ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠬᠤᠷᠠᠯ ᠬᠤᠷᠠᠯᠳᠤᠭᠤᠯᠵᠤ ᠣᠳᠣᠬᠠᠨ ᠤ ᠠᠵᠤ ᠠᠬᠤᠢ ᠶᠢᠨ ᠪᠠᠶᠢᠳᠠᠯ ᠪᠣᠯᠣᠨ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠪᠠ    ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2023/5/4

      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 4 ᠰᠠᠷ᠎ᠠ ᠶᠢᠨ 28 ᠤ ᠡᠳᠦᠷ ᠬᠤᠷᠠᠯ ᠬᠤᠷᠠᠯᠳᠤᠭᠤᠯᠵᠤ ᠂ ᠣᠳᠣᠬᠠᠨ ᠤ ᠠᠵᠤ ᠠᠬᠤᠢ ᠶᠢᠨ ᠪᠠᠶᠢᠳᠠᠯ ᠪᠣᠯᠣᠨ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠪᠠ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ ᠃

      ᠬᠤᠷᠠᠯ ᠠᠴᠠ ᠂ ᠵᠢᠯ ᠤᠨ ᠡᠬᠢᠨ ᠠᠴᠠ ᠨᠠᠭᠠᠰᠢ ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠦᠭᠰᠡᠨ ᠢᠶᠠᠷ ᠂ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠴᠢᠬᠤᠯᠠ ᠶᠡᠭᠡ ᠰᠢᠢᠳᠪᠦᠷᠢᠯᠡᠭᠴᠢ ᠴᠢᠨᠠᠷᠲᠠᠢ ᠢᠯᠠᠯᠲᠠ ᠣᠯᠵᠤ ᠂ ᠠᠵᠤ ᠠᠬᠤᠢ ᠨᠡᠶᠢᠭᠡᠮ ᠤᠨ ᠪᠠᠶᠢᠩᠭᠤᠵᠢᠭᠰᠠᠨ ᠡᠷᠭᠢᠯᠲᠡ ᠪᠦᠭᠦ ᠲᠠᠯ᠎ᠠ ᠪᠠᠷ ᠰᠡᠷᠭᠦᠵᠦ ᠂ ᠬᠤᠷᠸ᠎ᠠ ᠲᠥᠷᠥ ᠶᠢᠨ ᠪᠣᠳᠣᠯᠭ᠎ᠠ ᠬᠤᠰᠢᠭᠤᠴᠢᠯᠠᠵᠤ ᠬᠠᠮᠵᠢᠯᠴᠠᠨ ᠬᠦᠴᠦᠯᠡᠵᠦ ᠂ ᠬᠡᠷᠡᠭᠴᠡᠭᠡ ᠪᠠᠭᠠᠰᠬᠤ ᠂ ᠬᠠᠩᠭᠠᠯᠭ᠎ᠠ ᠳᠠᠭᠠᠷᠢᠯᠲᠠ ᠳᠤ ᠤᠴᠠᠷᠠᠬᠤ ᠂ ᠵᠢᠱᠢᠯᠲᠡ ᠪᠠᠭᠤᠷᠠᠬᠤ ᠭᠤᠷᠪᠠᠨ ᠳᠠᠪᠬᠤᠷ ᠳᠠᠷᠤᠯᠲᠠ ᠨᠠᠮᠳᠠᠵᠤ ᠂ ᠠᠵᠤ ᠠᠬᠤᠢ ᠶᠢᠨ ᠨᠡᠮᠡᠭᠳᠡᠯ ᠵᠢᠱᠢᠯᠲᠡ ᠠᠴᠠ ᠰᠠᠶᠢᠨ ᠪᠣᠯᠵᠤ ᠂ ᠵᠠᠬ᠎ᠠ ᠳᠡᠯᠭᠡᠭᠦᠷ ᠤᠨ ᠬᠡᠷᠡᠭᠴᠡᠭᠡ ᠠᠯᠬᠤᠮ ᠠᠯᠬᠤᠮ ᠢᠶᠠᠷ ᠰᠡᠷᠭᠦᠵᠦ ᠂ ᠠᠵᠤ ᠠᠬᠤᠢ ᠶᠢᠨ ᠬᠥᠭᠵᠢᠯᠲᠡ ᠰᠡᠷᠭᠦᠨ ᠰᠠᠶᠢᠵᠢᠷᠠᠬᠤ ᠬᠠᠨᠳᠤᠰᠢ ᠲᠠᠢ ᠪᠣᠯᠵᠤ ᠂ ᠠᠵᠤ ᠠᠬᠤᠢ ᠶᠢᠨ ᠡᠷᠭᠢᠯᠲᠡ ᠰᠠᠶᠢᠨ ᠡᠬᠢᠯᠡᠯᠲᠡ ᠲᠠᠢ ᠪᠣᠯᠵᠠᠢ ᠭᠡᠵᠦ ᠦᠵᠡᠪᠡ ᠃

