ᠬᠢᠪᠡᠯ ᠭᠢᠯᠠᠷᠠᠲᠠᠯ᠎ᠠ ᠬᠢᠬᠦ ᠬᠡᠷᠡᠭᠲᠡᠢ – ᠦᠵᠡᠯ ᠰᠠᠨᠠᠭ᠎ᠠ ᠶᠢ ᠰᠤᠷᠤᠯᠴᠠᠨ ᠦᠢᠯᠡ ᠠᠵᠢᠯᠯᠠᠭ᠎ᠠ ᠳᠡᠭᠡᠷ᠎ᠡ ᠪᠠᠨ ᠢᠯᠡᠷᠡᠭᠦᠯᠬᠦ ᠰᠢᠷᠢᠰ ᠥᠭᠦᠯᠡᠮᠵᠢ ⑤
ᠨᠡᠶᠢᠲᠡᠯᠡᠭᠰᠡᠨ ᠴᠠᠭ᠄
2023/5/22

      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠶᠢᠨ ᠵᠣᠷᠢᠯᠭ᠎ᠠ ᠨᠢ ᠬᠡᠷᠡᠭᠯᠡᠬᠦ ᠳᠤ ᠪᠤᠢ᠂ ᠡᠨᠡ ᠬᠦ ᠦᠵᠡᠯ ᠰᠠᠨᠠᠭ᠎ᠠ ᠶᠢ ᠪᠡᠶᠡᠴᠢ ᠶᠢᠷᠲᠢᠨᠴᠦ ᠪᠠ ᠪᠤᠰᠤᠳᠴᠢ ᠶᠢᠷᠲᠢᠨᠴᠦ ᠶᠢ ᠥᠭᠡᠷᠡᠴᠢᠯᠡᠬᠦ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠣᠯᠭᠠᠨ ᠬᠤᠪᠢᠷᠠᠭᠤᠯᠬᠤ ᠳᠤ ᠪᠠᠶᠢᠨ᠎ᠠ᠃ ᠬᠡᠰᠡᠭ ᠬᠤᠭᠤᠴᠠᠭᠠᠨ ᠤ ᠲᠤᠷᠰᠢ ᠥᠪᠥᠷ ᠮᠣᠩᠭᠤᠯ ᠤᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠳᠤ ᠭᠤᠣᠯ ᠰᠡᠳᠦᠪᠲᠦ ᠬᠥᠮᠦᠵᠢᠯ ᠥᠷᠨᠢᠭᠦᠯᠬᠦ ᠬᠠᠯᠠᠭᠤᠨ ᠥᠷᠨᠢᠯᠲᠡ ᠪᠣᠯᠵᠤ ᠪᠤᠢ᠃ ᠭᠤᠣᠯ ᠰᠡᠳᠦᠪᠲᠦ ᠬᠥᠮᠦᠵᠢᠯ ᠤᠨ ︽ᠬᠠᠯᠠᠮᠰᠢᠯ︾ ᠢ ᠠᠵᠢᠯ ᠤᠨ ᠳᠤᠮᠳᠠᠬᠢ ︽ᠪᠣᠳᠠᠲᠤ︾ ᠵᠦᠢᠯ ᠪᠣᠯᠭᠠᠨ ᠬᠤᠪᠢᠷᠠᠭᠤᠯᠬᠤ ᠳᠤ᠂ ᠪᠢᠳᠡ ᠳᠠᠷᠤᠢ ᠲᠦᠷᠭᠡᠨ ᠬᠥᠳᠡᠯᠦᠯᠴᠡᠵᠦ᠂ ᠬᠠᠨᠴᠤᠢ ᠰᠢᠮᠠᠯᠠᠨ ᠡᠷᠴᠢ ᠵᠣᠷᠢᠭ ᠢᠶᠠᠨ ᠬᠥᠪᠴᠢᠯᠡᠵᠦ᠂ ᠬᠢᠪᠡᠯ ᠲᠤᠭᠤᠰᠢᠲᠠᠢ ᠬᠢᠬᠦ ᠭᠡᠷᠡᠭᠲᠡᠢ︔ ᠨᠡᠩ ᠴᠤ ᠴᠢᠳᠠᠮᠠᠭᠠᠢ ᠬᠥᠳᠡᠯᠦᠯᠴᠡᠵᠦ᠂ ᠭᠤᠣᠯᠳᠠᠯᠭ᠎ᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠪᠡᠯ ᠭᠢᠯᠠᠷᠠᠲᠠᠯ᠎ᠠ ᠰᠠᠶᠢᠬᠠᠨ ᠬᠢᠬᠦ ᠬᠡᠷᠡᠭᠲᠡᠢ᠃

