠢ ᠃ ᠳᠡᠭᠡᠷ᠎ᠡ ᠳᠤᠷᠠᠳᠤᠭᠰᠠᠨ ᠠᠷᠭ᠎ᠠ ᠪᠠᠷ ᠳᠠᠮᠵᠢᠭᠤᠯᠤᠨ ᠮᠡᠳᠡᠭᠳᠡᠬᠦ ᠶᠢᠨ ᠠᠷᠭ᠎ᠠ ᠦᠭᠡᠢ ᠪᠣᠯ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠦᠯᠵᠢᠶᠡᠨ ᠥᠷᠲᠡᠭᠡ ᠳᠤ ᠵᠠᠷᠯᠠᠨ ᠨᠡᠶᠢᠲᠡᠯᠡᠬᠦ ᠠᠷᠭ᠎ᠠ ᠪᠠᠷ ᠳᠠᠮᠵᠢᠭᠤᠯᠤᠨ ᠮᠡᠳᠡᠭᠳᠡᠵᠦ ᠪᠣᠯᠣᠨ᠎ᠠ ᠃ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠥᠮᠴᠢᠯᠡᠭᠴᠢ ᠪᠤᠶᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠨᠢ ᠮᠡᠳᠡᠭᠳᠡᠯ ᠢ ᠣᠯᠣᠭᠰᠠᠨ ᠪᠤᠶᠤ ᠵᠠᠷᠯᠠᠨ ᠮᠡᠳᠡᠭᠳᠡᠭᠰᠡᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ ᠰᠢᠢᠳᠪᠦᠷᠢᠯᠡᠬᠦ ᠬᠡᠷᠡᠭᠲᠡᠢ ᠃

      ᠭᠤᠴᠢᠨ ᠨᠢᠭᠡᠳᠦᠭᠡᠷ ᠵᠦᠢᠯ  ᠵᠠᠰᠠᠮᠠᠯ ᠵᠡᠮ ᠤᠨ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠥᠷᠳᠡᠭᠡ ᠪᠠ ᠲᠦᠷᠭᠡᠨ ᠤ ᠵᠡᠮ ᠤᠨ ᠣᠷᠤᠴᠠ ᠭᠠᠷᠴᠠ ᠳᠠᠬᠢ ᠭᠠᠵᠠᠷ ᠵᠢᠩᠯᠡᠭᠦᠷ ᠂ ᠳᠥᠭᠦᠮ ᠠᠪᠰᠠᠷᠬᠠᠨ ᠪᠠᠶᠢᠴᠠᠭᠠᠨ ᠰᠢᠨᠵᠢᠬᠦ ᠭᠠᠵᠠᠷ ᠵᠢᠩᠯᠡᠭᠦᠷ ᠵᠢᠴᠢ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ ᠬᠡᠮᠵᠢᠭᠦᠷ ᠢ ᠬᠠᠤᠯᠢ ᠶᠣᠰᠣᠭᠠᠷ ᠬᠠᠮᠢᠶᠠᠷᠬᠤ ᠶᠢᠨ ᠬᠠᠮᠲᠤ ᠂ ᠬᠠᠤᠯᠢ ᠪᠠᠷ ᠲᠣᠭᠲᠠᠭᠠᠭᠰᠠᠨ ᠬᠢᠷᠢ ᠬᠡᠮ ᠲᠠᠢ ᠬᠡᠮᠵᠢᠯᠲᠡ ᠶᠢᠨ ᠪᠠᠶᠢᠭᠤᠯᠤᠮᠵᠢ ᠪᠠᠷ ᠬᠢᠨᠠᠨ ᠲᠣᠭᠲᠠᠭᠠᠯᠭᠠᠬᠤ ᠬᠡᠷᠡᠭᠲᠡᠢ ᠃ ᠲᠣᠭᠲᠠᠭᠠᠯ ᠶᠣᠰᠣᠭᠠᠷ ᠬᠢᠨᠠᠨ ᠲᠣᠭᠲᠠᠭᠠᠭᠰᠠᠨ ᠦᠭᠡᠢ ᠂ ᠬᠤᠭᠤᠴᠠᠭ᠎ᠠ ᠬᠡᠲᠦᠷᠡᠭᠦᠯᠦᠭᠡᠳ ᠬᠢᠨᠠᠨ ᠲᠣᠭᠲᠠᠭᠠᠭᠰᠠᠨ ᠦᠭᠡᠢ ᠪᠤᠶᠤ ᠬᠢᠨᠠᠨ ᠲᠣᠭᠲᠠᠭᠠᠬᠤ ᠳᠤ ᠬᠢᠷᠢ ᠲᠡᠩᠴᠡᠭᠰᠡᠨ ᠦᠭᠡᠢ ᠪᠣᠯ ᠬᠡᠷᠡᠭᠯᠡᠵᠦ ᠪᠣᠯᠬᠤ ᠦᠭᠡᠢ ᠃

