︽ᠲᠠᠨ ᠤ ᠭᠡᠷ ᠪᠦᠯᠢ ᠶᠢᠨ ᠬᠢᠨ ᠤ ᠦᠷ᠎ᠡ ᠬᠡᠦᠬᠡᠳ ᠴᠢᠨᠢ 0 — 3 ᠨᠠᠰᠤᠨ ᠤ ᠬᠠᠷᠠᠭᠠᠯᠵᠠᠨ ᠠᠰᠠᠷᠠᠬᠤ ᠬᠤᠭᠤᠴᠠᠭᠠᠨ ᠳᠤ ᠶᠠᠮᠠᠷ ᠬᠦᠴᠢᠷᠳᠡᠯ ᠳᠤ ᠲᠤᠯᠭᠠᠷᠠᠭᠰᠠᠨ ᠪᠤᠶ ︖ ︾᠂ ︽ᠲᠠᠨ ᠤ ᠬᠦᠰᠡᠨ ᠡᠷᠡᠮᠡᠯᠵᠡᠵᠦ ᠪᠠᠶᠢᠭ᠎ᠠ ᠬᠡᠦᠬᠡᠳ ᠰᠠᠭᠠᠲᠠᠭᠤᠯᠬᠤ ᠦᠢᠯᠡᠴᠢᠯᠡᠭᠡ ᠶᠢᠨ ᠭᠡᠯᠪᠡᠷᠢ ᠴᠢᠨᠢ ᠶᠠᠮᠠᠷ ᠪᠤᠶ︖ ︾᠂
︽ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠰᠠᠭᠠᠲᠠᠭᠤᠯᠬᠤ ᠦᠢᠯᠡᠴᠢᠯᠡᠭᠡ ᠶᠢᠨ ᠲᠠᠯ᠎ᠠ ᠪᠠᠷ ᠣᠯᠠᠨ ᠢᠶᠠᠷ ᠢᠶᠠᠨ ᠶᠠᠮᠠᠷ ᠶᠠᠮᠠᠷ ᠬᠡᠷᠡᠭᠴᠡᠭᠡ ᠲᠠᠢ ᠪᠤᠶ︖ ︾᠂
︽ᠬᠡᠦᠬᠡᠳ ᠪᠣᠶᠢᠵᠢᠭᠤᠯᠬᠤ ᠠᠮᠠᠷᠠᠯᠲᠠ ᠶᠢᠨ ᠳᠦᠷᠢᠮ ᠢ ᠨᠠᠶᠢᠳᠠᠪᠤᠷᠢᠵᠢᠭᠤᠯᠬᠤ ᠳᠤ ᠬᠦᠴᠢᠷ ᠪᠠᠶᠢᠨ᠎ᠠ ᠦᠦ ︖ ︾ ᠁ ᠡᠲᠡᠭᠡᠷ ᠠᠰᠠᠭᠤᠳᠠᠯ ᠢ ᠠᠪᠴᠤ ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠂ ᠳᠡᠳ᠋ ᠲᠡᠷᠢᠭᠦᠯᠡᠭᠴᠢ ᠦ᠋ ᠶᠠᠨ ᠫᠢᠩ ᠨᠠᠷ ᠳᠠᠭᠠᠭᠠᠴᠢᠯᠠᠨ ᠬᠠᠷᠢᠯᠴᠠᠵᠤ ᠬᠠᠮᠲᠤ ᠪᠠᠷ ᠪᠠᠶᠢᠭᠤᠯᠬᠤ ᠭᠦᠭᠡᠬᠤᠳᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠵᠡᠭᠡᠯᠢ ᠭᠤᠳᠤᠮᠵᠢ ᠶᠢᠨ ᠳ᠋ᠢᠶᠠᠨ ᠯᠢ ᠲᠧᠩ ᠹᠧᠢ ᠨᠡᠶᠢᠭᠡᠮ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠵᠤ ᠂ ᠡᠮᠡᠭᠲᠡᠢ ᠠᠵᠢᠯᠲᠠᠨ ᠠᠵᠢᠯᠴᠢᠨ ᠲᠠᠢ ᠨᠢᠭᠤᠷᠳᠠᠨ ᠶᠠᠷᠢᠯᠴᠠᠵᠤ ᠂ ᠰᠠᠭᠤᠭᠠᠯᠢ ᠠᠷᠠᠳ ᠤᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠂ ᠬᠦᠴᠢᠷ ᠠᠰᠠᠭᠤᠳᠠᠯ ᠢᠶᠠᠷ ᠬᠦᠴᠦᠯᠡᠬᠦ ᠴᠡᠭ ᠪᠤᠯᠭᠠᠵᠤ ᠂ ᠠᠵᠢᠯᠲᠠᠨ ᠠᠵᠢᠯᠴᠢᠨ ᠣᠯᠠᠨ ᠲᠦᠮᠡᠨ ᠤ