      ᠬᠤᠷᠠᠯ ᠠᠴᠠ ᠂ ᠣᠳᠣᠬᠠᠨ ᠳᠤ ᠮᠠᠨ ᠤ ᠤᠯᠤᠰ ᠤᠨ ᠠᠵᠤ ᠠᠬᠤᠢ ᠶᠢᠨ ᠡᠷᠭᠢᠯᠲᠡ ᠶᠢᠨ ᠰᠠᠶᠢᠵᠢᠷᠠᠯᠲᠠ ᠨᠢ ᠭᠤᠣᠯᠳᠠᠭᠤ ᠰᠡᠷᠭᠦᠯᠲᠡ ᠶᠢᠨ ᠴᠢᠨᠠᠷᠲᠠᠢ ᠪᠠᠶᠢᠵᠤ ᠂ ᠳᠣᠲᠣᠭᠠᠳᠤ ᠬᠦᠳᠡᠯᠭᠡᠬᠦ ᠬᠦᠴᠦᠨ ᠪᠠᠰᠠ ᠴᠢᠩᠭ᠎ᠠ ᠪᠢᠰᠢ ᠂ ᠬᠡᠷᠡᠭᠴᠡᠭᠡ ᠮᠥᠨ ᠬᠦᠷᠦᠯᠴᠡᠬᠦ ᠦᠭᠡᠢ ᠪᠠᠶᠢᠭᠰᠠᠭᠠᠷ ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠳᠤ ᠰᠢᠨ᠎ᠡ ᠬᠠᠷᠰᠢ ᠰᠠᠭᠠᠳ ᠲᠤᠯᠭᠠᠷᠠᠵᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠮᠥᠨ ᠬᠦ ᠴᠥᠭᠡᠨ ᠪᠤᠰᠤ ᠬᠦᠴᠢᠷ ᠪᠡᠷᠬᠡᠰᠢᠶᠡᠯ ᠥᠷᠢᠰᠦᠯᠳᠦᠭᠡᠨ ᠢ ᠢᠯᠡᠨ ᠳᠠᠪᠠᠭ᠋ᠤ ᠴᠢᠬᠤᠯᠠᠲᠠᠢ ᠪᠠᠶᠢᠨ᠎ᠠ ᠭᠡᠵᠦ ᠵᠢᠭᠠᠵᠤ ᠭᠠᠷᠭᠠᠪᠠ ᠃

      ᠬᠤᠷᠠᠯ ᠠᠴᠠ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠣᠨᠣᠪᠴᠢᠲᠠᠢ ᠂ ᠪᠦᠭᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠲᠥᠷᠥ ᠶᠢᠨ ᠪᠣᠳᠣᠯᠭ᠎ᠠ ᠶᠢᠨ ᠬᠦᠴᠦᠨ ᠢ ᠪᠠᠳᠠᠷᠠᠭᠤᠯᠬᠤ ᠪᠠ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠤᠶᠠᠯᠳᠤᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠦᠳᠡᠯᠭᠡᠬᠦ ᠬᠦᠴᠦᠨ ᠢ ᠪᠦᠷᠢᠯᠳᠦᠭᠦᠯᠵᠦ ᠂ ᠠᠵᠤ ᠠᠬᠤᠢ ᠶᠢᠨ ᠡᠷᠭᠢᠯᠲᠡ ᠶᠢ ᠦᠷᠭᠦᠯᠵᠢᠯᠡᠨ ᠰᠠᠶᠢᠵᠢᠷᠠᠭᠤᠯᠬᠤ ᠂ ᠳᠣᠲᠣᠭᠠᠳᠤ ᠬᠦᠳᠡᠯᠭᠡᠬᠦ ᠬᠦᠴᠦᠨ ᠢ ᠦᠷᠭᠦᠯᠵᠢᠯᠡᠨ ᠴᠢᠩᠭᠠᠳᠬᠠᠬᠤ ᠂ ᠨᠡᠶᠢᠭᠡᠮ ᠤᠨ ᠵᠢᠱᠢᠯᠲᠡ ᠶᠢ ᠦᠷᠭᠦᠯᠵᠢᠯᠡᠨ ᠰᠠᠶᠢᠵᠢᠷᠠᠭᠤᠯᠬᠤ ᠂ ᠠᠶᠤᠯ ᠲᠦᠭᠰᠢᠭᠦᠷᠢ ᠭᠡᠮ ᠰᠣᠭᠤᠭ ᠢ ᠦᠷᠭᠦᠯᠵᠢᠯᠡᠨ ᠠᠷᠢᠯᠭᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠵᠤ ᠂ ᠠᠵᠤ ᠠᠬᠤᠢ ᠶᠢᠨ ᠴᠢᠨᠠᠷ ᠤᠨ ᠪᠦᠲᠦᠮᠵᠢᠲᠡᠢ ᠳᠡᠭᠡᠭᠰᠢᠯᠡᠯᠲᠡ ᠪᠠ ᠬᠡᠮᠵᠢᠶᠡᠨ ᠤ ᠵᠣᠬᠢᠰᠲᠠᠢ ᠨᠡᠮᠡᠭᠳᠡᠯ ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠂ ᠪᠣᠳᠠᠲᠤ ᠴᠣᠭᠴᠠ ᠶᠢᠨ ᠠᠵᠤ ᠠᠬᠤᠢ ᠪᠠᠷ ᠲᠤᠯᠭᠠᠭᠤᠷᠢᠯᠠᠯ ᠪᠣᠯᠭᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ ᠂ ᠪᠠᠶᠢᠳᠠᠯ ᠢ ᠥᠭᠰᠥᠨ ᠤᠷᠤᠭᠰᠢᠯᠠᠵᠤ ᠂ ᠳᠤᠲᠠᠭᠤᠳᠠᠯ ᠲᠠᠢ ᠬᠦᠷᠢᠶᠡᠨ ᠳᠤ ᠲᠦᠷᠭᠡᠨ ᠰᠢᠪᠲᠤᠯᠤᠯᠲᠠ ᠭᠠᠷᠭᠠᠬᠤ ᠪᠥᠭᠡᠳ ᠪᠠᠶᠢᠳᠠᠯ ᠢ ᠲᠠᠭᠠᠨ ᠠᠵᠢᠯᠯᠠᠵᠤ ᠂ ᠳᠠᠪᠠᠭᠤᠯᠢᠭ ᠬᠦᠷᠢᠶᠡᠨ ᠳᠤ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠰᠠᠭᠤᠷᠢ ᠶᠢ ᠪᠠᠬᠢᠵᠢᠭᠦᠯᠵᠦ ᠂ ᠰᠢᠨ᠎ᠡ ᠬᠦᠳᠡᠯᠭᠡᠬᠦ ᠡᠨᠧᠷᠭᠢ ᠶᠢ ᠪᠣᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠭᠵᠢᠯᠲᠡ ᠶᠢᠨ ᠳᠠᠪᠠᠭᠤᠯᠢᠭ ᠢ ᠪᠠᠬᠢᠵᠢᠭᠦᠯᠦᠨ ᠥᠷᠭᠡᠳᠬᠡᠵᠦ ᠂ ᠴᠠᠬᠢᠯᠭᠠᠨ ᠴᠡᠨᠡᠭᠯᠡᠬᠦ ᠱᠣᠩ ᠂ ᠡᠨᠧᠷᠭᠢ ᠬᠠᠳᠠᠭᠠᠯᠠᠬᠤ ᠵᠡᠷᠭᠡ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠣᠨ ᠢᠵᠢ ᠪᠦᠷᠢᠳᠦᠭᠦᠯᠦᠭᠰᠡᠨ ᠴᠠᠬᠢᠯᠭᠠᠨ ᠲᠣᠣᠷ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ ᠃ ᠨᠡᠶᠢᠳᠡᠮ ᠬᠡᠷᠡᠭᠯᠡᠬᠦ ᠵᠣᠬᠢᠶᠠᠮᠠᠯ ᠤᠶᠤᠨ ᠴᠢᠳᠠᠪᠤᠷᠢ ᠶᠢᠨ ᠬᠥᠭᠵᠢᠯᠲᠡ ᠶᠢ ᠴᠢᠬᠤᠯᠠᠴᠢᠯᠠᠵᠤ ᠂ ᠰᠢᠨ᠎ᠡ ᠶᠢ ᠡᠭᠦᠳᠬᠦ ᠠᠮᠢ ᠠᠬᠤᠢ ᠶᠢ ᠪᠤᠢ ᠪᠣᠯᠭᠠᠵᠤ ᠂ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠴᠢᠬᠤᠯᠠᠴᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃

      ᠬᠤᠷᠠᠯ ᠠᠴᠠ ᠂ ᠬᠡᠷᠡᠭᠴᠡᠭᠡ ᠶᠢ ᠰᠡᠷᠭᠦᠭᠡᠬᠦ ᠪᠠ ᠥᠷᠭᠡᠳᠬᠡᠬᠦ ᠪᠣᠯ ᠣᠳᠣᠬᠠᠨ ᠤ ᠠᠵᠤ ᠠᠬᠤᠢ ᠶᠢ ᠦᠷᠭᠦᠯᠵᠢᠯᠡᠨ ᠳᠡᠭᠡᠭᠰᠢᠯᠡᠭᠦᠯᠵᠦ ᠰᠠᠶᠢᠵᠢᠷᠠᠭᠤᠯᠬᠤ ᠶᠢᠨ ᠵᠠᠩᠭᠢᠯᠠᠭ᠎ᠠ ᠪᠣᠯᠣᠨ᠎ᠠ ᠃ ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠶᠢᠨ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠵᠦ ᠂ ᠵᠣᠭᠤᠰᠤᠨ ᠤ ᠲᠣᠭᠲᠠᠭᠤᠨ ᠲᠦᠷᠦ ᠶᠢᠨ ᠪᠣᠳᠣᠯᠭ᠎ᠠ ᠶᠢᠨ ᠣᠨᠣᠪᠴᠢᠲᠠᠢ ᠪᠥᠭᠡᠳ ᠬᠦᠴᠦᠲᠡᠢ ᠪᠠᠶᠢᠬᠤ ᠶᠢ ᠪᠠᠲᠤᠯᠠᠵᠤ ᠂ ᠬᠡᠷᠡᠭᠴᠡᠭᠡ ᠶᠢ ᠥᠷᠭᠡᠳᠬᠡᠬᠦ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠃ ᠤᠯᠠᠨ ᠠᠷᠭ᠎ᠠ ᠵᠠᠮ ᠢᠶᠠᠷ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠵᠦ ᠂ ᠬᠡᠷᠡᠭᠯᠡᠭᠡ ᠶᠢᠨ ᠣᠷᠴᠢᠨ ᠨᠥᠬᠦᠴᠡᠯ ᠢ ᠰᠠᠶᠢᠵᠢᠷᠠᠭᠤᠯᠤᠨ ᠂ ᠰᠣᠶᠣᠯ ᠵᠢᠭᠤᠯᠴᠢᠯᠠᠯ ᠵᠡᠷᠭᠡ ᠦᠢᠯᠡᠴᠢᠯᠡᠭᠡᠨ ᠤ ᠬᠡᠷᠡᠭᠯᠡᠭᠡ ᠶᠢ ᠠᠬᠢᠭᠤᠯᠬᠤ ᠬᠡᠷᠡᠭᠲᠡᠢ ᠃ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠪᠣᠯᠣᠨ ᠲᠥᠷᠥ ᠶᠢᠨ ᠪᠣᠳᠣᠯᠭ᠎ᠠ ᠶᠢᠨ ᠤᠷᠮᠠᠰᠢᠭᠤᠯᠤᠯ ᠤᠨ ᠬᠥᠲᠥᠯᠥᠨ ᠵᠢᠯᠤᠭᠤᠳᠬᠤ ᠦᠢᠯᠡᠳᠦᠯ ᠢ ᠰᠠᠶᠢᠲᠤᠷ ᠪᠠᠳᠠᠷᠠᠭᠤᠯᠵᠤ ᠂ ᠠᠷᠠᠳ ᠤᠨ ᠪᠡᠯᠡ ᠣᠷᠤᠭᠤᠯᠤᠯᠲᠠ ᠶᠢ ᠪᠦᠲᠦᠮᠵᠢᠲᠡᠢ ᠳᠠᠶᠢᠴᠢᠯᠠᠨ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠂ ︽ᠬᠤᠶᠠᠷ ᠭᠤᠶᠢᠪᠢᠰᠢ ᠦᠭᠡᠢ ᠪᠠᠶᠢᠬᠤ︾ ᠶᠢ ᠪᠠᠷᠢᠮᠲᠠᠯᠠᠵᠤ ᠂ ᠡᠯ᠎ᠡ ᠲᠥᠷᠥᠯ ᠤᠨ ᠥᠮᠴᠢᠯᠡᠯ ᠤᠨ ᠠᠵᠤ ᠠᠬᠤᠶᠢᠯᠠᠯ ᠤᠨ ᠡᠷᠬᠡ ᠲᠡᠭᠰᠢ ᠪᠠᠷ ᠥᠷᠢᠰᠦᠯᠳᠦᠬᠦ ᠂ ᠬᠠᠮᠲᠤ ᠪᠠᠷ ᠬᠥᠭᠵᠢᠬᠦ ᠶᠢ ᠨᠥᠯᠥᠭᠡᠯᠡᠬᠦ ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠷᠰᠢ ᠰᠠᠭᠠᠳ ᠪᠣᠯᠣᠨ ᠳᠠᠯᠳᠠ ᠬᠠᠷᠰᠢ ᠰᠠᠭᠠᠳ ᠢ ᠠᠷᠢᠯᠭᠠᠵᠤ ᠂ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠯ ᠵᠣᠷᠢᠭ ᠢ ᠦᠷᠭᠦᠯᠵᠢᠯᠡᠨ ᠬᠥᠪᠴᠢᠯᠡᠵᠦ ᠂ ᠠᠵᠤ ᠠᠬᠤᠶᠢᠯᠠᠯ ᠢ ᠬᠠᠪᠰᠤᠷᠤᠨ ᠬᠦᠴᠦ ᠲᠠᠮᠢᠷ ᠢ ᠨᠢ ᠰᠡᠷᠭᠦᠭᠡᠬᠦ ᠬᠡᠷᠡᠭᠲᠡᠢ ᠃ ᠡᠯ᠎ᠡ ᠲᠥᠷᠥᠯ ᠤᠨ ᠠᠵᠤ ᠠᠬᠤᠶᠢᠯᠠᠯ ᠴᠥᠮ ᠬᠠᠤᠯᠢ ᠲᠣᠭᠲᠠᠭᠠᠯ ᠶᠣᠰᠣᠭᠠᠷ ᠡᠵᠡᠩᠨᠡᠬᠦ ᠬᠡᠷᠡᠭᠲᠡᠢ ᠃ ᠠᠵᠤ ᠠᠬᠤᠶᠢᠯᠠᠯ ᠤᠨ ᠳᠠᠩᠰᠠᠨ ᠳᠤ ᠥᠷᠢᠲᠦᠭᠰᠡᠨ ᠵᠣᠭᠤᠰ ᠢ ᠦᠨᠳᠦᠰᠦᠨ ᠠᠴᠠ ᠨᠢ ᠰᠢᠢᠳᠪᠦᠷᠢᠯᠡᠬᠦ ᠪᠠᠷ ᠵᠣᠷᠢᠭ ᠰᠢᠭᠤᠳᠬᠤ ᠬᠡᠷᠡᠭᠲᠡᠢ ᠃ ᠲᠠᠪᠴᠠᠩ ᠤᠨ ᠠᠵᠤ ᠠᠬᠤᠶᠢᠯᠠᠯ ᠤᠨ ᠵᠢᠷᠤᠮᠵᠢᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠵᠤ ᠂ ᠬᠤᠰᠢᠭᠤᠷᠠᠯ ᠲᠠᠪᠴᠠᠩ ᠤᠨ ᠠᠵᠤ ᠠᠬᠤᠶᠢᠯᠠᠯ ᠤᠨ ᠬᠠᠶᠢᠨ ᠰᠦᠪᠡᠭᠴᠢᠯᠡᠵᠦ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃

      ᠬᠤᠷᠠᠯ ᠠᠴᠠ ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠬᠡᠷᠡᠭᠲᠡᠢ ᠃ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ ᠃ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠤᠭᠤᠯᠤᠯᠲᠠ ᠶᠢ ᠲᠠᠲᠠᠬᠤ ᠶᠠᠪᠤᠳᠠᠯ ᠢ ᠨᠡᠩ ᠴᠢᠬᠤᠯᠠ ᠪᠠᠶᠢᠷᠢᠨ ᠳᠤ ᠲᠠᠯᠪᠢᠵᠤ ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠦᠨᠳᠦᠰᠦᠨ ᠬᠦᠴᠦᠨ ᠵᠦᠢᠯ ᠢ ᠲᠣᠭᠲᠠᠪᠤᠷᠢᠵᠢᠭᠤᠯᠬᠤ ᠬᠡᠷᠡᠭᠲᠡᠢ ᠃ ᠨᠥᠬᠦᠴᠡᠯ ᠲᠠᠢ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠪᠣᠯᠣᠨ ᠴᠢᠯᠦᠭᠡᠲᠦ ᠠᠷᠠᠯᠵᠢᠶᠠᠨ ᠤ ᠭᠠᠷᠠᠮ ᠢ ᠤᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ ᠲᠠᠢ ᠵᠣᠯᠭᠠᠭᠤᠯᠬᠤ ᠶᠢ ᠲᠠᠮᠵᠢᠵᠤ ᠂ ᠥᠭᠡᠷᠡᠴᠢᠯᠡᠯᠲᠡ ᠨᠡᠭᠡᠭᠡᠯᠲᠡ ᠶᠢᠨ ᠤᠷᠢᠳ ᠢᠶᠠᠷ ᠬᠢᠵᠦ ᠤᠷᠢᠳ ᠢᠶᠠᠷ ᠲᠤᠷᠰᠢᠬᠤ ᠠᠵᠢᠯ ᠢ ᠥᠷᠨᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠨᠠᠮᠳᠠᠭᠠᠵᠤ ᠂ ᠳᠤᠮᠳᠠ ᠪᠠᠭ᠎ᠠ ᠪᠠᠩᠬᠢ ᠂ ᠳᠠᠭᠠᠳᠬᠠᠯ ᠪᠣᠯᠣᠨ ᠢᠲᠡᠭᠡᠮᠵᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠶᠤᠯ ᠲᠦᠭᠰᠢᠭᠦᠷᠢ ᠶᠢ ᠠᠷᠢᠯᠭᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ ᠃ ᠭᠡᠷ ᠪᠠᠶᠢᠰᠢᠩ ᠢ ᠰᠠᠭᠤᠬᠤ ᠶᠢᠨ ᠲᠥᠯᠥᠭᠡ ᠪᠠᠷᠢᠭᠰᠠᠨ ᠠᠴᠠ ᠪᠢᠰᠢ ᠰᠠᠷᠢᠭᠠᠯᠠᠬᠤ ᠶᠢᠨ ᠲᠥᠯᠥᠭᠡ ᠪᠠᠷᠢᠭᠰᠠᠨ ᠪᠢᠰᠢ ᠭᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ ᠂ ᠬᠤᠳᠠ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠂ ᠤᠶᠠᠨ ᠬᠠᠳᠠᠨ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠲᠡᠮᠵᠢᠵᠤ ᠂ ᠴᠠᠭ ᠲᠠᠭᠠᠨ ᠲᠤᠰᠢᠶᠠᠬᠤ ᠶᠢ ᠪᠠᠲᠤᠯᠠᠬᠤ ᠠᠰᠠᠷ ᠂ ᠠᠷᠠᠳ ᠤᠨ ᠠᠮᠢᠳᠤᠷᠠᠯ ᠢ ᠪᠠᠲᠤᠯᠠᠬᠤ ᠂ ᠲᠣᠭᠲᠠᠭᠤᠨ ᠪᠠᠶᠢᠳᠠᠯ ᠢ ᠪᠠᠲᠤᠯᠠᠬᠤ ᠠᠵᠢᠯ ᠢ ᠰᠠᠶᠢᠲᠤᠷ ᠬᠢᠵᠦ ᠂ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠵᠤ ᠂ ᠭᠡᠷ ᠭᠠᠵᠠᠷ ᠤᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠬᠤ ᠶᠢ ᠠᠬᠢᠭᠤᠯᠬᠤ ᠬᠡᠷᠡᠭᠲᠡᠢ ᠃ ᠭᠡᠲᠦ ᠲᠣᠮᠣ ᠣᠨᠴᠠ ᠲᠣᠮᠣ ᠬᠤᠲᠠ ᠳᠤ ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠨ ᠰᠢᠨᠡᠳᠬᠡᠬᠦ ᠪᠠ ︽ ᠡᠩ ᠤᠨ ᠦᠶ᠎ᠡ ᠳᠤ ᠬᠡᠷᠡᠭᠯᠡᠬᠦ ᠮᠥᠷᠲᠡᠭᠡᠨ ᠪᠠᠴᠢᠮ ᠪᠠᠶᠢᠳᠠᠯ ᠢ ᠠᠷᠭᠠᠴᠠᠭᠠᠬᠤ ᠳᠤ ᠦᠶ᠎ᠡ ᠬᠡᠷᠡᠭᠯᠡᠬᠦ ︾ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠬᠤ ᠬᠡᠷᠡᠭᠲᠡᠢ ᠃ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠬᠡᠷᠡᠭᠲᠡᠢ ᠃ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ ᠂ ᠳᠠᠯᠳᠠ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠬᠢᠵᠠᠭᠠᠷᠯᠠᠬᠤ ᠬᠡᠷᠡᠭᠲᠡᠢ ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ ᠃

