ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠄ ᠦᠨᠳᠦᠰᠦᠨ ᠱᠠᠲᠤᠨ ᠳᠤ ᠰᠠᠭᠤᠷᠢᠯᠠᠨ ᠠᠷᠭ᠎ᠠ ᠪᠣᠳᠣᠯᠭ᠎ᠠ ᠬᠠᠶᠢᠵᠤ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ᠎ᠡ
ᠨᠡᠶᠢᠲᠡᠯᠡᠭᠰᠡᠨ ᠴᠠᠭ᠄
2023/5/26

      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ︽ᠪᠣᠭᠤᠮᠢ ᠠᠰᠠᠭᠤᠳᠠᠯ︾ ᠪᠣᠯᠣᠨ ᠮᠠᠯᠴᠢᠨ ᠲᠠᠷᠢᠶᠠᠴᠢᠨ ᠲᠦᠮᠡᠨ ᠤ ᠰᠠᠨᠠᠭᠠᠰᠢᠷᠠᠵᠤ ᠬᠦᠰᠡᠨ ᠡᠷᠡᠮᠡᠯᠵᠡᠵᠦ ᠪᠠᠶᠢᠭ᠎ᠠ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠢᠶᠠᠨ ᠵᠣᠬᠢᠶᠠᠨ ᠪᠠᠶᠢᠭᠤᠯᠵᠤ ᠦᠨᠳᠦᠰᠦᠨ ᠱᠠᠲᠤᠨ ᠳᠤ ᠭᠦᠨᠵᠡᠭᠡᠶᠢᠷᠡᠭᠦᠯᠦᠨ᠂ ᠦᠨᠳᠦᠰᠦᠨ ᠱᠠᠲᠤᠨ ᠳᠤ ᠰᠠᠭᠤᠷᠢᠯᠠᠨ ᠠᠷᠭ᠎ᠠ ᠪᠣᠳᠣᠯᠭ᠎ᠠ ᠬᠠᠶᠢᠵᠤ᠂ ᠣᠯᠠᠨ ᠲᠦᠮᠡᠨ ᠤ ᠠᠷᠭ᠎ᠠ ᠲᠤᠷᠰᠢᠯᠭ᠎ᠠ ᠪᠠ ᠦᠢᠯᠡᠳᠦᠯᠭᠡ ᠶᠢ ᠬᠦᠨᠳᠦᠳᠬᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠳᠤ ᠬᠦᠴᠦᠨ ᠬᠤᠷᠠᠮᠳᠤᠭᠤᠯᠵᠤ ᠪᠠᠶᠢᠨ᠎ᠠ᠃

      ᠣᠷᠳᠣᠰ ᠬᠤᠲᠠ ᠶᠢᠨ ᠳᠠᠯᠠᠳ ᠬᠤᠰᠢᠭᠤᠨ ᠤ ᠪᠠᠢ ᠨᠢ ᠵᠢᠩ ᠪᠠᠯᠭᠠᠰᠤ ᠶᠢᠨ ᠾᠧᠦ ᠵᠢᠶᠠ ᠶᠢᠩᠽᠢ ᠲᠣᠰᠬᠤᠨ ᠤ ᠭᠤᠸᠠᠨ ᠨᠢᠦ ᠵᠢᠦᠢ ᠡᠮᠦᠨ᠎ᠡ ᠨᠢᠭᠡᠳᠦᠯ ᠳᠤ ᠲᠣᠮᠣ ᠭᠡᠯᠪᠡᠷᠢ ᠶᠢᠨ ᠲᠷᠠᠺᠲ᠋ᠣᠷ ᠲᠠᠷᠢᠶᠠᠨ ᠵᠠᠬ᠎ᠠ ᠪᠠᠷ ᠰᠦᠯᠵᠢᠯᠳᠦᠵᠦ᠂ ᠬᠠᠪᠤᠷ ᠤᠨ ᠲᠠᠷᠢᠶᠠᠯᠠᠭ᠎ᠠ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠯ᠎ᠠ᠃ ᠤᠳᠤ ᠦᠶ᠎ᠡ ᠶᠢᠨ ᠮᠠᠰᠢᠨ ᠮᠧᠬᠠᠨᠢᠭ ᠤᠨ ᠬᠦᠴᠦᠨ ᠳᠤ ᠡᠷᠳᠡᠨᠢ ᠰᠢᠰᠢ ᠲᠠᠷᠢᠬᠤ᠂ ᠪᠣᠷᠳᠣᠭᠤᠷ ᠣᠷᠣᠭᠤᠯᠬᠤ ᠪᠠ ᠳᠤᠰᠤᠯᠭᠠᠨ ᠤᠰᠤᠯᠠᠬᠤ ᠬᠤᠭᠤᠯᠠᠢ ᠳᠡᠪᠢᠰᠬᠦ ᠵᠡᠷᠭᠡ ᠠᠵᠢᠯ ᠢ ᠨᠢᠭᠡ ᠯᠡ ᠳᠡᠭᠡᠷ᠎ᠡ ᠬᠢᠴᠢᠬᠡᠨ᠎ᠡ᠃ ᠭᠤᠸᠠᠨ ᠨᠢᠦ ᠵᠢᠦᠢ ᠡᠮᠦᠨ᠎ᠡ ᠨᠢᠭᠡᠳᠦᠯ ᠤᠨ ᠬᠢᠨ ︽ᠨᠢᠭᠡᠳᠦᠯᠲᠡᠢ ᠳᠠᠷᠢᠵᠤ ᠬᠠᠮᠲᠤ ᠪᠠᠷ ᠪᠠᠶᠠᠵᠢᠬᠤ︾ ᠭᠠᠵᠠᠷ ᠰᠢᠷᠣᠢ ᠶᠢᠨ ᠬᠤᠷᠰᠢᠭᠰᠠᠨ ᠡᠵᠡᠩᠨᠡᠯᠲᠡ ᠶᠢᠨ ᠵᠠᠭᠪᠤᠷ ᠢ ᠤᠷᠢᠳ ᠢᠶᠠᠷ ᠲᠤᠷᠰᠢᠨ ᠤᠷᠢᠳ ᠢᠶᠠᠷ ᠬᠡᠷᠡᠭᠵᠢᠭᠦᠯᠵᠦ᠂ ᠨᠢᠭᠡᠳᠦᠯ ᠤᠨ ᠪᠦᠭᠦ ᠭᠡᠰᠢᠭᠦᠳ ᠠᠴᠠ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠪᠠᠷ ᠢᠶᠠᠨ ᠬᠤᠪᠢ ᠣᠷᠣᠵᠤ ᠬᠤᠷᠰᠢᠶ᠎ᠠ ᠪᠠᠶᠢᠭᠤᠯᠤᠨ᠂ ᠲᠣᠰᠬᠤᠨ ᠤ ᠠᠷᠠᠳ ᠬᠤᠪᠢ ᠣᠷᠣᠭᠤᠯᠤᠭᠴᠢ ᠪᠣᠯᠵᠤ᠂ ᠭᠠᠵᠠᠷ ᠰᠢᠷᠣᠢ ᠪᠠᠨ ᠬᠡᠪᠴᠢᠶᠡᠵᠢᠭᠦᠯᠦᠨ ᠡᠵᠡᠩᠨᠡᠪᠡ᠃ 4 ᠵᠢᠯ ᠤᠨ ᠦᠢᠯᠡᠳᠦᠯᠭᠡ ᠪᠠᠷ ᠳᠠᠮᠵᠢᠨ ᠣᠳᠣ ᠲᠣᠰᠬᠤᠨ ᠤ ᠠᠷᠠᠳ ᠵᠢᠯ ᠳᠡᠭᠡᠨ ᠬᠥᠮᠥᠨ ᠳᠤᠮᠳᠠᠴᠢ ᠪᠠᠷ 1.8 ᠲᠦᠮᠡ ᠭᠠᠷᠤᠢ ᠲᠥᠭᠦᠷᠢᠭ ᠤᠨ ᠠᠰᠢᠭ ᠤᠷᠤᠯᠭ᠎ᠠ ᠬᠤᠪᠢᠶᠠᠷᠢᠯᠠᠨ ᠣᠯᠵᠤ ᠪᠠᠶᠢᠨ᠎ᠠ᠃ ᠡᠨᠡ ᠵᠢᠯ ᠲᠤᠰ ᠨᠢᠭᠡᠳᠦᠯ ᠤᠨ ᠬᠢᠨ ᠪᠠᠰᠠ ᠨᠢᠭᠡᠨ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠺᠤᠮᠫᠠᠨᠢ ᠶᠢ ᠣᠷᠣᠭᠤᠯᠤᠨ ᠠᠪᠴᠢᠷᠠᠵᠤ᠂ ᠪᠦᠭᠦ ᠨᠢᠭᠡᠳᠦᠯ ᠤᠨ ᠢᠶᠠᠨ 3161 ᠮᠦ ᠲᠠᠷᠢᠶᠠᠨ ᠭᠠᠵᠠᠷ ᠤᠨ ᠲᠠᠷᠢᠬᠤ ᠠᠴᠠ ᠬᠤᠷᠢᠶᠠᠬᠤ ᠬᠦᠷᠲᠡᠯᠡᠬᠢ ᠪᠦᠭᠦ ᠶᠠᠪᠤᠴᠠ ᠶᠢᠨ ᠬᠠᠮᠢᠶᠠᠷᠤᠯᠲᠠ ᠶᠢ ᠬᠠᠷᠢᠭᠤᠴᠠᠭᠤᠯᠪᠠ᠃

      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠬᠤ ᠳᠤᠮᠳᠠ᠂ ᠡᠶᠢᠮᠦᠷᠬᠦᠦ ᠭᠠᠵᠠᠷ ᠰᠢᠷᠣᠢ ᠶᠢᠨ ᠬᠤᠷᠰᠢᠭᠰᠠᠨ ᠡᠵᠡᠩᠨᠡᠯᠲᠡ ᠶᠢᠨ ᠵᠠᠭᠪᠤᠷ ᠤᠨ ᠪᠣᠳᠠᠲᠠᠢ ᠣᠨᠴᠠᠯᠢᠭ ᠪᠠ ᠳᠠᠪᠠᠭᠤᠯᠢᠭ ᠨᠢ ᠶᠠᠭᠤ ᠪᠤᠢ︖ ᠲᠤᠷᠰᠢᠯᠭ᠎ᠠ ᠪᠠᠨ ᠳ᠋ᠦᠩᠨᠡᠵᠦ ᠪᠦᠭᠦ ᠣᠷᠣᠨ ᠤ ᠪᠤᠰᠤᠳ ᠭᠠᠵᠠᠷ ᠣᠷᠣᠨ ᠳᠤ ᠬᠡᠷᠬᠢᠨ ᠳᠡᠯᠭᠡᠷᠡᠭᠦᠯᠬᠦ ᠪᠤᠶ︖ ᠡᠳᠡᠭᠡᠷ ᠠᠰᠠᠭᠤᠳᠠᠯ ᠢ ᠪᠣᠳᠣᠯᠬᠢᠯᠠᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠭᠤᠸᠠᠨ ᠨᠢᠦ ᠵᠢᠦᠢ ᠡᠮᠦᠨ᠎ᠡ ᠨᠢᠭᠡᠳᠦᠯ ᠳᠤ ᠬᠦᠷᠴᠦ᠂ ᠲᠠᠷᠢᠶᠠᠨ ᠭᠠᠵᠠᠷ ᠢᠶᠠᠷ ᠶᠠᠪᠤᠨ᠂ ᠲᠠᠷᠢᠶᠠᠯᠠᠬᠤ ᠡᠷᠦᠭᠡ ᠪᠠᠷ ᠣᠷᠣᠵᠤ᠂ ᠲᠤᠬᠠᠢ ᠶᠢᠨ ᠭᠠᠵᠠᠷ ᠲᠤᠨᠢ ᠣᠴᠢᠵᠤ ᠦᠵᠡᠨ᠂ ᠲᠠᠨᠢᠯᠴᠠᠭᠤᠯᠭ᠎ᠠ ᠶᠢ ᠰᠣᠨᠣᠰᠴᠤ᠂ ︽ᠨᠢᠭᠡᠳᠦᠯᠲᠡᠢ ᠲᠠᠷᠢᠵᠤ ᠬᠠᠮᠲᠤ ᠪᠠᠷ ᠪᠠᠶᠠᠵᠢᠬᠤ︾ ᠶᠢ ᠬᠡᠷᠡᠭᠵᠢᠭᠦᠯᠦᠭᠰᠡᠨ ᠨᠠᠷᠢᠨ ᠪᠠᠶᠢᠳᠠᠯ ᠪᠠ ᠠᠮᠵᠢᠯᠲᠠ ᠪᠦᠲᠦᠮᠵᠢ ᠠᠷᠭ᠎ᠠ ᠲᠤᠷᠰᠢᠯᠭ᠎ᠠ ᠶᠢ ᠭᠦᠨᠵᠡᠭᠡᠢ ᠣᠶᠢᠯᠠᠭᠠᠨ᠂ ᠲᠠᠷᠠᠭᠠᠴᠢ ᠶᠢᠨ ᠠᠯᠬᠤᠮ ᠳᠤ ᠨᠡᠶᠢᠲᠡᠯᠢᠭ ᠲᠤᠷᠰᠢᠯᠭ᠎ᠠ ᠪᠠᠷ ᠳᠡᠯᠭᠡᠷᠡᠭᠦᠯᠬᠦ ᠶᠢᠨ ᠲᠥᠯᠥᠭᠡ ᠭᠦᠢᠴᠡᠳ ᠪᠡᠯᠡᠳᠬᠡᠯ ᠬᠢᠵᠡᠢ᠃

      ︽ᠡᠨᠡ ᠤᠳᠠᠭ᠎ᠠ ᠭᠤᠸᠠᠨ ᠨᠢᠦ ᠵᠢᠦᠢ ᠡᠮᠦᠨ᠎ᠡ ᠨᠢᠭᠡᠳᠦᠯ ᠳᠤ ᠢᠷᠡᠵᠦ ᠲᠣᠭᠤᠷᠢᠨ ᠰᠤᠷᠤᠯᠴᠠᠭᠠᠳ ᠤᠯᠠᠨ ᠲᠥᠷᠥᠭᠳᠡᠯ ᠣᠷᠣᠯ᠎ᠠ᠃ ᠪᠢᠳᠡ ᠡᠨᠡ ᠬᠦ ᠵᠠᠭᠪᠤᠷ ᠢ ᠦᠦᠰᠢᠨ ᠬᠤᠰᠢᠭᠤᠨ ᠳᠠᠭᠠᠨ ᠠᠪᠠᠴᠢᠵᠤ᠂ ᠮᠠᠨ ᠤ ᠥᠪᠡᠷ ᠤᠨ ᠬᠥᠭᠵᠢᠯᠲᠡ ᠳᠡᠭᠡᠨ ᠲᠣᠬᠢᠷᠠᠭᠰᠠᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠭᠪᠤᠷ ᠢ ᠨᠡᠶᠢᠳᠬᠡᠵᠦ ᠭᠠᠷᠭᠠᠨ᠎ᠠ︾ ᠭᠡᠵᠦ ᠦᠦᠰᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠳᠡᠯᠭᠡᠷᠡᠭᠦᠯᠬᠦ ᠲᠥᠪ ᠤᠨ ᠲᠠᠷᠢᠶᠠᠯᠠᠩ ᠤᠨ ᠮᠠᠰᠢᠨ ᠤ ᠲᠠᠰᠤᠭ ᠤᠨ ᠳᠠᠷᠤᠭ᠎ᠠ ᠯᠧᠢ ᠮᠢᠩ ᠵᠧ ᠬᠡᠯᠡᠨ᠎ᠡ᠃

      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠥᠳᠡᠭᠡ ᠲᠤᠰᠬᠤᠨ ᠮᠠᠯᠵᠢᠬᠤ ᠣᠷᠣᠨ ᠤ ᠡᠵᠡᠩᠨᠡᠯᠲᠡ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠪ ᠤᠨ ᠡᠷᠭᠢᠯᠡᠭᠴᠢ ᠶᠠᠩ ᠶᠢᠨ ᠴᠧᠩ᠄ ︽ᠡᠨᠡ ᠤᠳᠠᠭ᠎ᠠ ᠶᠢᠨ ᠪᠠᠶᠢᠴᠠᠭᠠᠨ ᠰᠤᠳᠤᠯᠤᠯᠲᠠ ᠪᠣᠯ ᠵᠢᠩᠬᠢᠨᠢ ᠠᠷᠠᠳ ᠠᠴᠠ ᠠᠷᠭ᠎ᠠ ᠪᠣᠳᠣᠯᠭ᠎ᠠ ᠠᠰᠠᠭᠤᠭᠰᠠᠨ ᠶᠠᠪᠤᠳᠠᠯ ᠪᠣᠯᠣᠨ᠎ᠠ᠃ ᠲᠤᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠪᠠ ᠲᠠᠷᠢᠶᠠᠴᠢᠳ ᠤᠨ ᠡᠭᠦᠳᠦᠨ ᠪᠦᠲᠦᠭᠡᠭᠰᠡᠨ ᠡᠨᠡ ᠬᠦ ᠬᠡᠪ ᠵᠠᠭᠪᠤᠷ ᠨᠢ ᠲᠠᠷᠢᠶ᠎ᠠ ᠲᠠᠷᠢᠬᠤ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ ᠪᠠᠰᠠ ᠲᠠᠷᠢᠶᠠᠴᠢᠳ ᠤᠨ ᠠᠵᠢᠯ ᠲᠦᠷᠦᠯ ᠤᠨ ᠬᠤᠪᠢᠶᠠᠷᠯᠠᠯ ᠤᠨ ᠠᠰᠠᠭᠤᠳᠠᠯ ᠢ ᠴᠤ ᠰᠢᠢᠳᠪᠦᠷᠢᠯᠡᠪᠡ᠃ ᠲᠤᠰ ᠵᠠᠭᠪᠤᠷ ᠢ ᠣᠷᠳᠣᠰ ᠬᠤᠲᠠ ᠳᠤ ᠤᠷᠢᠳ ᠢᠶᠠᠷ ᠲᠤᠷᠰᠢᠵᠤ ᠤᠷᠢᠳ ᠢᠶᠠᠷ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠠᠯᠬᠤᠮ ᠠᠯᠬᠤᠮ ᠢᠶᠠᠷ ᠪᠦᠭᠦ ᠣᠷᠣᠨ ᠳᠤ ᠳᠡᠯᠭᠡᠷᠡᠭᠦᠯᠵᠦ ᠪᠣᠯᠣᠨ᠎ᠠ᠃ ᠡᠯ᠎ᠡ ᠭᠠᠵᠠᠷ ᠤᠨ ᠬᠢᠨ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠡᠯ᠎ᠡ ᠭᠠᠵᠠᠷ ᠤᠨ ᠠᠳᠠᠯᠢ ᠪᠤᠰᠤ ᠪᠠᠶᠢᠳᠠᠯ ᠲᠠᠢ ᠤᠶᠠᠯᠳᠤᠭᠤᠯᠤᠨ ᠶᠠᠪᠤᠭᠳᠠᠭᠤᠯᠬᠤ ᠬᠡᠷᠡᠭᠲᠡᠢ︾ ᠭᠡᠵᠦ ᠬᠡᠯᠡᠪᠡ᠃

      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠶᠢ ᠭᠤᠣᠯ ᠰᠡᠳᠦᠪᠲᠦ ᠬᠥᠮᠦᠵᠢᠯ ᠤᠨ ᠪᠦᠭᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠨ᠂ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠬᠤᠯᠠ ᠰᠠᠭᠤᠷᠢᠨ ᠢ ᠪᠦᠲᠦᠭᠡᠨ ᠪᠠᠶᠢᠭᠤᠯᠬᠤ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ᠂ 7 ᠶᠡᠭᠡ ᠠᠵᠤ ᠦᠢᠯᠡᠰ ᠤᠨ ᠬᠡᠯᠬᠢᠶ᠎ᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ᠂ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠪᠠᠶᠢᠴᠠᠭᠠᠨ ᠰᠤᠳᠤᠯᠬᠤ ᠳᠤᠭᠤᠶᠢᠯᠠᠩ ᠢ ᠦᠨᠳᠦᠰᠦᠨ ᠱᠠᠲᠤᠨ ᠳᠤ ᠲᠣᠮᠢᠯᠠᠨ ᠪᠠᠶᠢᠴᠠᠭᠠᠨ ᠰᠤᠳᠤᠯᠤᠯᠲᠠ ᠥᠷᠨᠢᠭᠦᠯᠵᠦ᠂ 6 ᠰᠠᠷ᠎ᠠ ᠶᠢᠨ ᠰᠡᠭᠦᠯᠴᠢ ᠠᠴᠠ ᠡᠮᠦᠨ᠎ᠡ ᠪᠠᠶᠢᠴᠠᠭᠠᠨ ᠰᠤᠳᠤᠯᠬᠤ ᠠᠵᠢᠯ ᠢ ᠦᠨᠳᠦᠰᠦᠨ ᠳᠡᠭᠡᠨ ᠳᠠᠭᠤᠰᠬᠠᠬᠤ ᠪᠠᠷ ᠴᠢᠷᠮᠠᠶᠢᠵᠤ ᠪᠠᠶᠢᠨ᠎ᠠ᠃ ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ ᠴᠠᠭ ᠲᠤᠬᠠᠢ ᠳᠤᠨᠢ ᠰᠤᠳᠤᠯᠭᠠᠨ ᠤ ᠮᠡᠳᠡᠭᠦᠯᠦᠯᠲᠡ ᠲᠤᠭᠤᠷᠪᠢᠨ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠂ ᠠᠵᠢᠯ ᠤᠨ ᠲᠥᠰᠥᠯ᠂ ᠨᠡᠶᠢᠲᠡᠯᠢᠭ ᠵᠢᠱᠢᠶ᠎ᠡ ᠵᠡᠷᠭᠡ ᠶᠢ ᠰᠤᠳᠤᠯᠤᠨ ᠲᠣᠭᠲᠠᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠶᠢ ᠰᠢᠰᠲ᠋ᠧᠮ ᠲᠠᠢ ᠪᠠᠷ ᠰᠤᠳᠤᠯᠵᠤ ᠪᠣᠳᠠᠲᠠᠢ ᠳᠤ ᠨᠠᠶᠢᠳᠠᠪᠤᠷᠢᠵᠢᠭᠤᠯᠬᠤ ᠪᠣᠯᠣᠨ᠎ᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