ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠂ ᠰᠡᠳᠬᠢᠯ ᠳᠡᠭᠡᠨ ᠬᠠᠳᠠᠩᠰᠢᠭᠤᠯᠵᠤ ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ ᠂ ᠣᠶᠢᠷ᠎ᠠ ᠶᠢᠨ ᠡᠳᠦᠷ ᠤᠳ ᠲᠤ ᠂ ᠮᠠᠨ ᠤ ᠣᠷᠣᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠳᠠᠭᠠᠭᠤᠯᠵᠤ ᠢᠲᠡᠭᠡᠯ ᠪᠢᠰᠢᠷᠡᠯ ᠤᠨ ᠰᠠᠭᠤᠷᠢ ᠶᠢ ᠨᠠᠩ ᠪᠠᠬᠢᠵᠢᠭᠦᠯᠵᠦ ᠂ ᠤᠶᠤᠨ ᠰᠠᠨᠠᠭᠠᠨ ᠤ ᠰᠢᠮ᠎ᠡ ᠶᠢ ᠭᠦᠢᠴᠡᠳ ᠨᠥᠬᠦᠪᠦᠷᠢᠯᠡᠨ ᠂ ᠦᠵᠡᠯ ᠰᠠᠨᠠᠭᠠᠨ ᠤ ᠴᠢᠭᠯᠡᠯ ᠢ ᠯᠠᠪᠳᠠᠭᠤᠨ ᠡᠵᠡᠮᠳᠡᠵᠦ ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠵᠤ ᠪᠠᠶᠢᠨ᠎ᠠ ᠃
5 ᠰᠠᠷ᠎ᠠ ᠶᠢᠨ 11 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠬᠢᠨ ︽ ︿ᠨᠠᠮ ᠤᠨ ᠠᠴᠢ ᠳᠤ ᠲᠠᠯᠠᠷᠬᠠᠵᠤ ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠳᠠᠭᠠᠬᠤ﹀ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ ᠃ ᠨᠠᠮ ᠤᠨ ᠭᠡᠰᠢᠭᠦᠨ ᠺᠠᠳ᠋ᠷᠴᠤᠳ ᠤᠯᠠᠭᠠᠨᠬᠦᠦ ᠶᠢᠨ ᠳᠤᠷᠠᠰᠬᠠᠯ ᠤᠨ ᠣᠷᠳᠣᠨ ᠳᠤ ᠬᠦᠷᠴᠦ ᠲᠣᠭᠤᠷᠢᠨ ᠦᠵᠡᠭᠰᠡᠨ ᠪᠥᠭᠡᠳ ᠨᠠᠮ ᠳᠤ ᠣᠷᠣᠬᠤ ᠲᠠᠩᠭᠠᠷᠢᠭ ᠤᠨ ᠦᠭᠡᠰ ᠢ ᠲᠠᠭᠢᠨ ᠤᠩᠰᠢᠪᠠ ᠃ ᠢᠳᠡᠯᠢᠭ ᠬᠦᠴᠦᠲᠡᠢ ᠲᠠᠩᠭᠠᠷᠢᠭᠯᠠᠬᠤ ᠲᠠᠭᠤᠨ ᠨᠢ ᠤᠯᠠᠨ ᠤ ᠨᠠᠮ ᠳᠠᠭᠠᠨ ᠬᠢᠵᠠᠭᠠᠯᠠᠰᠢ ᠦᠭᠡᠢ ᠦᠨᠡᠨᠴᠢ ᠰᠢᠳᠤᠷᠭᠤ ᠪᠠ ᠬᠠᠶᠢᠷ᠎ᠠ ᠰᠡᠳᠬᠢᠯᠭᠡ ᠲᠠᠢ ᠪᠠᠶᠢᠬᠤ ᠶᠢ ᠢᠯᠡᠳᠬᠡᠵᠦ ᠂ ᠨᠠᠮ ᠤᠨ ᠦᠭᠡ ᠶᠢ ᠡᠷᠡᠰ ᠰᠣᠨᠣᠰᠴᠤ ᠂ ᠨᠠᠮ ᠢᠶᠠᠨ ᠲᠠᠭᠠᠬᠤ ᠡᠷᠡᠰ ᠵᠣᠷᠢᠭ ᠢ ᠨᠢᠭᠲᠠᠷᠠᠭᠤᠯᠵᠠᠢ ᠃ ᠤᠯᠠᠨ ᠢᠶᠠᠷ ᠢᠶᠠᠨ ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ ᠂ ᠡᠷᠡᠰ ᠭᠤᠶᠢᠪᠢᠰᠢ ᠦᠭᠡᠢ ᠪᠠᠷ ᠨᠠᠮ ᠤᠨ ᠠᠴᠢ ᠳᠤ ᠲᠠᠯᠠᠷᠬᠠᠵᠤ ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠲᠠᠭᠠᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠷᠡᠰ ᠪᠠᠲᠤ ᠬᠦᠰᠡᠯᠡᠩ ᠪᠣᠯᠭᠠᠨ ᠬᠤᠪᠢᠷᠠᠭᠤᠯᠵᠤ ᠂ ᠨᠠᠮᠴᠢ ᠴᠢᠨᠠᠷ ᠢ ᠳᠠᠪᠲᠠᠨ ᠪᠤᠯᠪᠠᠰᠤᠷᠠᠭᠤᠯᠬᠤ ᠪᠣᠯᠣᠨ ᠦᠢᠯᠡᠳᠦᠯᠭᠡ ᠪᠠᠨ ᠵᠢᠯᠣᠭᠤᠳᠤᠭᠤᠯᠬᠤ ᠂ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠦᠴᠦᠨ ᠴᠢᠳᠠᠯ ᠪᠣᠯᠭᠠᠨ ᠬᠤᠪᠢᠷᠠᠭᠤᠯᠵᠤ ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ ᠂ ᠬᠦᠴᠦᠯᠡᠨ ᠴᠢᠷᠮᠠᠶᠢᠵᠤ ᠰᠢᠪᠲᠤᠯᠤᠯᠲᠠ ᠭᠠᠷᠭᠠᠵᠤ ᠂ ᠨᠡᠩ ᠶᠡᠭᠡ ᠡᠷᠴᠢᠮ ᠲᠠᠢ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠡᠨᠧᠷᠭᠢ ᠶᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ ᠂ ᠤᠯᠤᠰ ᠤᠨ ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠬᠦᠴᠦᠷᠬᠡᠭ ᠶᠡᠭᠡ ᠡᠷᠴᠢ ᠬᠦᠴᠦᠨ ᠲᠠᠢ ᠪᠤᠯᠭᠠᠵᠦ ᠪᠦᠲᠦᠭᠡᠨ ᠪᠠᠶᠢᠭᠤᠯᠤᠨ᠎ᠠ ᠭᠡᠵᠦ ᠢᠯᠡᠳᠬᠡᠵᠡᠭᠡᠪᠡ ᠃
5 ᠰᠠᠷ᠎ᠠ ᠶᠢᠨ 16 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠭᠤᠷᠪᠠᠳᠤᠭᠠᠷ ᠲᠣᠭᠤᠷᠢᠨ ᠵᠢᠯᠤᠭᠤᠳᠬᠤ ᠳᠤᠭᠤᠶᠢᠯᠠᠩ ᠤᠨ ᠪᠦᠭᠦ ᠪᠦᠷᠢᠯᠳᠦᠭᠦᠨ ᠪᠣᠯᠣᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ᠨᠠᠮ ᠤᠨ ᠭᠡᠰᠢᠭᠦᠨ ᠺᠠᠳ᠋ᠷᠴᠤᠳ ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ ᠳᠤ ᠬᠦᠷᠴᠦ ᠂ ︽ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠨ᠎ᠠ — ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠶ᠎ᠠ ︾ ᠭᠡᠬᠦ ᠭᠤᠣᠯ ᠰᠡᠳᠦᠪᠲᠦ ᠦᠵᠡᠭᠦᠯᠭᠡ ᠶᠢ ᠬᠠᠮᠲᠤ ᠪᠠᠷ ᠲᠣᠭᠤᠷᠢᠨ ᠦᠵᠡᠪᠡ ᠃ ᠣᠯᠠᠨ ᠢᠶᠠᠷ ᠢᠶᠠᠨ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ ᠂ ᠨᠢᠮᠪᠠᠢ ᠰᠣᠨᠢᠷᠬᠠᠨ ᠦᠵᠡᠬᠦ ᠶᠢᠨ ᠬᠠᠮᠲᠤ ᠣᠯᠣᠯᠲᠠ ᠲᠥᠷᠥᠭᠳᠡᠯ ᠢᠶᠠᠨ ᠰᠣᠯᠢᠯᠴᠠᠵᠤ ᠂ ᠪᠦᠭᠦ ᠨᠠᠮ ᠤᠨ ᠭᠡᠰᠢᠭᠦᠳ ᠨᠠᠮ ᠳᠤ ᠣᠷᠣᠬᠤ ᠲᠠᠩᠭᠠᠷᠢᠭ ᠤᠨ ᠦᠭᠡᠰ ᠢ ᠬᠠᠮᠲᠤ ᠪᠠᠷ ᠳᠠᠭᠢᠨ ᠤᠩᠰᠢᠵᠤ ᠂ ᠨᠢᠭᠡ ᠤᠳᠠᠭᠠᠨ ᠤ ᠭᠦᠨ ᠭᠦᠨᠵᠡᠭᠡᠢ ᠦᠵᠡᠯ ᠰᠠᠨᠠᠭᠠᠨ ᠤ ᠠᠷᠢᠭᠤᠰᠬᠠᠯ ᠭᠦᠷᠳᠡᠪᠡ ᠃ ᠤᠯᠠᠨ ᠢᠶᠠᠷ ᠢᠶᠠᠨ ᠂ ᠦᠨᠳᠦᠰᠦᠲᠡᠨ ᠤ ᠠᠵᠢᠯ ᠤᠨ ᠺᠠᠳ᠋ᠷ ᠪᠣᠯᠤᠭᠰᠠᠨ ᠤ ᠬᠤᠪᠢ ᠳᠤ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠲᠠᠢ ᠪᠠᠷᠢᠮᠵᠢᠶᠠᠯᠠᠨ ᠬᠠᠷᠭᠤᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠴᠢᠷᠮᠠᠶᠢᠨ ᠰᠠᠶᠢᠲᠤᠷ ᠪᠡᠶᠡᠯᠡᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠦᠨ ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠵᠤ ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠳᠠ ᠦᠭᠡᠢ ᠪᠠᠬᠢᠵᠢᠭᠦᠯᠦᠨ ᠥᠷᠭᠡᠳᠬᠡᠨ᠎ᠡ ᠭᠡᠵᠦ ᠢᠯᠡᠳᠬᠡᠵᠡᠭᠡᠪᠡ ᠃