      ᠬᠤᠷᠠᠯ ᠠᠴᠠ ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ ᠂ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠤᠳᠤᠷᠢᠳᠤᠮᠵᠢ ᠶᠢ ᠴᠢᠩᠭᠠᠳᠬᠠᠨ ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠷᠭ᠎ᠠ ᠵᠠᠮ ᠢ ᠥᠷᠭᠡᠳᠬᠡᠵᠦ ᠂ ᠬᠥᠯᠥᠰᠦᠨ ᠲᠠᠷᠢᠶᠠᠴᠢᠨ ᠵᠡᠷᠭᠡ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠬᠡᠷᠡᠭᠲᠡᠢ ᠃ ︽ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ ᠃ ᠵᠤᠨ ᠤ ᠤᠯᠠᠷᠢᠯ ᠤᠨ ᠴᠠᠬᠢᠯᠭᠠᠨ ᠬᠡᠷᠡᠭᠯᠡᠬᠦ ᠤᠷᠭᠢᠯ ᠬᠤᠭᠤᠴᠠᠭ᠎ᠠ ᠶᠢ ᠤᠭᠲᠤᠬᠤ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠢ ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠠᠮᠤ ᠪᠤᠳᠠᠭᠠᠨ ᠤ ᠦᠢᠯᠡᠳᠪᠦᠷᠢᠯᠡᠯ ᠪᠣᠯᠣᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠪᠠᠲᠤᠯᠠᠭ᠎ᠠ ᠶᠢ ᠰᠠᠶᠢᠲᠤᠷ ᠠᠳᠬᠤᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ ᠃ ᠠᠮᠢ ᠠᠬᠤᠢ ᠣᠷᠴᠢᠨ ᠲᠣᠭᠤᠷᠢᠨ ᠢ ᠰᠢᠰᠲ᠋ᠧᠮ ᠲᠠᠢ ᠵᠠᠰᠠᠬᠤ ᠶᠢ ᠴᠢᠩᠭᠠᠳᠬᠠᠬᠤ ᠬᠡᠷᠡᠭᠲᠡᠢ ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠲᠦᠷᠦᠭᠦᠯᠡᠨ ᠪᠠᠶᠢᠴᠠᠭᠠᠨ ᠰᠤᠳᠤᠯᠤᠯᠲᠠ ᠶᠢ ᠶᠡᠭᠡ ᠪᠠᠷ ᠬᠢᠵᠦ ᠂ ᠠᠰᠠᠭᠤᠳᠠᠯ ᠳᠤ ᠴᠢᠭᠯᠡᠭᠦᠯᠦᠨ ᠂ ᠠᠵᠤ ᠠᠬᠤᠶᠢᠯᠠᠯ ᠪᠠ ᠦᠨᠳᠦᠰᠦᠨ ᠱᠠᠲᠤ ᠶᠢ ᠦᠨᠡᠨ ᠬᠦ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