      ᠶᠠᠮᠠᠷᠪᠠ ᠨᠢᠭᠡᠨ ᠬᠠᠷᠠᠯᠲᠠ ᠶᠢ ᠪᠡᠶᠡᠯᠡᠭᠦᠯᠬᠦ ᠳᠤ ᠴᠥᠮ ᠠᠵᠢᠯᠯᠠᠵᠤ ᠪᠠᠶᠢᠭᠠᠳ ᠪᠡᠶᠡᠯᠡᠭᠦᠯᠳᠡᠭ ᠶᠤᠮ᠃ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠨᠢ ᠬᠡᠳᠦᠢ ᠵᠣᠬᠢᠶᠠᠯ ᠤᠩᠰᠢᠵᠤ᠂ ᠬᠡᠳᠦᠢ ᠲᠡᠮᠳᠡᠭᠯᠡᠯ ᠬᠢᠵᠦ᠂ ᠬᠡᠳᠦᠢ ᠪᠠᠳᠠᠭ ᠴᠡᠭᠡᠵᠢᠯᠡᠬᠦ ᠳᠥᠭᠦᠮᠬᠡᠨ ᠶᠠᠪᠤᠳᠠᠯ ᠪᠢᠰᠢ᠃ ᠵᠠᠩᠭᠢᠯᠠᠭ᠎ᠠ ᠨᠢ ᠰᠤᠷᠤᠯᠴᠠᠯᠭ᠎ᠠ ᠪᠠᠷ ᠲᠠᠮᠵᠢᠨ ᠦᠵᠡᠯ ᠰᠠᠨᠠᠭ᠎ᠠ ᠶᠢ ᠭᠦᠨᠳᠡᠵᠦ᠂ ᠰᠦᠭ ᠰᠦᠨᠡᠰᠦ ᠶᠢ ᠭᠦᠨᠳᠡᠵᠦ᠂ ᠨᠠᠮ ᠤᠨ ᠰᠢᠨ᠎ᠡ ᠶᠢ ᠡᠭᠦᠳᠬᠦ ᠤᠨᠤᠯ ᠢ ᠦᠨᠡᠨ ᠬᠦ ᠬᠦᠰᠡᠯᠡᠩ ᠢᠶᠠᠨ ᠪᠠᠲᠤᠳᠬᠠᠬᠤ᠂ ᠨᠠᠮᠴᠢ ᠴᠢᠨᠠᠷ ᠢ ᠳᠠᠪᠲᠠᠨ ᠪᠤᠯᠪᠠᠰᠤᠷᠠᠭᠤᠯᠬᠤ ᠪᠠ ᠦᠢᠯᠡᠳᠦᠯᠭᠡ ᠶᠢ ᠵᠢᠯᠣᠭᠤᠳᠤᠭᠤᠯᠬᠤ᠂ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠡᠰᠡᠬᠦ ᠳᠤ ᠪᠠᠶᠢᠭ᠎ᠠ ᠶᠤᠮ᠃ ᠦᠵᠡᠯ ᠰᠠᠨᠠᠭ᠎ᠠ ᠶᠢ ᠰᠤᠷᠤᠯᠴᠠᠨ᠂ ᠦᠢᠯᠡ ᠠᠵᠢᠯᠯᠠᠭ᠎ᠠ ᠳᠡᠭᠡᠷ᠎ᠡ ᠪᠠᠨ ᠢᠯᠡᠷᠡᠭᠦᠯᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠠᠴᠠ ᠡᠷᠡᠮᠡᠬᠡᠶᠢᠯᠡᠨ ᠤᠷᠤᠭᠰᠢᠯᠠᠬᠤ ᠤᠶᠤᠨ ᠤᠬᠠᠭᠠᠨ ᠪᠠ ᠬᠦᠴᠦᠨ ᠴᠢᠳᠠᠯ ᠣᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠴᠤᠭ ᠵᠢᠪᠬᠤᠭ᠎ᠠ ᠪᠠᠨ ᠪᠠᠳᠠᠷᠠᠭᠤᠯᠵᠤ᠂ ᠰᠢᠷᠭᠠᠭᠤ ᠬᠠᠲᠠᠭᠤᠵᠢᠯᠲᠠᠢ ︽ᠪᠠᠷᠢᠯᠭ᠎ᠠ ᠶᠢᠨ ᠠᠩᠭᠢ ᠶᠢᠨ ᠳᠠᠷᠤᠭ᠎ᠠ︾ ᠪᠣᠯᠵᠤ᠂ ᠴᠡᠭᠡᠵᠢ ᠲᠦᠷᠢᠨ ᠤᠷᠤᠭᠰᠢᠯᠠᠬᠤ ︽ᠵᠠᠮ ᠨᠡᠭᠡᠭᠡᠬᠦ ᠬᠤᠰᠢᠭᠤᠴᠢ︾ ᠪᠣᠯᠵᠤ᠂ ᠯᠠᠪᠳᠠᠭᠤᠨ ᠪᠠᠲᠤᠲᠠᠢ ᠠᠵᠢᠯᠯᠠᠪᠠᠯ ᠰᠠᠶ᠋ᠢ ᠲᠣᠭᠲᠠᠭᠰᠠᠨ ᠡᠭᠦᠷᠭᠡ᠂ ᠠᠵᠢᠯ ᠤᠨ ᠪᠠᠶᠢᠷᠢᠯᠠᠭᠤᠯᠤᠯᠲᠠ ᠪᠠᠨ ᠲᠠᠰᠤᠷᠠᠯᠲᠠ ᠦᠭᠡᠢ ᠠᠬᠢᠭᠤᠯᠵᠤ ᠴᠢᠳᠠᠨ᠎ᠠ᠃

      ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠦᠷ᠎ᠡ ᠪᠦᠲᠦᠮᠵᠢ ᠭᠠᠷᠭᠠᠬᠤ ᠪᠣᠯ ᠭᠤᠣᠯ ᠰᠡᠳᠦᠪᠲᠦ ᠬᠥᠮᠦᠵᠢᠯ ᠥᠷᠨᠢᠭᠦᠯᠬᠦ ᠶᠢᠨ ᠴᠢᠬᠤᠯᠠ ᠬᠠᠷᠠᠯᠲᠠ ᠮᠥᠨ᠂ ᠪᠠᠰᠠ ᠴᠤ ᠭᠤᠣᠯ ᠰᠡᠳᠦᠪᠲᠦ ᠬᠥᠮᠦᠵᠢᠯ ᠢ ᠰᠢᠯᠭᠠᠬᠤ ᠴᠢᠬᠤᠯᠠ ᠬᠡᠮᠵᠢᠭᠦᠷ ᠮᠥᠨ᠃ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠬᠥᠭᠵᠢᠯᠲᠡ ᠶᠢ ᠠᠬᠢᠭᠤᠯᠬᠤ ᠨᠢ ᠥᠪᠥᠷ ᠮᠣᠩᠭᠤᠯ ᠳᠤ ᠠᠪᠴᠤ ᠬᠡᠯᠡᠪᠡᠯ ᠳᠠᠷᠤᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠠᠪᠤᠳᠠᠯ ᠪᠣᠯᠣᠨ᠎ᠠ᠃ ᠳᠠᠷᠤᠢ ᠤᠨᠤᠯ ᠢ ᠪᠣᠳᠠᠲᠠᠢ ᠲᠠᠢ ᠤᠶᠠᠯᠳᠤᠭᠤᠯᠤᠨ᠂ ᠭᠦᠨᠵᠡᠭᠡᠢ ᠪᠠᠶᠢᠴᠠᠭᠠᠨ ᠰᠤᠳᠤᠯᠵᠤ᠂ ᠭᠦᠨᠵᠡᠭᠡᠢ ᠰᠤᠷᠤᠯᠴᠠᠨ᠂ ᠰᠢᠨ᠎ᠡ ᠶᠢ ᠰᠡᠳᠬᠢᠵᠦ᠂ ᠪᠣᠳᠠᠲᠠᠢ ᠠᠵᠢᠯ ᠬᠢᠬᠦ ᠬᠡᠷᠡᠭᠲᠡᠢ᠃ ᠠᠵᠤ ᠠᠬᠤᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠡᠬᠢ ᠪᠠᠶᠠᠯᠢᠭ ᠢ ᠠᠷᠪᠢᠯᠠᠬᠤ ᠶᠢ ᠴᠢᠩᠭᠠᠳᠬᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠵᠡᠷᠭᠡ ᠭᠤᠣᠯᠳᠠᠯᠭ᠎ᠠ ᠲᠠᠢ ᠬᠦᠴᠢᠷ ᠠᠰᠠᠭᠤᠳᠠᠯ ᠢᠶᠠᠷ ᠭᠤᠣᠯᠳᠠᠭᠤᠯᠵᠤ᠂ ᠳᠤᠲᠠᠭᠤᠳᠠᠯ ᠪᠠ ᠲᠦᠭᠵᠢᠷᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠪᠡᠰᠦ ᠵᠣᠬᠢᠬᠤ ᠶᠠᠪᠤᠳᠠᠯ ᠢᠶᠠᠨ ᠳᠠᠷᠤᠯᠲᠠ ᠶᠢ ᠬᠦᠯᠢᠴᠡᠨ ᠬᠢᠵᠦ᠂ ᠡᠷᠬᠡᠪᠰᠢ ᠡᠭᠦᠷᠭᠡᠯᠡᠬᠦ ᠬᠠᠷᠢᠭᠤᠴᠠᠯᠭ᠎ᠠ ᠪᠠᠨ ᠠᠶᠤᠯ ᠲᠦᠭᠰᠢᠭᠦᠷᠢ ᠶᠢ ᠰᠥᠷᠦᠨ ᠡᠭᠦᠷᠭᠡᠯᠡᠬᠦ ᠬᠡᠷᠡᠭᠲᠡᠢ᠂ ᠨᠡᠩ ᠤᠯᠠᠨ ᠪᠦᠲᠦᠭᠡᠯᠴᠢ ᠴᠢᠨᠠᠷᠲᠠᠢ᠂ ᠬᠡᠷᠡᠭᠵᠢᠭᠦᠯᠦᠭᠦᠰᠢᠲᠡᠢ ᠰᠡᠳᠬᠢᠴᠡ ᠠᠷᠭ᠎ᠠ ᠬᠡᠮᠵᠢᠶ᠎ᠡ ᠶᠢ ᠴᠢᠷᠮᠠᠶᠢᠨ ᠪᠤᠳᠤᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠪᠲᠤᠯᠤᠯᠲᠠ ᠶᠢ ᠪᠦᠭᠦ ᠬᠦᠴᠦᠨ ᠢᠶᠠᠷ ᠠᠬᠢᠭᠤᠯᠵᠤ᠂ ᠬᠥᠭᠡᠭᠡᠵᠦ ᠭᠦᠢᠴᠡᠬᠦ ᠪᠠᠷ ᠴᠢᠷᠮᠠᠶᠢᠬᠤ ᠬᠡᠷᠡᠭᠲᠡᠢ᠃