      ᠭᠤᠴᠢᠨ ᠬᠤᠶᠠᠳᠤᠭᠠᠷ ᠵᠦᠢᠯ  ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠭᠡᠳ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠂ ᠪᠡᠯᠡᠳᠬᠡᠮᠵᠢ ᠶᠢ ᠡᠪᠳᠡᠵᠦ ᠪᠣᠯᠬᠤ ᠦᠭᠡᠢ ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠂ ᠪᠡᠯᠡᠳᠬᠡᠮᠵᠢ ᠶᠢᠨ ᠠᠵᠢᠯᠯᠠᠭᠠᠨ ᠢ ᠬᠠᠷᠰᠢᠯᠠᠵᠤ ᠪᠣᠯᠬᠤ ᠦᠭᠡᠢ ᠂ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠵᠠᠳᠠᠷᠠᠭᠤᠯᠵᠤ ᠂ ᠬᠠᠰᠤᠵᠤ ᠂ ᠥᠭᠡᠷᠡᠲᠦᠭᠦᠯᠵᠦ ᠪᠣᠯᠬᠤ

ᠦᠭᠡᠢ ᠃

      ᠭᠤᠴᠢᠨ ᠭᠤᠷᠪᠠᠳᠤᠭᠠᠷ ᠵᠦᠢᠯ  ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠨᠢ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠣᠷᠣᠨ ᠪᠦᠰᠡ ᠪᠠᠷ ᠥᠩᠭᠡᠷᠡᠬᠦ ᠳᠤ ᠂ ᠵᠠᠮ ᠬᠠᠷᠢᠯᠴᠠᠭᠠᠨ ᠤ ᠲᠡᠮᠳᠡᠭ ᠱᠤᠭᠤᠮ ᠤᠨ ᠶᠣᠰᠣᠭᠠᠷ ᠶᠠᠪᠤᠭᠤᠯᠬᠤ ᠬᠡᠷᠡᠭᠲᠡᠢ ᠂ ᠳᠣᠣᠷᠠᠬᠢ ᠦᠢᠯᠡ ᠠᠵᠢᠯᠯᠠᠭ᠎ᠠ ᠪᠠᠶᠢᠵᠤ ᠪᠣᠯᠬᠤ ᠦᠭᠡᠢ ᠄

      ︵ᠨᠢᠭᠡ︶ ᠵᠣᠷᠢᠭᠤᠳᠠ ᠬᠡᠲᠦ ᠳᠣᠣᠷ᠎ᠠ ᠬᠤᠷᠳᠤᠴᠠ ᠪᠠᠷ ᠶᠠᠪᠤᠭᠤᠯᠬᠤ ᠂ ᠣᠭᠵᠣᠮ ᠵᠣᠭᠰᠤᠭᠠᠬᠤ ᠂ ᠣᠯᠠᠨ ᠲᠡᠷᠭᠡ ᠲᠠᠢ ᠵᠡᠷᠭᠡᠴᠡᠵᠦ ᠶᠠᠪᠤᠬᠤ ᠂ ᠰᠡᠭᠦᠯᠳᠡᠨ ᠳᠠᠭᠠᠬᠤ ᠪᠤᠶᠤ ᠬᠦᠨᠳᠦ ᠶᠢ ᠵᠢᠩᠯᠡᠬᠦ ᠲᠣᠨᠣᠭᠯᠠᠯ ᠠᠴᠠ ᠵᠠᠶᠢᠳᠠᠬᠤ ᠵᠡᠷᠭᠡ ᠠᠷᠭ᠎ᠠ ᠪᠠᠷ  ᠪᠠᠶᠢᠴᠠᠭᠠᠨ ᠰᠢᠨᠵᠢᠬᠦ ᠠᠴᠠ ᠵᠠᠶᠢᠯᠠᠵᠤ ᠳᠤᠲᠠᠭᠠᠭᠰᠠᠨ ︔

