ᠰᠢ ᠶᠢᠨ ᠫᠢᠩ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠤᠨ ᠰᠤᠷᠤᠬᠴᠢᠳ ᠲᠤ ᠬᠠᠷᠢᠭᠤ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2023/5/4

      ᠰᠢ ᠶᠢᠨ ᠫᠢᠩ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠤᠨ ᠰᠤᠷᠤᠬᠴᠢᠳ ᠲᠤ ᠬᠠᠷᠢᠭᠤ ᠵᠠᠬᠢᠳᠠᠯ ᠢᠯᠡᠭᠡᠵᠦ ᠴᠢᠬᠤᠯᠠᠴᠢᠯᠠᠭᠰᠠᠨ  ᠨᠢ

      ᠬᠥᠳᠡᠭᠡ ᠠᠵᠤ ᠠᠬᠤᠢ ᠶᠢ ᠬᠠᠶᠢᠷᠠᠯᠠᠬᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠡᠪᠦᠷᠯᠡᠨ ᠬᠥᠳᠡᠭᠡ ᠠᠵᠤ ᠠᠬᠤᠢ ᠶᠢ ᠬᠥᠭᠵᠢᠭᠦᠯᠬᠦ ᠡᠷᠳᠡᠮ ᠴᠢᠳᠠᠪᠤᠷᠢ ᠶᠢ ᠳᠠᠪᠲᠠᠨ ᠪᠣᠯᠪᠠᠰᠤᠷᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠮᠣ ᠲᠠᠪᠴᠠᠩ ᠳᠤ ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ ᠬᠡᠷᠡᠭᠲᠡᠢ 

      ︽ 5·4 ︾ ᠤ ᠵᠠᠯᠠᠭᠤᠴᠤᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ ᠪᠦᠭᠦ ᠤᠯᠤᠰ ᠤᠨ ᠥᠷᠭᠡᠨ ᠤᠯᠠᠨ ᠵᠠᠯᠠᠭᠤᠴᠤᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ

      ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠤᠨ ᠰᠤᠷᠤᠬᠴᠢᠳ ᠲᠤ ᠬᠠᠷᠢᠭᠤ ᠵᠠᠬᠢᠳᠠᠯ ᠢᠯᠡᠭᠡᠵᠦ ᠂ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠭᠰᠠᠨ ᠪᠥᠭᠡᠳ ︽ 5·4 ︾  ᠤ ᠵᠠᠯᠠᠭᠤᠴᠤᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ ᠪᠦᠭᠦ ᠤᠯᠤᠰ ᠤᠨ ᠥᠷᠭᠡᠨ ᠤᠯᠠᠨ ᠵᠠᠯᠠᠭᠤᠴᠤᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ ᠃

      ᠰᠢ ᠶᠢᠨ ᠫᠢᠩ ᠬᠠᠷᠢᠭᠤ ᠵᠠᠬᠢᠳᠠᠯ ᠳᠠᠭᠠᠨ ᠂ ᠣᠯᠠᠨ ᠢᠶᠠᠷ ᠢᠶᠠᠨ ᠰᠤᠷᠭᠠᠭᠤᠯᠢ ᠶᠢᠨ ᠪᠠᠶᠢᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠢᠶᠠᠷ ᠳᠠᠮᠵᠢᠭᠤᠯᠤᠨ ᠲᠠᠷᠢᠶᠠᠨ ᠭᠠᠵᠠᠷ ᠪᠣᠯᠣᠨ ᠠᠶᠢᠯ ᠲᠣᠰᠬᠤᠨ ᠲᠠᠷᠢᠶᠠᠴᠢᠨ ᠡᠷᠦᠭᠡ ᠳᠤ ᠭᠦᠨᠵᠡᠭᠡᠶᠢᠷᠡᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠳᠤᠮᠳᠠ ᠠᠷᠠᠳ ᠤᠨ ᠠᠮᠢᠳᠤᠷᠠᠯ ᠢ ᠣᠶᠢᠯᠠᠭᠠᠵᠤ ᠂ ᠨᠠᠷᠢᠨ ᠨᠢᠮᠪᠠᠢ ᠰᠤᠳᠤᠯᠤᠨ ᠡᠷᠳᠡᠮ ᠮᠡᠳᠡᠯᠭᠡ ᠡᠵᠡᠮᠰᠢᠵᠦ ᠪᠠᠶᠢᠬᠤ ᠶᠢ ᠰᠣᠨᠣᠰᠤᠭᠠᠳ ᠪᠢ ᠮᠠᠰᠢ ᠪᠠᠶᠠᠷᠯᠠᠵᠤ ᠪᠠᠶᠢᠨ᠎ᠠ ᠭᠡᠵᠦ ᠬᠡᠯᠡᠪᠡ ᠃