      ᠬᠢᠬᠦ ᠳᠡᠭᠡᠨ ᠮᠤᠤᠷ ᠢ ᠬᠠᠷᠠᠵᠤ ᠪᠠᠶᠢᠭᠠᠳ ᠪᠠᠷᠰ ᠢ ᠵᠢᠷᠤᠬᠤ ᠪᠢᠰᠢ᠂ ᠨᠡᠩ ᠴᠤ ︽ᠬᠤᠷᠢᠶᠠᠨ ᠳᠠᠮᠵᠢᠭᠤᠯᠬᠤ ᠲᠠᠰᠤᠭ︾᠂ ︽ᠳᠠᠭᠤ ᠳᠠᠮᠵᠢᠭᠤᠯᠤᠭᠴᠢ︾ ᠪᠣᠯᠵᠤ ᠪᠤᠯᠬᠤ ᠦᠭᠡᠢ᠃ ᠬᠡᠢ ᠬᠤᠭᠤᠰᠤᠨ ᠵᠦᠢᠯ ᠢ ᠪᠤᠳᠤᠬᠤ ᠦᠭᠡᠢ᠂ ᠬᠡᠢ ᠬᠤᠭᠤᠰᠤᠨ ᠵᠦᠢᠯ ᠢ ᠬᠥᠭᠡᠭᠡᠴᠡᠯᠳᠦᠬᠦ ᠦᠭᠡᠢ ᠪᠠᠶᠢᠵᠤ᠂ ᠭᠤᠣᠯ ᠰᠡᠳᠦᠪᠲᠦ ᠬᠥᠮᠦᠵᠢᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨ ᠬᠦ ᠪᠦᠲᠦᠭᠡᠯᠴᠢ ᠴᠢᠨᠠᠷᠲᠠᠢ ᠬᠠᠷᠢᠭᠤᠴᠠᠯᠭ᠎ᠠ ᠡᠭᠦᠷᠭᠡᠯᠡᠵᠦ᠂ ᠵᠢᠳᠬᠦᠯ ᠴᠢᠷᠮᠠᠶᠢᠯᠭ᠎ᠠ ᠭᠠᠷᠭᠠᠬᠤ ᠴᠢᠳᠠᠪᠤᠷᠢ ᠪᠣᠯᠭᠠᠨ ᠬᠤᠪᠢᠷᠠᠭᠤᠯᠵᠤ᠂ ᠬᠥᠭᠵᠢᠯᠲᠡ ᠶᠢᠨ ᠳᠤᠮᠳᠠ ᠲᠠᠰᠤᠷᠠᠯᠲᠠ ᠦᠭᠡᠢ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠳᠤ ᠵᠥᠪ ᠢᠶᠠᠷ ᠬᠠᠨᠳᠤᠵᠤ᠂ ᠰᠢᠨ᠎ᠡ ᠠᠷᠭ᠎ᠠ ᠶᠢ ᠳᠤᠷᠠᠳᠴᠤ᠂ ᠬᠠᠮᠤᠭ ᠤᠨ ᠰᠠᠶᠢᠨ ᠢᠶᠠᠷ ᠰᠢᠢᠳᠪᠦᠷᠢᠯᠡᠵᠦ᠂ ︽ᠶᠠᠭᠤ ᠪᠠᠶᠢᠪᠠᠯ ᠶᠠᠭᠤ ᠪᠠᠨ ᠶᠠᠷᠢᠬᠤ︾ ᠠᠰᠠᠭᠤᠳᠠᠯ ᠤᠨ ᠤᠬᠠᠮᠰᠠᠷ ᠪᠣᠯᠣᠨ ︽ᠶᠠᠭᠤ ᠳᠤᠷᠠᠳᠪᠠᠯ ᠶᠠᠭᠤ ᠪᠠᠨ ᠰᠢᠢᠳᠪᠦᠷᠢᠯᠡᠬᠦ︾ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠷ ᠰᠢᠨ᠎ᠡ ᠦᠢᠯᠡᠰ ᠢ ᠪᠦᠲᠦᠭᠡᠵᠦ᠂ ᠰᠢᠨ᠎ᠡ ᠬᠥᠭᠵᠢᠯᠲᠡ ᠶᠢ ᠪᠤᠢ ᠪᠤᠯᠭᠠᠬᠤ ᠶᠠᠪᠤᠳᠠᠯ ᠪᠣᠯᠣᠨ᠎ᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