      ︵ᠬᠤᠶᠠᠷ︶ ᠵᠠᠮ ᠠᠯᠤᠰᠯᠠᠬᠤ ᠂ ᠱᠤᠭᠤᠮ ᠳᠠᠷᠤᠬᠤ ᠂ ᠵᠣᠷᠢᠭᠤᠳᠠ ᠬᠠᠯᠬᠠᠯᠠᠬᠤ ᠂ ᠭᠬᠢᠷᠲᠦᠭᠡᠵᠦ ᠰᠦᠢᠳᠬᠡᠬᠦ ᠪᠤᠶᠤ ᠬᠠᠭᠤᠷᠮᠠᠭᠯᠠᠨ ᠵᠣᠬᠢᠶᠠᠭᠰᠠᠨ ᠮᠠᠰᠢᠨᠲᠤ ᠲᠡᠷᠭᠡ ᠶᠢᠨ ᠨᠣᠮᠧᠷ ᠤᠨ ᠫᠠᠶᠢᠰᠠ ᠬᠡᠷᠡᠭᠯᠡᠬᠦ ᠵᠡᠷᠭᠡ ᠠᠷᠭ᠎ᠠ ᠪᠠᠷ ᠪᠠᠶᠢᠴᠠᠭᠠᠨ  ᠰᠢᠨᠵᠢᠬᠦ ᠠᠴᠠ ᠵᠠᠶᠢᠯᠠᠵᠤ ᠳᠤᠲᠠᠭᠠᠭᠰᠠᠨ ᠃

      ᠭᠤᠴᠢᠨ ᠳᠥᠷᠪᠡᠳᠦᠭᠡᠷ ᠵᠦᠢᠯ  ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠰᠢᠶᠠᠩ ᠤᠨ ᠵᠠᠮ ᠂ ᠲᠣᠰᠬᠤᠨ ᠤ ᠵᠠᠮ ᠢ ᠬᠠᠮᠠᠭᠠᠯᠠᠬᠤ ᠬᠡᠷᠡᠭᠴᠡᠭᠡ ᠪᠠᠨ ᠦᠨᠳᠦᠰᠦᠯᠡᠨ ᠂ ᠰᠢᠶᠠᠩ ᠤᠨ ᠵᠠᠮ ᠂ ᠲᠣᠰᠬᠤᠨ ᠤ ᠵᠠᠮ ᠤᠨ ᠣᠷᠤᠴᠠ ᠭᠠᠷᠴᠠ ᠳᠤ ᠥᠨᠳᠥᠷ ᠢ ᠬᠢᠵᠠᠭᠠᠷᠯᠠᠬᠤ ᠂ ᠥᠷᠭᠡᠨ ᠢ ᠬᠢᠵᠠᠭᠠᠷᠯᠠᠬᠤ ᠴᠢᠬᠤᠯᠠ ᠪᠦᠬᠦᠢ ᠪᠡᠯᠡᠳᠬᠡᠮᠵᠢ ᠶᠢ ᠬᠠᠤᠯᠢ ᠶᠣᠰᠣᠭᠠᠷ ᠲᠣᠬᠢᠷᠠᠭᠤᠯᠵᠤ ᠪᠣᠯᠣᠨ᠎ᠠ ᠂ ᠭᠡᠪᠡᠴᠦ ᠭᠠᠯ ᠰᠡᠷᠭᠡᠶᠢᠯᠡᠨ ᠤᠨᠲᠠᠷᠠᠭᠠᠬᠤ ᠪᠠ ᠡᠷᠡᠭᠦᠯ ᠬᠠᠮᠠᠭᠠᠯᠠᠯ ᠤᠨ ᠪᠠᠴᠢᠮ ᠠᠪᠤᠷᠠᠯᠳᠠ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠬᠡᠷᠡᠭᠴᠡᠭᠡ ᠶᠢ ᠨᠥᠯᠥᠭᠡᠯᠡᠵᠦ ᠪᠣᠯᠬᠤ ᠦᠭᠡᠢ ᠂ ᠨᠡᠪᠲᠡᠷᠡᠨ ᠥᠩᠭᠡᠷᠡᠬᠦ ᠲᠡᠷᠭᠡ ᠬᠥᠰᠬᠡ ᠠᠴᠠ ᠰᠦᠢᠳᠬᠡᠯ ᠬᠤᠷᠢᠶᠠᠵᠤ ᠪᠣᠯᠬᠤ ᠦᠭᠡᠢ ᠃

      ᠳᠥᠷᠪᠡᠳᠦᠭᠡᠷ ᠪᠦᠯᠦᠭ  ᠬᠠᠤᠯᠢ ᠴᠠᠭᠠᠵᠠ ᠶᠢᠨ ᠬᠠᠷᠢᠭᠤᠴᠠᠯᠭ᠎ᠠ

      ᠭᠤᠴᠢᠨ ᠲᠠᠪᠤᠳᠤᠭᠠᠷ ᠵᠦᠢᠯ  ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ ︾ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ︾ ︽ᠵᠠᠰᠠᠮᠠᠯ ᠵᠠᠮ ᠤᠨ ᠠᠮᠤᠷ ᠲᠦᠪᠰᠢᠨ ᠢ ᠬᠠᠮᠠᠭᠠᠯᠠᠬᠤ ᠳᠦᠷᠢᠮ ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠢ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠣᠯ ᠲᠡᠷᠡ ᠬᠦ ᠲᠣᠭᠲᠠᠭᠠᠯ ᠢ ᠵᠢᠷᠤᠮᠯᠠᠨ᠎ᠠ ᠃

