ᠰᠢ ᠶᠢᠨ ᠫᠢᠩ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2023/5/19

      5 ᠰᠠᠷ᠎ᠠ ᠶᠢᠨ 18 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠰᠢ ᠠᠨ ᠳᠤ ᠳᠤᠮᠳᠠᠳᠤ ᠤᠯᠤᠰ – ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠣᠷᠤᠯᠴᠠᠬᠤ ᠶᠢᠨ ᠬᠠᠮᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠲᠤᠮᠳᠠᠳᠤ ᠤᠯᠤᠰ ᠲᠤ ᠢᠷᠡᠭᠰᠡᠨ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ ᠳᠤᠮᠳᠠᠳᠤ ᠺᠢᠷᠭᠢᠽᠰᠲ᠋ᠠᠨ ᠤ ᠬᠠᠷᠢᠯᠴᠠᠭ᠎ᠠ ᠶᠢ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ᠃

      ᠰᠢ ᠶᠢᠨ ᠫᠢᠩ᠂ ᠨᠢᠳᠤᠨᠤᠨ ᠪᠢᠳᠡ ᠬᠤᠶᠠᠷ ᠤᠳᠠᠭ᠎ᠠ ᠠᠭᠤᠯᠵᠠᠵᠤ᠂ ᠳᠤᠮᠳᠠᠳᠤ ᠺᠢᠷᠭᠢᠽᠰᠲ᠋ᠠᠨ ᠤ ᠬᠠᠷᠢᠯᠴᠠᠭ᠎ᠠ ᠪᠣᠯᠣᠨ ᠬᠤᠶᠠᠷ ᠤᠯᠤᠰ ᠤᠨ ᠡᠯ᠎ᠡ ᠬᠦᠷᠢᠶᠡᠨ ᠤ ᠬᠠᠮᠲᠤᠷᠠᠯᠴᠠᠭᠠᠨ ᠤ ᠲᠤᠬᠠᠢ ᠴᠢᠬᠤᠯᠠ ᠬᠠᠮᠲᠤ ᠶᠢᠨ ᠲᠠᠨᠢᠯᠲᠠ ᠶᠠᠭ ᠪᠦᠲᠦᠮᠵᠢᠲᠡᠢ ᠨᠠᠶᠢᠳᠠᠪᠤᠷᠢᠵᠢᠭᠤᠯᠤᠭᠳᠠᠵᠤ᠂ ᠬᠤᠶᠠᠷ ᠤᠯᠤᠰ ᠤᠨ ᠬᠠᠷᠢᠯᠴᠠᠭᠠᠨ ᠤ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠳᠤᠮᠳᠠᠳᠤ ᠺᠢᠷᠭᠢᠽᠰᠲ᠋ᠠᠨ ᠤ ᠬᠠᠷᠢᠯᠴᠠᠭ᠎ᠠ ᠨᠢᠭᠡᠨᠲᠡ 31 ᠵᠢᠯ ᠤᠨ ᠬᠥᠭᠵᠢᠯᠲᠡ ᠶᠢᠨ ᠶᠠᠪᠤᠴᠠ ᠶᠢ ᠥᠩᠭᠡᠷᠡᠭᠦᠯᠪᠡ᠂ ᠳᠤᠮᠳᠠᠳᠤ ᠤᠯᠤᠰ ᠳᠤᠷᠠᠲᠠᠶ᠎ᠠ ᠺᠢᠷᠭᠢᠽᠰᠲ᠋ᠠᠨ ᠤ ᠬᠢᠨ ᠲᠠᠢ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ᠂ ᠬᠥᠭᠵᠢᠯ ᠴᠡᠴᠡᠭᠯᠡᠯ ᠢ ᠬᠠᠮᠲᠤ ᠪᠠᠷ ᠡᠳ᠋ᠯᠡᠬᠦ ᠳᠤᠮᠳᠠᠳᠤ ᠺᠢᠷᠭᠢᠽᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠬᠤᠶᠠᠷ ᠤᠯᠤᠰ ᠤᠨ ᠬᠥᠭᠵᠢᠯ ᠮᠠᠨᠳᠤᠯ ᠳᠤ ᠬᠦᠴᠦᠨ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃

      ᠰᠢ ᠶᠢᠨ ᠫᠢᠩ᠂ ᠳᠤᠮᠳᠠᠳᠤ ᠺᠢᠷᠭᠢᠽᠰᠲ᠋ᠠᠨ ᠬᠠᠷᠢᠯᠴᠠᠨ ᠳᠡᠮᠵᠢᠬᠦ ᠪᠠᠨ ᠴᠢᠩᠭᠠᠳᠬᠠᠵᠤ᠂ ᠢᠯᠠᠩᠭᠤᠶ᠎ᠠ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠶᠢ ᠡᠷᠡᠰ ᠬᠦᠴᠦᠲᠡᠢ ᠲᠡᠮᠵᠢᠵᠤ᠂ ᠬᠠᠷᠢᠯᠴᠠᠨ ᠢᠲᠡᠭᠡᠯᠴᠡᠵᠦ᠂ ᠬᠠᠷᠢᠯᠴᠠᠨ ᠲᠦᠰᠢᠭᠯᠡᠭᠰᠡᠨ ᠰᠠᠶᠢᠨ ᠨᠠᠶᠢᠵᠠ ᠪᠣᠯᠣᠯᠴᠠᠶ᠎ᠠ᠃ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠣᠯᠣᠨ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠪᠠᠨ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠪᠠᠷ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠠᠬᠢᠭᠤᠯᠵᠤ᠂ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠲᠦᠪᠰᠢᠨ ᠢᠶᠠᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠶᠠᠳᠠᠭᠤ ᠶᠢ ᠲᠡᠳᠬᠦᠵᠦ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠠᠭᠠᠰᠬᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠠᠬᠢᠭᠤᠯᠵᠤ᠂ ᠬᠤᠯᠪᠣᠯᠳᠤᠨ ᠨᠡᠪᠲᠡᠷᠡᠯᠴᠡᠬᠦ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠺᠢᠷᠭᠢᠽᠰᠲ᠋ᠠᠨ ᠦᠽᠪᠧᠺᠰᠲ᠋ᠠᠨ ᠤ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠡᠷᠲᠡᠬᠡᠨ ᠡᠬᠢᠯᠡᠭᠦᠯᠦᠶ᠎ᠡ᠃ ᠳᠤᠮᠳᠠᠳᠤ ᠶᠢᠨ ᠲᠠᠯ᠎ᠠ ᠳᠤᠷᠠᠲᠠᠶ᠎ᠠ ᠺᠢᠷᠭᠢᠽᠰᠲ᠋ᠠᠨ ᠤ ᠴᠢᠨᠠᠷ ᠰᠠᠶᠢᠲᠠᠢ ᠬᠥᠳᠡᠭᠡ ᠠᠵᠤ ᠠᠬᠤᠢ ᠶᠢᠨ ᠳᠠᠭᠠᠯᠲᠠ ᠪᠦᠲᠦᠭᠡᠭᠳᠡᠬᠦᠨ ᠢ ᠣᠷᠣᠭᠤᠯᠬᠤ ᠪᠠᠨ ᠨᠡᠮᠡᠭᠳᠡᠭᠦᠯᠵᠦ᠂ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠺᠢᠷᠭᠢᠽᠰᠲ᠋ᠠᠨ ᠳᠤ ᠬᠦᠷᠴᠦ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠬᠤᠶᠠᠷ ᠲᠠᠯ᠎ᠠ ᠪᠠᠷ ᠢᠶᠠᠨ ᠪᠠᠰᠠ ᠣᠷᠣᠨ ᠨᠤᠲᠤᠭ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠥᠷᠭᠡᠳᠬᠡᠵᠦ᠂ ᠬᠤᠶᠠᠷ ᠤᠯᠤᠰ ᠤᠨ ᠬᠠᠷᠢᠯᠴᠠᠭᠠᠨ ᠤ ᠬᠥᠭᠵᠢᠯᠲᠡ ᠶᠢᠨ ᠨᠡᠶᠢᠭᠡᠮ ᠤᠨ ᠪᠠ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠦᠶ᠎ᠡ᠃ ᠠᠮᠤᠷ ᠲᠦᠪᠰᠢᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠ ᠬᠤᠶᠠᠷ ᠤᠯᠤᠰ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠠᠮᠤᠷ ᠲᠦᠪᠰᠢᠨ ᠤ ᠣᠷᠴᠢᠨ ᠨᠥᠬᠦᠴᠡᠯ ᠬᠠᠩᠭᠠᠶ᠎ᠠ ᠭᠡᠵᠦ ᠴᠢᠬᠤᠯᠠᠴᠢᠯᠠᠪᠠ᠃

