ᠰᠢ ᠶᠢᠨ ᠫᠢᠩ 2023 ᠣᠨ ᠤ ᠵᠦᠩ ᠭᠤᠸᠠᠨ ᠼᠦᠨ ᠤ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2023/5/29

      5 ᠰᠠᠷ᠎ᠠ ᠶᠢᠨ 25 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ 2023 ᠣᠨ ᠤ ᠵᠦᠩ ᠭᠤᠸᠠᠨ ᠼᠦᠨ ᠤ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ ᠃

      ᠰᠢ ᠶᠢᠨ ᠫᠢᠩ ᠂ ᠣᠳᠣᠬᠠᠨ ᠳᠤ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠭᠦᠨᠵᠡᠭᠡᠶᠢᠷᠡᠨ ᠬᠥᠭᠵᠢᠵᠦ ᠂ ᠬᠥᠮᠥᠨ ᠲᠥᠷᠥᠯᠬᠢᠲᠡᠨ ᠬᠠᠮᠲᠤ ᠪᠠᠷ ᠬᠥᠭᠵᠢᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠥᠩᠭᠡᠷᠡᠭᠰᠡᠨ ᠤ ᠠᠯᠢ ᠴᠤ ᠦᠶ᠎ᠡ ᠠᠴᠠ ᠢᠯᠡᠭᠦᠦ ᠤᠯᠠᠨ ᠤᠯᠤᠰ ᠤᠨ ᠬᠠᠮᠲᠤᠷᠠᠯᠴᠠᠭ᠎ᠠ ᠪᠣᠯᠣᠨ ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ ᠶᠢ ᠱᠠᠭᠠᠷᠳᠠᠵᠤ ᠪᠠᠶᠢᠨ᠎ᠠ ᠃ ᠳᠤᠮᠳᠠᠳᠤ ᠤᠯᠤᠰ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠨᠡᠭᠡᠭᠡᠯᠲᠡᠲᠤ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ ᠂ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠯᠤᠭ᠎ᠠ ᠬᠠᠮᠲᠤ ᠪᠠᠷ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠭᠠᠷ ᠬᠤᠯᠪᠣᠨ ᠠᠬᠢᠭᠤᠯᠵᠤ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢᠶᠠᠷ ᠡᠯ᠎ᠡ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠬᠦ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ ᠃

      ᠰᠢ ᠶᠢᠨ ᠫᠢᠩ ᠂ ᠪᠡᠭᠡᠵᠢᠩ ᠤᠨ ᠬᠢᠨ ᠰᠤᠷᠭᠠᠨ ᠬᠥᠮᠦᠵᠢᠯ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠴᠢᠳᠠᠪᠤᠷᠢᠲᠠᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠳᠦᠷᠢᠮ ᠤᠨ ᠰᠢᠨ᠎ᠡ ᠶᠢ ᠡᠭᠦᠳᠬᠦ ᠶᠢ ᠬᠠᠮᠵᠢᠯᠴᠠᠨ ᠠᠬᠢᠭᠤᠯᠵᠤ ᠂ ᠵᠥᠩ ᠭᠤᠸᠠᠨ ᠼᠦᠨ ᠤ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ ᠂ ᠳᠡᠯᠡᠬᠡᠢ ᠶᠢᠨ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠴᠢᠨᠠᠭᠰᠢᠳᠠ ᠲᠦᠷᠭᠡᠳᠬᠡᠵᠦ ᠂ ᠬᠤᠰᠢᠭᠤᠷᠠᠯ ᠮᠡᠷᠭᠡᠵᠢᠯ ᠤᠨ ᠰᠢᠨ᠎ᠡ ᠶᠢ ᠡᠭᠦᠳᠬᠦ ᠂ ᠳᠡᠭᠡᠳᠦ ᠨᠠᠷᠢᠯᠢᠭ ᠣᠷᠣᠶᠢᠯᠠᠭᠰᠠᠨ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠡᠮᠦᠨ᠎ᠡ ᠡᠩᠨᠡᠭᠡᠨ ᠳᠤ ᠬᠤᠰᠢᠭᠤᠷᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ ᠃

      2023 ᠣᠨ ᠤ ᠵᠦᠩ ᠭᠤᠸᠠᠨ ᠼᠦᠨ ᠤ ᠶᠠᠷᠢᠶᠠᠨ ᠤ ᠲᠠᠪᠴᠠᠩ ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠂ ᠪᠡᠭᠡᠵᠢᠩ ᠬᠤᠳᠠ ᠶᠢᠨ ᠵᠠᠰᠠᠭ ᠤᠨ ᠣᠷᠳᠣᠨ ᠬᠠᠮᠲᠤ ᠪᠠᠷ ᠭᠤᠣᠯᠯᠠᠨ ᠡᠷᠭᠢᠯᠡᠵᠦ ᠂ 25 ᠤ ᠡᠳᠦᠷ ᠪᠡᠭᠡᠵᠢᠩ ᠳᠤ ᠡᠬᠢᠯᠡᠵᠦ ᠂ ︽ ᠨᠡᠭᠡᠭᠡᠯᠲᠡ ᠬᠢᠵᠦ ᠬᠠᠮᠲᠤᠷᠠᠯᠴᠠᠨ ᠂ ᠢᠷᠡᠭᠡᠳᠦᠢ ᠪᠠᠨ ᠬᠠᠮᠲᠤ ᠪᠠᠷ ᠡᠳ᠋ᠯᠡᠶ᠎ᠡ ︾ ᠪᠠᠷ ᠭᠤᠣᠯ ᠰᠡᠳᠦᠪ ᠢᠶᠠᠨ ᠪᠣᠯᠭᠠᠪᠠ ᠃

      ︵ ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 25 ᠤ ᠴᠠᠭᠢᠯᠭᠠᠨ ᠮᠡᠳᠡᠭᠡ ︶

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