︽ᠪᠠᠴᠢᠮᠳᠠᠵᠤ ᠂ ᠲᠦᠪᠡᠭᠳᠡᠵᠦ ᠂ ᠵᠣᠪᠠᠨᠢᠵᠤ ᠂ ᠬᠦᠰᠡᠵᠦ ︾ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠭᠡᠮ ᠰᠣᠭᠤᠭ ᠢ ᠣᠨᠣᠪᠴᠢᠲᠠᠶ ᠡᠷᠢᠵᠦ ᠵᠣᠬᠢᠴᠠᠭᠤᠯᠤᠨ ᠰᠢᠢᠳᠪᠦᠷᠢᠯᠡᠪᠡ ᠃ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠨᠡᠶᠢᠭᠡᠮ ᠲᠣᠭᠤᠷᠢᠭ ᠲᠤ 5 ᠺᠤᠮᠫᠢᠦ᠋ᠲ᠋ᠧᠷ ᠬᠦᠷᠭᠡᠵᠦ ᠂ ᠨᠡᠶᠢᠭᠡᠮ ᠲᠣᠭᠤᠷᠢᠭ ᠤᠨ ᠠᠯᠪᠠᠨ ᠭᠡᠷ ᠤᠨ ᠺᠤᠮᠫᠢᠦ᠋ᠲ᠋ᠧᠷ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠪᠡ ᠃ ᠦᠨᠳᠦᠰᠦᠨ ᠱᠠᠲᠤᠨ ᠳᠤ ᠬᠦᠷᠴᠦ ᠂ ᠠᠷᠠᠳ ᠤᠨ ᠪᠠᠶᠢᠳᠠᠯ ᠢ ᠣᠶᠢᠯᠠᠭᠠᠨ ᠂ ᠠᠷᠠᠳ ᠤᠨ ᠵᠣᠪᠠᠭᠤᠷᠢ ᠶᠢ ᠠᠷᠢᠯᠭᠠᠵᠤ ᠂ ᠠᠷᠠᠳ ᠤᠨ ᠰᠡᠳᠬᠢᠯ ᠢ ᠳᠤᠯᠠᠭᠠᠴᠠᠭᠤᠯᠪᠠ ᠃ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ
︽ᠲᠠᠪᠤᠨ ᠶᠡᠭᠡ ᠡᠭᠦᠷᠭᠡ ︾ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ ᠂ ᠠᠵᠢᠯᠴᠢᠨ ᠤ ᠡᠪᠯᠡᠯ ᠤᠨ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠳᠤ ᠰᠠᠭᠤᠷᠢᠯᠠᠨ ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ ᠂ ︽ᠠᠵᠢᠯᠴᠢᠨ ᠤ ᠡᠪᠯᠡᠯ ᠤᠨ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠪᠣᠳᠠᠲᠠᠢ ᠠᠷᠭ᠎ᠠ ᠬᠡᠮᠵᠢᠶ᠎ᠡ ︾ ᠶᠢ ᠲᠣᠭᠲᠠᠭᠠᠵᠤ ᠂ 21 ᠪᠠᠶᠢᠴᠠᠭᠠᠨ ᠰᠤᠳᠤᠯᠬᠤ ᠰᠡᠳᠦᠪ ᠲᠣᠭᠲᠠᠭᠠᠵᠤ ᠂ ᠵᠠᠯᠭᠠᠭ᠎ᠠ ᠪᠠᠷ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠵᠤ ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ ᠃