      ᠭᠤᠴᠢᠨ ᠵᠢᠷᠭᠤᠳᠤᠭᠠᠷ ᠵᠦᠢᠯ  ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ ᠂ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠨᠢ ᠳᠣᠣᠷᠠᠬᠢ ᠦᠢᠯᠡ ᠠᠵᠢᠯᠯᠠᠭ᠎ᠠ ᠠᠴᠠ ᠨᠢᠭᠡ ᠨᠢ ᠪᠠᠶᠢᠪᠠᠯ ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠬᠤ ᠶᠢᠨ ᠬᠠᠮᠲᠤ 1000 ᠲᠥᠭᠦᠷᠢᠭ ᠠᠴᠠ ᠳᠡᠭᠡᠭᠰᠢ 3000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠄

      ︵ᠨᠢᠭᠡ︶ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠪᠠᠷᠠᠭ᠎ᠠ ᠲᠡᠭᠡᠭᠡᠪᠦᠷᠢ ᠶᠢᠨ ᠬᠦᠨᠳᠦ ᠶᠢ ᠬᠡᠮᠵᠢᠬᠦ ᠪᠠ ᠬᠢᠨᠠᠨ ᠡᠵᠡᠮᠳᠡᠬᠦ ᠲᠥᠬᠦᠭᠡᠷᠦᠮᠵᠢ ᠶᠢ ᠲᠣᠭᠲᠠᠭᠠᠯ ᠶᠣᠰᠣᠭᠠᠷ ᠲᠣᠬᠢᠷᠠᠭᠤᠯᠤᠭᠰᠠᠨ ᠦᠭᠡᠢ ︔

      ︵ᠬᠤᠶᠠᠷ︶ ᠴᠤᠭᠯᠠᠭᠤᠯᠤᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠦᠨᠳᠦ ᠶᠢ ᠬᠡᠮᠵᠢᠭᠰᠡᠨ ᠲᠤᠭ᠎ᠠ ᠪᠠᠷᠢᠮᠲᠠ ᠪᠠ ᠬᠢᠨᠠᠨ ᠡᠵᠡᠮᠳᠡᠭᠰᠡᠨ ᠲᠤᠭ᠎ᠠ ᠪᠠᠷᠢᠮᠲᠠ ᠶᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠮᠡᠳᠡᠭᠡ ᠵᠠᠩᠭᠢ ᠶᠢᠨ ᠲᠠᠪᠴᠠᠩ ᠯᠤᠭ᠎ᠠ ᠰᠦᠯᠵᠢᠶᠡᠵᠢᠭᠦᠯᠦᠭᠰᠡᠨ ᠦᠭᠡᠢ ︔

      ︵ᠭᠤᠷᠪᠠ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠤᠨ ᠳᠠᠩᠰᠠᠯᠠᠯᠲᠠ ᠲᠡᠮᠳᠡᠭᠯᠡᠯ ᠂ ᠪᠦᠷᠢᠳᠬᠡᠯ ᠪᠠ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠬᠦᠯᠦᠭᠰᠡᠨ ᠦᠭᠡᠢ ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠮᠢᠶ᠎ᠠ ᠪᠦᠬᠦᠢ ᠮᠡᠳᠡᠭᠡ ᠵᠠᠩᠭᠢ ᠪᠠᠨ ᠮᠡᠳᠡᠭᠦᠯᠦᠨ ᠬᠦᠷᠭᠡᠭᠰᠡᠨ ᠦᠭᠡᠢ ᠃

      ᠭᠤᠴᠢᠨ ᠳᠣᠯᠣᠳᠤᠭᠠᠷ ᠵᠦᠢᠯ  ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ ᠂ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠨᠢ ᠳᠣᠣᠷᠠᠬᠢ ᠦᠢᠯᠡ ᠠᠵᠢᠯᠯᠠᠭ᠎ᠠ ᠠᠴᠠ ᠨᠢᠭᠡ ᠨᠢ ᠪᠠᠶᠢᠪᠠᠯ ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠬᠤ ᠶᠢᠨ ᠬᠠᠮᠲᠤ ᠂ ᠲᠦᠮᠡᠨ ᠲᠥᠭᠦᠷᠢᠭ ᠠᠴᠠ ᠳᠡᠭᠡᠭᠰᠢ 3 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ ᠄

