ᠡᠷᠬᠡᠪᠰᠢ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠬᠠᠮᠲᠤ ᠪᠠᠷ ᠲᠡᠮᠡᠴᠡᠬᠦ ᠶᠢ ᠠᠬᠢᠭᠤᠯᠬᠤ ᠪᠠᠷ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠬᠤᠯᠠ ᠡᠭᠦᠷᠭᠡ ᠪᠣᠯᠭᠠᠬᠤ ᠬᠡᠷᠡᠭᠲᠡᠢ
ᠨᠡᠶᠢᠲᠡᠯᠡᠭᠰᠡᠨ ᠴᠠᠭ᠄
2023/5/25

 

      ︽ᠡᠷᠬᠡᠪᠰᠢ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠬᠠᠮᠲᠤ ᠪᠠᠷ ᠲᠡᠮᠡᠴᠡᠬᠦ ᠶᠢ ᠠᠬᠢᠭᠤᠯᠬᠤ ᠪᠠᠷ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠬᠤᠯᠠ ᠡᠭᠦᠷᠭᠡ ᠪᠣᠯᠭᠠᠬᠤ ᠬᠡᠷᠡᠭᠲᠡᠢ︾᠂ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠬᠤ ᠪᠠ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ ᠤ ᠴᠢᠬᠤᠯᠠ ᠠᠭᠤᠯᠭ᠎ᠠ ᠮᠥᠨ᠃ ᠡᠨᠡ ᠬᠦ ᠴᠢᠬᠤᠯᠠ ᠨᠤᠲᠠᠯᠠᠯᠲᠠ ᠨᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠳᠤ ᠨᠡᠶᠢᠴᠡᠵᠦ᠂ ᠦᠨᠳᠦᠰᠦᠲᠡᠨ ᠤ ᠠᠵᠢᠯ ᠤᠨ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠦᠨᠳᠦᠰᠦᠨ ᠱᠠᠭᠠᠷᠳᠠᠯᠭ᠎ᠠ ᠶᠢ ᠢᠯᠡᠷᠡᠭᠦᠯᠵᠦ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠲᠠᠶᠢᠴᠢᠯᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠲᠦᠭᠡᠨ ᠪᠠᠶᠢᠭᠤᠯᠬᠤ ᠪᠠᠷ ᠬᠠᠮᠲᠤ ᠪᠠᠷ ᠴᠢᠷᠮᠠᠶᠢᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃

