ᠰᠢ ᠶᠢᠨ ᠫᠢᠩ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠬᠤᠷᠢᠶ᠎ᠠ ᠶᠢᠨ ᠠᠩᠬᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ — ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠬᠤ ᠬᠡᠷᠡᠭᠲᠡᠢ  ᠯᠢ ᠴᠢᠶᠠᠩ  ᠵᠤᠤ ᠯᠧ ᠵᠢᠢ  ᠼᠠᠢ ᠴᠢ ᠣᠷᠣᠯᠴᠠᠪᠠ
ᠨᠡᠶᠢᠲᠡᠯᠡᠭᠰᠡᠨ ᠴᠠᠭ᠄
2023/5/31

      ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ᠂ ᠲᠥᠪ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 5 ᠰᠠᠷ᠎ᠠ ᠶᠢᠨ 30 ᠤ ᠦᠳᠡ ᠶᠢᠨ ᠬᠤᠶᠢᠨ᠎ᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠬᠤᠷᠢᠶ᠎ᠠ ᠶᠢᠨ ᠠᠩᠬᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ᠃ ᠰᠢ ᠶᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠤᠯᠤᠰ ᠤᠨ ᠠᠮᠤᠷ ᠲᠦᠪᠰᠢᠨ ᠳᠤ ᠲᠤᠯᠭᠠᠷᠠᠵᠤ ᠪᠠᠶᠢᠭ᠎ᠠ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠶᠢᠳᠠᠯ ᠢ ᠭᠦᠨᠵᠡᠭᠡᠢ ᠲᠠᠨᠢᠵᠤ᠂ ᠤᠯᠤᠰ ᠤᠨ ᠠᠮᠤᠷ ᠲᠦᠪᠰᠢᠨ ᠤ ᠴᠢᠬᠤᠯᠠ ᠶᠡᠭᠡ ᠠᠰᠠᠭᠤᠳᠠᠯ ᠢ ᠵᠥᠪ ᠡᠵᠡᠮᠳᠡᠵᠦ᠂ ᠤᠯᠤᠰ ᠤᠨ ᠠᠮᠤᠷ ᠲᠦᠪᠰᠢᠨ ᠤ ᠰᠢᠰᠲ᠋ᠧᠮ ᠪᠣᠯᠣᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠵᠤ᠂ ᠤᠯᠤᠰ ᠤᠨ ᠠᠮᠤᠷ ᠲᠦᠪᠰᠢᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃

      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ  ᠂ ᠲᠥᠪ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠬᠤᠷᠢᠶ᠎ᠠ ᠶᠢᠨ ᠳᠡᠳ᠋ ᠲᠡᠷᠢᠭᠦᠯᠡᠭᠴᠢ ᠯᠢ ᠴᠢᠶᠠᠩ  ᠂ ᠵᠤᠤ ᠯᠧ ᠵᠢᠢ  ᠂ ᠼᠠᠢ ᠴᠢ ᠬᠤᠷᠠᠯ ᠳᠤ ᠣᠷᠣᠯᠴᠠᠪᠠ᠃