      ︵ᠨᠢᠭᠡ︶ ᠲᠡᠷᠭᠡ ᠵᠠᠮᠨᠠᠭᠤᠯᠬᠤ ᠦᠨᠡᠮᠯᠡᠯ ᠂ ᠵᠠᠮ ᠲᠡᠭᠡᠭᠡᠪᠦᠷᠢ ᠶᠢᠨ ᠦᠨᠡᠮᠯᠡᠯ ᠪᠠᠶᠢᠬᠤ ᠦᠭᠡᠢ ᠪᠤᠶᠤ ᠪᠤᠰᠤᠳ ᠳᠠᠩᠰᠠᠯᠠᠭᠤᠯᠤᠨ ᠪᠦᠷᠢᠳᠬᠡᠭᠦᠯᠦᠭᠰᠡᠨ ᠦᠭᠡᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠠᠭ᠎ᠠ ᠠᠴᠢᠶᠠᠯᠠᠵᠤ ᠂ ᠲᠡᠭᠡᠭᠡᠪᠦᠷᠢ ᠲᠣᠬᠢᠷᠠᠭᠤᠯᠤᠭᠰᠠᠨ ︔

      ︵ᠬᠤᠶᠠᠷ︶ ᠨᠡᠶᠢᠯᠡᠭᠦᠯᠵᠦ ᠤᠭᠰᠠᠷᠠᠭᠰᠠᠨ ᠂ ᠭᠠᠳᠠᠷ ᠬᠡᠯᠪᠡᠷᠢ ᠪᠠ ᠨᠢᠭᠡᠨᠲᠡ ᠳᠠᠩᠰᠠᠯᠠᠨ ᠲᠡᠮᠳᠡᠭᠯᠡᠭᠦᠯᠦᠭᠰᠡᠨ ᠬᠤᠯᠪᠣᠭᠳᠠᠯ ᠪᠦᠬᠦᠢ ᠮᠡᠷᠭᠡᠵᠢᠯ ᠤᠨ ᠲᠤᠭ᠎ᠠ ᠪᠠᠷᠢᠮᠲᠠ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠠᠭ᠎ᠠ ᠠᠴᠢᠶᠠᠯᠠᠵᠤ ᠂ ᠲᠡᠭᠡᠭᠡᠪᠦᠷᠢ ᠲᠣᠬᠢᠷᠠᠭᠤᠯᠤᠭᠰᠠᠨ︔

      ︵ ᠭᠤᠷᠪᠠ︶ ᠪᠠᠷᠢᠮᠵᠢᠶ᠎ᠠ ᠶᠣᠰᠣᠭᠠᠷ ᠪᠠᠷᠠᠭ᠎ᠠ ᠠᠴᠢᠶᠠᠯᠠᠵᠤ ᠂ ᠲᠡᠭᠡᠭᠡᠪᠦᠷᠢ ᠲᠣᠬᠢᠷᠠᠭᠤᠯᠤᠭᠰᠠᠨ ᠦᠭᠡᠢ ︔

      ︵ᠳᠥᠷᠪᠡ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠳᠤᠷ᠎ᠠ ᠪᠠᠷ ᠢᠶᠠᠨ ᠲᠠᠯᠪᠢᠵᠤ ᠶᠠᠪᠤᠭᠤᠯᠤᠭᠰᠠᠨ ︔

      ︵ᠲᠠᠪᠤ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠠᠭ᠎ᠠ ᠠᠴᠢᠶᠠᠯᠠᠬᠤ ᠂  ᠲᠡᠭᠡᠭᠡᠪᠦᠷᠢ ᠲᠣᠬᠢᠷᠠᠭᠤᠯᠬᠤ ᠬᠤᠳᠠᠯ ᠬᠠᠭᠤᠷᠮᠠᠭ ᠭᠡᠷᠡᠴᠢ ᠬᠠᠩᠭᠠᠭᠰᠠᠨ ᠃