      ᠵᠠᠫᠠᠯᠤᠹ᠂ ᠲᠡᠦᠬᠡᠲᠦ ᠠᠴᠢ ᠬᠤᠯᠪᠣᠭᠳᠠᠯ ᠢᠶᠠᠷ ᠪᠢᠯᠬᠠᠮ᠎ᠠ ᠡᠷᠲᠡᠨ ᠤ ᠲᠣᠷᠭᠠᠨ ᠵᠠᠮ ᠤᠨ ᠡᠭᠢᠯᠡᠯᠲᠡ ᠶᠢᠨ ᠴᠡᠭ ᠲᠤ ᠢᠷᠡᠵᠦ ᠠᠶᠢᠯᠴᠢᠯᠠᠯᠲᠠ ᠬᠢᠬᠦ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠂ ᠳᠤᠮᠳᠠᠳᠤ ᠤᠯᠤᠰ ᠤᠯᠤᠰ ᠤᠨ ᠳᠣᠲᠣᠭᠠᠳᠤ ᠶᠢᠨ ᠠᠯᠢ ᠤᠯᠠᠨ ᠴᠢᠬᠤᠯᠠ ᠶᠡᠭᠡ ᠤᠯᠤᠰ ᠲᠦᠷᠦ ᠶᠢᠨ ᠵᠥᠪᠯᠡᠬᠦ ᠵᠦᠢᠯᠡᠰ ᠢᠶᠠᠨ ᠠᠮᠵᠢᠯᠲᠠ ᠲᠠᠢ ᠪᠡᠶᠡᠯᠡᠭᠦᠯᠦᠭᠰᠡᠨ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ᠂ ᠲᠡᠷᠢᠭᠦᠯᠡᠭᠴᠢ ᠰᠢ ᠶᠢᠨ ᠫᠢᠩ ᠤᠨ ᠪᠠᠲᠤ ᠴᠢᠩᠭ᠎ᠠ ᠬᠦᠴᠦᠲᠡᠢ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠡᠯ᠎ᠡ ᠬᠦᠷᠢᠶᠡᠨ ᠤ ᠬᠥᠭᠵᠢᠯᠲᠡ ᠯᠠᠪᠲᠠᠢ ᠰᠢᠨ᠎ᠡ ᠭᠡᠷᠡᠯ ᠰᠠᠴᠤᠷᠠᠩᠭᠤᠢ ᠠᠮᠵᠢᠯᠲᠠ ᠣᠯᠵᠤ᠂ ᠳᠡᠯᠡᠬᠡᠢ ᠳ᠋ᠠᠬᠢᠨ ᠳᠤ ᠨᠡᠩ ᠴᠢᠬᠤᠯᠠ ᠦᠢᠯᠡᠳᠦᠯ ᠦᠵᠡᠭᠦᠯᠭᠦ ᠶᠢ ᠢᠲᠡᠭᠡᠵᠦ ᠪᠠᠶᠢᠨ᠎ᠠ᠃ ᠣᠳᠣᠬᠠᠨ ᠳᠤ ᠺᠢᠷᠭᠢᠽᠰᠲ᠋ᠠᠠ ᠳᠤᠮᠳᠠᠳᠤ ᠶᠢᠨ ᠬᠠᠷᠢᠯᠴᠠᠭ᠎ᠠ ᠲᠡᠦᠬᠡ ᠶᠢᠨ ᠬᠠᠮᠤᠭ ᠤᠨ ᠰᠠᠶᠢᠨ ᠲᠦᠪᠰᠢᠨ ᠳᠤ ᠣᠷᠣᠰᠢᠵᠤ ᠪᠠᠶᠢᠨ᠎ᠠ᠂ ᠺᠢᠷᠭᠢᠽᠰᠲ᠋ᠠᠠ ᠤ ᠲᠠᠯ᠎ᠠ ᠳᠤᠮᠳᠠᠳᠤ ᠶᠢᠨ ᠲᠠᠯ᠎ᠠ ᠶᠢᠨ ᠲᠠᠶᠢᠸᠠᠨ᠂ ᠰᠢᠨᠵᠢᠶᠠᠩ ᠳᠤ ᠬᠤᠯᠪᠣᠭᠳᠠᠭᠰᠠᠨ᠂ ᠰᠢᠶᠠᠩᠭᠠᠩ ᠳᠤ ᠬᠤᠯᠪᠣᠭᠳᠠᠭᠰᠠᠨ ᠵᠡᠷᠭᠡ ᠭᠤᠣᠯᠯᠠᠭᠴᠢ ᠠᠰᠢᠭ ᠲᠤᠰᠠ ᠶᠢᠨ ᠠᠰᠠᠭᠤᠳᠠᠯ ᠳᠡᠭᠡᠷᠡᠬᠢ ᠵᠣᠭᠰᠣᠯᠲᠠ ᠭᠤᠶᠢᠪᠢᠰᠢ ᠦᠭᠡᠢ ᠪᠠᠶᠢᠬᠤ ᠶᠢ ᠲᠡᠮᠵᠢᠵᠦ᠂ ᠳᠤᠮᠳᠠᠳᠤ ᠶᠢᠨ ᠲᠠᠯ᠎ᠠ ᠶᠢᠨ ᠳᠤᠷᠠᠳᠤᠭᠰᠠᠨ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠲᠡᠮᠵᠢᠵᠦ᠂ ᠳᠤᠷᠠᠲᠠᠶ᠎ᠠ ᠳᠤᠮᠳᠠᠳᠤ ᠶᠢᠨ ᠲᠠᠯ᠎ᠠ ᠯᠤᠭ᠎ᠠ ᠡᠷᠡᠰ ᠳᠡᠮᠵᠢᠯᠴᠡᠵᠦ᠂ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠬᠤᠶᠠᠷ ᠤᠯᠤᠰ ᠪᠣᠯᠣᠨ ᠭᠠᠵᠠᠷ ᠣᠷᠣᠨ ᠤ ᠠᠮᠤᠷ ᠲᠦᠪᠰᠢᠨ ᠪᠣᠯᠣᠨ ᠬᠥᠭᠵᠢᠯᠲᠡ ᠶᠢ ᠬᠠᠮᠲᠤ ᠪᠠᠷ ᠠᠬᠢᠭᠤᠯᠤᠨ᠎ᠠ᠃ ᠺᠢᠷᠭᠢᠽᠰᠲ᠋ᠠᠨ ᠤ ᠬᠢᠨ ᠳᠤᠮᠳᠠᠳᠤ ᠤᠯᠤᠰ ᠤᠨ ᠠᠵᠤ ᠠᠬᠤᠶᠢᠯᠠᠯ ᠳᠤ ᠠᠮᠤᠷ ᠲᠦᠪᠰᠢᠨ ᠰᠠᠶᠢᠨ ᠰᠠᠶᠢᠬᠠᠨ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠬᠠᠩᠭᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠦᠷᠭᠦᠯᠵᠢᠯᠡᠨ ᠠᠬᠢᠭᠤᠯᠤᠨ᠎ᠠ᠃ ᠥᠨᠥᠳᠥᠷ ᠪᠢᠳᠡ ᠺᠢᠷᠭᠢᠽᠰᠲ᠋ᠠᠨ ᠳᠤᠮᠳᠠᠳᠤ ᠶᠢᠨ ᠬᠠᠷᠢᠯᠴᠠᠭ᠎ᠠ ᠶᠢ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠭᠦ ᠶᠢᠨ ᠬᠠᠮᠲᠤ ᠺᠢᠷᠭᠢᠽᠰᠲ᠋ᠠᠨ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠲᠤᠬᠠᠢ ᠰᠠᠨᠠᠯ ᠨᠢᠭᠡᠳᠦᠭᠰᠡᠨ ᠨᠢ ᠬᠤᠶᠠᠷ ᠤᠯᠤᠰ ᠤᠨ ᠪᠦᠭᠦ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠨᠢ ᠯᠠᠪᠲᠠᠢ ᠶᠤᠮ ᠭᠡᠵᠦ ᠢᠯᠡᠳᠬᠡᠪᠡ᠃