ᠠᠵᠢᠯᠴᠢᠨ ᠤ ᠡᠪᠯᠡᠯ ᠤᠨ ᠪᠦᠭᠦ ᠲᠠᠯ᠎ᠠ ᠳᠤ ᠬᠤᠯᠪᠣᠭᠳᠠᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ ᠂ ᠰᠢᠨ᠎ᠡ ᠴᠠᠭ ᠦᠶ᠎ᠡ ᠶᠢᠨ ᠠᠵᠢᠯᠴᠢᠨ ᠤ ᠡᠪᠯᠡᠯ ᠤᠨ ᠠᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷᠠᠯᠠᠯᠲᠤ ᠴᠢᠨᠠᠷᠲᠠᠢ ᠪᠠᠶᠢᠴᠠᠭᠠᠨ ᠰᠤᠳᠤᠯᠤᠯᠲᠠ ᠶᠢ ᠠᠬᠢᠭᠤᠯᠵᠤ ᠂ ᠠᠵᠢᠯᠴᠢᠨ ᠤ ᠡᠪᠯᠡᠯ ᠤᠨ ᠠᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠠᠷᠭ᠎ᠠ ᠪᠣᠳᠣᠯᠭ᠎ᠠ ᠶᠢᠨ ᠴᠢᠨᠠᠷᠲᠠᠢ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ ᠂ ᠠᠵᠢᠯᠴᠢᠨ ᠤ ᠡᠪᠯᠡᠯ ᠤᠨ ᠴᠢᠬᠤᠯᠠ ᠶᠡᠭᠡ ᠠᠵᠢᠯ ᠤᠨ ᠲᠥᠷᠥᠯ ᠵᠦᠢᠯ ᠳᠤ ᠮᠥᠷᠳᠡᠯᠲᠡ ᠶᠢᠨ ᠴᠢᠨᠠᠷᠲᠠᠢ ᠪᠠᠶᠢᠴᠠᠭᠠᠨ ᠰᠤᠳᠤᠯᠤᠯᠲᠠ ᠬᠢᠬᠦ ᠶᠢ ᠭᠦᠨᠵᠡᠭᠡᠶᠢᠷᠡᠭᠦᠯᠵᠦ ᠂ ᠨᠡᠶᠢᠲᠡᠯᠢᠭ ᠬᠡᠷᠡᠭ ᠤᠨ ᠵᠢᠱᠢᠶ᠎ᠡ ᠶᠢᠨ ᠲᠤᠶᠠᠴᠢᠨ ᠵᠠᠳᠠᠯᠬᠤ ᠮᠠᠶ᠋ᠢᠭ ᠤᠨ ᠪᠠᠶᠢᠴᠠᠭᠠᠨ ᠰᠤᠳᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠱᠠᠯᠠᠪᠳᠠᠭᠤᠯᠤᠨ ᠪᠠᠶᠢᠴᠠᠭᠠᠬᠤ ᠮᠠᠶ᠋ᠢᠭ ᠤᠨ ᠪᠠᠶᠢᠴᠠᠭᠠᠨ ᠰᠤᠳᠤᠯᠤᠯᠲᠠ ᠶᠢ ᠪᠠᠷᠢᠮᠲᠠᠯᠠᠵᠤ ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠨᠢ ᠪᠠᠶᠢᠴᠠᠭᠠᠨ ᠰᠤᠳᠤᠯᠬᠤ ᠭᠤᠣᠯᠳᠠᠯᠭ᠎ᠠ ᠪᠠᠨ ᠲᠣᠳᠣᠷᠬᠠᠶᠢᠯᠠᠵᠤ ᠂ ᠵᠠᠩᠭᠢᠯᠠᠭ᠎ᠠ ᠶᠢ ᠰᠢᠭᠤᠳ ᠣᠨᠣᠭᠠᠵᠤ ᠂ ᠠᠰᠠᠭᠤᠳᠠᠯ ᠳᠤ ᠰᠢᠭᠤᠳ ᠬᠠᠨᠳᠤᠵᠤ ᠂ ᠠᠰᠠᠭᠤᠳᠠᠯ ᠢ ᠶᠡᠭᠡ ᠪᠠᠷ ᠡᠮᠬᠢᠯᠡᠬᠦ ᠂ ᠬᠦᠴᠢᠷ ᠠᠰᠠᠭᠤᠳᠠᠯ ᠢ ᠶᠡᠭᠡ ᠪᠠᠷ ᠵᠢᠭᠰᠠᠭᠠᠨ ᠪᠠᠶᠢᠴᠠᠭᠠᠬᠤ ᠶᠢ ᠬᠡᠷᠡᠭᠵᠢᠭᠦᠯᠵᠦ ᠂ ᠲᠤᠭᠤᠰᠢᠯᠠᠭᠤᠯᠤᠨ ᠬᠡᠷᠡᠭᠵᠢᠭᠦᠯᠬᠦ ᠶᠠᠪᠤᠴᠠ ᠳᠠᠬᠢ ︽ᠲᠦᠭᠵᠢᠷᠡᠯ ︾ ᠂ ︽ᠪᠥᠭᠯᠡᠷᠡᠯ ︾ ᠂ ︽ᠬᠦᠴᠢᠷᠳᠡᠯ ︾ ᠢ ᠬᠦᠴᠦᠯᠡᠨ ᠨᠡᠪᠲᠡᠷᠡᠭᠦᠯᠪᠡ ᠃
ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠳᠡᠳ᠋ ᠲᠡᠷᠢᠭᠦᠯᠡᠭᠴᠢ ᠵᠠᠩ ᠬᠤᠢ ᠢᠦᠢ᠄ ︽ᠠᠵᠢᠯᠲᠠᠨ ᠠᠵᠢᠯᠴᠢᠨ ᠳᠤ ᠦᠢᠯᠡᠴᠢᠯᠡᠬᠦ ᠪᠣᠳᠠᠲᠤ ᠶᠠᠪᠤᠳᠠᠯ ᠤᠨ ᠲᠥᠯᠥᠪᠯᠡᠭᠡ ᠂ ᠠᠵᠢᠯᠴᠢᠨ ᠤ ᠡᠪᠯᠡᠯ ᠤᠨ ᠪᠠᠶᠢᠭᠤᠯᠭ᠎ᠠ ᠶᠢᠨ ᠺᠠᠳ᠋ᠷ ᠦᠨᠳᠦᠰᠦᠨ ᠱᠠᠲᠤᠨ ᠳᠤ ᠬᠦᠷᠴᠦ ᠴᠡᠭ ᠲᠤ ᠰᠠᠭᠤᠬᠤ ᠂ ︿ᠬᠤᠰᠢᠭᠤ ᠰᠢᠶᠠᠨ ᠤ ᠱᠠᠲᠤᠨ ᠤ ᠠᠵᠢᠯᠴᠢᠨ ᠤ ᠡᠪᠯᠡᠯ ᠤᠨ ᠴᠢᠩᠭᠠᠳᠬᠠᠬᠤ ᠣᠨ﹀ ᠵᠡᠷᠭᠡ ᠠᠵᠢᠯᠯᠠᠭ᠎ᠠ ᠲᠠᠢ ᠨᠢᠭᠲᠠ ᠤᠶᠠᠯᠳᠤᠭᠤᠯᠤᠨ ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠪᠠᠳᠠᠷᠠᠭᠤᠯᠵᠤ ᠂ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠭᠦᠨᠵᠡᠭᠡᠶᠢᠷᠡᠨ ᠂ ᠠᠵᠢᠯᠲᠠᠨ ᠠᠵᠢᠯᠴᠢᠨ ᠣᠯᠠᠨ ᠲᠦᠮᠡᠨ ᠤ ᠳᠤᠮᠳᠠ ᠭᠦᠨᠵᠡᠭᠡᠶᠢᠷᠡᠵᠦ ᠂ ᠪᠣᠳᠠᠲᠠᠢ ᠠᠰᠠᠭᠤᠳᠠᠯ ᠢ ᠢᠯᠡᠷᠡᠭᠦᠯᠦᠨ ᠰᠢᠢᠳᠪᠦᠷᠢᠯᠡᠵᠦ ᠂ ᠦᠨᠳᠦᠰᠦᠨ ᠱᠠᠲᠤᠨ ᠤ ᠠᠵᠢᠯ ᠤᠨ ᠲᠤᠷᠰᠢᠯᠭ᠎ᠠ ᠶᠢ ᠳ᠋ᠦᠩᠨᠡᠨ ᠂ ᠬᠦᠴᠢᠷ ᠠᠰᠠᠭᠤᠳᠠᠯ ᠢ ᠰᠢᠢᠳᠪᠦᠷᠢᠯᠡᠬᠦ ᠠᠷᠭ᠎ᠠ ᠪᠠ ᠵᠠᠮ ᠢ ᠡᠷᠢᠵᠦ ᠣᠯᠵᠤ ᠂ ᠪᠠᠶᠢᠴᠠᠭᠠᠨ ᠰᠤᠳᠤᠯᠤᠯᠲᠠ ᠬᠢᠬᠦ ᠶᠠᠪᠤᠴᠠ ᠶᠢ ᠦᠨᠳᠦᠰᠦᠨ ᠱᠠᠲᠤ ᠲᠠᠢ ᠬᠠᠷᠢᠯᠴᠠᠬᠤ ᠂ ᠠᠵᠢᠯᠲᠠᠨ ᠠᠵᠢᠯᠴᠢᠨ ᠳᠤ ᠦᠢᠯᠡᠴᠢᠯᠡᠬᠦ ᠂ ᠠᠰᠠᠭᠤᠳᠠᠯ ᠢ ᠰᠢᠢᠳᠪᠦᠷᠢᠯᠡᠬᠦ ᠂ ᠠᠵᠢᠯ ᠢ ᠠᠬᠢᠭᠤᠯᠬᠤ ᠶᠠᠪᠤᠴᠠ ᠪᠣᠯᠭᠠᠨ ᠬᠤᠪᠢᠷᠠᠭᠤᠯᠬᠤ ᠬᠡᠷᠡᠭᠲᠡᠢ ︾ ᠭᠡᠪᠡ ᠃
ᠰᠤᠷᠤᠯᠴᠠᠯᠭ᠎ᠠ ᠪᠠᠷ ᠠᠵᠢᠯ ᠢ ᠠᠬᠢᠭᠤᠯᠵᠤ ᠂ ᠠᠵᠢᠯᠯᠠᠬᠤ ᠪᠠᠷ ᠦᠢᠯᠡᠳᠦᠯᠭᠡᠵᠢᠭᠦᠯᠦᠨ᠎ᠡ ᠃ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠠᠴᠠ ᠤᠳᠤᠷᠢᠳᠬᠤ ᠪᠠᠶᠢᠭᠤᠯᠭ᠎ᠠ ᠶᠢᠨ ᠺᠠᠳ᠋ᠷ ᠦᠨᠳᠦᠰᠦᠨ ᠱᠠᠲᠤᠨ ᠳᠤ ᠬᠦᠷᠴᠦ ᠴᠡᠭ ᠲᠤ ᠰᠠᠭᠤᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ ᠂ ᠴᠡᠭ ᠲᠤ ᠰᠠᠭᠤᠵᠤ ᠪᠠᠶᠢᠴᠠᠭᠠᠨ ᠰᠤᠳᠤᠯᠤᠯᠲᠠ ᠬᠢᠬᠦ ᠶᠢ ᠭᠤᠣᠯ ᠰᠡᠳᠦᠪᠲᠦ ᠬᠥᠮᠦᠵᠢᠯ ᠲᠠᠢ ᠣᠷᠭᠠᠨᠢᠭ ᠢᠶᠠᠷ ᠠᠭᠤᠰᠤᠯᠴᠠᠭᠤᠯᠵᠤ ᠂ ᠥᠪᠡᠷᠲᠡᠭᠡᠨ ᠵᠠᠰᠠᠬᠤ ᠣᠷᠣᠨ ᠂ ᠠᠶᠢᠮᠠᠭ ᠬᠤᠲᠠ ᠂ ᠬᠤᠰᠢᠭᠤ ᠰᠢᠶᠠᠨ ᠭᠤᠷᠪᠠᠨ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢ ᠬᠤᠯᠪᠤᠭᠠᠯᠠᠨ ᠬᠥᠳᠡᠯᠦᠯᠴᠡᠭᠦᠯᠵᠦ ᠂ ᠴᠡᠭ ᠲᠤ ᠰᠠᠭᠤᠵᠤ ᠪᠠᠶᠢᠴᠠᠭᠠᠨ ᠰᠤᠳᠤᠯᠤᠯᠲᠠ ᠬᠢᠬᠦ 12 ᠠᠵᠢᠯᠯᠠᠬᠤ ᠳᠤᠭᠤᠶᠢᠯᠠᠩ ᠢ ᠪᠠᠶᠢᠭᠤᠯᠤᠨ ᠲᠣᠰ ᠲᠣᠰ 12 ᠠᠶᠢᠮᠠᠭ ᠬᠤᠲᠠ ᠳᠤ ᠬᠦᠷᠴᠦ ᠦᠨᠳᠦᠰᠦᠨ ᠱᠠᠲᠤᠨ ᠳᠤ ᠪᠠᠭᠤᠵᠤ ᠪᠠᠶᠢᠴᠠᠭᠠᠨ ᠰᠤᠳᠤᠯᠤᠯᠲᠠ ᠬᠢᠬᠦ ᠪᠠ ᠴᠡᠭ ᠲᠤ ᠰᠠᠭᠤᠵᠤ ᠦᠢᠯᠡᠴᠢᠯᠡᠬᠦ ᠠᠵᠢᠯ ᠢ ᠭᠦᠨᠵᠡᠭᠡᠢ ᠥᠷᠨᠢᠭᠦᠯᠵᠦ ᠂ ᠦᠨᠳᠦᠰᠦᠨ ᠱᠠᠲᠤᠨ ᠤ ᠦᠨᠳᠦᠰᠦᠨ ᠪᠠᠶᠢᠳᠠᠯ ᠪᠣᠯᠣᠨ ᠣᠷᠣᠰᠢᠵᠤ ᠪᠠᠶᠢᠭ᠎ᠠ ᠠᠰᠠᠭᠤᠳᠠᠯ ᠢ ᠠᠩᠬ᠎ᠠ ᠠᠯᠬᠤᠮ ᠪᠠᠶᠢᠴᠠᠭᠠᠨ ᠲᠣᠳᠣᠯᠠᠪᠠ ᠃
ᠭᠦᠭᠡᠬᠤᠲᠠ ᠶᠢᠨ ᠴᠡᠭ ᠲᠤ ᠰᠠᠭᠤᠬᠤ ᠳᠤᠭᠤᠶᠢᠯᠠᠩ ᠤᠨ ᠪᠠᠶᠢᠴᠠᠭᠠᠨ ᠰᠤᠳᠤᠯᠤᠯᠲᠠ ᠳᠤ ᠢᠯᠡᠷᠡᠭᠦᠯᠦᠭᠰᠡᠨ ᠢᠶᠠᠷ ᠂ ᠰᠢᠶᠠᠩ ᠪᠠᠯᠭᠠᠰᠤᠨ ᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠤᠷ᠎ᠠ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠭᠦ ᠴᠢᠬᠤᠯᠠᠲᠠᠢ ᠂ ᠠᠵᠢᠯᠲᠠᠨ ᠠᠵᠢᠯᠴᠢᠨ ᠤ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠪᠰᠢᠨ ᠠᠳᠠᠯᠢ ᠦᠭᠡᠢ ᠂ ᠠᠵᠢᠯᠴᠢᠨ ᠤ ᠡᠪᠯᠡᠯ ᠤᠨ ᠺᠠᠳ᠋ᠷ ᠤᠨ ᠲᠤᠰᠬᠠᠶᠢᠵᠢᠭᠰᠠᠨ ᠬᠡᠮᠵᠢᠶ᠎ᠡ ᠬᠦᠷᠦᠯᠴᠡᠬᠦ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠨ᠎ᠠ ᠃ ᠴᠡᠭ ᠲᠤ ᠰᠠᠭᠤᠬᠤ ᠳᠤᠭᠤᠶᠢᠯᠠᠩ ᠨᠢ ︽ᠯᠠᠪᠲᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠢ ︾ ᠶᠢ ᠪᠠᠷᠢᠮᠲᠠᠯᠠᠵᠤ ᠂ ᠨᠠᠷᠢᠨ ᠨᠢᠮᠪᠠᠢ ᠡᠮᠬᠢᠯᠡᠨ ᠵᠠᠳᠠᠯᠬᠤ ᠪᠠᠷ ᠳᠡᠮᠵᠢᠨ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠲᠣᠭᠤᠷᠢᠨ ᠳᠤ ᠠᠵᠢᠯᠲᠠᠨ ᠠᠵᠢᠯᠴᠢᠨ ᠪᠠ ᠬᠥᠯᠥᠰᠦᠨ ᠠᠵᠢᠯᠴᠢᠨ ᠢ ᠵᠣᠬᠢᠶᠠᠨ ᠪᠠᠶᠢᠭᠤᠯᠤᠨ ᠤᠷ᠎ᠠ ᠴᠢᠳᠠᠪᠤᠷᠢ ᠶᠢᠨ ᠪᠣᠯᠪᠠᠰᠤᠷᠠᠯ ᠳᠤ ᠣᠷᠣᠯᠴᠠᠭᠤᠯᠵᠤ ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠ ᠠᠵᠢᠯ ᠣᠯᠬᠤ ᠴᠢᠳᠠᠪᠤᠷᠢ ᠶᠢ ᠨᠢ ᠳᠡᠭᠡᠭᠰᠢᠯᠡᠭᠦᠯᠵᠦ ᠂ ᠰᠢᠶᠠᠩ ᠪᠠᠯᠭᠠᠰᠤᠨ ᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠵᠤ ᠂ ᠳ᠋ᠠ ᠶᠣᠣ ᠲᠣᠰᠬᠤᠨ ᠪᠠ ᠵᠠᠯᠠᠨ ᠪᠠᠶᠢᠰᠢᠩ ᠲᠣᠰᠬᠤᠨ ᠤ ᠠᠵᠢᠯᠲᠠᠨ ᠠᠵᠢᠯᠴᠢᠨ ᠤ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠲᠤᠬᠠᠶᠢᠯᠠᠭᠰᠠᠨ ᠠᠵᠢᠯ ᠤᠨ ᠮᠡᠳᠡᠯᠭᠡ ᠶᠢ ᠵᠣᠬᠢᠶᠠᠨ ᠪᠠᠶᠢᠭᠤᠯᠤᠨ ᠰᠤᠷᠤᠯᠴᠠᠬᠤ ᠵᠡᠷᠭᠡ ᠠᠵᠢᠯ ᠤᠨ ᠰᠡᠳᠬᠢᠮᠵᠢ ᠶᠢ ᠳᠤᠷᠠᠳᠪᠠ ᠃
ᠪᠠᠶᠢᠴᠠᠭᠠᠨ ᠰᠤᠳᠤᠯᠤᠯᠲᠠ ᠶᠢᠨ ᠶᠠᠪᠤᠴᠠ ᠳᠤᠮᠳᠠ ᠂ ᠲᠦᠩᠯᠢᠶᠣᠣ ᠬᠤᠲᠠ ᠶᠢᠨ ᠴᠡᠭ ᠲᠤ ᠰᠠᠭᠤᠬᠤ ᠳᠤᠭᠤᠶᠢᠯᠠᠩ ᠬᠡᠰᠡᠭ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠬᠢᠨ ᠰᠢᠨ᠎ᠡ ᠡᠵᠡᠩᠨᠡᠯᠲᠡ ᠶᠢᠨ ᠭᠡᠯᠪᠡᠷᠢ ᠶᠢᠨ ᠬᠥᠳᠡᠯᠮᠦᠷᠢᠴᠢᠳ ᠤᠨ ᠡᠪᠯᠡᠯ ᠳᠤ ᠣᠷᠣᠬᠤ ᠶᠢ ᠠᠬᠢᠭᠤᠯᠬᠤ ᠠᠷᠭ᠎ᠠ ᠵᠠᠮ ᠢᠪᠴᠤᠤ ᠂ ᠡᠷᠴᠢᠮ ᠨᠢ ᠬᠦᠷᠦᠯᠴᠡᠬᠦ ᠦᠭᠡᠢ ᠪᠠᠶᠢᠬᠤ ᠶᠢ ᠣᠯᠵᠤ ᠮᠡᠳᠡᠪᠡ ᠂ ᠡᠨᠡ ᠠᠰᠠᠭᠤᠳᠠᠯ ᠳᠤ ᠴᠢᠭᠯᠡᠭᠦᠯᠦᠨ ᠂ ᠴᠡᠭ ᠲᠤ ᠰᠠᠭᠤᠬᠤ ᠳᠤᠭᠤᠶᠢᠯᠠᠩ ᠪᠠᠷᠠᠭᠠᠨ ᠤ ᠲᠡᠷᠭᠡᠨ ᠤ ᠵᠢᠯᠣᠭᠤᠴᠢ ᠂ ᠰᠦᠯᠵᠢᠶ᠎ᠡ ᠪᠠᠷ ᠪᠣᠯᠵᠣᠬᠤ ᠲᠡᠷᠭᠡᠨ ᠤ ᠵᠢᠯᠣᠭᠤᠴᠢ ᠂ ᠰᠢᠤᠳᠠᠨ ᠬᠦᠷᠭᠡᠭᠴᠢ ᠂ ᠵᠠᠬᠢᠶᠠᠯᠠᠭ᠎ᠠ ᠶᠢᠨ ᠬᠤᠭᠤᠯᠠ ᠬᠦᠷᠭᠡᠭᠴᠢ ᠵᠡᠷᠭᠡ ᠭᠤᠣᠯᠳᠠᠯᠭ᠎ᠠ ᠲᠠᠢ ᠬᠥᠮᠥᠰ ᠢ ᠴᠢᠩᠭ᠎ᠠ ᠠᠩᠬᠠᠷᠴᠤ ᠂ ᠠᠵᠢᠯ ᠣᠯᠭᠤᠯᠲᠠ ᠶᠢᠨ ᠰᠢᠨ᠎ᠡ ᠭᠡᠯᠪᠡᠷᠢ ᠶᠢᠨ ᠬᠥᠮᠥᠰ ᠤᠨ ᠡᠪᠯᠡᠯ ᠳᠤ ᠣᠷᠣᠭᠤᠯᠬᠤ ᠲᠥᠪᠯᠡᠷᠡᠩᠭᠦᠢ ᠠᠵᠢᠯᠯᠠᠭ᠎ᠠ ᠶᠢ ᠭᠦᠨᠵᠡᠭᠡᠢ ᠥᠷᠨᠢᠭᠦᠯᠦᠭᠰᠡᠨ ᠮᠥᠷᠲᠡᠭᠡᠨ ᠠᠵᠢᠯᠲᠠᠨ ᠤ ᠬᠡᠷᠡᠭᠴᠡᠭᠡ ᠶᠢ ᠦᠨᠳᠦᠰᠦᠯᠡᠨ ᠂ ᠠᠵᠢᠯ ᠣᠯᠭᠤᠯᠲᠠ ᠶᠢᠨ ᠰᠢᠨ᠎ᠡ ᠭᠡᠯᠪᠡᠷᠢ ᠶᠢᠨ ᠬᠥᠮᠥᠰ ᠤᠨ ᠡᠷᠬᠡ ᠠᠰᠢᠭ ᠢᠶᠠᠨ ᠬᠠᠮᠠᠭᠠᠯᠠᠬᠤ ᠦᠢᠯᠡᠴᠢᠯᠡᠭᠡᠨ ᠤ ᠠᠵᠢᠯ ᠢ ᠨᠠᠷᠢᠯᠢᠭ ᠣᠨᠣᠴᠠᠲᠠᠢ ᠪᠠᠷ ᠥᠷᠨᠢᠭᠦᠯᠵᠦ ᠂ ᠭᠦᠳᠡᠯᠮᠦᠷᠢ ᠶᠢᠨ ᠬᠥᠯᠥᠰᠦ ᠣᠯᠭᠤᠮᠵᠢ ᠂ ᠨᠡᠶᠢᠭᠡᠮ ᠤᠨ ᠳᠠᠭᠠᠳᠬᠠᠯ ᠂ ᠠᠮᠠᠷᠠᠯᠲᠠ ᠂ ᠠᠵᠢᠯ ᠮᠡᠷᠭᠡᠵᠢᠯ ᠤᠨ ᠠᠮᠤᠷ ᠲᠦᠪᠰᠢᠨ ᠵᠡᠷᠭᠡ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ ᠂ ᠰᠢᠨ᠎ᠡ ᠡᠵᠡᠩᠨᠡᠯᠲᠡ ᠶᠢᠨ ᠭᠡᠯᠪᠡᠷᠢ ᠶᠢᠨ ᠬᠥᠳᠡᠯᠮᠦᠷᠢᠴᠢᠳ ᠤᠨ ᠬᠦᠷᠲᠡᠮᠵᠢ ᠶᠢᠨ ᠲᠥᠷᠥᠭᠳᠡᠯ ᠂ ᠵᠢᠷᠭᠠᠯᠲᠤ ᠲᠥᠷᠥᠭᠳᠡᠯ ᠂ ᠠᠮᠤᠷ ᠲᠦᠪᠰᠢᠨ ᠤ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠪᠡ ᠃
᠁
