ᠰᠢ ᠶᠢᠨ ᠫᠢᠩ ᠨᠥᠬᠦᠷ ᠤᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠲᠤᠬᠠᠢ ᠥᠭᠦᠯᠡᠬᠦ ᠨᠢ︾ ᠭᠡᠬᠦ ᠨᠣᠮ ᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2023/5/29

      ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠠᠶᠢᠷᠠᠭᠤᠯᠤᠭᠰᠠᠨ ᠰᠢ ᠶᠢᠨ ᠫᠢᠩ ᠨᠥᠬᠦᠷ ᠤᠨ ︽ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠲᠤᠬᠠᠢ ᠥᠭᠦᠯᠡᠬᠦ ᠨᠢ ︾ ᠭᠡᠬᠦ ᠨᠣᠮ ᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ ᠪᠦᠭᠦ ᠤᠯᠤᠰ ᠲᠤ ᠲᠠᠷᠬᠠᠭᠠᠪᠠ ᠃

      ᠡᠨᠡ ᠬᠦ ᠲᠤᠰᠬᠠᠢ ᠰᠡᠳᠦᠪᠲᠦ ᠵᠣᠬᠢᠶᠠᠯ ᠤᠨ ᠲᠡᠭᠦᠪᠦᠷᠢ ᠳᠤ ᠰᠢ ᠶᠢᠨ ᠫᠢᠩ ᠨᠥᠬᠦᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠲᠤᠬᠠᠢ 50 ᠴᠢᠬᠤᠯᠠ ᠵᠣᠬᠢᠶᠠᠯ ᠢ ᠣᠷᠣᠭᠤᠯᠪᠠ ᠂ ᠡᠭᠦᠨ ᠳᠤ ᠬᠡᠰᠡᠭ ᠵᠣᠬᠢᠶᠠᠯ ᠢ ᠠᠩᠬ᠎ᠠ ᠤᠳᠠᠭ᠎ᠠ ᠢᠯᠡ ᠨᠡᠶᠢᠲᠡᠯᠡᠵᠦ ᠪᠠᠶᠢᠨ᠎ᠠ ᠃