      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠶᠢ ᠣᠨᠴᠠᠭᠠᠶ ᠬᠠᠯᠠᠮᠵᠢᠯᠠᠨ ᠳᠡᠮᠵᠢᠵᠦ᠂ ︽ᠳᠤᠮᠳᠠᠳᠤ ᠶᠢᠨ ᠦᠨᠳᠦᠰᠦᠲᠡᠨ ᠪᠣᠯ ᠨᠢᠭᠡᠨ ᠶᠡᠭᠡ ᠭᠡᠷ ᠪᠦᠯᠢ ᠮᠥᠨ᠂ ᠭᠡᠷ ᠪᠦᠯᠢ ᠪᠠᠷ ᠢᠶᠠᠨ ᠴᠥᠮ ᠰᠠᠶᠢᠨ ᠰᠠᠶᠢᠬᠠᠨ ᠠᠮᠢᠳᠤᠷᠠᠬᠤ ᠬᠡᠷᠡᠭᠲᠡᠢ︾ ᠭᠡᠵᠦ ᠴᠢᠬᠤᠯᠠᠴᠢᠯᠠᠨ᠂ ᠦᠨᠳᠦᠰᠦᠲᠡᠨ ᠤ ᠭᠠᠵᠠᠷ ᠣᠷᠣᠨ ᠤ ᠪᠦᠲᠦᠭᠡᠨ ᠪᠠᠶᠢᠭᠤᠯᠤᠯᠲᠠ ᠶᠢᠨ ᠪᠦᠬᠦ ᠲᠠᠯ᠎ᠠ ᠶᠢᠨ ᠴᠢᠨᠡᠭᠡᠯᠢᠭᠵᠢᠯ ᠪᠠ ᠣᠳᠣᠬᠢᠴᠢᠯᠠᠯᠲᠠ ᠶᠢᠨ ᠲᠤᠬᠠᠢ ᠠᠯᠢ ᠤᠯᠠᠨ ᠴᠢᠬᠤᠯᠠ ᠵᠢᠭᠠᠪᠤᠷᠢ ᠴᠣᠬᠤᠯᠠᠪᠤᠷᠢ ᠪᠠ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠠ ᠦᠨᠳᠦᠰᠦᠲᠡᠨ ᠨᠦᠭᠦᠳ ᠤᠨ ᠤᠯᠠᠨ ᠲᠦᠮᠡᠨ ᠤ ᠴᠥᠬᠦᠷᠡᠰᠢ ᠦᠭᠡᠢ ᠴᠢᠷᠮᠠᠶᠢᠯᠭ᠎ᠠ ᠳᠣᠣᠷ᠎ᠠ᠂ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠦᠷᠭᠦᠯᠵᠢᠯᠡᠨ ᠲᠦᠷᠭᠡᠨ ᠬᠥᠭᠵᠢᠵᠦ᠂ ᠰᠠᠭᠤᠷᠢ ᠪᠡᠯᠡᠳᠬᠡᠮᠵᠢ ᠶᠢᠨ ᠨᠥᠬᠦᠴᠡᠯ ᠢᠯᠡᠳᠲᠡ ᠰᠠᠶᠢᠵᠢᠷᠠᠨ᠂ ᠠᠮᠢ ᠠᠬᠤᠢ ᠶᠢᠨ ᠬᠠᠯᠬᠠᠪᠴᠢ ᠨᠡᠩ ᠪᠠᠬᠢᠵᠢᠵᠦ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠢᠯᠡᠳᠲᠡ ᠳᠡᠭᠡᠭᠰᠢᠯᠡᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠪᠠ ᠪᠦᠬᠦ ᠤᠯᠤᠰ ᠢᠶᠠᠷ ᠢᠶᠠᠨ ᠬᠠᠮᠲᠤ ᠪᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠬᠥᠮᠥᠨ ᠲᠥᠷᠥᠯᠬᠢᠲᠡᠨ ᠤ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠠᠭᠠᠰᠬᠠᠬᠤ ᠲᠡᠦᠬᠡᠨ ᠳᠠᠬᠢ ᠠᠭᠤᠤ ᠶᠡᠭᠡ ᠭᠠᠶᠢᠬᠠᠮᠰᠢᠭ ᠢ ᠡᠭᠦᠳᠴᠡᠢ᠃ ᠣᠳᠣᠬᠠᠨ ᠳᠤ᠂ ᠦᠨᠳᠦᠰᠦᠲᠡᠨ ᠤ ᠭᠠᠵᠠᠷ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠨᠠᠮ ᠤᠨ ᠲᠥᠪ ᠬᠤᠷᠢᠶᠠᠨ ᠤ ᠤᠳᠤᠷᠢᠳᠤᠯᠭ᠎ᠠ ᠳᠣᠣᠷ᠎ᠠ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠣᠮᠤᠭ ᠵᠣᠷᠢᠭ ᠪᠠᠳᠠᠷᠠᠩᠭᠤᠢ ᠪᠠᠷ ᠮᠣᠷᠳᠠᠵᠤ ᠪᠠᠶᠢᠨ᠎ᠠ᠃

      ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠣᠯ ᠮᠠᠨ ᠤ ᠨᠠᠮ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠪᠠᠶᠢᠳᠠᠯ ᠬᠢᠭᠡᠳ ᠮᠠᠨ ᠤ ᠤᠯᠤᠰ ᠤᠨ ᠬᠥᠭᠵᠢᠯᠲᠡ ᠶᠢ ᠶᠡᠷᠦᠩᠬᠡᠶᠢᠯᠡᠨ ᠵᠠᠳᠠᠯᠤᠭᠰᠠᠨ ᠰᠠᠭᠤᠷᠢᠨ ᠳᠡᠭᠡᠷ᠎ᠡ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠮᠥᠨ᠃ ᠡᠨᠡ ᠪᠣᠯ ᠨᠡᠶᠢᠭᠡᠮ ᠵᠢᠷᠤᠮ ᠤᠨ ᠠᠩᠬᠠᠨ ᠤ ᠱᠠᠲᠤᠨ ᠳᠠᠬᠢ ᠮᠠᠨ ᠤ ᠤᠯᠤᠰ ᠤᠨ ᠬᠥᠭᠵᠢᠯᠲᠡ ᠶᠢᠨ ᠱᠠᠭᠠᠷᠳᠠᠯᠭ᠎ᠠ ᠪᠥᠭᠡᠳ ᠮᠠᠨ ᠤ ᠤᠯᠤᠰ ᠤᠨ ᠨᠡᠶᠢᠭᠡᠮ ᠵᠢᠷᠤᠮ ᠤᠨ ᠠᠩᠬᠠᠨ ᠤ ᠱᠠᠲᠤᠨ ᠠᠴᠠ ᠨᠡᠩ ᠳᠡᠭᠡᠳᠦ ᠱᠠᠲᠤᠨ ᠲᠡᠶᠢᠰᠢ ᠤᠷᠤᠭᠰᠢᠯᠠᠬᠤ ᠶᠢᠨ ᠱᠠᠭᠠᠷᠳᠠᠯᠭ᠎ᠠ ᠮᠥᠨ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠬᠤᠶᠠᠷ ᠱᠠᠲᠤ ᠬᠤᠪᠢᠶᠠᠨ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠲᠣᠬᠢᠷᠠᠭᠤᠯᠤᠯᠲᠠ ᠬᠢᠵᠦ᠂ 2035 ᠣᠨ ᠪᠣᠯᠬᠤ ᠳᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠤ ᠪᠠᠨ ᠪᠡᠶᠡᠯᠡᠭᠦᠯᠦᠨ᠂ ᠲᠤᠰ ᠵᠠᠭᠤᠨ ᠤ ᠳᠤᠮᠳᠠᠴᠢ ᠪᠣᠯᠬᠤ ᠳᠤ ᠮᠠᠨ ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠲᠦᠭᠡᠨ ᠪᠠᠶᠢᠭᠤᠯᠤᠨ᠎ᠠ ᠭᠡᠵᠦ ᠳᠤᠷᠠᠳᠪᠠ᠃ ᠶᠡᠷᠦᠩᠬᠡᠢ ᠱᠦᠵᠢ ᠰᠢ ᠶᠢᠨ ᠫᠢᠩ ᠵᠢᠭᠠᠵᠤ ᠭᠠᠷᠭᠠᠭᠰᠠᠨ ᠨᠢ᠂ ᠮᠠᠨ ᠤ ᠤᠯᠤᠰ ᠤᠨ ᠣᠳᠣᠬᠢᠴᠢᠯᠠᠯᠲᠠ ᠪᠣᠯ ᠬᠥᠮᠥᠨ ᠠᠮᠠ ᠶᠢᠨ ᠬᠡᠪᠴᠢᠶ᠎ᠡ ᠪᠠᠷ ᠯᠤᠲᠤ ᠶᠡᠭᠡ ᠣᠳᠣᠬᠢᠴᠢᠯᠠᠯᠲᠠ᠂ ᠪᠦᠬᠦ ᠠᠷᠠᠳ ᠲᠦᠮᠡᠨ ᠤ ᠬᠠᠮᠲᠤ ᠪᠠᠷ ᠴᠢᠨᠡᠭᠡᠯᠢᠭᠵᠢᠬᠦ ᠣᠳᠣᠬᠢᠴᠢᠯᠠᠯᠲᠠ᠂ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠢ ᠬᠠᠷᠢᠯᠴᠠᠨ ᠵᠣᠬᠢᠴᠠᠭᠤᠯᠤᠭᠰᠠᠨ ᠣᠳᠣᠬᠢᠴᠢᠯᠠᠯᠲᠠ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠣᠳᠣᠬᠢᠴᠢᠯᠠᠯᠲᠠ᠂ ᠨᠠᠶᠢᠷᠠᠮᠳᠠᠯ ᠢᠶᠠᠷ ᠬᠥᠭᠵᠢᠬᠦ ᠵᠠᠮ ᠢᠶᠠᠷ ᠵᠠᠮᠨᠠᠬᠤ ᠣᠳᠣᠬᠢᠴᠢᠯᠠᠯᠲᠠ ᠮᠥᠨ᠃ ᠮᠠᠨ ᠤ ᠠᠭᠤᠤ ᠶᠡᠭᠡ ᠡᠬᠡ ᠤᠯᠤᠰ ᠢ 56 ᠦᠨᠳᠦᠰᠦᠲᠡᠨ ᠬᠠᠮᠲᠤ ᠪᠠᠷ ᠨᠡᠭᠡᠭᠡᠨ ᠬᠥᠭᠵᠢᠭᠦᠯᠦᠭᠰᠡᠨ ᠶᠤᠮ᠂ ᠳᠤᠮᠳᠠᠳᠤ ᠶᠢᠨ ᠦᠨᠳᠦᠰᠦᠲᠡᠨ ᠤ ᠢᠷᠡᠭᠡᠳᠦᠢ ᠶᠢ ᠴᠦ 56 ᠦᠨᠳᠦᠰᠦᠲᠡᠨ ᠳᠤ ᠲᠦᠰᠢᠭᠯᠡᠨ ᠬᠠᠮᠲᠤ ᠪᠠᠷ ᠡᠭᠦᠳᠦᠨ᠎ᠡ᠃ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠡᠮᠡᠴᠡᠬᠦ ᠦᠭᠡᠢ ᠪᠣᠯ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠡᠶᠡᠯᠡᠭᠦᠯᠬᠦ ᠳᠤ ᠪᠡᠷᠬᠡ ᠶᠤᠮ᠂ ᠦᠨᠳᠦᠰᠦᠲᠡᠨ ᠨᠦᠭᠦᠳ ᠬᠠᠮᠲᠤ ᠪᠠᠷ ᠴᠡᠴᠡᠭᠯᠡᠨ ᠬᠥᠭᠵᠢᠬᠦ ᠦᠭᠡᠢ ᠪᠣᠯ ᠮᠥᠨ ᠴᠦ ᠨᠡᠶᠢᠭᠡᠮ ᠵᠢᠷᠤᠮ ᠤᠨ ᠣᠳᠣᠬᠢᠴᠢᠯᠠᠯᠲᠠ ᠪᠢᠰᠢ ᠶᠤᠮ᠃

      ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠡᠷᠬᠡᠪᠰᠢ ᠦᠨᠳᠦᠰᠦᠲᠡᠨ ᠨᠦᠭᠦᠳ ᠬᠠᠮᠲᠤ ᠪᠠᠷ ᠣᠳᠣᠬᠢᠴᠢᠯᠠᠯᠲᠠ ᠲᠡᠶᠢᠰᠢ ᠤᠷᠤᠭᠰᠢᠯᠠᠬᠤ ᠶᠢ ᠠᠬᠢᠭᠤᠯᠬᠤ ᠬᠡᠷᠡᠭᠲᠡᠢ᠃ ᠵᠥᠷᠢᠶᠡᠴᠢᠯᠡᠭᠰᠡᠨ ᠣᠷᠣᠨ ᠪᠦᠰᠡ ᠶᠢᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠦᠨᠳᠦᠰᠦᠲᠡᠨ ᠤ ᠭᠠᠵᠠᠷ ᠣᠷᠣᠨ ᠤ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠲᠡᠮᠵᠢᠵᠤ᠂ ᠥᠪᠡᠷ ᠢ ᠪᠠᠨ ᠬᠥᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠦᠨᠳᠦᠰᠦᠲᠡᠨ ᠤ ᠭᠠᠵᠠᠷ ᠣᠷᠣᠨ ᠤ ᠡᠬᠢ ᠪᠠᠶᠠᠯᠢᠭ ᠤᠨ ᠳᠠᠪᠠᠭᠤᠯᠢᠭ᠂ ᠬᠥᠭᠵᠢᠯᠲᠡ ᠶᠢᠨ ᠨᠥᠬᠦᠴᠡᠯ᠂ ᠬᠠᠷᠢᠴᠠᠩᠭᠤᠢ ᠳᠠᠪᠠᠭᠤᠯᠢᠭ ᠵᠡᠷᠭᠡ ᠪᠣᠳᠠᠲᠤ ᠪᠠᠶᠢᠳᠠᠯ ᠳᠤ ᠪᠠᠨ ᠰᠠᠭᠤᠷᠢᠯᠠᠨ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠡᠵᠡᠮᠳᠡᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠨ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠶᠢᠨ ᠭᠠᠷᠳᠠᠴᠠ ᠪᠠ ᠬᠦᠴᠦᠯᠡᠬᠦ ᠴᠡᠭ ᠢ ᠣᠨᠣᠪᠴᠢᠲᠠᠢ ᠡᠵᠡᠮᠳᠡᠬᠦ ᠬᠡᠷᠡᠭᠲᠡᠢ᠃ ᠦᠨᠳᠦᠰᠦᠲᠡᠨ ᠤ ᠭᠠᠵᠠᠷ ᠣᠷᠣᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠵᠠᠷᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠢ ᠶᠢᠨ ᠬᠥᠭᠵᠢᠯᠲᠡ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠥᠰ ᠤᠨ ᠰᠡᠳᠬᠢᠯ ᠢ ᠨᠢᠭᠲᠠᠷᠠᠭᠤᠯᠬᠤ ᠪᠠᠷ ᠠᠩᠬᠠᠨ ᠤ ᠵᠣᠷᠢᠯᠲᠠ ᠪᠠ ᠬᠠᠷᠠᠯᠲᠠ ᠪᠣᠯᠭᠠᠵᠤ᠂ ᠠᠷᠠᠳ ᠤᠨ ᠰᠠᠨᠠᠭᠠᠨ ᠳᠤ ᠨᠡᠶᠢᠴᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠣᠳᠠᠲᠤ ᠶᠠᠪᠤᠳᠠᠯ ᠤᠳ ᠢ ᠢᠯᠡᠭᠦᠬᠡᠨ ᠬᠢᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠠᠰᠠᠭᠤᠳᠠᠯ ᠤᠳ ᠢ ᠢᠯᠡᠭᠦᠬᠡᠨ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠦᠨᠳᠦᠰᠦᠲᠡᠨ ᠤ ᠭᠠᠵᠠᠷ ᠣᠷᠣᠨ ᠤ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠳᠡᠮᠵᠢᠵᠦ᠂ ᠬᠥᠳᠡᠭᠡ ᠲᠣᠰᠬᠤᠨ ᠤ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠦᠨ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ᠂ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠢ᠂ ᠮᠠᠯᠴᠢᠳ ᠲᠠᠷᠢᠶᠠᠴᠢᠳ ᠤᠨ ᠪᠠᠶᠠᠨ ᠲᠠᠩᠰᠤᠭ ᠪᠠᠶᠢᠬᠤ ᠶᠢ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠬᠢᠯᠢ ᠳᠠᠭᠠᠤ ᠣᠷᠣᠨ ᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠢᠯᠢ ᠬᠢᠵᠠᠭᠠᠷ ᠢ ᠪᠠᠬᠢᠵᠢᠭᠦᠯᠦᠨ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ᠂ ᠬᠥᠭᠵᠢᠯᠲᠡ ᠪᠠ ᠠᠮᠤᠷ ᠲᠦᠪᠰᠢᠨ ᠤ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠦᠯᠦᠪᠯᠡᠵᠦ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠤᠯᠤᠰ ᠤᠨ ᠠᠮᠤᠷ ᠲᠦᠪᠰᠢᠨ ᠤ ᠬᠠᠯᠬᠠᠪᠴᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃

      ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠦᠨᠳᠦᠰᠦᠲᠡᠨ ᠤ ᠪᠦᠯᠬᠦᠮᠳᠡᠯ ᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ ᠮᠠᠨ ᠤ ᠤᠯᠤᠰ ᠪᠣᠯ ᠤᠯᠠᠨ ᠦᠨᠳᠦᠰᠦᠲᠡᠨ ᠲᠠᠢ ᠨᠢᠭᠡᠳᠦᠭᠰᠡᠨ ᠤᠯᠤᠰ ᠶᠤᠮ᠂ ᠦᠨᠳᠦᠰᠦᠲᠡᠨ ᠤ ᠪᠦᠯᠬᠦᠮᠳᠡᠯ ᠪᠣᠯ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ ᠮᠥᠨ᠂ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠳᠠᠪᠰᠢᠵᠤ᠂ ᠬᠠᠮᠲᠤ ᠪᠠᠷ ᠴᠡᠴᠡᠭᠯᠡᠨ ᠬᠥᠭᠵᠢᠬᠦ ᠪᠣᠯ ᠳᠤᠮᠳᠠᠳᠤ ᠶᠢᠨ ᠦᠨᠳᠦᠰᠦᠲᠡᠨ ᠤ ᠠᠮᠢ ᠨᠠᠰᠤ᠂ ᠬᠦᠴᠦᠨ ᠴᠢᠳᠠᠯ᠂ ᠬᠦᠰᠡᠯ ᠡᠷᠡᠮᠡᠯᠵᠡᠯ ᠮᠥᠨ᠃ ᠪᠤᠢ ᠪᠦᠬᠦᠢ ᠥᠭᠡᠷᠡᠴᠢᠯᠡᠯᠲᠡ ᠬᠥᠭᠵᠢᠯᠲᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡᠷᠡᠭᠦᠯᠬᠦ ᠠᠴᠢ ᠬᠤᠯᠪᠣᠭᠳᠠᠯ ᠢ ᠣᠯᠭᠤᠵᠤ᠂ ᠨᠢᠭᠡᠳᠦᠯ ᠢ ᠬᠠᠮᠠᠭᠠᠯᠠᠬᠤ᠂ ᠬᠠᠭᠠᠴᠠᠯ ᠢ ᠡᠰᠡᠷᠭᠦᠴᠡᠬᠦ ᠶᠢᠨ ᠠᠴᠢ ᠬᠤᠯᠪᠣᠭᠳᠠᠯ ᠢ ᠣᠯᠭᠤᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠥᠰ ᠤᠨ ᠰᠡᠳᠬᠢᠯ ᠢ ᠨᠢᠭᠲᠠᠷᠠᠭᠤᠯᠬᠤ ᠶᠢᠨ ᠠᠴᠢ ᠬᠤᠯᠪᠣᠭᠳᠠᠯ ᠢ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠡᠪᠳᠡᠷᠡᠰᠢ ᠦᠭᠡᠢ ᠪᠠᠲᠤ ᠪᠠᠬᠢ ᠪᠣᠯᠭᠠᠬᠤ ᠬᠡᠷᠡᠭᠲᠡᠢ᠃ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠭᠠᠭᠴᠠ ᠬᠦ ᠠᠨᠠᠷ ᠤᠨ ᠦᠷ᠎ᠡ ᠰᠢᠭ ᠢᠶᠠᠷ ᠨᠢᠭᠲᠠᠷᠠᠨ ᠪᠦᠯᠬᠦᠮᠳᠡᠵᠦ᠂ ᠭᠠᠷ ᠭᠠᠷ ᠢᠶᠠᠨ ᠬᠤᠯᠪᠤᠯᠴᠠᠨ ᠮᠥᠷᠥ ᠵᠡᠷᠭᠡᠴᠡᠨ ᠤᠷᠤᠭᠰᠢᠯᠠᠵᠤ᠂ ᠬᠠᠮᠲᠤ ᠪᠠᠷ ᠴᠢᠷᠮᠠᠶᠢᠨ ᠲᠡᠮᠡᠴᠡᠪᠡᠯ ᠰᠠᠶ᠋ᠢ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠦᠷ ᠳᠠᠯᠠᠶᠢᠴᠠᠲᠠᠢ ᠠᠤᠭ᠎ᠠ ᠬᠦᠴᠦᠨ ᠢ ᠨᠢᠭᠲᠠᠷᠠᠭᠤᠯᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠵᠤ᠂ ᠰᠠᠶᠢᠨ ᠰᠠᠶᠢᠬᠠᠨ ᠢᠷᠡᠭᠡᠳᠦᠢ ᠪᠠᠨ ᠬᠠᠮᠲᠤ ᠪᠠᠷ ᠴᠣᠭᠴᠠᠯᠠᠵᠤ ᠴᠢᠳᠠᠨ᠎ᠠ᠃

      ᠣᠯᠠᠨ ᠤ ᠬᠦᠴᠦᠨ ᠢ ᠨᠢᠭᠲᠠᠷᠠᠭᠤᠯᠪᠠᠯ ᠠᠭᠤᠯᠠ ᠶᠢ ᠨᠡᠭᠦᠯᠭᠡᠵᠦ ᠴᠢᠳᠠᠨ᠎ᠠ᠃ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠬᠠᠮᠲᠤ ᠪᠠᠷ ᠲᠡᠮᠡᠴᠡᠬᠦ ᠶᠢ ᠠᠬᠢᠭᠤᠯᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠬᠤᠯᠠ ᠡᠭᠦᠷᠭᠡ ᠶᠤᠮ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠭᠠᠷ ᠭᠠᠷ ᠢᠶᠠᠨ ᠬᠤᠯᠪᠤᠯᠴᠠᠨ ᠮᠥᠷᠥ ᠵᠡᠷᠭᠡᠴᠡᠨ ᠤᠷᠤᠭᠰᠢᠯᠠᠵᠤ᠂ ᠴᠥᠬᠦᠷᠡᠰᠢ ᠦᠭᠡᠢ ᠲᠡᠮᠡᠴᠡᠳᠡᠭ ᠯᠠ ᠶᠤᠮ ᠪᠣᠯ᠂ ᠤᠷᠤᠭᠰᠢᠯᠠᠯᠲᠠ ᠶᠢᠨ ᠵᠠᠮ ᠳᠡᠭᠡᠷ᠎ᠡ ᠳᠠᠪᠠᠵᠤ ᠳᠡᠶᠢᠯᠦᠰᠢ ᠦᠭᠡᠢ ᠬᠦᠴᠢᠷ ᠪᠡᠷᠬᠡᠰᠢᠶᠡᠯ ᠭᠡᠵᠦ ᠪᠠᠶᠢᠬᠤ ᠦᠭᠡᠢ᠂ ᠢᠯᠠᠵᠤ ᠳᠡᠶᠢᠯᠦᠰᠢ ᠦᠭᠡᠢ ᠥᠷᠢᠰᠦᠯᠳᠦᠭᠡᠨ ᠭᠡᠵᠦ ᠪᠠᠶᠢᠬᠤ ᠦᠭᠡᠢ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠤᠭ᠎ᠠ ᠵᠢᠷᠤᠭ ᠲᠥᠯᠥᠪᠯᠡᠭᠡ ᠯᠠᠪᠲᠠᠢ ᠪᠡᠶᠡᠯᠡᠭᠳᠡᠬᠦ ᠶᠤᠮ︕

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