      ᠭᠤᠴᠢᠨ ᠨᠠᠢᠮᠠᠳᠤᠭᠠᠷ ᠵᠦᠢᠯ  ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ ᠂ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠨᠢ ᠵᠠᠮ ᠲᠡᠭᠡᠭᠡᠪᠦᠷᠢ ᠶᠢᠨ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠣᠯᠣᠭᠠᠳᠤᠢ ᠵᠢᠯᠣᠭᠤᠴᠢ ᠪᠠᠷ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠵᠢᠯᠣᠭᠤᠳᠤᠭᠤᠯᠤᠨ ᠪᠠᠷᠠᠭ᠎ᠠ ᠠᠴᠢᠶᠠᠯᠠᠵᠤ ᠂ ᠲᠡᠭᠡᠭᠡᠪᠦᠷᠢ ᠲᠣᠬᠢᠷᠠᠭᠤᠯᠤᠭᠰᠠᠨ ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠬᠤ ᠶᠢᠨ ᠬᠠᠮᠲᠤ  ᠂ ᠲᠡᠷᠭᠡ ᠤᠳᠠᠭ᠎ᠠ ᠪᠦᠷᠢ ᠶᠢ 1000 ᠲᠥᠭᠦᠷᠢᠭ ᠤᠨ ᠵᠣᠭᠤᠰ ᠢᠶᠠᠷ ᠲᠣᠷᠭᠠᠨ᠎ᠠ ᠃

      ᠭᠤᠴᠢ ᠶᠢᠰᠦᠳᠦᠭᠡᠷ ᠵᠦᠢᠯ  ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ ᠂ ᠳᠣᠣᠷᠠᠬᠢ ᠦᠢᠯᠡ ᠠᠵᠢᠯᠯᠠᠭ᠎ᠠ ᠠᠴᠠ ᠨᠢᠭᠡ ᠨᠢ ᠪᠠᠶᠢᠪᠠᠯ ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ ᠂ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ ᠄

      ︵ᠨᠢᠭᠡ︶ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠨᠢ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠣᠷᠣᠨ ᠪᠦᠰᠡ ᠪᠠᠷ ᠥᠩᠭᠡᠷᠡᠬᠦ ᠳᠤ ᠪᠠᠨ ᠵᠣᠷᠢᠭᠤᠳᠠ ᠬᠡᠳᠦ ᠳᠣᠣᠷ᠎ᠠ ᠬᠤᠷᠳᠤᠴᠠ ᠪᠠᠷ ᠶᠠᠪᠤᠭᠤᠯᠬᠤ ᠂ ᠣᠭᠵᠣᠮ ᠵᠣᠭᠰᠤᠭᠠᠬᠤ ᠂ ᠤᠯᠠᠨ ᠲᠡᠷᠭᠡ ᠲᠠᠢ ᠵᠡᠷᠭᠡᠴᠡᠵᠦ ᠶᠠᠪᠤᠬᠤ ᠂ ᠰᠡᠭᠦᠯᠳᠡᠨ ᠳᠠᠭᠠᠬᠤ ᠪᠤᠶᠤ ᠬᠦᠨᠳᠦ ᠶᠢ ᠵᠢᠩᠯᠡᠬᠦ ᠲᠣᠨᠤᠭ ᠲᠥᠬᠦᠭᠡᠷᠦᠮᠵᠢ ᠠᠴᠠ ᠵᠠᠶᠢᠳᠠᠬᠤ ᠵᠡᠷᠭᠡ ᠠᠷᠭ᠎ᠠ ᠪᠠᠷ ᠪᠠᠶᠢᠴᠠᠭᠠᠨ ᠰᠢᠨᠵᠢᠬᠦ ᠠᠴᠠ ᠵᠠᠶᠢᠯᠠᠵᠤ ᠳᠤᠲᠠᠭᠠᠭᠰᠠᠨ ︔

      ︵ᠬᠤᠶᠠᠷ︶ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠨᠢ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠣᠷᠣᠨ ᠪᠦᠰᠡ ᠪᠠᠷ ᠥᠩᠭᠡᠷᠡᠬᠦ ᠳᠤ ᠪᠠᠨ ᠵᠠᠮ ᠠᠯᠤᠰᠯᠠᠬᠤ ᠂ ᠱᠤᠭᠤᠮ ᠳᠠᠷᠤᠬᠤ ᠂ ᠵᠣᠷᠢᠭᠤᠳᠠ ᠬᠠᠯᠬᠠᠯᠠᠬᠤ ᠂ ᠭᠬᠢᠷᠲᠦᠭᠦᠯᠵᠦ ᠰᠦᠢᠳᠬᠡᠬᠦ ᠪᠤᠶᠤ ᠬᠠᠭᠤᠷᠮᠠᠭᠯᠠᠨ ᠵᠣᠬᠢᠶᠠᠭᠰᠠᠨ ᠮᠠᠰᠢᠨᠲᠤ ᠲᠡᠷᠭᠡᠨ ᠤ ᠨᠣᠮᠧᠷ ᠤᠨ ᠫᠠᠶᠢᠰᠠ ᠶᠢ ᠬᠡᠷᠡᠭᠯᠡᠬᠦ ᠵᠡᠷᠭᠡ ᠠᠷᠭ᠎ᠠ ᠪᠠᠷ ᠪᠠᠶᠢᠴᠠᠭᠠᠨ ᠰᠢᠨᠵᠢᠬᠦ ᠠᠴᠠ ᠵᠠᠶᠢᠯᠠᠵᠤ ᠳᠤᠲᠠᠭᠠᠭᠰᠠᠨ ︔

      ︵ᠭᠤᠷᠪᠠ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠂ ᠪᠡᠯᠡᠳᠬᠡᠮᠵᠢ ᠶᠢ ᠡᠪᠳᠡᠵᠦ ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠂ ᠪᠡᠯᠡᠳᠬᠡᠮᠵᠢ ᠶᠢᠨ ᠠᠵᠢᠯᠯᠠᠭᠠᠨ ᠢ ᠬᠠᠷᠰᠢᠯᠠᠵᠤ ᠂ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠵᠠᠳᠠᠷᠠᠭᠤᠯᠵᠤ ᠂ ᠬᠠᠰᠤᠵᠤ ᠂ ᠥᠭᠡᠷᠡᠲᠦᠭᠦᠯᠦᠭᠰᠡᠨ ᠃

      ᠳᠥᠴᠢᠳᠦᠭᠡᠷ ᠵᠦᠢᠯ  ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ ᠂ ᠨᠡᠶᠢᠯᠡᠭᠦᠯᠵᠦ ᠤᠭᠰᠠᠷᠠᠭᠰᠠᠨ ᠪᠠ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠵᠢᠯᠣᠭᠤᠳᠤᠭᠰᠠᠨ ᠵᠢᠯᠣᠭᠤᠴᠢ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠰᠢᠢᠳᠬᠡᠨ ᠲᠣᠷᠭᠠᠬᠤ ᠬᠡᠷᠡᠭᠲᠡᠢ ︔ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠨᠡᠶᠢᠯᠡᠭᠦᠯᠵᠦ  ᠤᠭᠰᠠᠷᠠᠬᠤ ᠪᠠ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠠᠵᠢᠯ ᠡᠷᠬᠢᠯᠡᠵᠦ ᠪᠠᠶᠢᠭ᠎ᠠ ᠡᠵᠡᠩᠨᠡᠭᠴᠢ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠢᠳᠬᠡᠨ ᠲᠣᠷᠭᠠᠬᠤ ᠬᠡᠷᠡᠭᠲᠡᠢ ︔ ᠡᠵᠡᠩᠨᠡᠯᠲᠡ ᠶᠢᠨ ᠦᠨᠡᠮᠯᠡᠯ ᠦᠭᠡᠢ ᠪᠠᠷ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠨᠡᠶᠢᠯᠡᠭᠦᠯᠵᠦ ᠤᠭᠰᠠᠷᠠᠬᠤ ᠪᠠ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠠᠵᠢᠯ ᠡᠷᠬᠢᠯᠡᠵᠦ ᠪᠠᠶᠢᠭ᠎ᠠ ᠡᠵᠡᠩᠨᠡᠭᠴᠢ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠢᠳᠬᠡᠨ ᠲᠣᠷᠭᠠᠬᠤ ᠬᠡᠷᠡᠭᠲᠡᠢ ᠃

      ᠳᠥᠴᠢᠨ ᠨᠢᠭᠡᠳᠦᠭᠡᠷ ᠵᠦᠢᠯ  ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯᠲᠠᠨ ᠳᠤ ᠳᠣᠣᠷᠠᠬᠢ ᠪᠠᠶᠢᠳᠠᠯ ᠠᠴᠠ ᠨᠢᠭᠡ ᠨᠢ ᠪᠠᠶᠢᠪᠠᠯ ᠂ ᠬᠠᠤᠯᠢ ᠶᠣᠰᠣᠭᠠᠷ ᠰᠢᠢᠳᠬᠡᠯ ᠥᠭᠭᠦᠨ᠎ᠡ ︔ ᠶᠠᠯ᠎ᠠ ᠳᠤ ᠬᠥᠷᠥᠭᠰᠡᠨ ᠪᠣᠯ ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ ᠄

      ︵ᠨᠢᠭᠡ︶ ᠮᠠᠰᠢᠨᠲᠤ ᠲᠡᠷᠭᠡ ᠶᠢᠨ ᠲᠤᠬᠠᠢ ᠤᠯᠤᠰ ᠤᠨ ᠠᠮᠤᠷ ᠲᠦᠪᠰᠢᠨ ᠤ ᠮᠡᠷᠭᠡᠵᠢᠯ ᠤᠨ ᠪᠠᠷᠢᠮᠵᠢᠶ᠎ᠠ ᠳᠤ ᠦᠯᠦ ᠨᠡᠶᠢᠴᠡᠭᠰᠡᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠳᠠᠩᠰᠠᠯᠠᠭᠤᠯᠤᠨ ᠪᠦᠷᠢᠳᠬᠡᠭᠦᠯᠬᠦ ᠪᠠ ᠨᠣᠮᠧᠷ ᠤᠨ ᠫᠠᠶᠢᠰᠠ ᠂ ᠵᠠᠮᠨᠠᠭᠤᠯᠬᠤ ᠦᠨᠡᠮᠯᠡᠯ ᠂ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠲᠡᠮᠳᠡᠭ ᠂ ᠵᠠᠮ ᠲᠡᠭᠡᠭᠡᠪᠦᠷᠢ ᠶᠢᠨ ᠦᠨᠡᠮᠯᠡᠯ ᠣᠯᠭᠤᠭᠰᠠᠨ ︔

      ︵ᠬᠤᠶᠠᠷ︶ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠵᠠᠰᠠᠮᠠᠯ ᠵᠠᠮ ᠤᠨ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠵᠤ ᠲᠡᠭᠡᠭᠡᠪᠦᠷᠢᠯᠡᠬᠦ ᠵᠥᠪᠰᠢᠶᠡᠷᠡᠯ ᠢ ᠲᠣᠭᠲᠠᠭᠠᠯ ᠠᠴᠠ ᠵᠥᠷᠢᠴᠡᠨ ᠭᠦᠢᠴᠡᠳᠬᠡᠵᠦ ᠥᠭᠭᠦᠭᠰᠡᠨ ︔

      ︵ᠭᠤᠷᠪᠠ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠲᠣᠭᠲᠠᠭᠠᠯ ᠠᠴᠠ ᠵᠥᠷᠢᠴᠡᠨ ᠲᠠᠯᠪᠢᠵᠤ ᠶᠠᠪᠤᠭᠤᠯᠤᠭᠰᠠᠨ ︔

      ︵ᠳᠥᠷᠪᠡ︶ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠬᠠᠤᠯᠢ ᠠᠴᠠ ᠵᠥᠷᠢᠴᠡᠨ ᠦᠯᠡᠳᠡᠭᠡᠵᠦ ᠠᠪᠤᠭᠰᠠᠨ ᠪᠤᠶᠤ ᠬᠠᠤᠯᠢ ᠶᠣᠰᠣᠭᠠᠷ ᠦᠯᠡᠳᠡᠭᠡᠵᠦ ᠠᠪᠤᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠬᠡᠷᠡᠭᠯᠡᠭᠰᠡᠨ ︔

      ︵ᠲᠠᠪᠤ︶ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠵᠠᠭᠠᠯᠳᠤᠯᠭ᠎ᠠ ᠂ ᠢᠯᠡᠴᠢᠯᠡᠨ ᠮᠡᠳᠡᠭᠦᠯᠦᠯᠲᠡ ᠶᠢ ᠣᠯᠣᠭᠠᠳ ᠴᠠᠭ ᠲᠤᠬᠠᠢ ᠳᠤ ᠨᠢ ᠬᠠᠷᠭᠤᠭᠤᠯᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠭᠰᠠᠨ ᠦᠭᠡᠢ ︔

      ︵ᠵᠢᠷᠭᠤᠭ᠎ᠠ︶ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ ᠂ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠃

      ᠲᠠᠪᠤᠳᠤᠭᠠᠷ ᠪᠦᠯᠦᠭ  ᠳᠠᠭᠠᠯᠳᠤᠭᠤᠯᠤᠯ ᠳᠦᠷᠢᠮ

      ᠳᠥᠴᠢᠨ ᠬᠤᠶᠠᠳᠤᠭᠠᠷ ᠵᠦᠢᠯ  ᠲᠣᠰ ᠠᠷᠭ᠎ᠠ ᠶᠢ 2023 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃ 2013 ᠣᠨ ᠤ 8 ᠳ᠋ᠤᠭᠠᠷ ᠰᠠᠷ᠎ᠠ ᠶᠢᠨ 21 ᠤ ᠡᠳᠦᠷ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ

︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠷᠭ᠎ᠠ ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 198 ᠳ᠋ᠤᠭᠠᠷ ᠲᠣᠭᠠᠲᠤ︶ ᠶᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ ᠃

                                          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

                                                     2022 ᠣᠨ ᠤ 12 ᠳ᠋ᠤᠭᠠᠷ ᠰᠠᠷ᠎ᠠ ᠶᠢᠨ 28  ᠤ ᠡᠳᠦᠷ ᠳᠠᠷᠤᠮᠠᠯᠯᠠᠨ ᠲᠠᠷᠬᠠᠭᠠᠪᠠ

 

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