︽ᠲᠣᠰᠬᠤᠨ ᠤ ᠪᠠᠶᠢᠩᠭᠤ ᠶᠢᠨ ᠰᠠᠭᠤᠭ᠎ᠠ ᠬᠥᠮᠥᠨ ᠠᠮᠠ ᠬᠡᠳᠦᠢ ᠪᠠᠶᠢᠬᠤ ᠪᠤᠢ︖ ᠶᠠᠮᠠᠷ ᠬᠦᠷᠢᠶᠡᠨ ᠳᠠᠬᠢ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠨᠡᠯᠢᠶᠡᠳ ᠲᠣᠪᠣᠶᠢᠮ᠎ᠠ ᠪᠠᠶᠢᠳᠠᠭ ᠪᠤᠢ︖︾᠂ ︽ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠠᠵᠢᠯ ᠢ ᠬᠡᠷᠡᠭᠵᠢᠭᠦᠯᠬᠦ ᠶᠠᠪᠤᠴᠠ ᠳᠤ ᠪᠠᠰᠠ ᠶᠠᠮᠠᠷ ᠶᠠᠮᠠᠷ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠬᠤ ᠪᠤᠶ︖︾᠂ ︽ᠲᠠ ᠥᠨᠥᠳᠥᠷ ᠤᠨ ᠤᠳᠤᠷᠢᠳᠬᠤ ᠺᠠᠳ᠋ᠷ ᠤᠨ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠴᠤ ᠪᠠᠶᠢᠭ᠎ᠠ ᠪᠠᠶᠢᠳᠠᠯ ᠳᠤ ᠰᠡᠳᠬᠢᠯ ᠬᠠᠨᠤᠮᠵᠢᠲᠠᠶ ᠪᠠᠶᠢᠨ᠎ᠠ ᠦᠦ︖︾ ᠣᠶᠢᠷ᠎ᠠ ᠶᠢᠨ ᠡᠳᠦᠷ ᠲᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠤᠳᠤᠷᠢᠳᠬᠤ ᠺᠠᠳ᠋ᠷ ᠤᠨ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠬᠤ ᠲᠠᠰᠤᠭ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠴᠣᠩᠬᠤᠪᠴᠢ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡᠨ ᠤ ᠲᠢᠩᠬᠢᠮ ᠪᠣᠯᠣᠨ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠴᠡᠭ ᠲᠤ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠤ ᠪᠠᠷ᠎ᠠ ᠪᠠᠶᠢᠩᠭᠤ ᠬᠠᠷᠠᠭᠳᠠᠵᠤ᠂ ᠲᠠᠳᠠ ᠦᠨᠳᠦᠰᠦᠨ ᠱᠠᠲᠤᠨ ᠤ ᠺᠠᠳ᠋ᠷ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠵᠠᠬᠢᠳᠠᠯ ᠰᠤᠷᠪᠤᠯᠵᠢᠯᠠᠯ ᠤᠨ ᠣᠯᠠᠨ ᠲᠦᠮᠡᠨ ᠲᠠᠢ ᠪᠤᠳᠤᠯ ᠰᠠᠨᠠᠭ᠎ᠠ ᠪᠠᠨ ᠰᠣᠯᠢᠯᠴᠠᠨ᠂ ᠵᠥᠷᠢᠴᠡᠯ ᠢ ᠰᠢᠢᠳᠪᠦᠷᠢᠯᠡᠬᠦ ᠠᠷᠭ᠎ᠠ ᠪᠣᠳᠣᠯᠭ᠎ᠠ᠂ ᠠᠷᠭ᠎ᠠ ᠬᠡᠮᠵᠢᠶ᠎ᠡ ᠶᠢ ᠬᠠᠮᠲᠤ ᠪᠠᠷ ᠰᠦᠪᠡᠭᠴᠢᠯᠡᠵᠡᠢ᠃
ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ︽ᠠᠷᠠᠳ ᠤᠨ ᠬᠦᠴᠢᠷᠳᠡᠯ ᠢ ᠰᠢᠢᠳᠪᠦᠷᠢᠯᠡᠬᠦ︾᠂ ︽ᠵᠠᠷᠭᠤ ᠶᠢ ᠬᠦᠯᠢᠶᠡᠵᠦ ᠠᠪᠤᠭᠰᠠᠨ ᠳᠠᠷᠤᠢ ᠳᠤᠨᠢ ᠭᠦᠢᠴᠡᠳᠬᠡᠬᠦ︾ ᠵᠠᠭᠪᠤᠷ ᠢ ᠢᠳᠡᠪᠬᠢᠲᠡᠢ ᠰᠦᠪᠡᠭᠴᠢᠯᠡᠨ᠂ ︽ᠵᠠᠬᠢᠳᠠᠯ ᠰᠤᠷᠪᠤᠯᠵᠢᠯᠠᠯ ᠢ ᠦᠨᠳᠦᠰᠦᠨ ᠱᠠᠲᠤᠨ ᠳᠤ ᠭᠥᠯᠢᠶᠡᠨ ᠠᠪᠴᠤ᠂ ᠠᠷᠠᠳ ᠤᠨ ᠵᠣᠪᠠᠨᠢᠯ ᠢ ᠨᠢᠭᠡᠳᠦᠭᠡᠷ ᠹᠷᠣᠨᠲ ᠲᠤ ᠰᠢᠢᠳᠪᠦᠷᠢᠯᠡᠬᠦ︾ ᠪᠠᠶᠢᠴᠠᠭᠠᠨ ᠰᠤᠳᠤᠯᠵᠤ ᠦᠢᠯᠡᠳᠦᠯᠭᠡᠵᠢᠭᠦᠯᠬᠦ ᠠᠵᠢᠯᠯᠠᠭ᠎ᠠ ᠶᠢ ᠥᠷᠨᠢᠭᠦᠯᠬᠦ ᠪᠠᠷ ᠭᠤᠣᠯ ᠰᠡᠳᠦᠪᠲᠦ ᠬᠥᠮᠦᠵᠢᠯ ᠤᠨ ᠴᠢᠬᠤᠯᠠ ᠭᠠᠷᠳᠠᠴᠠ ᠪᠤᠯᠭᠠᠵᠤ᠂ ᠵᠠᠬᠢᠳᠠᠯ ᠰᠤᠷᠪᠤᠯᠵᠢᠯᠠᠯ ᠤᠨ ︽ᠠᠩᠬ᠎ᠠ ᠭᠥᠯᠢᠶᠡᠨ ᠠᠪᠴᠤ ᠭᠦᠢᠴᠡᠳᠬᠡᠬᠦ ᠬᠠᠷᠢᠭᠤᠴᠠᠯᠭ᠎ᠠ ᠶᠢᠨ ᠳᠦᠷᠢᠮ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠪᠠ᠃ ᠪᠠᠶᠢᠭᠤᠯᠭ᠎ᠠ ᠶᠢᠨ ᠺᠠᠳ᠋ᠷᠴᠤᠳ ᠠᠷᠠᠳ ᠤᠯᠠᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠪᠦᠭᠦ ᠠᠵᠢᠯᠲᠠᠳ ᠰᠤᠷᠪᠤᠯᠵᠢᠯᠠᠯ ᠢ ᠭᠥᠯᠢᠶᠡᠨ ᠠᠪᠬᠤ᠂ ᠪᠦᠭᠦ ᠠᠵᠢᠯᠲᠠᠳ ᠱᠠᠯᠠᠪᠳᠠᠭᠤᠯᠤᠨ ᠪᠠᠶᠢᠴᠠᠭᠠᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠠᠷᠭ᠎ᠠ ᠭᠡᠯᠪᠡᠷᠢ ᠶᠢ ᠠᠪᠴᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠵᠠᠬᠢᠳᠠᠯ ᠰᠤᠷᠪᠤᠯᠵᠢᠯᠠᠯ ᠤᠨ ᠠᠵᠢᠯ ᠤᠨ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ ᠪᠠᠶᠢᠨ᠎ᠠ᠃
ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠳᠣᠪᠤᠶᠢᠯᠭᠠᠵᠤ᠂ ᠪᠠᠶᠢᠴᠠᠭᠠᠨ ᠰᠤᠳᠤᠯᠤᠯᠲᠠ ᠪᠠᠷ ᠵᠠᠮ ᠨᠡᠭᠡᠭᠡᠬᠦ ᠶᠢ ᠪᠠᠷᠢᠮᠲᠠᠯᠠᠪᠠ᠃ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠬᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠤᠣᠯᠳᠠᠯᠭ᠎ᠠ ᠲᠠᠢ ᠬᠦᠴᠢᠷ ᠠᠰᠠᠭᠤᠳᠠᠯ ᠤᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠪᠣᠯᠣᠨ ᠡᠯ᠎ᠡ ᠭᠠᠵᠠᠷ ᠲᠠᠰᠤᠬ ᠨᠢ ᠬᠠᠨᠳᠤᠯᠭᠠᠲᠤ ᠴᠢᠨᠠᠷ ᠲᠠᠢ ᠪᠠᠷ 16 ᠪᠠᠶᠢᠴᠠᠭᠠᠨ ᠰᠤᠳᠤᠯᠬᠤ ᠰᠡᠳᠦᠪ ᠢ ᠰᠤᠳᠤᠯᠤᠨ ᠲᠣᠭᠲᠠᠭᠠᠵᠤ᠂ ︽ᠱᠠᠯᠠᠪᠳᠠᠨ ᠪᠠᠶᠢᠴᠠᠭᠠᠯᠲᠠ ᠵᠠᠬᠢᠳᠠᠯ ᠰᠤᠷᠪᠤᠯᠵᠢᠯᠠᠯ ᠪᠠᠶᠢᠴᠠᠭᠠᠨ ᠰᠤᠳᠤᠯᠤᠯᠲᠠ︾ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠤᠳᠤᠷᠢᠳᠬᠤ ᠪᠠᠭ ᠤᠨ ᠪᠦᠷᠢᠯᠳᠦᠭᠦᠨ ᠪᠣᠯᠣᠨ ᠡᠯ᠎ᠡ ᠭᠠᠵᠠᠷ ᠲᠠᠰᠤᠬ ᠨᠢ ᠬᠡᠰᠡᠭ ᠬᠤᠪᠢᠶᠠᠨ ᠠᠶᠢᠮᠠᠭ ᠬᠤᠲᠠ ᠶᠢ ᠳᠠᠭᠠᠭᠠᠴᠢᠯᠠᠭᠤᠯᠬᠤ ᠶᠢ ᠬᠡᠷᠡᠭᠵᠢᠭᠦᠯᠦᠨ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠵᠦ᠂