      ᠰᠢ ᠶᠢᠨ ᠫᠢᠩ ᠂ ᠲᠠ ᠨᠠᠷ ᠵᠠᠬᠢᠳᠠᠯ ᠳᠠᠭᠠᠨ ᠳᠤᠮᠳᠠᠳᠤ ᠤᠯᠤᠰ ᠤᠨ ᠬᠥᠳᠡᠭᠡ ᠨᠤᠲᠤᠭ ᠢᠶᠠᠷ ᠭᠦᠨᠵᠡᠭᠡᠶᠢᠷᠡᠭᠡᠳ ᠰᠠᠶ᠋ᠢ ᠶᠠᠭᠤ ᠶᠢ ᠦᠨᠡᠨ ᠠᠴᠠ ᠵᠥᠪ ᠢ ᠡᠷᠢᠬᠦ ᠂ ᠬᠡᠷᠬᠢᠨ ᠤᠯᠠᠨ ᠲᠦᠮᠡᠨ ᠲᠠᠢ ᠬᠠᠷᠢᠯᠴᠠᠬᠤ ᠭᠡᠳᠡᠭ ᠢ ᠭᠦᠨᠵᠡᠭᠡᠢ ᠣᠶᠢᠯᠠᠭᠠᠯ᠎ᠠ ᠂ ᠵᠠᠯᠠᠭᠤᠴᠤᠳ ᠰᠠᠨᠠᠭᠠᠴᠢᠯᠠᠭ᠎ᠠ ᠠᠴᠠ ᠪᠠᠨ ᠬᠦᠴᠢᠷ ᠵᠣᠪᠠᠭᠤᠷᠢ ᠶᠢ ᠠᠮᠰᠠᠬᠤ ᠬᠡᠷᠡᠭᠲᠡᠢ ᠭᠡᠰᠡᠨ ᠨᠢ ᠮᠠᠰᠢ ᠰᠠᠶᠢᠬᠠᠨ ᠶᠠᠷᠢᠵᠤ ᠪᠠᠶᠢᠨ᠎ᠠ ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠡᠶᠢᠮᠦ ᠵᠣᠷᠢᠭ ᠪᠤᠳᠤᠯ ᠲᠠᠢ ᠪᠠᠶᠢᠪᠠᠯ ᠲᠠᠭᠠᠷᠠᠨ᠎ᠠ ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠤᠬᠠᠢ ᠪᠠᠶᠢᠷᠢᠯᠠᠭᠤᠯᠤᠯᠲᠠ ᠬᠢᠪᠡ ᠂ ᠰᠤᠷᠤᠬᠴᠢ ᠨᠥᠬᠦᠳ ᠲᠡᠭᠡᠨ ᠠᠯᠤᠰ ᠭᠡᠳᠤ ᠶᠢᠨ ᠬᠦᠰᠡᠯ ᠵᠣᠷᠢᠯᠲᠠ ᠲᠠᠢ ᠂ ᠯᠠᠪᠳᠠᠭᠤᠨ ᠪᠠᠲᠤᠲᠠᠢ ᠠᠵᠢᠯᠯᠠᠵᠤ ᠂ ᠬᠢᠴᠢᠶᠡᠯ ᠤᠨ ᠲᠠᠩᠬᠢᠮ ᠤᠨ ᠰᠤᠷᠤᠯᠴᠠᠯᠭ᠎ᠠ ᠪᠣᠯᠣᠨ ᠬᠥᠳᠡᠭᠡ ᠲᠣᠰᠬᠤᠨ ᠤ ᠦᠢᠯᠡᠳᠦᠯᠭᠡ ᠶᠢ ᠨᠢᠭᠲᠠ ᠤᠶᠠᠯᠳᠤᠭᠤᠯᠵᠤ ᠂ ᠬᠥᠳᠡᠭᠡ ᠠᠵᠤ ᠠᠬᠤᠢ ᠶᠢ ᠬᠠᠶᠢᠷᠠᠯᠠᠬᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠡᠪᠦᠷᠯᠡᠨ ᠂ ᠬᠥᠳᠡᠭᠡ ᠠᠵᠤ ᠠᠬᠤᠢ ᠶᠢ ᠬᠥᠭᠵᠢᠭᠦᠯᠬᠦ ᠡᠷᠳᠡᠮ ᠴᠢᠳᠠᠪᠤᠷᠢ ᠶᠢ ᠳᠠᠪᠲᠠᠨ ᠪᠣᠯᠪᠠᠰᠤᠷᠠᠭᠤᠯᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠮᠣ ᠲᠠᠪᠴᠠᠩ ᠳᠤ ᠭᠠᠪᠢᠶ᠎ᠠ ᠪᠠᠶᠢᠭᠤᠯᠤᠨ ᠦᠢᠯᠡᠰ ᠪᠦᠲᠦᠭᠡᠵᠦ ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠵᠠᠯᠠᠭᠤ ᠨᠠᠰᠤᠨ ᠤ ᠪᠠᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ ᠃