      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠪᠣᠯ ᠤᠯᠤᠰ ᠤᠨ ᠬᠦᠴᠦᠷᠬᠡᠭᠵᠢᠨ ᠮᠠᠨᠳᠤᠬᠤ ᠶᠢᠨ ᠰᠠᠭᠤᠷᠢ ᠂ ᠠᠮᠤᠷ ᠲᠦᠪᠰᠢᠨ ᠤ ᠵᠠᠩᠭᠢᠯᠠᠭ᠎ᠠ ᠮᠥᠨ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠪᠤᠯᠭᠠᠬᠤ ᠶᠢ ᠪᠠᠷᠢᠮᠲᠠᠯᠠᠵᠤ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠯᠤᠰ ᠤᠨ ᠬᠥᠭᠵᠢᠯᠲᠡ ᠶᠢᠨ ᠪᠦᠭᠦ ᠲᠠᠯ᠎ᠠ ᠶᠢᠨ ᠭᠤᠣᠯᠯᠠᠬᠤ ᠪᠠᠶᠢᠷᠢᠨ ᠳᠤ ᠲᠠᠯᠪᠢᠵᠤ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠪᠦᠭᠦ ᠲᠠᠯ᠎ᠠ ᠪᠠᠷ ᠲᠥᠯᠥᠪᠵᠢᠭᠦᠯᠵᠦ  ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠲᠦᠷᠭᠡᠳᠬᠡᠨ ᠠᠬᠢᠭᠤᠯᠵᠤ ᠂ ᠰᠠᠭᠤᠷᠢ ᠰᠤᠳᠤᠯᠭᠠᠨ ᠪᠠ ᠠᠩᠬᠠᠨ ᠤ ᠰᠢᠨ᠎ᠡ ᠡᠭᠦᠳᠦᠯᠲᠡ ᠲᠠᠰᠤᠷᠠᠯᠲᠠ ᠦᠭᠡᠢ ᠴᠢᠩᠭᠠᠷᠠᠵᠤ ᠂ ᠵᠠᠷᠢᠮ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠳᠤ ᠰᠢᠪᠲᠤᠯᠤᠯᠲᠠ ᠭᠠᠷᠭᠠᠵᠤ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠬᠥᠭᠵᠢᠨ ᠪᠤᠵᠠᠭᠠᠶᠢᠷᠠᠵᠤ ᠂ ᠴᠢᠬᠤᠯᠠ ᠶᠡᠭᠡ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠴᠣᠯᠭᠤᠷᠠᠨ ᠭᠠᠷᠴᠤ ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠢᠯᠡᠰ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ ᠂ ᠰᠢᠨ᠎ᠡ ᠶᠢ ᠡᠭᠦᠳᠬᠦ ᠮᠠᠶ᠋ᠢᠭ ᠤᠨ ᠤᠯᠤᠰ ᠤᠨ ᠡᠩᠨᠡᠭᠡᠨ ᠳᠤ ᠣᠷᠣᠪᠠ ᠃ ᠰᠢ ᠶᠢᠨ ᠫᠢᠩ ᠨᠥᠬᠦᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠠᠬᠢᠭᠤᠯᠬᠤ ᠲᠣᠭᠤᠷᠢᠨ ᠳᠤ ᠠᠯᠢ ᠣᠯᠠᠨ ᠴᠢᠬᠤᠯᠠ ᠥᠭᠦᠯᠡᠯᠲᠡ ᠨᠡᠶᠢᠲᠡᠯᠡᠵᠦ ᠂ ᠨᠠᠮ ᠪᠠ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠪᠦᠭᠦ ᠲᠠᠯ᠎ᠠ ᠳᠤ ᠰᠠᠭᠤᠷᠢᠯᠠᠵᠤ ᠂ ᠳᠡᠯᠡᠬᠡᠢ ᠶᠢᠨ ᠶᠡᠭᠡ ᠬᠠᠨᠳᠤᠰᠢ ᠪᠠ ᠴᠠᠭ ᠦᠶ᠎ᠡ ᠶᠢᠨ ᠤᠷᠤᠰᠬᠠᠯ ᠢ ᠡᠵᠡᠮᠳᠡᠵᠦ ᠂ ᠬᠥᠮᠥᠨ ᠲᠥᠷᠥᠯᠬᠢᠲᠡᠨ ᠤ ᠨᠡᠶᠢᠭᠡᠮ ᠤᠨ ᠳᠠᠪᠰᠢᠯᠲᠠ ᠳᠠᠬᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠪᠠᠶᠢᠷᠢ ᠰᠠᠭᠤᠷᠢ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠯᠳᠤᠬᠤ ᠪᠣᠳᠣᠯᠭ᠎ᠠ ᠶᠢᠨ ᠬᠠᠷᠠᠯᠲᠠ ᠂ ᠭᠤᠣᠯᠳᠠᠯᠭ᠎ᠠ ᠲᠠᠢ ᠡᠭᠦᠷᠭᠡ ᠂ ᠴᠢᠬᠤᠯᠠ ᠶᠡᠭᠡ ᠠᠷᠭ᠎ᠠ ᠬᠡᠮᠵᠢᠶ᠎ᠡ ᠪᠠ ᠦᠨᠳᠦᠰᠦᠨ ᠱᠠᠭᠠᠷᠳᠠᠯᠭ᠎ᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ ᠂ ᠠᠯᠢ ᠣᠯᠠᠨ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠰᠢᠨ᠎ᠡ ᠱᠠᠭᠠᠷᠳᠠᠯᠭ᠎ᠠ ᠳᠤᠷᠠᠳᠤᠭᠰᠠᠨ ᠨᠢ ᠪᠢᠳᠡᠨ ᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠬᠦ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠲᠦᠷᠭᠡᠳᠬᠡᠨ ᠪᠡᠶᠡᠯᠡᠭᠦᠯᠬᠦ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠮᠠᠰᠢ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠶᠤᠮ ᠃

      ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 28 ᠤ ᠴᠠᠭᠢᠯᠭᠠᠨ ᠮᠡᠳᠡᠭᠡ ︶

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