5 ᠰᠠᠷ᠎ᠠ ᠶᠢᠨ 24 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠤᠷᠤᠰ ᠤᠨ ᠶᠡᠷᠦᠩᠬᠡᠢ ᠰᠠᠶᠢᠳ ᠮᠢᠱᠦ᠋ᠰᠺᠢᠨ ᠲᠠᠢ ᠠᠭᠤᠯᠵᠠᠪᠠ ᠃

ᠰᠢ ᠶᠢᠨ ᠫᠢᠩ ᠶᠡᠷᠦᠩᠬᠡᠶᠢᠯᠡᠭᠴᠢ ᠫᠦᠲ᠋ᠢᠨ ᠳᠤ ᠬᠦᠷᠭᠡᠭᠰᠡᠨ ᠴᠢᠩ ᠰᠡᠳᠬᠢᠯ ᠤᠨ ᠮᠡᠨᠳᠦᠴᠢᠯᠡᠯ ᠢ ᠳᠠᠮᠵᠢᠭᠤᠯᠬᠤ ᠶᠢ ᠮᠢᠱᠦ᠋ᠰᠺᠢᠨ ᠳᠤ ᠨᠠᠶᠢᠳᠠᠪᠠ ᠃ ᠰᠢ ᠶᠢᠨ ᠫᠢᠩ ᠂ ᠡᠨᠡ ᠵᠢᠯ ᠤᠨ 3 ᠰᠠᠷ᠎ᠠ ᠳᠤ ᠂ ᠪᠢ ᠣᠷᠣᠰ ᠲᠤ ᠠᠮᠵᠢᠯᠲᠠ ᠲᠠᠢ ᠪᠠᠷ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠵᠦ ᠂ ᠶᠡᠷᠦᠩᠬᠡᠶᠢᠯᠡᠭᠴᠢ ᠫᠦᠲ᠋ᠢᠨ ᠲᠠᠢ ᠬᠤᠶᠢᠰᠢᠳᠠ ᠶᠢᠨ ᠬᠡᠰᠡᠭ ᠬᠤᠭᠤᠴᠠᠭᠠᠨ ᠤ ᠳᠤᠮᠳᠠᠳᠤ ᠣᠷᠣᠰ ᠤᠨ ᠬᠠᠷᠢᠯᠴᠠᠭ᠎ᠠ ᠶᠢᠨ ᠬᠥᠭᠵᠢᠯᠲᠡ ᠪᠣᠯᠣᠨ ᠡᠯ᠎ᠡ ᠬᠦᠷᠢᠶᠡᠨ ᠳᠠᠬᠢ ᠬᠠᠮᠲᠤᠷᠠᠯᠴᠠᠭᠠᠨ ᠤ ᠲᠥᠰᠥᠪ ᠢ ᠵᠢᠷᠤᠭᠯᠠᠪᠠ ᠃ ᠳᠤᠮᠳᠠᠳᠤ ᠤᠷᠤᠰ ᠤᠨ ᠬᠠᠷᠢᠯᠴᠠᠭ᠎ᠠ ᠶᠢ ᠰᠠᠶᠢᠲᠤᠷ ᠪᠠᠬᠢᠵᠢᠭᠦᠯᠵᠦ ᠰᠠᠶᠢᠲᠤᠷ ᠬᠥᠭᠵᠢᠭᠦᠯᠬᠦ ᠪᠣᠯ ᠠᠷᠠᠳ ᠤᠨ ᠰᠡᠳᠬᠢᠯ ᠤᠨ ᠬᠠᠨᠳᠤᠰᠢ ᠪᠤᠯᠬᠤ ᠪᠥᠭᠡᠳ ᠶᠡᠭᠡ ᠬᠠᠨᠳᠤᠰᠢ ᠪᠣᠯᠣᠨ᠎ᠠ ᠃ ᠬᠤᠶᠠᠷ ᠲᠠᠯ᠎ᠠ ᠪᠠᠷ ᠢᠶᠠᠨ ᠳᠤᠮᠳᠠᠳᠤ ᠤᠷᠤᠰ ᠤᠨ ᠬᠠᠮᠲᠤᠷᠠᠯᠴᠠᠭᠠᠨ ᠤ ᠣᠷᠣᠨ ᠵᠠᠢ ᠶᠡᠭᠡ ᠂ ᠠᠯᠤᠰ ᠢᠷᠡᠭᠡᠳᠦᠢ ᠰᠠᠷᠠᠭᠤᠯ ᠂ ᠬᠥᠳᠡᠯᠭᠡᠬᠦ ᠬᠦᠴᠦᠨ ᠭᠦᠢᠴᠡᠳ ᠪᠠᠶᠢᠬᠤ ᠳᠠᠪᠠᠭᠤᠯᠢᠭ ᠢ ᠦᠷᠭᠦᠯᠵᠢᠯᠡᠨ ᠪᠠᠳᠠᠷᠠᠭᠤᠯᠵᠤ ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠨᠡᠩ ᠥᠨᠳᠥᠷ ᠲᠦᠪᠰᠢᠨ ᠲᠡᠶᠢᠰᠢ ᠠᠬᠢᠭᠤᠯᠵᠤ ᠂ ᠬᠤᠶᠠᠷ ᠤᠯᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠠᠭᠤᠯᠤᠭᠳᠠᠬᠤᠨ ᠢ ᠲᠠᠰᠤᠷᠠᠯᠳᠠ ᠦᠭᠡᠢ ᠪᠠᠶᠠᠯᠢᠭᠵᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ ᠃
ᠰᠢ ᠶᠢᠨ ᠫᠢᠩ ᠂ ᠳᠤᠮᠳᠠᠳᠤ ᠤᠯᠤᠰ ᠳᠤᠷᠠᠲᠠᠶ᠎ᠠ ᠤᠷᠤᠰ ᠤᠨ ᠬᠢᠨ ᠲᠠᠢ ᠲᠤᠰ ᠲᠤᠰ ᠤᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠳᠡᠭᠡᠷ᠎ᠡ ᠦᠷᠭᠦᠯᠵᠢᠯᠡᠨ ᠬᠠᠷᠢᠯᠴᠠᠨ ᠡᠷᠡᠰ ᠳᠡᠮᠵᠢᠵᠦ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠂ ᠠᠯᠳᠠᠨ ᠲᠣᠭᠤᠰᠭ᠋᠎ᠠ ᠤᠯᠤᠰ ᠤᠳ ᠂ ᠬᠤᠷᠢᠨ ᠤᠯᠤᠰ ᠤᠨ ᠪᠦᠯᠦᠭᠯᠡᠯ ᠵᠡᠷᠭᠡ ᠤᠯᠠᠨ ᠲᠠᠯᠠᠲᠤ ᠲᠠᠪᠴᠠᠩ ᠳᠠᠬᠢ ᠬᠠᠮᠵᠢᠯᠴᠠᠭ᠎ᠠ ᠪᠠᠨ ᠴᠢᠩᠭᠠᠳᠬᠠᠨ᠎ᠠ ᠃ ᠬᠤᠶᠠᠷ ᠲᠠᠯ᠎ᠠ ᠪᠠᠷ ᠢᠶᠠᠨ ᠦᠷᠭᠦᠯᠵᠢᠯᠡᠨ ᠲᠠᠯᠳᠠ ᠬᠦᠴᠦᠨ ᠢᠶᠠᠨ ᠭᠦᠨᠵᠡᠭᠡᠢ ᠠᠭᠤᠳᠠᠯᠵᠤ ᠂ ᠠᠵᠤ ᠠᠬᠤᠢ ᠠᠷᠠᠯᠵᠢᠶ᠎ᠠ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠲᠦᠪᠰᠢᠨ ᠢᠶᠠᠨ ᠳᠡᠭᠡᠭᠰᠢᠯᠡᠭᠦᠯᠵᠦ ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠵᠦ ᠂ ᠡᠨᠧᠷᠭᠢ ᠂ ᠬᠤᠯᠪᠣᠯᠳᠤᠨ ᠨᠡᠪᠲᠡᠷᠡᠯᠴᠡᠬᠦ ᠵᠡᠷᠭᠡ ᠬᠠᠮᠲᠤᠷᠠᠯᠴᠠᠭᠠᠨ ᠤ ᠦᠨᠳᠦᠰᠦᠨ ᠪᠠᠶᠢᠳᠠᠯ ᠢ ᠪᠠᠬᠢᠵᠢᠭᠦᠯᠦᠨ ᠥᠷᠭᠡᠳᠬᠡᠵᠦ ᠂ ᠨᠡᠩ ᠤᠯᠠᠨ ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠶ᠎ᠠ ᠃ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠦᠷᠭᠦᠯᠵᠢᠯᠡᠨ ᠥᠷᠭᠡᠳᠬᠡᠵᠦ ᠂ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢᠨ ᠰᠢᠨ᠎ᠡ ᠪᠠᠶᠢᠳᠠᠯ ᠢ ᠡᠭᠦᠳᠦᠶ᠎ᠡ ᠃ ᠳᠤᠮᠳᠠᠳᠤ ᠤᠯᠤᠰ ᠳᠤᠷᠠᠲᠠᠶ᠎ᠠ ᠣᠷᠣᠰ ᠵᠢᠴᠢ ᠡᠸᠦ᠋ᠷᠦᠫᠡ ᠠᠽᠢᠶ᠎ᠠ ᠶᠢᠨ ᠠᠵᠤ ᠠᠬᠤᠢ ᠶᠢᠨ ᠬᠤᠯᠪᠤᠭ᠎ᠠ ᠶᠢᠨ ᠡᠯ᠎ᠡ ᠤᠯᠤᠰ ᠲᠠᠢ ᠬᠠᠮᠲᠤ ᠪᠠᠷ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠡᠸᠦ᠋ᠷᠦᠫᠡ ᠠᠽᠢᠶ᠎ᠠ ᠶᠢᠨ ᠠᠵᠤ ᠠᠬᠤᠢ ᠶᠢᠨ ᠬᠤᠯᠪᠤᠭ᠎ᠠ ᠲᠠᠢ ᠵᠣᠯᠭᠠᠭᠤᠯᠬᠤ ᠶᠢ ᠠᠬᠢᠭᠤᠯᠵᠤ ᠂ ᠨᠠᠩ ᠨᠡᠭᠡᠭᠡᠯᠲᠡᠲᠤ ᠣᠷᠣᠨ ᠪᠦᠰᠡ ᠶᠢᠨ ᠲᠣᠮᠣ ᠵᠠᠬ᠎ᠠ ᠳᠡᠯᠭᠡᠭᠦᠷ ᠤᠨ ᠪᠦᠷᠢᠯᠳᠦᠬᠦ ᠶᠢ ᠠᠬᠢᠭᠤᠯᠵᠤ ᠂ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ ᠂ ᠭᠠᠵᠠᠷ ᠣᠷᠣᠨ ᠤ ᠤᠯᠤᠰ ᠤᠳ ᠲᠤ ᠦᠨᠡᠨ ᠪᠣᠳᠠᠲᠠᠢ ᠠᠰᠢᠭ ᠲᠤᠰᠠ ᠬᠦᠷᠲᠡᠭᠡᠨ᠎ᠡ ᠭᠡᠵᠦ
ᠴᠢᠬᠤᠯᠠᠴᠢᠯᠠᠪᠠ ᠃

ᠮᠢᠱᠦ᠋ᠰᠺᠢᠨ ᠰᠢ ᠶᠢᠨ ᠫᠢᠩ ᠳᠤ ᠳᠡᠪᠰᠢᠭᠦᠯᠦᠭᠰᠡᠨ ᠫᠦᠲ᠋ᠢᠨ ᠤ ᠳᠣᠲᠣᠨᠣ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠢ ᠳᠠᠮᠵᠢᠭᠤᠯᠵᠤ ᠂ ᠡᠨᠡ ᠵᠢᠯ ᠤᠨ 3 ᠰᠠᠷ᠎ᠠ ᠳᠤ ᠲᠡᠷᠢᠭᠦᠯᠡᠭᠴᠢ ᠰᠢ ᠶᠢᠨ ᠫᠢᠩ ᠤᠨ ᠤᠷᠤᠰ ᠲᠤ ᠬᠢᠭᠰᠡᠨ ᠲᠡᠦᠬᠡᠲᠦ ᠴᠢᠨᠠᠷᠲᠠᠢ ᠲᠦᠷᠦ ᠶᠢᠨ ᠶᠠᠪᠤᠳᠠᠯ ᠤᠨ ᠠᠶᠢᠯᠴᠢᠯᠠᠯᠲᠠ ᠮᠠᠰᠢ ᠠᠮᠵᠢᠯᠲᠠ ᠲᠠᠢ ᠶᠠᠪᠤᠭᠳᠠᠵᠤ ᠂ ᠤᠷᠤᠰ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠰᠢᠨ᠎ᠡ ᠴᠠᠭ ᠦᠶ᠎ᠡ ᠶᠢ ᠨᠡᠭᠡᠭᠡᠵᠡᠢ ᠃ ᠤᠷᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠤᠶᠠᠷ ᠤᠯᠤᠰ ᠤᠨ ᠲᠡᠷᠢᠭᠦᠨ ᠤ ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠬᠤᠶᠠᠷ ᠤᠯᠤᠰ ᠤᠨ ᠶᠡᠷᠦᠩᠬᠡᠢ ᠰᠠᠶᠢᠳ ᠤᠨ ᠲᠣᠭᠲᠠᠮᠠᠯ ᠬᠤᠭᠤᠴᠠᠭᠠᠲᠤ ᠠᠭᠤᠯᠵᠠᠯᠲᠠ ᠵᠢᠴᠢ ᠬᠤᠯᠪᠣᠭᠳᠠᠯ ᠪᠦᠬᠦᠢ ᠬᠠᠮᠲᠤᠷᠠᠯᠴᠠᠭᠠᠨ ᠤ ᠲᠣᠭᠲᠠᠴᠠ ᠶᠢ ᠭᠦᠢᠴᠡᠳ ᠠᠰᠢᠭᠯᠠᠵᠤ ᠂ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ ᠃ ᠤᠷᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠳᠡᠯᠡᠬᠡᠢ ᠶᠢᠨ ᠤᠯᠠᠨ ᠲᠤᠶᠢᠯᠵᠢᠯ ᠤᠨ ᠠᠬᠢᠴᠠ ᠶᠢ ᠠᠬᠢᠭᠤᠯᠵᠤ ᠂ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠵᠢᠷᠤᠮ ᠢ ᠪᠠᠬᠢᠵᠢᠭᠦᠯᠦᠨ᠎ᠡ ᠃ ᠤᠷᠤᠰ ᠤᠨ ᠬᠢᠨ ᠳᠤᠮᠳᠠᠳᠤ ᠤᠯᠤᠰ ᠯᠤᠭ᠎ᠠ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠨᠠᠭᠰᠢᠳᠠ ᠴᠢᠩᠭᠠᠳᠬᠠᠵᠤ ᠂ ᠤᠷᠤᠰ ᠳᠤᠮᠳᠠᠳᠤ ᠶᠢᠨ ᠨᠥᠬᠦᠷᠯᠡᠯ ᠢ ᠦᠶ᠎ᠡ ᠶᠢᠨ ᠦᠶ᠎ᠡ ᠳᠤ ᠤᠯᠠᠮᠵᠢᠯᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ ᠃
ᠸᠠᠩ ᠢ ᠂ ᠾᠧ ᠯᠢ ᠹᠧᠩ ᠂ ᠴᠢᠨ ᠭᠠᠩ ᠨᠠᠷ ᠠᠭᠤᠯᠵᠠᠯᠲᠠ ᠳᠤ ᠣᠷᠣᠯᠴᠠᠪᠠ ᠃