ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢᠨ ᠲᠥᠯᠥᠭᠡ ᠂ ᠣᠶᠢᠷ᠎ᠠ ᠶᠢᠨ ᠡᠳᠦᠷ ᠮᠠᠨ ᠤ ᠣᠷᠣᠨ ᠤ ᠡᠯ᠎ᠡ ᠰᠠᠯᠠᠭ᠎ᠠ ᠮᠥᠴᠢᠷ ᠂ ᠡᠯ᠎ᠡ ᠨᠢᠭᠡᠴᠢ ᠶᠢᠨ ᠬᠢᠨ ᠤᠯᠠᠨ ᠬᠡᠯᠪᠡᠷᠢ ᠶᠢᠨ ᠂ ᠠᠭᠤᠯᠭ᠎ᠠ ᠪᠠᠷ ᠪᠠᠶᠠᠯᠢᠭ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠲᠥᠷᠥᠭᠳᠡᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠂ ᠲᠤᠬᠠᠢ ᠶᠢᠨ ᠲᠠᠯᠠᠪᠠᠢ ᠳᠤ ᠲᠣᠭᠤᠷᠢᠨ ᠦᠵᠡᠬᠦ ᠵᠡᠷᠭᠡ ᠬᠡᠯᠪᠡᠷᠢ ᠪᠠᠷ ᠳᠠᠮᠵᠢᠭᠤᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠤᠭᠤᠳᠴᠤ ᠦᠵᠡᠯ ᠰᠠᠨᠠᠭᠠᠨ ᠤ ᠠᠤᠭ᠎ᠠ ᠬᠦᠴᠦᠨ ᠢ ᠮᠡᠳᠡᠷᠡᠭᠦᠯᠵᠦ ᠂ ᠡᠷᠡᠮᠡᠬᠡᠶᠢᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠪᠠ ᠃
5 ᠰᠠᠷ᠎ᠠ ᠶᠢᠨ 11 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠤᠨ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠬᠦᠷᠴᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ ᠂
︽ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠡᠷᠡᠮᠡᠬᠡᠶᠢᠯᠡᠨ ᠤᠷᠤᠭᠰᠢᠯᠠᠬᠤ ᠰᠢᠨ᠎ᠡ ᠠᠶᠠᠨ ᠵᠠᠮ — ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠶ᠎ᠠ ︾ ᠭᠡᠬᠦ ᠭᠤᠣᠯ ᠰᠡᠳᠦᠪᠲᠦ ᠦᠵᠡᠭᠦᠯᠭᠡ ᠶᠢ ᠬᠠᠮᠲᠤ ᠪᠠᠷ ᠲᠣᠭᠤᠷᠢᠨ ᠦᠵᠡᠪᠡ ᠃ ᠲᠣᠭᠤᠷᠢᠨ ᠦᠵᠡᠬᠦ ᠠᠴᠠ ᠡᠮᠦᠨ᠎ᠡ ᠪᠦᠭᠦ ᠨᠥᠬᠦᠳ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠭᠢᠨ ᠤᠩᠰᠢᠵᠤ ᠂ ᠲᠤᠬᠠᠢ ᠶᠢᠨ ᠲᠠᠯᠠᠪᠠᠢ ᠳᠤ ᠪᠠᠶᠢᠭᠰᠠᠨ ᠨᠥᠬᠦᠳ ᠴᠥᠮ ᠨᠢᠭᠡ ᠤᠳᠠᠭᠠᠨ ᠤ ᠭᠦᠨ ᠭᠦᠨᠵᠡᠭᠡᠢ ᠨᠠᠮᠴᠢ ᠴᠢᠨᠠᠷ ᠤᠨ ᠬᠥᠮᠦᠵᠢᠯ ᠪᠣᠯᠣᠨ ᠦᠵᠡᠯ ᠰᠠᠨᠠᠭᠠᠨ ᠤ ᠳᠠᠪᠲᠠᠯᠲᠠ ᠶᠢ ᠬᠦᠯᠢᠶᠡᠪᠡ ᠃ ᠦᠵᠡᠰᠬᠦᠯᠡᠩ ᠢ ᠲᠣᠭᠤᠷᠢᠨ ᠦᠵᠡᠬᠦ ᠳᠡᠭᠡᠨ ᠤᠯᠠᠨ ᠢᠶᠠᠷ ᠢᠶᠠᠨ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ ᠂ ᠪᠠᠶᠢᠨ ᠪᠠᠶᠢᠨ ᠵᠣᠭᠰᠣᠵᠤ ᠰᠣᠨᠢᠷᠬᠠᠨ ᠦᠵᠡᠬᠦ ᠶᠢᠨ ᠬᠠᠮᠲᠤ ᠣᠯᠣᠯᠲᠠ ᠲᠥᠷᠥᠭᠳᠡᠯ ᠢᠶᠠᠨ ᠰᠣᠯᠢᠯᠴᠠᠯ᠎ᠠ ᠃ ᠤᠯᠠᠨ ᠢᠶᠠᠷ ᠢᠶᠠᠨ ᠠᠷᠠᠳ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ ᠂ ᠨᠠᠮ ᠤᠨ ᠬᠦᠴᠢᠷ ᠵᠣᠪᠠᠭᠤᠷᠢ ᠶᠢ ᠬᠤᠪᠢᠶᠠᠯᠴᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠴᠡᠭᠡᠵᠢᠯᠡᠵᠦ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠤᠨ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠵᠡᠭᠡᠪᠡ ᠃
5 ᠰᠠᠷ᠎ᠠ ᠶᠢᠨ 11 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠪᠦᠭᠦ ᠨᠠᠮ ᠤᠨ ᠭᠡᠰᠢᠭᠦᠨ ᠵᠢᠴᠢ ᠨᠠᠮ ᠳᠤ ᠣᠷᠣᠬᠤ ᠢᠳᠡᠪᠬᠢᠲᠡᠨ ᠰᠦᠢᠶᠤᠸᠠᠨ ᠥᠪᠥᠷ ᠮᠣᠩᠭᠤᠯ ᠤᠨ ᠶᠠᠫᠤᠨ ᠢ ᠡᠰᠡᠷᠭᠦᠴᠡᠵᠦ ᠤᠯᠤᠰ ᠢᠶᠠᠨ ᠠᠪᠤᠷᠠᠬᠤ ᠬᠤᠷᠠᠯ ᠤᠨ ᠪᠠᠭᠤᠷᠢ ᠶᠢᠨ ᠳᠤᠷᠠᠰᠬᠠᠯ ᠤᠨ ᠣᠷᠳᠣᠨ ᠳᠤ ᠬᠦᠷᠴᠦ ᠂ ︽ ᠦᠵᠡᠯ ᠰᠠᠨᠠᠭ᠎ᠠ ᠶᠢ ᠰᠤᠷᠤᠯᠴᠠᠨ ᠂ ᠨᠠᠮᠴᠢ ᠴᠢᠨᠠᠷ ᠢᠶᠠᠨ ᠴᠢᠩᠭᠠᠳᠬᠠᠵᠤ ᠂ ᠦᠢᠯᠡᠳᠦᠯᠭᠡ ᠶᠢ ᠴᠢᠬᠤᠯᠠᠴᠢᠯᠠᠨ ᠂ ᠰᠢᠨ᠎ᠡ ᠭᠠᠪᠢᠶ᠎ᠠ ᠪᠠᠶᠢᠭᠤᠯᠬᠤ ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ ᠃ ᠬᠠᠮᠲᠤ ᠪᠠᠷ ᠲᠤᠰ ᠳᠤᠷᠠᠰᠬᠠᠯ ᠤᠨ ᠣᠷᠳᠣᠨ ᠤ ᠦᠵᠡᠭᠦᠯᠭᠡ ᠶᠢᠨ ᠲᠢᠩᠬᠢᠮ ᠢ ᠲᠣᠭᠤᠷᠢᠨ ᠦᠵᠡᠵᠦ ᠂ ᠲᠡᠳᠡᠭᠡᠷ ᠳᠡᠯᠭᠡᠨ ᠦᠵᠡᠭᠦᠯᠵᠦ ᠪᠠᠶᠢᠭ᠎ᠠ ᠭᠡᠷᠡᠯ ᠵᠢᠷᠤᠭ ᠂ ᠲᠡᠦᠬᠡ ᠶᠢᠨ ᠳᠤᠷᠠᠰᠬᠠᠯᠲᠤ ᠵᠦᠢᠯᠡᠰ ᠂ ᠵᠢᠷᠤᠭ ᠰᠡᠭᠦᠳᠡᠷ ᠵᠡᠷᠭᠡ ᠮᠠᠲ᠋ᠧᠷᠢᠶᠠᠯ ᠢᠶᠠᠷ ᠳᠠᠮᠵᠢᠨ ᠂ ᠤᠯᠠᠨ ᠢᠶᠠᠷ ᠢᠶᠠᠨ ᠰᠦᠢᠶᠤᠸᠠᠨ ᠣᠷᠣᠨ ᠤ ᠨᠢᠭᠤᠴᠠ ᠨᠠᠮ ᠤᠨ ᠭᠡᠰᠢᠭᠦᠨ ᠯᠢᠦ ᠬᠤᠩ ᠰᠢᠶᠦ᠋ᠩ ᠂ ᠬᠤᠤ ᠳ᠋ᠧᠩ ᠬᠤᠩ ᠵᠡᠷᠭᠡ ᠨᠥᠬᠦᠳ ᠭᠦᠢᠰᠦ᠋ᠢ ᠳᠤ ᠢᠷᠡᠵᠦ ᠶᠠᠫᠤᠨ ᠢ ᠡᠰᠡᠷᠭᠦᠴᠡᠵᠦ ᠮᠥᠬᠦᠯ ᠠᠴᠠ ᠠᠪᠤᠷᠠᠬᠤ ᠠᠵᠢᠯᠯᠠᠭ᠎ᠠ ᠥᠷᠨᠢᠭᠦᠯᠵᠦ ᠂ ᠰᠦᠢᠶᠤᠸᠠᠨ ᠥᠪᠥᠷ ᠮᠣᠩᠭᠤᠯ ᠤᠨ ᠶᠠᠫᠤᠨ ᠢ ᠡᠰᠡᠷᠭᠦᠴᠡᠵᠦ ᠤᠯᠤᠰ ᠢᠶᠠᠨ ᠠᠪᠤᠷᠠᠬᠤ ᠬᠤᠷᠠᠯ ᠢ ᠪᠠᠶᠢᠭᠤᠯᠤᠭᠰᠠᠨ ᠲᠡᠦᠬᠡ ᠶᠢ ᠨᠠᠷᠢᠨ ᠣᠶᠢᠯᠠᠭᠠᠪᠠ ᠃ ᠪᠦᠭᠦ ᠨᠠᠮ ᠤᠨ ᠭᠡᠰᠢᠭᠦᠳ ᠳᠤᠷᠠᠰᠬᠠᠯ ᠤᠨ ᠣᠷᠳᠣᠨ ᠤ ᠠᠭᠤᠳᠠᠮ ᠲᠠᠯᠠᠪᠠᠢ ᠶᠢᠨ ᠱᠤᠭᠤᠮᠠᠯ ᠤᠨ ᠡᠮᠦᠨ᠎ᠡ ᠂ ᠨᠠᠮ ᠤᠨ ᠲᠤᠭ ᠤᠨ ᠡᠮᠦᠨ᠎ᠡ ᠬᠠᠮᠲᠤ ᠪᠠᠷ ᠲᠠᠩᠭᠠᠷᠢᠭᠯᠠᠵᠤ ᠂ ᠨᠠᠮ ᠳᠤ ᠣᠷᠣᠬᠤ ᠲᠠᠩᠭᠠᠷᠢᠭ ᠤᠨ ᠦᠭᠡᠰ ᠢ ᠲᠠᠭᠢᠨ ᠤᠩᠰᠢᠵᠠᠭᠠᠪᠠ ᠃
5 ᠰᠠᠷ᠎ᠠ ᠶᠢᠨ 12 ᠤᠨ ᠡᠳᠦᠷ ᠂ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠤᠨ ᠣᠷᠳᠣᠨ ᠪᠦᠭᠦ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠤᠨ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠬᠦᠷᠴᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ ᠂
︽ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠡᠷᠡᠮᠡᠬᠡᠶᠢᠯᠡᠨ ᠤᠷᠤᠭᠰᠢᠯᠠᠬᠤ ᠰᠢᠨ᠎ᠡ ᠠᠶᠠᠨ ᠵᠠᠮ — ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠶ᠎ᠠ ︾ ᠭᠤᠣᠯ ᠰᠡᠳᠦᠪᠲᠦ ᠦᠵᠡᠭᠦᠯᠭᠡ ᠶᠢ ᠲᠣᠭᠤᠷᠢᠨ ᠦᠵᠡᠪᠡ ᠃ ᠣᠯᠠᠨ ᠢᠶᠠᠷ ᠢᠶᠠᠨ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ ᠂ ᠲᠣᠭᠤᠷᠢᠨ ᠦᠵᠡᠭᠰᠡᠨ ᠣᠯᠣᠯᠲᠠ ᠲᠥᠷᠥᠭᠳᠡᠯ ᠢᠶᠠᠨ ᠬᠠᠷᠢᠯᠴᠠᠨ ᠰᠣᠯᠢᠯᠴᠠᠪᠠ ᠃ ᠣᠯᠠᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ ᠂ ᠦᠢᠯᠡᠳᠦᠯᠭᠡ ᠪᠠᠨ ᠵᠢᠯᠣᠭᠤᠳᠤᠭᠤᠯᠬᠤ ᠂ ᠠᠵᠢᠯ ᠢᠶᠠᠨ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ ᠂ ᠨᠠᠩ ᠢᠯᠡᠭᠦᠦ ᠵᠢᠳᠬᠦᠯ ᠴᠢᠷᠮᠠᠶᠢᠯᠭ᠎ᠠ ᠭᠠᠷᠭᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠦᠭᠦ ᠣᠷᠣᠨ ᠤ ᠲᠠᠩᠰᠠ ᠡᠪᠬᠡᠮᠡᠯ ᠤᠨ ᠠᠵᠢᠯ ᠢ ᠠᠬᠢᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠵᠤ ᠂ ᠰᠢᠨ᠎ᠡ ᠠᠶᠠᠨ ᠵᠠᠮ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ ᠂ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ ᠃