5 ᠰᠠᠷ᠎ᠠ ᠶᠢᠨ 17 ᠤ ᠡᠳᠦᠷ ᠂ ᠭᠦᠭᠡᠬᠤᠳᠡ ᠪᠣᠭᠤᠮᠲᠠ ᠶᠢᠨ ︽ ᠤᠯᠠᠭᠠᠨᠮᠥ᠋ᠴᠢᠷ ᠤᠨ ᠬᠤᠪᠢᠰᠬᠠᠯᠲᠤ ᠬᠥᠩᠭᠡᠨ ᠮᠣᠷᠢᠲᠤ ᠴᠡᠷᠢᠭ ︾ ᠨᠢ ᠳᠠᠭᠠᠭᠠᠴᠢᠯᠠᠨ ᠬᠠᠷᠢᠯᠴᠠᠵᠤ ᠬᠠᠪᠰᠤᠷᠤᠨ ᠲᠡᠳᠬᠦᠵᠦ ᠪᠠᠶᠢᠭ᠎ᠠ ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠤᠯᠠᠭᠠᠨᠴᠠᠪ ᠰᠤᠮᠤ ᠶᠢᠨ ᠤᠯᠠᠨᠨᠠᠭᠤᠷ ᠭᠠᠴᠠᠭ᠎ᠠ ᠳᠤ ᠬᠦᠷᠴᠦ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠲᠣᠭᠤᠷᠢᠨ ᠳᠤ ᠶᠠᠷᠢᠯᠴᠠᠨ ᠵᠣᠭᠤᠭᠳᠠᠬᠤ ᠭᠡᠯᠪᠡᠷᠢ ᠪᠠᠷ ᠨᠠᠮ ᠤᠨ ᠬᠢᠴᠢᠶᠡᠯ ᠣᠷᠣᠵᠤ ᠂ ᠤᠯᠠᠨ ᠤ ᠠᠩᠬᠠᠷᠤᠯ ᠲᠠᠯᠪᠢᠵᠤ ᠪᠠᠶᠢᠭ᠎ᠠ ᠰᠡᠳᠦᠪ ᠢ ᠵᠢᠱᠢᠶ᠎ᠡ ᠪᠠᠷ ᠲᠠᠶᠢᠯᠪᠤᠷᠢᠯᠠᠵᠤ ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠭᠦᠷ ᠬᠥᠭᠵᠢᠶᠡᠨᠲᠡᠢ ᠪᠠᠶᠢᠯ᠎ᠠ ᠃
ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ ᠂ ᠭᠦᠭᠡᠬᠤᠲᠠ ᠪᠣᠭᠤᠮᠲᠠ ᠶᠢᠨ ᠬᠢᠨ ᠭᠤᠣᠯ ᠰᠡᠳᠦᠪᠲᠦ ᠬᠥᠮᠦᠵᠢᠯ ︽ ᠤᠯᠠᠭᠠᠨᠮᠥ᠋ᠴᠢᠷ ᠤᠨ ᠬᠤᠪᠢᠰᠬᠠᠯᠲᠤ ᠬᠥᠩᠭᠡᠨ ᠮᠣᠷᠢᠲᠤ ᠴᠡᠷᠢᠭ ︾ ᠢ ᠵᠣᠬᠢᠶᠠᠨ ᠪᠠᠶᠢᠭᠤᠯᠵᠤ ᠂ ︽ ᠬᠥᠳᠡᠯᠦᠩᠭᠦᠢ ᠨᠠᠮ ᠤᠨ ᠬᠢᠴᠢᠶᠡᠯ ︾ ᠢ ᠭᠤᠪᠢ ᠶᠢᠨ ᠭᠦᠨ ᠳᠠᠬᠢ ᠬᠢᠯᠢ ᠶᠢᠨ ᠪᠣᠭᠤᠮᠲᠠ ᠳᠤ ᠬᠦᠷᠭᠡᠵᠡᠢ ᠃ ᠬᠢᠯᠢ ᠶᠢᠨ ᠪᠣᠭᠤᠮᠲᠠ ᠶᠢᠨ ᠨᠢᠭᠡᠳᠦᠭᠡᠷ ᠹᠷᠣᠨᠲ ᠤᠨ ᠬᠠᠯᠠᠮᠰᠢᠯ ᠬᠦᠰᠡᠯ ᠱᠠᠭᠠᠷᠳᠠᠯᠭ᠎ᠠ ᠳᠤ ᠴᠢᠭᠯᠡᠭᠦᠯᠦᠨ ᠂ ᠪᠦᠭᠦ ᠪᠣᠭᠤᠮᠲᠠ ᠶᠢᠨ ᠨᠠᠮ ᠤᠨ ᠭᠡᠰᠢᠭᠦᠨ ᠺᠠᠳ᠋ᠷᠴᠤᠳ ᠂ ᠲᠡᠷᠢᠭᠦᠨ ᠤ ᠨᠡᠶᠢᠲᠡᠯᠢᠭ ᠲᠥᠯᠥᠭᠡᠯᠡᠭᠴᠢ ᠶᠢ ᠳᠠᠶᠢᠴᠢᠯᠠᠨ ᠂ ︽ ᠬᠢᠯᠢ ᠶᠢᠨ ᠪᠣᠭᠤᠮᠲᠠ ᠶᠢᠨ ᠠᠬᠠᠮᠠᠳ ᠨᠠᠮ ᠤᠨ ᠭᠡᠰᠢᠭᠦᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ︾ ᠢ ᠭᠤᠣᠯ ᠰᠡᠳᠦᠪᠲᠦ ᠬᠥᠮᠦᠵᠢᠯ ᠤᠨ ︽ ᠤᠯᠠᠭᠠᠨᠮᠥ᠋ᠴᠢᠷ ᠤᠨ ᠬᠤᠪᠢᠰᠬᠠᠯᠲᠤ ᠬᠥᠩᠭᠡᠨ ᠮᠣᠷᠢᠲᠤ ᠴᠡᠷᠢᠭ︾ ᠤᠨ ᠡᠩᠨᠡᠭᠡᠨ ᠳᠤ ᠢᠳᠡᠪᠬᠢᠲᠡᠢ ᠣᠷᠣᠯᠴᠠᠭᠤᠯᠵᠤ ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠦᠨᠳᠦᠰᠦᠨ ᠱᠠᠲᠤᠨ ᠳᠤ ᠬᠦᠷᠭᠡᠬᠦ ᠂ ᠨᠠᠮ ᠤᠨ ᠪᠠᠶᠢᠭᠤᠯᠤᠯᠲᠠ ᠶᠢᠨ ᠤᠨᠤᠯ ᠤᠨ ᠮᠡᠳᠡᠯᠭᠡ ᠶᠢ ᠦᠨᠳᠦᠰᠦᠨ ᠱᠠᠲᠤᠨ ᠳᠤ ᠬᠦᠷᠭᠡᠬᠦ ᠂ ᠲᠦᠷᠦᠯ ᠲᠡᠮᠳᠡᠭ ᠢ ᠡᠭᠦᠳᠬᠦ ᠲᠤᠷᠰᠢᠯᠭ᠎ᠠ ᠶᠢ ᠦᠨᠳᠦᠰᠦᠨ ᠱᠠᠲᠤᠨ ᠳᠤ ᠬᠦᠷᠭᠡᠬᠦ ᠂ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠦᠢᠯᠡ ᠠᠵᠢᠯᠯᠠᠭ᠎ᠠ ᠶᠢ ᠦᠨᠳᠦᠰᠦᠨ ᠱᠠᠲᠤᠨ ᠳᠤ ᠬᠦᠷᠭᠡᠬᠦ ᠂ ᠬᠢᠨᠠᠨ ᠬᠠᠮᠢᠶᠠᠷᠬᠤ ᠲᠤᠬᠠᠶᠢᠯᠠᠭᠰᠠᠨ ᠠᠵᠢᠯ ᠤᠨ ᠲᠦᠷᠦ ᠶᠢᠨ ᠪᠣᠳᠣᠯᠭ᠎ᠠ ᠶᠢ ᠦᠨᠳᠦᠰᠦᠨ ᠱᠠᠲᠤᠨ ᠳᠤ ᠬᠦᠷᠭᠡᠬᠦ ᠠᠵᠢᠯᠯᠠᠭ᠎ᠠ ᠥᠷᠨᠢᠭᠦᠯᠵᠦ ᠂ ᠭᠤᠣᠯ ᠰᠡᠳᠦᠪᠲᠦ ᠬᠥᠮᠦᠵᠢᠯ ᠢ ᠨᠡᠩ ᠠᠮᠢᠳᠤᠯᠢᠭ ᠪᠥᠭᠡᠳ ᠣᠶᠢᠯᠠᠭᠠᠮᠵᠢᠲᠠᠢ ᠪᠣᠯᠭᠠᠵᠠᠢ ᠃
