ᠰᠢ ᠶᠢᠨ ᠫᠢᠩ ︽2023 · ᠳᠤᠮᠳᠠᠳᠤ ᠤᠯᠤᠰ ᠤᠨ ᠲᠥᠪᠡᠳ ᠤᠨ ᠬᠥᠭᠵᠢᠯᠲᠡ ᠶᠢᠨ ᠶᠠᠷᠢᠶᠠᠨ ᠤ ᠲᠠᠪᠴᠠᠩ︾ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2023/5/24

      ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 23 ᠤ ᠴᠠᠭᠢᠯᠭᠠᠨ ᠮᠡᠳᠡᠭᠡ 5 ᠰᠠᠷ᠎ᠠ ᠶᠢᠨ 23 ᠤ ᠡᠳᠦᠷ ᠂ ᠤᠯᠤᠰ ᠤᠨ ᠲᠡᠷᠢᠭᠦᠯᠡᠭᠴᠢ

ᠰᠢ ᠶᠢᠨ ᠫᠢᠩ ︽2023 · ᠲᠤᠮᠳᠠᠳᠤ ᠤᠯᠤᠰ ᠤᠨ ᠲᠥᠪᠡᠳ ᠤᠨ ᠬᠥᠭᠵᠢᠯᠲᠡ ᠶᠢᠨ ᠶᠠᠷᠢᠶᠠᠨ ᠤ ᠲᠠᠪᠴᠠᠩ ︾  ᠳᠤ ᠪᠠᠶᠠᠷ ᠤᠨ ᠵᠠᠬᠢᠳᠠᠯ ᠢᠯᠡᠭᠡᠪᠡ ᠃

      ᠰᠢ ᠶᠢᠨ ᠫᠢᠩ  ᠂ ᠠᠷᠠᠳ ᠲᠦᠮᠡᠨ ᠤ ᠵᠣᠯ ᠵᠢᠷᠭᠠᠯ ᠪᠣᠯ ᠬᠠᠮᠤᠭ ᠤᠨ ᠶᠡᠭᠡ ᠬᠥᠮᠥᠨ ᠤ ᠡᠷᠬᠡ ᠮᠥᠨ ᠂ ᠬᠥᠭᠵᠢᠯᠲᠡ ᠪᠣᠯ ᠠᠷᠠᠳ ᠲᠦᠮᠡᠨ ᠤ ᠵᠣᠯ ᠵᠢᠷᠭᠠᠯ ᠢ ᠪᠡᠶᠡᠯᠡᠭᠦᠯᠬᠦ ᠶᠢᠨ ᠵᠠᠩᠭᠢᠯᠠᠭ᠎ᠠ ᠮᠥᠨ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠲᠥᠪ ᠤᠨ ᠵᠠᠰᠠᠭ ᠤᠨ ᠣᠷᠳᠣᠨ ᠪᠠ ᠪᠦᠭᠦ ᠤᠯᠤᠰ ᠤᠨ ᠠᠷᠠᠳ ᠲᠦᠮᠡᠨ ᠤ ᠬᠦᠴᠦᠲᠡᠢ ᠳᠡᠮᠵᠢᠯᠭᠡ ᠳᠣᠣᠷ᠎ᠠ ᠂ ᠲᠥᠪᠡᠳ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠲᠡᠰᠪᠦᠷᠢ ᠬᠠᠲᠠᠭᠤᠵᠢᠯᠲᠠᠢ ᠲᠡᠮᠡᠴᠡᠨ ᠂ ᠨᠤᠭᠤᠷᠠᠰᠢ ᠦᠭᠡᠢ ᠴᠢᠷᠮᠠᠶᠢᠵᠤ ᠂ ᠲᠥᠪᠡᠳ ᠢ ᠮᠢᠩᠭ᠎ᠠ ᠲᠦᠮᠡᠨ ᠵᠢᠯ ᠬᠦᠯᠢᠶᠡᠰᠦᠯᠡᠵᠦ ᠪᠠᠶᠢᠭᠰᠠᠨ ᠬᠠᠷᠢᠴᠠᠯᠠᠰᠢ ᠦᠭᠡᠢ ᠶᠠᠳᠠᠭᠤ ᠬᠦᠴᠢᠷᠳᠡᠯ ᠤᠨ ᠠᠰᠠᠭᠤᠳᠠᠯ ᠠᠴᠠ ᠲᠤᠶᠢᠯᠪᠤᠷᠢᠲᠠᠢ ᠠᠩᠭᠢᠵᠢᠷᠠᠭᠤᠯᠵᠤ ᠂ ᠪᠦᠭᠦ ᠤᠯᠤᠰ ᠲᠠᠢ ᠬᠠᠮᠲᠤ ᠪᠠᠷ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠵᠦ ᠂ ᠠᠮᠢᠵᠢᠷᠠᠯ ᠪᠢᠯᠬᠠᠵᠤ ᠴᠡᠴᠡᠭᠯᠡᠨ ᠬᠥᠭᠵᠢᠭᠰᠡᠨ ᠪᠠᠶᠢᠳᠠᠯ ᠢᠯᠡᠷᠡᠭᠰᠡᠨ ᠪᠠᠶᠢᠨ᠎ᠠ ᠭᠡᠵᠦ ᠵᠢᠭᠠᠵᠤ ᠭᠠᠷᠭᠠᠵᠠᠢ ᠃

      ᠰᠢ ᠶᠢᠨ ᠫᠢᠩ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠠᠶᠠᠨ ᠳᠤ ᠂ ᠲᠥᠪᠡᠳ ᠤᠨ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠣᠨᠣᠪᠴᠢᠲᠠᠢ ᠂ ᠪᠦᠭᠦ ᠲᠠᠯ᠎ᠠ ᠪᠠᠷ ᠲᠤᠭᠤᠰᠢᠯᠠᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ ᠂ ᠪᠦᠯᠬᠦᠮᠳᠡᠯ ᠲᠠᠢ ᠪᠠᠶᠠᠨ ᠴᠢᠨᠡᠭᠡᠯᠢᠭ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠰᠢᠨ᠎ᠡ ᠲᠥᠪᠡᠳ ᠢ ᠴᠢᠷᠮᠠᠶᠢᠨ ᠪᠦᠲᠦᠭᠡᠨ ᠪᠠᠶᠢᠭᠤᠯᠵᠤ ᠂ ᠠᠷᠠᠳ ᠲᠦᠮᠡᠨ ᠢ ᠨᠡᠩ ᠵᠣᠯ ᠵᠢᠷᠭᠠᠯ ᠲᠠᠢ ᠰᠠᠶᠢᠨ ᠰᠠᠶᠢᠬᠠᠨ ᠠᠮᠢᠳᠤᠷᠠᠭᠤᠯᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ ᠃

      ︽2023 · ᠳᠤᠮᠳᠠᠳᠤ ᠤᠯᠤᠰ ᠤᠨ ᠲᠥᠪᠡᠳ ᠤᠨ ᠬᠥᠭᠵᠢᠯᠲᠡ ᠶᠢᠨ ᠶᠠᠷᠢᠶᠠᠨ ᠤ ᠲᠠᠪᠴᠠᠩ ︾ ᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠣᠨᠢᠨ ᠮᠡᠳᠡᠭᠡᠨ ᠤ ᠠᠯᠪᠠᠨ ᠭᠡᠷ ᠪᠣᠯᠣᠨ ᠲᠥᠪᠡᠳ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠠᠮᠲᠤ ᠪᠠᠷ ᠭᠤᠣᠯᠯᠠᠨ ᠡᠷᠭᠢᠯᠡᠵᠦ ᠂ ︽ ᠰᠢᠨ᠎ᠡ ᠴᠠᠭ ᠦᠶ᠎ᠡ ᠂ ᠰᠢᠨ᠎ᠡ ᠲᠥᠪᠡᠳ ᠂ ᠰᠢᠨ᠎ᠡ ᠠᠶᠠᠨ — ᠲᠥᠪᠡᠳ ᠤᠨ ᠴᠢᠨᠠᠷ ᠰᠠᠶᠢᠲᠠᠢ ᠬᠥᠭᠵᠢᠯᠲᠡ ᠪᠣᠯᠣᠨ ᠬᠥᠮᠥᠨ ᠤ ᠡᠷᠬᠡ ᠶᠢᠨ ᠪᠠᠲᠤᠯᠠᠭ᠎ᠠ ᠶᠢᠨ ᠰᠢᠨ᠎ᠡ ᠬᠠᠭᠤᠳᠠᠰᠤ ︾  ᠪᠠᠷ ᠭᠤᠣᠯ ᠰᠡᠳᠦᠪ ᠪᠤᠯᠭᠠᠵᠤ ᠂ 23 ᠤ ᠡᠳᠦᠷ ᠪᠡᠭᠡᠵᠢᠩ ᠳᠤ ᠡᠬᠢᠯᠡᠪᠡ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