      ᠬᠤᠷᠠᠯ ᠠᠴᠠ᠂ ᠲᠥᠪ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠬᠤᠷᠢᠶ᠎ᠠ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠪᠠᠷᠢᠮᠲᠠᠯᠠᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠨ ᠲᠠᠰᠤᠷᠠᠯᠲᠠ ᠦᠭᠡᠢ ᠬᠥᠭᠵᠢᠭᠦᠯᠵᠦ᠂ ᠤᠯᠤᠰ ᠤᠨ ᠠᠮᠤᠷ ᠲᠦᠪᠰᠢᠨ ᠤ ᠤᠳᠤᠷᠢᠳᠬᠤ ᠪᠠᠶᠢᠭᠤᠯᠤᠮᠵᠢ ᠪᠣᠯᠣᠨ ᠬᠠᠤᠯᠢᠵᠢᠯ ᠤᠨ ᠰᠢᠰᠲ᠋ᠧᠮ᠂ ᠪᠠᠶᠢᠯᠳᠤᠬᠤ ᠪᠣᠳᠣᠯᠭ᠎ᠠ ᠶᠢᠨ ᠰᠢᠰᠲ᠋ᠧᠮ᠂ ᠲᠥᠷᠥ ᠶᠢᠨ ᠪᠣᠳᠣᠯᠭ᠎ᠠ ᠶᠢᠨ ᠰᠢᠰᠲ᠋ᠧᠮ ᠤᠨ ᠲᠠᠰᠤᠷᠠᠯᠲᠠ ᠦᠭᠡᠢ ᠲᠡᠭᠦᠯᠳᠡᠷᠵᠢᠬᠦ ᠶᠢ ᠠᠬᠢᠭᠤᠯᠵᠤ᠂ ᠤᠯᠤᠰ ᠤᠨ ᠠᠮᠤᠷ ᠲᠦᠪᠰᠢᠨ ᠤ ᠠᠵᠢᠯ ᠤᠨ ᠵᠣᠬᠢᠴᠠᠭᠤᠯᠬᠤ ᠲᠣᠭᠲᠠᠴᠠ ᠶᠢᠨ ᠪᠦᠲᠦᠮᠵᠢᠲᠡᠶ ᠠᠵᠢᠯᠯᠠᠭᠠᠨ᠂ ᠣᠷᠣᠨ ᠨᠤᠲᠤᠭ ᠤᠨ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠰᠢᠰᠲ᠋ᠧᠮ ᠢ ᠪᠦᠭᠦ ᠤᠯᠤᠰ ᠲᠤ ᠦᠨᠳᠦᠰᠦᠨ ᠳᠡᠭᠡᠨ ᠪᠦᠷᠬᠦᠭᠦᠯᠬᠦ ᠶᠢ ᠪᠡᠶᠡᠯᠡᠭᠦᠯᠵᠦ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠵᠤ᠂ ᠤᠯᠤᠰ ᠤᠨ ᠠᠮᠤᠷ ᠲᠦᠪᠰᠢᠨ ᠢ ᠪᠦᠭᠦ ᠲᠠᠯ᠎ᠠ ᠪᠠᠷ ᠴᠢᠩᠭᠠᠳᠬᠠᠪᠠ ᠭᠡᠵᠦ ᠵᠢᠭᠠᠵᠤ ᠭᠠᠷᠭᠠᠪᠠ᠃

      ᠬᠤᠷᠠᠯ ᠠᠴᠠ᠂ ᠣᠳᠣᠬᠠᠨ ᠳᠤ ᠪᠢᠳᠡᠨ ᠳᠤ ᠲᠤᠯᠭᠠᠷᠠᠵᠤ ᠪᠠᠶᠢᠭ᠎ᠠ ᠤᠯᠤᠰ ᠤᠨ ᠠᠮᠤᠷ ᠲᠦᠪᠰᠢᠨ ᠤ ᠠᠰᠠᠭᠤᠳᠠᠯ ᠤᠨ ᠪᠤᠳᠤᠯᠢᠶᠠᠨᠲᠤ ᠬᠡᠮᠵᠢᠶ᠎ᠡ᠂ ᠪᠡᠷᠬᠡ ᠶᠢᠨ ᠬᠡᠮᠵᠢᠶ᠎ᠡ ᠢᠯᠡᠳᠲᠡ ᠨᠡᠮᠡᠭᠳᠡᠪᠡ᠃ ᠤᠯᠤᠰ ᠤᠨ ᠠᠮᠤᠷ ᠲᠦᠪᠰᠢᠨ ᠤ ᠹᠷᠣᠨᠲ ᠤᠨ ᠬᠢᠨ ᠪᠠᠶᠢᠯᠳᠤᠬᠤ ᠪᠣᠳᠣᠯᠭ᠎ᠠ ᠶᠢᠨ ᠢᠲᠡᠭᠡᠯ ᠢ ᠪᠤᠢ ᠪᠤᠯᠭᠠᠵᠤ᠂ ᠵᠠᠪᠠᠯ ᠢᠯᠠᠬᠤ ᠢᠲᠡᠭᠡᠯ ᠢᠶᠠᠨ ᠪᠠᠲᠤᠳᠬᠠᠵᠤ᠂ ᠲᠤᠰ ᠪᠡᠶ᠎ᠡ ᠶᠢᠨ ᠳᠠᠪᠠᠭᠤᠯᠢᠭ ᠪᠠ ᠠᠰᠢᠭᠲᠠᠢ ᠨᠥᠬᠦᠴᠡᠯ ᠢᠶᠠᠨ ᠭᠦᠢᠴᠡᠳ ᠣᠯᠵᠤ ᠬᠠᠷᠠᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠪᠠ ᠲᠤᠶᠢᠯᠰᠢᠷᠠᠯ ᠤᠨ ᠰᠡᠳᠬᠢᠬᠦᠢ ᠶᠢ ᠪᠠᠷᠢᠮᠲᠠᠯᠠᠵᠤ᠂ ᠶᠡᠭᠡ ᠰᠠᠯᠬᠢ ᠰᠢᠷᠦᠭᠦᠨ ᠳᠠᠪᠠᠯᠭᠠᠨ ᠴᠢᠨᠠᠭᠰᠢᠯᠠᠪᠠᠯ ᠲᠤᠬᠰᠢᠨ ᠳᠠᠪᠠᠯᠭᠠᠨ ᠰᠢᠷᠦᠭᠦᠨ ᠳᠣᠯᠭᠢᠶᠠᠨ ᠤ ᠬᠦᠨᠳᠦ ᠶᠡᠭᠡ ᠰᠢᠯᠭᠠᠯᠲᠠ ᠶᠢ ᠲᠤᠭᠤᠯᠬᠤ ᠪᠠᠷ ᠪᠡᠯᠡᠳᠬᠡᠬᠦ ᠬᠡᠷᠡᠭᠲᠡᠢ᠃ ᠤᠯᠤᠰ ᠤᠨ ᠠᠮᠤᠷ ᠲᠦᠪᠰᠢᠨ ᠤ ᠰᠢᠰᠲ᠋ᠧᠮ ᠪᠣᠯᠣᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠵᠢᠩᠬᠢᠨᠢ ᠪᠠᠶᠢᠯᠳᠤᠭᠠᠨ ᠤ ᠵᠢᠩᠬᠢᠨᠢ ᠲᠤᠰᠠᠲᠠᠢ ᠪᠠᠶᠢᠬᠤ ᠢᠯᠡ ᠲᠣᠳᠣ ᠤᠳᠤᠷᠢᠳᠤᠮᠵᠢ ᠶᠢ ᠲᠣᠪᠤᠶᠢᠯᠭᠠᠨ᠂ ᠬᠠᠮᠵᠢᠯᠴᠠᠨ ᠥᠨᠳᠥᠷ ᠪᠦᠲᠦᠮᠵᠢᠲᠡᠶ ᠪᠠᠶᠢᠬᠤ᠂ ᠬᠠᠤᠯᠢᠵᠢᠯ ᠤᠨ ᠰᠡᠳᠬᠢᠬᠦᠢ ᠲᠠᠢ ᠪᠠᠶᠢᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠴᠢᠳᠠᠪᠤᠷᠢ ᠣᠯᠭᠤᠬᠤ᠂ ᠦᠨᠳᠦᠰᠦᠨ ᠱᠠᠲᠤᠨ ᠤ ᠰᠠᠭᠤᠷᠢ ᠶᠢ ᠨᠠᠩ ᠴᠢᠬᠤᠯᠠᠴᠢᠯᠠᠵᠤ᠂ ᠡᠯ᠎ᠡ ᠲᠠᠯ᠎ᠠ ᠶᠢᠨ ᠪᠦᠲᠦᠭᠡᠨ ᠪᠠᠶᠢᠭᠤᠯᠤᠯᠲᠠ ᠶᠢ ᠣᠷᠭᠠᠨᠢᠭ ᠢᠶᠠᠷ ᠵᠣᠯᠭᠠᠭᠤᠯᠬᠤ᠂ ᠬᠤᠯᠪᠤᠭᠠᠯᠠᠨ ᠨᠢᠭᠲᠠᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ᠂ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠵᠤ᠂ ᠪᠢᠳᠡᠨ ᠳᠤ ᠠᠰᠢᠭᠲᠠᠢ ᠭᠠᠳᠠᠭᠠᠳᠤ ᠠᠮᠤᠷ ᠲᠦᠪᠰᠢᠨ ᠤ ᠣᠷᠴᠢᠨ ᠢ ᠰᠠᠨᠠᠭᠠᠴᠢᠯᠠᠭ᠎ᠠ ᠠᠴᠠ ᠪᠠᠨ ᠪᠤᠢ ᠪᠤᠯᠭᠠᠵᠤ᠂ ᠨᠡᠭᠡᠭᠡᠯᠲᠡᠲᠤ ᠠᠮᠤᠷ ᠲᠦᠪᠰᠢᠨ ᠢ ᠨᠡᠩ ᠰᠠᠶᠢᠲᠤᠷ ᠬᠠᠮᠠᠭᠠᠯᠠᠵᠤ᠂ ᠬᠥᠭᠵᠢᠯᠲᠡ ᠪᠣᠯᠣᠨ ᠠᠮᠤᠷ ᠲᠦᠪᠰᠢᠨ ᠤ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠ ᠴᠣᠭᠴᠠᠯᠠᠬᠤ ᠠᠷᠭ᠎ᠠ ᠠᠪᠴᠠᠯ ᠭᠡᠯᠪᠡᠷᠢ ᠶᠢᠨ ᠬᠤᠪᠢᠰᠤᠯᠲᠠ ᠶᠢ ᠠᠬᠢᠭᠤᠯᠵᠤ᠂ ᠤᠨᠤᠯ ᠤᠨ ᠵᠢᠯᠣᠭᠤᠳᠤᠮᠵᠢ ᠶᠢᠨ ᠰᠢᠨ᠎ᠡ ᠶᠢ ᠡᠭᠦᠳᠴᠦ᠂ ᠬᠦᠴᠦᠨ ᠤ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠴᠢᠳᠠᠪᠤᠷᠢ ᠣᠯᠭᠤᠬᠤ ᠶᠢ ᠠᠬᠢᠭᠤᠯᠬᠤ ᠬᠡᠷᠡᠭᠲᠡᠢ᠃ ᠤᠯᠤᠰ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠠᠷᠭᠠᠴᠠᠭᠠᠬᠤ ᠶᠡᠷᠦᠩᠬᠡᠶᠢᠯᠡᠭᠰᠡᠨ ᠴᠣᠭᠴᠠ ᠶᠢ ᠲᠡᠭᠦᠯᠳᠡᠷᠵᠢᠭᠦᠯᠵᠦ᠂ ᠴᠠᠭ ᠲᠤᠬᠠᠢ ᠳᠤᠨᠢ ᠬᠢᠨᠠᠨ ᠬᠡᠮᠵᠢᠵᠦ᠂ ᠴᠠᠭ ᠲᠤᠬᠠᠢ ᠳᠤᠨᠢ ᠤᠷᠢᠳᠴᠢᠯᠠᠨ ᠰᠡᠷᠡᠮᠵᠢᠯᠡᠭᠦᠯᠵᠦ᠂ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃

      ᠬᠤᠷᠠᠯ ᠠᠴᠠ᠂ ᠤᠯᠤᠰ ᠤᠨ ᠠᠮᠤᠷ ᠲᠦᠪᠰᠢᠨ ᠤ ᠠᠵᠢᠯ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ᠂ ᠰᠦᠯᠵᠢᠶ᠎ᠡ ᠳ᠋ᠠᠶᠢᠲ᠋ᠠ ᠵᠣᠬᠢᠶᠠᠮᠠᠯ ᠤᠶᠤᠨ ᠴᠢᠳᠠᠪᠤᠷᠢ ᠪᠠᠷ ᠠᠮᠤᠷ ᠲᠦᠪᠰᠢᠨ ᠤ ᠵᠠᠰᠠᠯᠲᠠ ᠬᠢᠬᠦ ᠲᠦᠪᠰᠢᠨ ᠢ ᠳᠡᠭᠡᠭᠰᠢᠯᠡᠭᠦᠯᠭᠦ᠂ ᠤᠯᠤᠰ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠰᠢᠰᠲ᠋ᠧᠮ ᠢ ᠲᠦᠷᠭᠡᠳᠬᠡᠨ ᠪᠠᠶᠢᠭᠤᠯᠬᠤ᠂ ᠤᠯᠤᠰ ᠤᠨ ᠠᠮᠤᠷ ᠲᠦᠪᠰᠢᠨ ᠤ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ᠂ ᠤᠯᠤᠰ ᠤᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠬᠤ ᠵᠡᠷᠭᠡ ᠲᠠᠯ᠎ᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ︽ᠤᠯᠤᠰ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠰᠢᠰᠲ᠋ᠧᠮ ᠢ ᠲᠦᠷᠭᠡᠳᠬᠡᠨ ᠪᠠᠶᠢᠭᠤᠯᠬᠤ ᠲᠤᠬᠠᠢ ᠰᠠᠨᠠᠯ︾᠂ ︽ᠤᠯᠤᠰ ᠤᠨ ᠠᠮᠤᠷ ᠲᠦᠪᠰᠢᠨ ᠤ ᠬᠥᠮᠦᠵᠢᠯ ᠢ ᠪᠦᠭᠦ ᠲᠠᠯ᠎ᠠ ᠪᠠᠷ ᠴᠢᠩᠭᠠᠳᠬᠠᠬᠤ ᠲᠤᠬᠠᠢ ᠰᠠᠨᠠᠯ  ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠪᠠ᠃

      ᠲᠥᠪ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠬᠤᠷᠢᠶ᠎ᠠ ᠶᠢᠨ ᠪᠠᠶᠢᠩᠭᠤ ᠶᠢᠨ ᠭᠡᠰᠢᠭᠦᠳ᠂ ᠭᠡᠰᠢᠭᠦᠳ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃

      ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 30 ᠤ ᠴᠠᠭᠢᠯᠭᠠᠨ ᠮᠡᠳᠡᠭᠡ︶

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