5 ᠰᠠᠷ᠎ᠠ ᠶᠢᠨ 19 ᠤ ᠡᠳᠦᠷ ᠂ ᠥᠪᠥᠷ ᠮᠣᠩᠭᠤᠯ ᠤᠨ ᠤᠢ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠴᠤᠤ ᠶᠤᠸᠠᠨ ᠤᠢ ᠰᠢᠭᠤᠢ ᠶᠢᠨ ᠠᠵᠤ ᠦᠢᠯᠡᠳᠪᠦᠷᠢ ᠶᠢᠨ ᠺᠤᠮᠫᠠᠨᠢ ᠳᠤᠮᠳᠠᠳᠤ ᠤᠯᠤᠰ ᠢ ᠲᠦᠷᠢᠮᠡᠬᠡᠶᠢᠯᠡᠭᠰᠡᠨ ᠶᠠᠫᠤᠨ ᠤ ᠠᠭᠠᠷ ᠤᠨ ᠴᠡᠷᠢᠭ ᠤᠨ ᠰᠠᠭᠤᠷᠢᠨ ᠤ ᠬᠠᠭᠤᠴᠢ ᠪᠠᠭᠤᠷᠢ ᠳᠤ ᠬᠦᠷᠴᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ ᠂ ᠤᠨᠤᠯ ᠤᠨ ᠲᠠᠶᠢᠯᠤᠮᠵᠢ ᠬᠢᠪᠡ ᠃ ᠲᠤᠰ ᠬᠠᠭᠤᠴᠢ ᠪᠠᠭᠤᠷᠢ ᠪᠣᠯ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠂ ᠨᠠᠮᠴᠢ ᠴᠢᠨᠠᠷ ᠤᠨ ᠬᠥᠮᠦᠵᠢᠯ ᠤᠨ ᠰᠠᠭᠤᠷᠢᠨ ᠪᠠᠶᠢᠵᠤ ᠂ ᠬᠤᠵᠢᠮ ᠤᠨ ᠬᠥᠮᠥᠰ ᠲᠤ ᠤᠯᠤᠰ ᠤᠨ ᠢᠴᠢᠭᠦᠷᠢ ᠶᠢ ᠦᠯᠦ ᠮᠠᠷᠲᠠᠵᠤ ᠂ ᠲᠡᠦᠬᠡ ᠪᠠᠨ ᠪᠠᠲᠤ ᠴᠡᠭᠡᠵᠢᠯᠡᠬᠦ ᠶᠢ ᠰᠠᠨᠠᠭᠤᠯᠵᠠᠢ ᠃ ᠣᠨᠣᠯ ᠤᠨ ᠲᠠᠶᠢᠯᠤᠮᠵᠢ ᠨᠢ A6M ᠭᠡᠯᠪᠡᠷᠢ ᠶᠢᠨ ᠪᠠᠶᠢᠯᠳᠤᠭᠠᠨ ᠤ ᠨᠢᠰᠬᠡᠯ ᠤᠨ ᠬᠥᠮᠥᠷᠭᠡ ᠶᠢᠨ ᠡᠮᠦᠨ᠎ᠡ ᠶᠠᠪᠤᠭᠳᠠᠵᠤ ᠂ ᠤᠢ ᠰᠢᠭᠤᠢ ᠶᠢᠨ ᠲᠠᠯᠠᠪᠠᠢ ᠶᠢᠨ ᠺᠠᠳ᠋ᠷ ᠠᠵᠢᠯᠲᠠᠳ ᠤᠬᠠᠭᠤᠯᠤᠨ ᠲᠠᠶᠢᠯᠪᠤᠷᠢᠯᠠᠬᠤ ᠶᠢ ᠨᠠᠷᠢᠨ ᠬᠢᠨᠠᠮᠠᠭᠠᠢ ᠰᠣᠨᠣᠰᠴᠠᠭᠠᠪᠠ ᠃ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠨ ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠵᠢᠯᠤᠭᠤᠳᠴᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠶᠢ ᠬᠦᠰᠡᠯᠡᠩ ᠢᠶᠠᠨ ᠪᠠᠲᠤᠳᠬᠠᠬᠤ ᠂ ᠨᠠᠮᠴᠢ ᠴᠢᠨᠠᠷ ᠢᠶᠠᠨ ᠳᠠᠪᠲᠠᠨ ᠪᠤᠯᠪᠠᠰᠤᠷᠠᠭᠤᠯᠬᠤ ᠪᠠ ᠦᠢᠯᠡᠳᠦᠯᠭᠡ ᠪᠠᠨ ᠵᠢᠯᠣᠭᠤᠳᠤᠭᠤᠯᠬᠤ ᠂ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠦᠴᠦᠨ ᠴᠢᠳᠠᠯ ᠪᠣᠯᠭᠠᠨ ᠬᠤᠪᠢᠷᠠᠭᠤᠯᠵᠤ ᠂ ᠣᠶᠢᠲᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠭᠦ ᠪᠣᠯᠭᠠᠨ᠎ᠠ ᠃