ᠭᠦᠭᠡᠬᠤᠲᠠ ᠪᠣᠭᠤᠮᠲᠠ ᠨᠢ ᠭᠤᠣᠯ ᠰᠡᠳᠦᠪᠲᠦ ᠬᠥᠮᠦᠵᠢᠯ ᠤᠨ ᠳᠤᠮᠳᠠ ᠣᠨᠣᠯ ᠢᠶᠠᠷ ᠦᠢᠯᠡᠳᠦᠯᠭᠡ ᠪᠠᠨ ᠵᠢᠯᠣᠭᠤᠳᠤᠭᠤᠯᠬᠤ ᠶᠢ ᠪᠠᠷᠢᠮᠲᠠᠯᠠᠵᠤ ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠂ ᠦᠢᠯᠡᠳᠦᠯᠭᠡ ᠪᠠᠷ ᠤᠳᠤᠷᠢᠳᠤᠮᠵᠢ ᠪᠤᠯᠭᠠᠬᠤ ᠂ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠤᠯᠭᠠᠬᠤ ᠶᠢ ᠲᠣᠪᠤᠶᠢᠯᠭᠠᠨ ᠂ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠥᠷᠨᠢᠭᠦᠯᠵᠡᠢ ᠃ ᠣᠶᠢᠷ᠎ᠠ ᠳᠤ ᠠᠵᠤ ᠠᠬᠤᠶᠢᠯᠠᠯ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠳᠡᠭᠡᠨ ᠂ ᠥᠪᠥᠷ ᠮᠣᠩᠭᠤᠯ ᠤᠨ ᠳ᠋ᠢᠩ ᠨᠦᠩ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠤᠮᠫᠠᠨᠢ ᠠᠴᠠ ᠮᠣᠩᠭᠤᠯ ᠤᠯᠤᠰ ᠲᠤ ᠢᠳᠡᠰᠢᠨ ᠨᠣᠭᠤᠭ᠎ᠠ ᠭᠠᠷᠭᠠᠬᠤ ᠪᠠᠷ ᠲᠥᠯᠥᠪᠯᠡᠵᠦ ᠪᠠᠶᠢᠭ᠎ᠠ ᠪᠤᠯᠪᠠᠴᠤ ᠭᠠᠳᠠᠭᠠᠳᠤ ᠳᠤ ᠭᠠᠷᠭᠠᠬᠤ ᠢᠳᠡᠭᠡᠨ ᠤ ᠲᠦᠭᠦᠬᠡᠢ ᠮᠠᠲ᠋ᠧᠷᠢᠶᠠᠯ ᠤᠨ ᠲᠠᠷᠢᠮᠠᠯ ᠤᠨ ᠲᠠᠯᠠᠪᠠᠶ ᠳᠤ ᠳᠠᠩᠰᠠᠯᠠᠭᠤᠯᠬᠤ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠰᠠᠶᠢᠨ ᠮᠡᠳᠡᠬᠦ ᠦᠭᠡᠢ ᠪᠠᠶᠢᠭ᠎ᠠ ᠶᠢ ᠣᠶᠢᠯᠠᠭᠠᠵᠠᠢ ᠃ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ ᠴᠢᠭᠯᠡᠭᠦᠯᠦᠨ ᠂ ᠭᠦᠭᠡᠬᠤᠲᠠ ᠪᠣᠭᠤᠮᠲᠠ ᠶᠢᠨ ᠬᠢᠨ ᠲᠤᠰᠬᠠᠢ ᠠᠩᠭᠢ ᠪᠠᠶᠢᠭᠤᠯᠵᠤ ᠂ ᠠᠵᠤ ᠠᠬᠤᠶᠢᠯᠠᠯ ᠢ ᠬᠠᠪᠰᠤᠷᠤᠨ ᠡᠯ᠎ᠡ ᠵᠦᠢᠯ ᠤᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠲᠣᠭᠲᠠᠭᠠᠨ ᠲᠡᠭᠦᠯᠳᠡᠷᠵᠢᠭᠦᠯᠵᠦ ᠂ ᠠᠵᠤ ᠠᠬᠤᠶᠢᠯᠠᠯ ᠤᠨ ᠳᠠᠩᠰᠠᠯᠠᠯᠲᠠ ᠶᠢ ᠤᠷᠤᠭᠰᠢᠲᠠᠢ ᠭᠦᠢᠴᠡᠳᠬᠡᠭᠰᠡᠨ ᠢᠶᠠᠷ ᠪᠠᠶᠠᠨᠨᠠᠭᠤᠷ ᠬᠤᠲᠠ ᠶᠢᠨ ᠮᠣᠩᠭᠤᠯ ᠤᠯᠤᠰ ᠲᠤ ᠢᠳᠡᠰᠢᠨ ᠨᠣᠭᠤᠭ᠎ᠠ ᠭᠠᠷᠭᠠᠬᠤ ᠬᠢᠷᠢ ᠭᠡᠮ ᠲᠠᠢ ᠲᠦᠷᠦᠭᠦᠦ ᠨᠢᠭᠡ ᠠᠵᠤ ᠠᠬᠤᠶᠢᠯᠠᠯ ᠪᠣᠯᠭᠠᠵᠠᠢ ᠃
︽ ᠮᠠᠨ ᠤ ᠳᠠᠩᠰᠠᠯᠠᠭᠤᠯᠤᠭᠰᠠᠨ ᠲᠠᠷᠢᠮᠠᠯ ᠤᠨ ᠲᠠᠯᠠᠪᠠᠶ 1000 ᠭᠠᠷᠤᠢ ᠮᠦ ᠪᠣᠯᠵᠤ ᠂ ᠯᠤᠤᠪᠠᠩ ᠂ ᠥᠷᠭᠡᠰᠦᠲᠦ ᠬᠡᠮᠬᠡ ᠵᠡᠷᠭᠡ ᠢᠳᠡᠰᠢᠨ ᠨᠣᠭᠤᠭ᠎ᠠ ᠳᠠᠷᠢᠬᠤ ᠪᠠᠷ ᠲᠥᠯᠥᠪᠯᠡᠵᠦ ᠪᠠᠶᠢᠨ᠎ᠠ ᠂ ᠬᠤᠵᠢᠮ ᠭᠠᠭᠴᠠᠮᠣᠳᠤ ᠬᠢᠯᠢ ᠶᠢᠨ ᠪᠣᠭᠤᠮᠲᠠ ᠪᠠᠷ ᠳᠠᠮᠵᠢᠭᠤᠯᠤᠨ ᠮᠣᠩᠭᠤᠯ ᠤᠯᠤᠰ ᠲᠤ ᠬᠦᠷᠭᠡᠬᠦ ᠪᠣᠯᠣᠨ᠎ᠠ ︾ ᠭᠡᠵᠦ ᠥᠪᠥᠷ ᠮᠣᠩᠭᠤᠯ ᠤᠨ ᠳ᠋ᠢᠩ ᠨᠦᠩ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠬᠠᠷᠢᠭᠤᠴᠠᠯᠭᠠᠲᠠᠨ ᠱᠠᠨ ᠵᠢᠶᠠ ᠬᠤᠤ ᠬᠡᠯᠡᠪᠡ ᠃
ᠭᠦᠭᠡᠬᠤᠲᠠ ᠪᠣᠭᠤᠮᠲᠠ ᠶᠢᠨ ᠬᠢᠨ ᠪᠠᠶᠢᠴᠠᠭᠠᠨ ᠰᠤᠳᠤᠯᠤᠯᠲᠠ ᠬᠢᠵᠦ ᠵᠠᠮ ᠨᠡᠭᠡᠭᠡᠬᠦ ᠶᠢ ᠪᠠᠷᠢᠮᠲᠠᠯᠠᠵᠤ ᠂ ︽ ᠭᠤᠣᠯ ᠰᠡᠳᠦᠪ ᠢ ᠵᠢᠭᠰᠠᠭᠠᠬᠤ ᠂ ᠦᠨᠳᠦᠰᠦᠨ ᠱᠠᠲᠤᠨ ᠳᠤ ᠪᠠᠭᠤᠬᠤ ᠂ ᠨᠠᠮ ᠤᠨ ᠬᠢᠴᠢᠶᠡᠯ ᠣᠷᠣᠬᠤ ᠂ ᠰᠠᠨᠠᠯ ᠰᠣᠨᠣᠰᠬᠤ ᠂ ᠬᠦᠴᠢᠷ ᠠᠰᠠᠭᠤᠳᠠᠯ ᠢ ᠰᠢᠢᠳᠪᠦᠷᠢᠯᠡᠬᠦ ᠂ ᠪᠠᠶᠢᠳᠠᠯ ᠢ ᠮᠡᠳᠡᠭᠦᠯᠬᠦ ︾ ᠪᠦᠭᠦ ᠬᠡᠯᠬᠢᠶ᠎ᠡ ᠳᠤ ᠪᠠᠶᠢᠴᠠᠭᠠᠨ ᠰᠤᠳᠤᠯᠬᠤ ᠠᠵᠢᠯ ᠢ ᠲᠥᠯᠥᠪᠵᠢᠭᠦᠯᠵᠦ ᠂ ᠭᠤᠣᠯ ᠰᠡᠳᠦᠪᠲᠦ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠵᠠᠢ ᠃ 4 ᠰᠠᠷ᠎ᠠ ᠠᠴᠠ ᠨᠠᠭᠠᠰᠢ ᠂ ᠭᠦᠭᠡᠬᠤᠲᠠ ᠪᠣᠭᠤᠮᠲᠠ ᠶᠢᠨ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠦᠨᠳᠦᠰᠦᠨ ᠱᠠᠲᠤᠨ ᠳᠤ 8 ᠤᠳᠠᠭ᠎ᠠ ᠭᠦᠨᠵᠡᠭᠡᠶᠢᠷᠡᠨ ᠪᠠᠶᠢᠴᠠᠭᠠᠨ ᠰᠤᠳᠤᠯᠵᠤ ᠂ ᠣᠶᠤᠨᠲᠤ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠂ ︽ ᠣᠶᠤᠨᠲᠤ ᠪᠣᠭᠤᠮᠲᠠ ᠪᠠᠷ ᠤᠯᠤᠰ ᠢᠶᠠᠨ ᠬᠦᠴᠦᠷᠬᠡᠭᠵᠢᠭᠦᠯᠬᠦ ︾ ᠠᠵᠢᠯᠯᠠᠭ᠎ᠠ ᠵᠡᠷᠭᠡ ᠭᠤᠣᠯᠳᠠᠯᠭ᠎ᠠ ᠲᠠᠢ ᠡᠭᠦᠷᠭᠡ ᠪᠠᠷ ᠭᠤᠣᠯᠳᠠᠭᠤᠯᠵᠤ ᠂ 57 ᠵᠦᠢᠯ ᠤᠨ ᠰᠤᠳᠤᠯᠭᠠᠨ ᠤ ᠰᠡᠳᠦᠪ ᠢ ᠠᠩᠬ᠎ᠠ ᠠᠯᠬᠤᠮ ᠲᠣᠭᠲᠠᠭᠠᠵᠤ ᠂ ᠬᠠᠷᠢᠶ᠎ᠠ ᠣᠷᠣᠨ ᠤ ᠪᠠᠨ 100 ᠭᠤᠣᠯᠳᠠᠯᠭ᠎ᠠ ᠲᠠᠢ ᠠᠵᠤ ᠠᠬᠤᠶᠢᠯᠠᠯ ᠪᠣᠯᠣᠨ ᠪᠣᠭᠤᠮᠲᠠ ᠶᠢᠨ ᠣᠷᠣᠨ ᠤ ᠨᠠᠮ ᠤᠨ ᠭᠡᠰᠢᠭᠦᠨ ᠺᠠᠳ᠋ᠷ ᠠᠴᠠ 73 ᠵᠤᠷᠪᠤᠰ ᠰᠠᠨᠠᠯ ᠰᠠᠨᠠᠭᠤᠯᠭ᠎ᠠ ᠬᠤᠷᠢᠶᠠᠵᠠᠢ ᠃ ︽ ᠪᠣᠭᠤᠮᠲᠠ ᠶᠢᠨ ᠳᠠᠷᠤᠭ᠎ᠠ ᠲᠥᠷᠥ ᠶᠢᠨ ᠪᠣᠳᠣᠯᠭ᠎ᠠ ᠶᠢ ᠲᠤᠬᠠᠢ ᠶᠢᠨ ᠭᠠᠵᠠᠷ ᠲᠤᠨᠢ ᠬᠦᠷᠭᠡᠬᠦ ︾ ᠲᠣᠭᠲᠠᠴᠠ ᠶᠢ ᠭᠦᠨᠵᠡᠭᠡᠶᠢᠷᠡᠭᠦᠯᠵᠦ ᠂ ᠬᠤᠶᠠᠷ ᠱᠠᠲᠤᠨ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠨᠠᠷ ᠭᠤᠣᠯᠯᠠᠭᠴᠢ ᠠᠵᠤ ᠠᠬᠤᠶᠢᠯᠠᠯ ᠲᠠᠢ ᠬᠠᠷᠢᠯᠴᠠᠵᠤ ᠂ ᠣᠲᠣ ᠨᠢᠭᠡᠨᠲᠡ 235 ᠠᠵᠤ ᠠᠬᠤᠶᠢᠯᠠᠯ ᠳᠤ ︽ ᠲᠤᠬᠠᠢ ᠶᠢᠨ ᠭᠠᠵᠠᠷ ᠲᠤᠨᠢ ᠬᠦᠷᠭᠡᠬᠦ ︾ ᠮᠠᠶ᠋ᠢᠭ ᠤᠨ ᠦᠢᠯᠡᠴᠢᠯᠡᠭᠡ ᠬᠠᠩᠭᠠᠵᠠᠢ ᠃