︵ ᠰᠢᠨᠬᠤᠸᠠ ᠬᠤᠷᠢᠶ᠎ᠠ ᠶᠢᠨ ᠰᠢ ᠠᠨ ᠤ 5 ᠰᠠᠷ᠎ᠠ ᠶᠢᠨ 18 ᠤ ᠴᠠᠭᠢᠯᠭᠠᠨ ᠮᠡᠳᠡᠭᠡ ︶ 5 ᠰᠠᠷ᠎ᠠ ᠶᠢᠨ 18 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠰᠢ ᠠᠨ ᠳᠤ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠢᠷᠡᠭᠰᠡᠨ ᠲᠦᠷᠺᠮᠧᠨ᠋ᠰᠲ᠋ᠠᠨ ᠤ ᠶᠡᠷᠦᠩᠬᠡᠶᠢᠯᠡᠭᠴᠢ ᠪᠧᠷᠳᠢᠮᠦ᠋ᠬᠠᠮᠧᠳᠤᠹ ᠲᠠᠢ ᠠᠭᠤᠯᠵᠠᠪᠠ ᠃

ᠰᠢ ᠶᠢᠨ ᠫᠢᠩ ᠂ ᠳᠤᠮᠳᠠᠳᠤ ᠲᠦᠷᠺᠮᠧᠨ᠋ᠰᠲ᠋ᠠᠨ ᠬᠠᠷᠢᠯᠴᠠᠭ᠎ᠠ ᠪᠠᠶᠢᠭᠤᠯᠤᠭᠰᠠᠨ 31 ᠵᠢᠯ ᠤᠨ ᠲᠤᠷᠰᠢ ᠬᠤᠶᠠᠷ ᠤᠯᠤᠰ ᠢᠮᠠᠭᠲᠠ ᠬᠠᠷᠢᠯᠴᠠᠨ ᠬᠦᠨᠳᠦᠳᠬᠡᠬᠦ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠵᠠᠷᠴᠢᠮ ᠢ ᠪᠠᠷᠢᠮᠲᠠᠯᠠᠵᠤ ᠨᠥᠭᠦᠷᠰᠡᠭ ᠬᠠᠮᠲᠤᠷᠠᠯᠴᠠᠭ᠎ᠠ ᠪᠠᠨ ᠠᠬᠢᠭᠤᠯᠪᠠ ᠃ ᠡᠨᠡ ᠵᠢᠯ ᠤᠨ 1 ᠰᠠᠷ᠎ᠠ ᠳᠤ ᠡᠷᠬᠢᠮ ᠲᠠ ᠳᠤᠮᠳᠠᠳᠤ ᠤᠯᠤᠰ ᠲᠤ ᠠᠮᠵᠢᠯᠲᠠ ᠲᠠᠢ ᠪᠠᠷ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠂ ᠪᠢᠳᠡ ᠬᠤᠶᠠᠷ ᠤᠯᠤᠰ ᠤᠨ ᠬᠠᠷᠢᠯᠴᠠᠭ᠎ᠠ ᠶᠢ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠵᠦ ᠂ ᠬᠤᠶᠠᠷ ᠲᠠᠯ᠎ᠠ ᠶᠢᠨ ᠳᠠᠪᠬᠤᠷᠭ᠎ᠠ ᠳᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠦᠢᠯᠡᠳᠦᠯᠭᠡᠵᠢᠭᠦᠯᠵᠦ ᠂ ᠳᠤᠮᠳᠠᠳᠤ ᠲᠦᠷᠺᠮᠧᠨ᠋ᠰᠲ᠋ᠠᠨ ᠤ ᠬᠠᠷᠢᠯᠴᠠᠭᠠᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠰᠡᠬᠦᠬᠦ ᠪᠠᠷ ᠨᠡᠶᠢᠲᠡᠯᠡᠭᠰᠡᠨ ᠪᠢᠯᠡ ᠃ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ ᠂ ᠲᠦᠷᠺᠮᠧᠨ᠋ᠰᠲ᠋ᠠᠨ ᠶᠠᠭ ︽ ᠬᠦᠴᠦᠷᠬᠡᠭ ᠤᠯᠤᠰ ᠤᠨ ᠰᠢᠨ᠎ᠡ ᠴᠠᠭ ᠦᠶ᠎ᠡ ᠶᠢᠨ ᠰᠡᠷᠭᠦᠨ ᠮᠠᠨᠳᠤᠯᠲᠠ ︾ ᠶᠢᠨ ᠬᠠᠷᠠᠯᠲᠠ ᠲᠡᠶᠢᠰᠢ ᠤᠷᠤᠭᠰᠢᠯᠠᠵᠤ ᠪᠠᠶᠢᠨ᠎ᠠ ᠂ ᠳᠤᠮᠳᠠᠳᠤ ᠲᠦᠷᠺᠮᠧᠨ᠋ᠰᠲ᠋ᠠᠨ ᠤ ᠬᠠᠷᠢᠯᠴᠠᠭ᠎ᠠ ᠶᠢᠨ ᠬᠥᠭᠵᠢᠯᠲᠡ ᠶᠢᠨ ᠲᠠᠯᠳᠠ ᠬᠦᠴᠦᠨ ᠯᠤᠲᠤ ᠶᠡᠭᠡ ᠂ ᠠᠯᠤᠰ ᠢᠷᠡᠭᠡᠳᠦᠢ ᠭᠡᠭᠡᠨ ᠰᠠᠷᠠᠭᠤᠯ ᠶᠤᠮ ᠃ ᠳᠤᠮᠳᠠᠳᠤ ᠤᠯᠤᠰ ᠳᠤᠷᠠᠲᠠᠶ᠎ᠠ ᠲᠦᠷᠺᠮᠧᠨ᠋ᠰᠲ᠋ᠠᠨ ᠤ ᠬᠢᠨ ᠲᠠᠢ ᠬᠠᠮᠲᠤ ᠪᠠᠷ ᠴᠢᠷᠮᠠᠶᠢᠵᠤ ᠪᠠᠶᠢᠭᠠᠳ ᠬᠤᠶᠠᠷ ᠤᠯᠤᠰ ᠤᠨ ᠬᠠᠷᠢᠯᠴᠠᠭ᠎ᠠ ᠶᠢ ᠲᠠᠰᠤᠷᠠᠯᠳᠠ ᠦᠭᠡᠢ ᠠᠬᠢᠭᠤᠯᠵᠤ ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ ᠃
ᠰᠢ ᠶᠢᠨ ᠫᠢᠩ ᠂ ᠳᠤᠮᠳᠠᠳᠤ ᠤᠯᠤᠰ ᠲᠦᠷᠺᠮᠧᠨ᠋ᠰᠲ᠋ᠠᠨ ᠤ ᠤᠯᠤᠰ ᠤᠨ ᠡᠷᠬᠡ ᠮᠡᠳᠡᠯ ᠂ ᠲᠤᠰᠠᠭᠠᠷ ᠲᠣᠭᠲᠠᠨᠢᠯ ᠂ ᠨᠤᠲᠤᠭ ᠳᠡᠪᠢᠰᠬᠡᠷ ᠤᠨ ᠪᠦᠷᠢᠨ ᠪᠦᠲᠦᠨ ᠢᠶᠠᠨ ᠬᠠᠮᠠᠭᠠᠯᠠᠬᠤ ᠶᠢ ᠡᠷᠡᠰ ᠲᠡᠮᠵᠢᠵᠥ ᠂ ᠲᠦᠷᠺᠮᠧᠨ᠋ᠰᠲ᠋ᠠᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠡᠷᠡᠰ ᠲᠡᠮᠵᠢᠵᠥ ᠂ ᠢᠮᠠᠭᠲᠠ ᠲᠦᠷᠺᠮᠧᠨ᠋ᠰᠲ᠋ᠠᠨ ᠤ ᠢᠲᠡᠭᠡᠮᠵᠢᠲᠡᠢ ᠨᠠᠶᠢᠵᠠ ᠪᠠ ᠬᠠᠨᠢᠲᠠᠨ ᠪᠣᠯᠣᠨ᠎ᠠ ᠃ ᠬᠤᠶᠠᠷ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠬᠦ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠂ ᠬᠠᠮᠲᠤᠷᠠᠯᠴᠠᠭᠠᠨ ᠤ ᠲᠠᠯᠳᠠ ᠬᠦᠴᠦᠨ ᠢᠶᠠᠨ ᠪᠠᠳᠠᠷᠠᠭᠤᠯᠵᠤ ᠂ ᠬᠠᠮᠲᠤᠷᠠᠯᠴᠠᠭᠠᠨ ᠤ ᠭᠦᠨᠴᠡ ᠂ ᠥᠷᠭᠡᠴᠡ ᠪᠣᠯᠣᠨ ᠬᠡᠪᠴᠢᠶ᠎ᠡ ᠪᠠᠨ ᠪᠦᠭᠦ ᠲᠠᠯ᠎ᠠ ᠪᠠᠷ ᠳᠡᠭᠡᠭᠰᠢᠯᠡᠭᠦᠯᠦᠶ᠎ᠡ ᠃ ᠳᠤᠮᠳᠠᠳᠤ ᠤᠯᠤᠰ ᠳᠤᠷᠠᠲᠠᠶ᠎ᠠ ᠲᠦᠷᠺᠮᠧᠨ᠋ᠰᠲ᠋ᠠᠨ ᠤ ᠲᠠᠯ᠎ᠠ ᠲᠠᠢ ᠠᠵᠤ ᠠᠬᠤᠢ ᠠᠷᠠᠯᠵᠢᠶ᠎ᠠ ᠂ ᠪᠠᠶᠢᠭᠠᠯᠢ ᠶᠢᠨ ᠰᠢᠲᠠᠮᠠᠬᠠᠢ ᠬᠡᠢ ᠂ ᠬᠤᠯᠪᠣᠯᠳᠤᠨ ᠨᠡᠪᠲᠡᠷᠡᠯᠴᠡᠬᠦ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠵᠦ ᠂ ᠴᠢᠮᠡᠭᠡ ᠬᠤᠯᠪᠤᠭ᠎ᠠ ᠂ ᠰᠠᠨᠰᠠᠷ ᠤᠨ ᠠᠶᠠᠯᠠᠯ ᠵᠡᠷᠭᠡ ᠳᠡᠭᠡᠳᠦ ᠰᠢᠨ᠎ᠡ ᠮᠡᠷᠭᠡᠵᠢᠯ ᠤᠨ ᠬᠠᠮᠲᠤᠷᠠᠯᠴᠠᠭ᠎ᠠ ᠪᠠᠨ ᠥᠷᠭᠡᠳᠬᠡᠵᠦ ᠂ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠲᠦᠷᠺᠮᠧᠨ᠋ᠰᠲ᠋ᠠᠨ ᠳᠤ ᠬᠦᠷᠴᠦ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠬᠦ ᠶᠢ ᠲᠡᠮᠵᠢᠨ᠎ᠠ ᠂ ᠬᠤᠶᠠᠷ ᠤᠯᠤᠰ ᠤᠨ ᠣᠷᠣᠨ ᠨᠤᠲᠤᠭ ᠤᠨ ᠮᠤᠵᠢ ᠵᠧᠦ ᠪᠠᠰᠠ ᠬᠥᠳᠡᠯᠦᠯᠴᠡᠵᠦ ᠂ ᠲᠤᠰ ᠪᠡᠶ᠎ᠡ ᠶᠢᠨ ᠳᠠᠪᠠᠭᠤᠯᠢᠭ ᠲᠠᠢ ᠪᠠᠨ ᠤᠶᠠᠯᠳᠤᠭᠤᠯᠵᠤ ᠂ ᠨᠡᠩ ᠤᠯᠠᠨ ᠠᠵᠢᠯ ᠲᠦᠷᠦᠯ ᠤᠨ ᠬᠠᠮᠲᠤᠷᠠᠯᠴᠠᠭ᠎ᠠ ᠥᠷᠨᠢᠭᠦᠯᠦᠶ᠎ᠡ ᠃ ᠬᠤᠶᠠᠷ ᠲᠠᠯ᠎ᠠ ᠪᠠᠷ ᠢᠶᠠᠨ ᠡᠨᠡ ᠵᠢᠯ ᠪᠠ ᠢᠷᠡᠬᠦ ᠵᠢᠯ ᠬᠠᠷᠢᠯᠴᠠᠨ ᠰᠣᠶᠣᠯ ᠤᠨ ᠣᠨ ᠡᠷᠭᠢᠯᠡᠭᠦ ᠪᠠᠷ ᠠᠵᠠ ᠲᠣᠭᠢᠶᠠᠯ ᠪᠤᠯᠭᠠᠵᠤ ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠦᠶ᠎ᠡ ᠭᠡᠵᠦ ᠴᠢᠬᠤᠯᠠᠴᠢᠯᠠᠪᠠ ᠃
ᠰᠢ ᠶᠢᠨ ᠫᠢᠩ ᠂ ᠳᠤᠮᠳᠠᠳᠤ ᠤᠯᠤᠰ ᠪᠣᠯᠣᠨ ᠳᠤᠮᠳᠠ ᠠᠽᠢᠶ᠎ᠠ ᠶᠢᠨ ᠤᠯᠤᠰ ᠤᠳ ᠪᠣᠯ ᠬᠠᠷᠢᠯᠴᠠᠨ ᠲᠦᠰᠢᠭᠯᠡᠯᠴᠡᠵᠦ ᠂ ᠠᠮᠤᠷ ᠲᠦᠪᠰᠢᠨ ᠠᠶᠤᠯ ᠲᠦᠭᠰᠢᠭᠦᠷᠢ ᠪᠠᠨ ᠬᠠᠮᠲᠤᠳᠬᠠᠭᠰᠠᠨ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ ᠃ ᠳᠤᠮᠳᠠᠳᠤ ᠤᠯᠤᠰ ᠲᠠᠪᠤᠨ ᠤᠯᠤᠰ ᠲᠠᠢ ᠬᠠᠮᠲᠤ ᠪᠠᠷ ᠴᠢᠷᠮᠠᠶᠢᠵᠤ ᠪᠠᠶᠢᠭᠠᠳ ᠡᠨᠡ ᠤᠳᠠᠭ᠎ᠠ ᠶᠢᠨ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠢ ᠰᠠᠶᠢᠲᠤᠷ ᠬᠤᠷᠠᠯᠳᠤᠭᠤᠯᠵᠤ ᠂ ᠳᠤᠮᠳᠠᠳᠤ ᠤᠯᠤᠰ — ᠳᠤᠮᠳᠠ ᠠᠽᠢᠶ᠎ᠠ ᠶᠢᠨ ᠬᠠᠮᠲᠤᠷᠠᠯᠴᠠᠭᠠᠨ ᠤ ᠲᠣᠭᠲᠠᠭᠤᠨ ᠬᠥᠭᠵᠢᠯᠲᠡ ᠶᠢ ᠠᠬᠢᠭᠤᠯᠵᠤ ᠂ ᠳᠤᠮᠳᠠ ᠠᠽᠢᠶ᠎ᠠ ᠶᠢᠨ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠪᠠᠶᠢᠳᠠᠯ ᠪᠣᠯᠣᠨ ᠥᠨᠢ ᠤᠳᠠᠭᠠᠨ ᠤ ᠠᠮᠤᠷ ᠲᠣᠭᠲᠠᠭᠤᠨ ᠢ ᠬᠠᠮᠠᠭᠠᠯᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ ᠃

ᠪᠧᠷᠳᠢᠮᠦ᠋ᠬᠠᠮᠧᠳᠤᠹ ᠂ ᠲᠦᠷᠺᠮᠧᠨ᠋ᠰᠲ᠋ᠠᠨ ᠳᠤᠮᠳᠠᠳᠤ ᠶᠢᠨ ᠨᠥᠬᠦᠷᠯᠡᠯ ᠶᠠᠪᠤᠬᠤ ᠲᠤᠳᠤᠮ ᠰᠢᠨᠡᠳᠴᠦ ᠂ ᠲᠦᠷᠺᠮᠧᠨ᠋ᠰᠲ᠋ᠠᠨ ᠳᠤᠮᠳᠠᠳᠤ ᠶᠢᠨ ᠬᠠᠷᠢᠯᠴᠠᠭ᠎ᠠ ᠬᠠᠷᠢᠯᠴᠠᠨ ᠬᠦᠨᠳᠦᠳᠬᠡᠬᠦ ᠂ ᠡᠷᠬᠡ ᠲᠡᠭᠰᠢ ᠪᠠᠶᠢᠬᠤ ᠪᠠ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠳᠤ ᠰᠠᠭᠤᠷᠢᠯᠠᠵᠤ ᠂ ᠠᠯᠤᠰ ᠢᠷᠡᠭᠡᠳᠦᠢ ᠭᠡᠭᠡᠨ ᠰᠠᠷᠠᠭᠤᠯ ᠪᠠᠶᠢᠨ᠎ᠠ ᠃ ᠲᠦᠷᠺᠮᠧᠨ᠋ᠰᠲ᠋ᠠᠨ ᠤ ᠬᠢᠨ ᠳᠤᠮᠳᠠᠳᠤ ᠤᠯᠤᠰ ᠯᠤᠭ᠎ᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠨ ᠮᠠᠰᠢ ᠨᠠᠨᠳᠢᠩᠨᠠᠵᠤ ᠂ ᠳᠤᠷᠠᠲᠠᠶ᠎ᠠ ᠳᠤᠮᠳᠠᠳᠤ ᠤᠯᠤᠰ ᠯᠤᠭ᠎ᠠ ︽ ᠲᠣᠷᠭᠠᠨ ᠵᠠᠮ ᠢ ᠰᠡᠷᠭᠦᠭᠡᠨ ᠮᠠᠨᠳᠤᠭᠤᠯᠬᠤ ︾ ᠪᠠᠶᠢᠯᠳᠤᠬᠤ ᠪᠣᠳᠣᠯᠭ᠎ᠠ ᠶᠢ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠲᠠᠢ ᠵᠣᠯᠭᠠᠭᠤᠯᠵᠤ ᠂ ᠲᠦᠷᠺᠮᠧᠨ᠋ᠰᠲ᠋ᠠᠨ ᠳᠤᠮᠳᠠᠳᠤ ᠶᠢᠨ ᠬᠠᠮᠲᠤᠷᠠᠯᠴᠠᠭᠠᠨ ᠤ ᠵᠥᠪᠯᠡᠯ ᠤᠨ ᠦᠢᠯᠡᠳᠦᠯ ᠢ ᠪᠠᠳᠠᠷᠠᠭᠤᠯᠵᠤ ᠂ ᠡᠨᠧᠷᠭᠢ ᠂ ᠰᠢᠨ᠎ᠡ ᠶᠢ ᠡᠭᠦᠳᠬᠦ ᠵᠡᠷᠭᠡ ᠭᠤᠣᠯᠳᠠᠯᠭ᠎ᠠ ᠲᠠᠢ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠤᠨ᠎ᠠ ᠃ ᠳᠤᠮᠳᠠᠳᠤ ᠤᠯᠤᠰ — ᠳᠤᠮᠳᠠ ᠠᠽᠢᠶ᠎ᠠ ᠶᠢᠨ ᠲᠣᠭᠲᠠᠴᠠ ᠨᠢ ᠨᠥᠬᠦᠷᠯᠡᠯ ᠪᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠳᠤ ᠰᠢᠨ᠎ᠡ ᠲᠣᠭᠢᠶᠠᠯ ᠬᠠᠩᠭᠠᠬᠤ ᠪᠥᠭᠡᠳ ᠳᠡᠯᠡᠬᠡᠢ ᠳ᠋ᠠᠬᠢᠨ ᠳᠤ ᠴᠤ ᠴᠢᠬᠤᠯᠠ ᠠᠴᠢ ᠬᠤᠯᠪᠣᠭᠳᠠᠯ ᠲᠠᠢ ᠶᠤᠮ ᠃ ᠲᠦᠷᠺᠮᠧᠨ᠋ᠰᠲ᠋ᠠᠨ ᠤ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠳᠤᠷᠠᠲᠠᠶ᠎ᠠ ᠳᠤᠮᠳᠠᠳᠤ ᠤᠯᠤᠰ ᠯᠤᠭ᠎ᠠ ᠣᠯᠣᠯᠴᠠᠭ᠎ᠠ ᠬᠠᠮᠲᠤᠷᠠᠯᠴᠠᠭ᠎ᠠ ᠪᠠᠨ ᠨᠢᠭᠲᠠᠷᠠᠭᠤᠯᠵᠤ ᠂ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠵᠤ ᠂ ᠭᠠᠵᠠᠷ ᠣᠷᠣᠨ ᠤ ᠠᠮᠤᠷ ᠲᠦᠪᠰᠢᠨ ᠲᠣᠭᠲᠠᠭᠤᠨ ᠪᠣᠯᠣᠨ ᠬᠥᠭᠵᠢᠯ ᠴᠡᠴᠡᠭᠯᠡᠯ ᠢ ᠠᠬᠢᠭᠤᠯᠤᠨ᠎ᠠ ᠭᠡᠵᠦ ᠢᠯᠡᠳᠬᠡᠪᠡ ᠃
ᠠᠭᠤᠯᠵᠠᠯᠲᠠ ᠶᠢᠨ ᠳᠠᠷᠠᠭ᠎ᠠ ᠂ ᠬᠤᠶᠠᠷ ᠤᠯᠤᠰ ᠤᠨ ᠲᠡᠷᠢᠭᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠪᠣᠭᠤᠮᠲᠠ ᠵᠡᠷᠭᠡ ᠬᠦᠷᠢᠶᠡᠨ ᠳᠠᠬᠢ ᠬᠤᠶᠠᠷ ᠲᠠᠯ᠎ᠠ ᠶᠢᠨ ᠤᠯᠠᠨ ᠵᠦᠢᠯ ᠤᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ ᠃

ᠼᠠᠢ ᠴᠢ ᠂ ᠸᠠᠩ ᠢ ᠂ ᠴᠢᠨ ᠭᠠᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ ᠃