      ᠵᠠᠫᠠᠯᠤᠹ᠂ ᠪᠢ ᠤᠳᠠᠯ ᠦᠭᠡᠢ ᠬᠤᠷᠠᠯᠳᠤᠬᠤ ᠪᠠᠷ ᠪᠠᠶᠢᠭ᠎ᠠ ᠳᠤᠮᠳᠠᠳᠤ ᠤᠯᠤᠰ – ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠬᠦᠰᠡᠯ ᠡᠷᠡᠮᠡᠯᠵᠡᠯ ᠢᠶᠠᠷ ᠳᠦᠭᠦᠷᠡᠩ ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠳᠤᠮᠳᠠᠳᠤ ᠤᠯᠤᠰ – ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠢ ᠳᠤᠮᠳᠠ ᠠᠽᠢᠶ᠎ᠠ ᠶᠢᠨ ᠤᠯᠤᠰ ᠪᠣᠯᠣᠨ ᠳᠤᠮᠳᠠᠳᠤ ᠤᠯᠤᠰ ᠤᠨ ᠬᠤᠶᠠᠷ ᠲᠠᠯ᠎ᠠ ᠶᠢᠨ ᠪᠠ ᠭᠠᠵᠠᠷ ᠣᠷᠣᠨ ᠤ ᠬᠠᠮᠲᠤᠷᠠᠯᠴᠠᠭ᠎ᠠ ᠪᠠᠨ ᠨᠢᠭᠲᠠᠷᠠᠭᠤᠯᠬᠤ ᠰᠢᠨ᠎ᠡ ᠲᠠᠪᠴᠠᠩ ᠪᠣᠯᠭᠠᠨ ᠴᠣᠭᠴᠠᠯᠠᠨ᠎ᠠ ᠭᠡᠵᠦ ᠢᠯᠡᠳᠬᠡᠪᠡ᠃

      ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠬᠤ ᠲᠤᠬᠠᠢ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ ᠺᠢᠷᠭᠢᠽᠰᠲ᠋ᠠᠨ ᠤᠯᠤᠰ ᠤᠨ ᠬᠠᠮᠲᠤᠷᠠᠭᠰᠠᠨ ᠲᠤᠩᠬᠠᠭ︾ ᠲᠤ ᠭᠠᠷ ᠤᠨ ᠦᠰᠦᠭ ᠵᠢᠷᠤᠭᠰᠠᠨ ᠪᠥᠭᠡᠳ ᠠᠵᠤ ᠠᠬᠤᠢ ᠠᠷᠠᠯᠵᠢᠶ᠎ᠠ᠂ ᠠᠵᠤ ᠦᠢᠯᠡᠰ ᠪᠣᠯᠣᠨ ᠪᠡᠯᠡ ᠣᠷᠣᠭᠤᠯᠤᠯᠲᠠ᠂ ᠪᠣᠭᠤᠮᠲᠠ᠂ ᠬᠥᠳᠡᠭᠡ ᠠᠵᠤ ᠠᠬᠤᠢ᠂ ᠰᠣᠶᠣᠯ ᠢᠷᠭᠡᠨᠰᠢᠯ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃

      ᠼᠠᠢ ᠴᠢ᠂ ᠸᠠᠩ ᠢ᠂ ᠴᠢᠨ ᠭᠠᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃

      ( ᠰᠢᠨᠬᠤᠸᠠ ᠬᠤᠷᠢᠶ᠎ᠠ ᠶᠢᠨ ᠰᠢ ᠠᠨ ᠤ 5 ᠰᠠᠷ᠎ᠠ ᠶᠢᠨ 18 ᠤ ᠴᠠᠭᠢᠯᠭᠠᠨ ᠮᠡᠳᠡᠭᠡ )

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