︽ᠵᠠᠬᠢᠳᠠᠯ ᠰᠤᠷᠪᠤᠯᠵᠢᠯᠠᠯ ᠢ ᠦᠨᠳᠦᠰᠦᠨ ᠱᠠᠲᠤᠨ ᠳᠤ ᠭᠥᠯᠢᠶᠡᠨ ᠠᠪᠴᠤ ᠠᠷᠠᠳ ᠤᠨ ᠵᠣᠪᠠᠨᠢᠯ ᠢ ᠨᠢᠭᠡᠳᠦᠭᠡᠷ ᠹᠷᠤᠨᠲ ᠲᠤ ᠰᠢᠢᠳᠪᠦᠷᠢᠯᠡᠬᠦ︾ ᠶᠢ ᠴᠢᠷᠮᠠᠶᠢᠨ ᠦᠢᠯᠡᠳᠦᠯᠭᠡᠵᠢᠭᠦᠯᠪᠡ᠃
ᠤᠳᠤᠷᠢᠳᠬᠤ ᠪᠠᠭ ᠤᠨ ᠪᠦᠷᠢᠯᠳᠦᠭᠦᠨ ᠤᠷᠢᠳ ᠬᠤᠵᠢᠳ ᠭᠦᠭᠡᠬᠤᠲᠠ᠂ ᠬᠢᠩᠭᠠᠨ ᠠᠶᠢᠮᠠᠭ᠂ ᠤᠯᠠᠭᠠᠨᠴᠠᠪ ᠬᠤᠲᠠ ᠳᠤ ᠬᠠᠷᠢᠶᠠᠯᠠᠭᠳᠠᠬᠤ 15 ᠬᠤᠰᠢᠭᠤ ᠰᠢᠶᠠᠨ ︵ᠬᠤᠲᠠ᠂ ᠲᠣᠭᠤᠷᠢᠭ︶ ᠤ ᠰᠢᠶᠠᠩ ᠪᠠᠯᠭᠠᠰᠤ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠦᠨᠳᠦᠰᠦᠨ ᠱᠠᠲᠤᠨ ᠳᠤ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠴᠤ᠂ ᠪᠠᠶᠢᠴᠠᠭᠠᠨ ᠰᠤᠳᠤᠯᠤᠯᠲᠠ ᠥᠷᠨᠢᠭᠦᠯᠦᠨ᠂ ᠦᠨᠳᠦᠰᠦᠨ ᠱᠠᠲᠤᠨ ᠤ ᠵᠠᠬᠢᠳᠠᠯ ᠰᠤᠷᠪᠤᠯᠵᠢᠯᠠᠯ ᠤᠨ ᠵᠥᠷᠢᠴᠡᠯ ᠢ ᠨᠠᠮᠳᠠᠭᠤᠯᠬᠤ᠂ ᠤᠳᠤᠷᠢᠳᠬᠤ ᠺᠠᠳ᠋ᠷ ᠤᠨ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠤᠭᠰᠠᠨ ᠪᠠ ᠦᠨᠳᠦᠰᠦᠨ ᠱᠠᠲᠤᠨ ᠳᠤ ᠪᠠᠭᠤᠵᠤ ᠰᠤᠷᠪᠤᠯᠵᠢᠯᠠᠭᠰᠠᠨ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠣᠶᠢᠯᠠᠭᠠᠵᠤ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠵᠢᠴᠢ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠵᠡᠷᠭᠡ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠵᠢᠯᠣᠭᠤᠳᠤᠨ ᠠᠬᠢᠭᠤᠯᠵᠤ᠂ ᠰᠡᠵᠢᠭ ᠢ ᠲᠠᠶᠢᠯᠵᠦ ᠲᠥᠭᠡᠷᠢᠭᠳᠡᠯ ᠢ ᠠᠷᠢᠯᠭᠠᠬᠤ᠂ ᠱᠠᠯᠠᠪᠳᠠᠭᠤᠯᠤᠨ ᠭᠦᠢᠴᠡᠳᠬᠡᠵᠦ ᠵᠢᠯᠤᠭᠤᠳᠬᠤ ᠵᠡᠷᠭᠡ ᠠᠵᠢᠯ ᠢ ᠭᠦᠨᠵᠡᠭᠡᠢ ᠰᠠᠶᠢᠲᠤᠷ ᠬᠢᠵᠦ᠂ ᠦᠨᠳᠦᠰᠦᠨ ᠱᠠᠲᠤᠨ ᠤ ᠵᠠᠬᠢᠳᠠᠯ ᠰᠤᠷᠪᠤᠯᠵᠢᠯᠠᠯ ᠤᠨ ᠠᠵᠢᠯ ᠳᠠᠬᠢ ᠬᠦᠴᠢᠷᠳᠡᠯ ᠪᠠ ᠲᠦᠭᠵᠢᠷᠡᠯ ᠢ ᠰᠦᠪᠡᠭᠴᠢᠯᠡᠨ ᠰᠢᠢᠳᠪᠦᠷᠢᠯᠡᠵᠦ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠵᠦ ᠪᠣᠳᠠᠲᠠᠶᠢᠵᠢᠬᠤ ᠶᠢ ᠠᠬᠢᠭᠤᠯᠪᠠ᠃
ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠳᠠᠪᠬᠤᠷᠳᠠᠭᠰᠠᠨ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯ ᠢ ᠪᠠᠶᠢᠷᠢᠯᠠᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠤᠳᠤᠷᠢᠳᠤᠯᠭ᠎ᠠ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠯ ᠤᠨ ᠬᠡᠷᠡᠭ ᠢ ᠳᠠᠭᠠᠭᠠᠴᠢᠯᠠᠵᠤ ᠱᠠᠯᠠᠪᠳᠠᠭᠤᠯᠤᠨ ᠪᠠᠶᠢᠴᠠᠭᠠᠵᠤ ᠰᠢᠢᠳᠪᠦᠷᠢᠯᠡᠬᠦ ᠠᠵᠢᠯ ᠢ ᠢᠳᠡᠪᠬᠢᠲᠡᠢ ᠠᠬᠢᠭᠤᠯᠤᠨ ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠯ ᠤᠨ ᠵᠥᠷᠢᠴᠡᠯ ᠢ ᠪᠦᠲᠦᠮᠵᠢᠲᠡᠶ ᠰᠢᠢᠳᠪᠦᠷᠢᠯᠡᠬᠦ ᠶᠢ ᠠᠬᠢᠭᠤᠯᠪᠠ᠃ 5 ᠰᠠᠷ᠎ᠠ ᠶᠢᠨ ᠳᠤᠮᠳᠠᠴᠢ ᠪᠤᠯᠲᠠᠯ᠎ᠠ᠂ ᠲᠣᠰ ᠲᠣᠪᠴᠢᠶ᠎ᠠ ᠦᠨᠳᠦᠰᠦᠨ ᠱᠠᠲᠤᠨ ᠳᠤ 23 ᠤᠳᠠᠭ᠎ᠠ ᠭᠦᠨᠵᠡᠭᠡᠶᠢᠷᠡᠵᠦ ᠪᠠᠶᠢᠴᠠᠭᠠᠨ ᠰᠤᠳᠤᠯᠵᠤ᠂ ᠬᠠᠨᠳᠤᠯᠭᠠᠲᠤ ᠴᠢᠨᠠᠷᠲᠠᠢ ᠠᠰᠠᠭᠤᠳᠠᠯ ᠢ ᠰᠢᠢᠳᠪᠦᠷᠢᠯᠡᠬᠦ 32 ᠵᠤᠷᠪᠤᠰ ᠠᠷᠭ᠎ᠠ ᠬᠡᠮᠵᠢᠶ᠎ᠡ ᠶᠢ ᠳᠤᠷᠠᠳᠤᠨ᠂ 5 ᠵᠤᠷᠪᠤᠰ ᠳᠦᠷᠢᠮ ᠲᠣᠭᠲᠠᠭᠠᠯ ᠲᠣᠭᠲᠠᠭᠠᠵᠤ᠂ ᠪᠦᠭᠦ ᠣᠷᠣᠨ ᠤ ᠳᠠᠪᠬᠤᠷᠳᠠᠭᠰᠠᠨ ᠵᠠᠬᠢᠳᠠᠯ ᠰᠤᠷᠪᠤᠯᠵᠢᠯᠠᠯ ᠤᠨ 4116 ᠬᠡᠷᠡᠭ ᠢ ᠰᠢᠢᠳᠪᠦᠷᠢᠯᠡᠬᠦ ᠶᠢ ᠠᠬᠢᠭᠤᠯᠪᠠ᠃