      2009 ᠣᠨ ᠳᠤ ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠾᠧᠪᠧᠢ ᠮᠤᠵᠢ ᠶᠢᠨ ᠴᠢᠦᠢ ᠵᠧᠦ ᠰᠢᠶᠠᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠢ ᠲᠤᠷᠰᠢᠨ ᠪᠠᠶᠢᠭᠤᠯᠵᠤ ᠂ ᠲᠠᠷᠢᠶᠠᠯᠠᠩ ᠤᠨ ᠲᠤᠰᠬᠠᠢ ᠮᠡᠷᠭᠡᠵᠢᠯ ᠤᠨ ᠡᠷᠳᠡᠮ ᠤᠨ ᠴᠣᠯᠠ ᠶᠢᠨ ᠠᠰᠫᠢᠷᠠᠨᠲ ᠢ ᠲᠠᠷᠢᠶᠠᠯᠠᠩ ᠤᠨ ᠦᠢᠯᠡᠳᠪᠦᠷᠢᠯᠡᠯ ᠤᠨ ᠡᠮᠦᠨ᠎ᠡ ᠹᠷᠣᠨᠲ ᠲᠤ ᠲᠣᠮᠢᠯᠠᠨ ᠰᠠᠭᠤᠯᠭᠠᠵᠤ ᠂ ᠮᠡᠳᠡᠯᠭᠡ ᠂ ᠣᠨᠣᠯ ᠤᠨ ᠰᠤᠷᠤᠯᠴᠠᠯᠭ᠎ᠠ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠪᠣᠳᠠᠲᠠᠢ ᠠᠰᠠᠭᠤᠳᠠᠯ ᠢ ᠰᠤᠳᠤᠯᠤᠨ ᠰᠢᠢᠳᠪᠦᠷᠢᠯᠡᠵᠦ ᠂ ᠬᠥᠳᠡᠭᠡ ᠠᠵᠤ ᠠᠬᠤᠢ ᠶᠢᠨ ᠳᠡᠭᠡᠳᠦ ᠲᠠᠰ ᠤᠨ ᠴᠢᠳᠠᠪᠤᠷᠢᠲᠠᠨ ᠢ ᠬᠥᠮᠥᠵᠢᠭᠦᠯᠦᠨ ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠦᠢᠯᠡᠴᠢᠯᠡᠭᠦᠯᠪᠡ ᠃ ᠣᠳᠣᠬᠠᠨ ᠳᠤ ᠂ ᠲᠣᠰ ᠰᠤᠷᠭᠠᠭᠤᠯᠢ ᠨᠢᠭᠡᠨᠲᠡ ᠪᠦᠭᠦ ᠤᠯᠤᠰ ᠤᠨ 24 ᠮᠤᠵᠢ ᠣᠷᠣᠨ ᠬᠤᠲᠠ ᠶᠢᠨ 91 ᠰᠢᠶᠠᠨ ᠬᠤᠲᠠ ᠲᠣᠭᠤᠷᠢᠭ ᠬᠤᠰᠢᠭᠤᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠢ 139 ᠪᠠᠶᠢᠭᠤᠯᠪᠠ ᠃ ᠣᠶᠢᠷ᠎ᠠ ᠳᠤ ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠤᠨ ᠰᠤᠷᠤᠬᠴᠢᠳ ᠤᠨ ᠲᠥᠯᠥᠭᠡᠯᠡᠭᠴᠢ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠨ ᠣᠯᠣᠯᠲᠠ ᠲᠥᠷᠥᠭᠳᠡᠯ ᠢᠶᠠᠨ ᠬᠠᠷᠢᠭᠤ ᠮᠡᠳᠡᠭᠦᠯᠵᠦ ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠬᠤᠪᠢ ᠨᠡᠮᠡᠷᠢ ᠦᠵᠡᠭᠦᠯᠭᠦ ᠡᠷᠡᠰ ᠵᠣᠷᠢᠭ ᠢᠶᠠᠨ ᠢᠯᠡᠳᠬᠡᠭᠰᠡᠨ ᠪᠠᠶᠢᠨ᠎ᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