4 ᠰᠠᠷ᠎ᠠ ᠳᠤ ᠴᠡᠭ ᠲᠤ ᠰᠠᠭᠤᠵᠤ ᠪᠠᠶᠢᠴᠠᠭᠠᠨ ᠰᠤᠳᠤᠯᠤᠯᠲᠠ ᠬᠢᠭᠰᠡᠨ ᠠᠴᠠ ᠨᠠᠭᠠᠰᠢ ᠂ 12 ᠠᠵᠢᠯᠯᠠᠬᠤ ᠳᠤᠭᠤᠶᠢᠯᠠᠩ ᠠᠵᠤ ᠠᠬᠤᠶᠢᠯᠠᠯ ᠂ ᠦᠢᠯᠡᠳᠪᠦᠷᠢ ᠶᠢᠨ ᠲᠠᠰᠤᠭ ᠂ ᠠᠵᠢᠯᠲᠠᠨ ᠠᠵᠢᠯᠴᠢᠨ ᠤ ᠳᠤᠮᠳᠠ ᠭᠦᠨᠵᠡᠭᠡᠶᠢᠷᠡᠵᠦ ᠂ ᠶᠠᠷᠢᠯᠴᠠᠬᠤ ᠬᠤᠷᠠᠯ ᠬᠢᠵᠦ ᠰᠤᠷᠪᠤᠯᠵᠢᠯᠠᠬᠤ ᠂ ᠲᠠᠰᠢᠷᠠᠮ ᠢᠶᠠᠷ ᠰᠤᠷᠪᠤᠯᠵᠢᠯᠠᠬᠤ ᠂ ᠠᠰᠠᠭᠤᠯᠲᠠ ᠬᠠᠷᠢᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠂ ᠲᠤᠰᠬᠠᠢ ᠮᠡᠷᠭᠡᠵᠢᠯᠲᠡᠨ ᠪᠠᠶᠢᠴᠠᠭᠠᠬᠤ ᠂ ᠥᠯᠢᠭᠡᠷ ᠠᠪᠴᠤ ᠪᠠᠶᠢᠴᠠᠭᠠᠬᠤ ᠂ ᠪᠦᠷᠢᠳᠬᠡᠨ ᠵᠠᠳᠠᠯᠬᠤ ᠵᠡᠷᠭᠡ ᠭᠡᠯᠪᠡᠷᠢ ᠶᠢ ᠠᠪᠴᠤ ᠂ ᠪᠣᠳᠠᠲᠤ ᠪᠠᠶᠢᠳᠠᠯ ᠢ ᠡᠵᠡᠮᠰᠢᠵᠦ ᠂ ᠰᠤᠳᠠᠯ ᠢ ᠨᠢ ᠪᠠᠷᠢᠨ ᠣᠨᠣᠰᠢᠯᠠᠵᠤ ᠂ ᠴᠡᠭ ᠲᠤ ᠰᠠᠭᠤᠵᠤ ᠯᠠᠪᠳᠠᠭᠤᠨ ᠪᠠᠲᠤᠲᠠᠢ ᠪᠦᠲᠦᠮᠵᠢᠲᠡᠶ ᠠᠵᠢᠯᠯᠠᠬᠤ ᠪᠠᠷ ᠳᠠᠮᠵᠢᠭᠤᠯᠤᠨ ᠂ ᠦᠨᠳᠦᠰᠦᠨ ᠱᠠᠲᠤ ᠪᠣᠯᠣᠨ ᠠᠵᠢᠯᠲᠠᠨ ᠠᠵᠢᠯᠴᠢᠨ ᠳᠤ ᠦᠨᠡᠨ ᠬᠦ ᠪᠣᠳᠠᠲᠤ ᠶᠠᠪᠤᠳᠠᠯ ᠬᠢᠵᠦ ᠥᠭᠴᠦ ᠂ ᠬᠦᠴᠢᠷ ᠠᠰᠠᠭᠤᠳᠠᠯ ᠢ ᠨᠢ ᠰᠢᠢᠳᠪᠦᠷᠢᠯᠡᠨ ᠥᠭᠴᠦ ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ ᠃
ᠲᠠᠷᠠᠭᠠᠴᠢ ᠶᠢᠨ ᠠᠯᠬᠤᠮ ᠳᠤ ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠠᠴᠠ ︽ᠮᠢᠨᠤ ᠪᠠᠶᠢᠴᠠᠭᠠᠨ ᠰᠤᠳᠤᠯᠤᠯᠲᠠ ᠪᠠᠨ ᠪᠢ ᠬᠠᠷᠢᠭᠤᠴᠠᠨ᠎ᠠ ᠂ ᠮᠢᠨᠤ ᠦᠷ᠎ᠡ ᠪᠦᠲᠦᠭᠡᠯ ᠢᠶᠠᠨ ᠪᠢ ᠥᠪᠡᠷ ᠢᠶᠠᠨ ᠲᠠᠭᠠᠵᠤ ᠭᠦᠢᠴᠡᠳᠬᠡᠬᠦ ︾ ᠶᠢ ᠪᠠᠷᠢᠮᠲᠠᠯᠠᠵᠤ ᠂ ᠪᠣᠳᠠᠲᠠᠢ ᠠᠵᠢᠯᠯᠠᠬᠤ ᠰᠤᠷᠲᠠᠯ ᠢ ᠪᠠᠶᠢᠴᠠᠭᠠᠨ ᠰᠤᠳᠤᠯᠤᠯᠲᠠ ᠬᠢᠬᠦ ᠪᠦᠭᠦ ᠶᠠᠪᠤᠴᠠ ᠳᠤ ᠲᠤᠭᠤᠰᠢᠯᠠᠭᠤᠯᠵᠤ ᠂ ᠪᠠᠶᠢᠴᠠᠭᠠᠨ ᠰᠤᠳᠤᠯᠤᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠡᠬᠢᠨ ᠠᠴᠠ ᠨᠢ ᠠᠳᠠᠭ ᠲᠤᠨᠢ ᠲᠤᠯᠲᠠᠯ᠎ᠠ ᠲᠤᠶᠢᠯᠪᠤᠷᠢᠲᠠᠢ ᠰᠢᠢᠳᠪᠦᠷᠢᠯᠡᠨ᠎ᠡ ᠃