ᠰᠢ ᠶᠢᠨ ᠫᠢᠩ  ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭ᠎ᠠ  ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ  ᠤᠨ ᠠᠵᠢᠯ  ᠤᠨ ᠬᠤᠷᠠᠯ ᠳᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄
2023/5/4

      ︽ ᠦᠨᠡᠨ ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ

      5 ᠰᠠᠷ᠎ᠠ ᠶᠢᠨ 1 ᠤ ᠡᠳᠦᠷ ᠬᠡᠪᠯᠡᠭᠳᠡᠭᠰᠡᠨ 9 ᠳ᠋ᠦ᠋ᠭᠡᠷ ᠬᠤᠭᠤᠴᠠᠭ᠎ᠠ ᠶᠢᠨ ︽ ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ  ᠂ ᠤᠯᠤᠰ ᠤᠨ ᠲᠡᠷᠢᠭᠦᠯᠡᠭᠴᠢ  ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠵᠣᠬᠢᠶᠠᠯ ︽ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠶᠠᠷᠢᠶ᠎ᠠ ︾ ᠶᠢ ᠨᠡᠶᠢᠲᠡᠯᠡᠪᠡ ᠃

      ᠵᠣᠬᠢᠶᠠᠯ ᠳᠤ ᠂ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ ᠃ ᠨᠢᠭᠡᠳᠦᠭᠡᠷ ᠲᠤ ᠂ ᠡᠨᠡ ᠪᠣᠯ ᠪᠦᠭᠦ ᠨᠠᠮ ᠤᠨ ᠦᠵᠡᠯ ᠰᠠᠨᠠᠭ᠎ᠠ ᠵᠣᠷᠢᠯᠲᠠ ᠦᠢᠯᠡ ᠠᠵᠢᠯᠯᠠᠭ᠎ᠠ ᠶᠢ ᠨᠢᠭᠡᠳᠬᠡᠵᠦ ᠂ ᠨᠠᠮ ᠤᠨ ᠬᠦᠴᠦᠷᠬᠡᠭ ᠶᠡᠭᠡ ᠨᠢᠭᠲᠠᠷᠠᠯ ᠤᠨ ᠬᠦᠴᠦᠨ ᠂ ᠳᠠᠶᠢᠴᠢᠨ ᠬᠦᠴᠦᠨ ᠢ ᠢᠮᠠᠭᠲᠠ ᠪᠠᠲᠤᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠃ ᠦᠵᠡᠯ ᠰᠠᠨᠠᠭᠠᠨ ᠤ ᠲᠠᠯ᠎ᠠ ᠪᠠᠷ ᠨᠢᠭᠡᠳᠦᠯᠲᠡᠢ ᠪᠠᠶᠢᠬᠤ ᠪᠣᠯ ᠨᠠᠮ ᠤᠨ ᠪᠦᠯᠬᠦᠮᠳᠡᠯ ᠨᠢᠭᠡᠳᠦᠯ ᠤᠨ ᠬᠠᠮᠤᠭ ᠤᠨ ᠭᠦᠨ ᠵᠤᠵᠠᠭᠠᠨ ᠬᠠᠮᠤᠭ ᠤᠨ ᠤᠳᠠᠭᠠᠨ ᠳᠠᠭᠠᠭᠠᠮᠠᠭᠠᠢ ᠬᠠᠮᠤᠭ ᠤᠨ ᠨᠠᠶᠢᠳᠠᠪᠤᠷᠢᠲᠠᠢ ᠪᠠᠲᠤᠯᠠᠭ᠎ᠠ ᠮᠥᠨ ᠃ ᠮᠠᠨ ᠤ ᠡᠶᠢᠮᠦ ᠶᠡᠭᠡ ᠨᠠᠮ ᠡᠶᠢᠮᠦ ᠶᠡᠭᠡ ᠤᠯᠤᠰ ᠢ ᠤᠳᠤᠷᠢᠳᠴᠤ ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠭᠠᠭᠤᠯᠤᠨ ᠤᠯᠤᠰ ᠣᠷᠣᠨ ᠤ ᠬᠦᠴᠦᠷᠬᠡᠭᠵᠢᠯ ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠡᠨᠡ ᠬᠦ ᠪᠡᠷᠬᠡ ᠬᠠᠲᠠᠭᠤᠵᠢᠯᠲᠠᠢ ᠡᠭᠦᠷᠭᠡ ᠶᠢ ᠡᠭᠦᠷᠭᠡᠯᠡᠵᠦ ᠪᠠᠶᠢᠭ᠎ᠠ ᠪᠣᠯᠬᠤᠷ ᠪᠦᠭᠦ ᠨᠠᠮ ᠢᠶᠠᠷ ᠢᠶᠠᠨ ᠡᠷᠬᠡᠪᠰᠢ ᠦᠵᠡᠯ ᠰᠠᠨᠠᠭ᠎ᠠ ᠪᠠᠨ ᠨᠢᠭᠡᠳᠬᠡᠵᠦ ᠂ ᠵᠣᠷᠢᠯᠲᠠ ᠪᠠᠨ ᠨᠢᠭᠡᠳᠬᠡᠵᠦ ᠂ ᠦᠢᠯᠡ ᠠᠵᠢᠯᠯᠠᠭ᠎ᠠ ᠪᠠᠨ ᠨᠢᠭᠡᠳᠬᠡᠬᠦ ᠬᠡᠷᠡᠭᠲᠡᠢ ᠃ ᠬᠤᠶᠠᠳᠤᠭᠠᠷ ᠲᠤ ᠂ ᠡᠨᠡ ᠪᠣᠯ ᠪᠦᠭᠦ ᠨᠠᠮ ᠤᠨ ᠢᠳᠡᠪᠬᠢᠲᠡᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠂ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠶᠢ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠃ ᠮᠠᠨ ᠤ ᠨᠠᠮ ᠤᠨ ᠵᠠᠭᠤᠨ ᠵᠢᠯ ᠤᠨ ᠲᠡᠮᠡᠴᠡᠯ ᠤᠨ ᠠᠭᠤᠤ ᠶᠡᠭᠡ ᠠᠮᠵᠢᠯᠲᠠ ᠪᠦᠲᠦᠮᠵᠢ ᠶᠢ ᠪᠣᠯ ᠴᠥᠮ ᠨᠠᠮ ᠠᠴᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠲᠡᠮᠡᠴᠡᠵᠦ ᠪᠠᠶᠢᠭᠠᠳ ᠣᠯᠣᠭᠰᠠᠨ ᠶᠤᠮ ᠂ ᠠᠵᠢᠯᠯᠠᠵᠤ ᠪᠠᠶᠢᠭᠠᠳ ᠪᠦᠲᠦᠭᠡᠭᠰᠡᠨ ᠶᠤᠮ ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠢᠷᠤᠭᠯᠠᠭᠰᠠᠨ ᠠᠤᠭ᠎ᠠ ᠲᠥᠰᠥᠪ ᠢ ᠪᠣᠳᠠᠲᠤ ᠠᠬᠤᠢ ᠪᠣᠯᠭᠠᠨ ᠪᠡᠶᠡᠯᠡᠭᠦᠯᠬᠦ ᠳᠤ ᠮᠥᠨ ᠯᠡ ᠲᠡᠮᠡᠴᠡᠯ ᠳᠤ ᠲᠦᠰᠢᠭᠯᠡᠵᠦ ᠂ ᠠᠵᠢᠯᠯᠠᠬᠤ ᠳᠤ ᠲᠦᠰᠢᠭᠯᠡᠬᠦ ᠬᠡᠷᠡᠭᠲᠡᠢ ᠃ ᠭᠤᠷᠪᠠᠳᠤᠭᠠᠷ ᠲᠤ ᠂ ᠡᠨᠡ ᠪᠣᠯ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠢᠶᠠᠷ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠶᠢ ᠭᠦᠨᠵᠡᠭᠡᠢ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠃ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠨᠢ ᠡᠭᠦᠷᠢᠳᠡ ᠵᠣᠭᠰᠣᠰᠢ ᠦᠭᠡᠢ ᠶᠤᠮ ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠪᠣᠯ ᠡᠭᠦᠷᠢᠳᠡ ᠵᠣᠭᠰᠣᠰᠢ ᠦᠭᠡᠢ ᠶᠤᠮ ᠂ ᠶᠡᠭᠡ ᠨᠠᠮ ᠤᠨ ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠪᠣᠯ ᠨᠢᠭᠡᠨ ᠤᠷᠳᠤ ᠬᠤᠭᠤᠴᠠᠭᠠᠨ ᠤ ᠪᠥᠭᠡᠳ ᠪᠡᠷᠬᠡ ᠬᠠᠲᠠᠭᠤᠵᠢᠯᠲᠠᠢ ᠶᠠᠪᠤᠴᠠ ᠮᠥᠨ ᠂ ᠪᠠᠶᠢᠩᠭᠤ ᠰᠤᠯᠠᠷᠠᠭᠤᠯᠤᠯ ᠦᠭᠡᠢ ᠠᠳᠬᠤᠬᠤ ᠴᠢᠬᠤᠯᠠᠲᠠᠢ ᠮᠥᠷᠲᠡᠭᠡᠨ ᠪᠠᠰᠠ ᠲᠥᠪᠯᠡᠷᠡᠩᠭᠦᠢ ᠪᠠᠷ ᠬᠦᠴᠦᠯᠡᠵᠦ ᠂ ᠨᠠᠮ ᠤᠨ ᠲᠡᠷᠢᠭᠦᠨ ᠤ ᠴᠢᠨᠠᠷ ᠴᠡᠪᠡᠷ ᠴᠢᠨᠠᠷ ᠢ ᠨᠥᠯᠥᠭᠡᠯᠡᠬᠦ ᠠᠯᠢᠪᠠ ᠬᠦᠴᠦᠨ ᠵᠦᠢᠯ ᠢ ᠴᠠᠭ ᠲᠤᠬᠠᠢ ᠳᠤᠨᠢ ᠠᠷᠢᠯᠭᠠᠵᠤ ᠂ ᠨᠠᠮ ᠤᠨ ᠪᠡᠶ᠎ᠡ ᠴᠣᠭᠴᠠᠰ  ᠤᠨ ᠡᠷᠡᠭᠦᠯ ᠮᠡᠨᠳᠦ ᠶᠢ ᠬᠤᠬᠢᠷᠠᠭᠤᠯᠬᠤ ᠠᠯᠢᠪᠠ ᠸᠢᠷᠦ᠋ᠰ ᠢ ᠠᠷᠢᠯᠭᠠᠵᠤ ᠂ ᠨᠠᠮ ᠤᠨ ᠡᠭᠦᠷᠢᠳᠡ ᠴᠢᠨᠠᠷ ᠬᠤᠪᠢᠷᠠᠬᠤ ᠦᠭᠡᠢ ᠂ ᠥᠩᠭᠡ ᠬᠤᠪᠢᠷᠠᠬᠤ ᠦᠭᠡᠢ ᠂ ᠰᠤᠷᠲᠠᠯ ᠬᠤᠪᠢᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃

      ᠵᠣᠬᠢᠶᠠᠯ ᠳᠤ ᠂ ᠭᠤᠣᠯ ᠰᠡᠳᠦᠪᠲᠦ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠪᠦᠭᠦ ᠲᠠᠯ᠎ᠠ ᠪᠠᠷ ᠣᠨᠣᠪᠴᠢᠲᠠᠢ ᠡᠵᠡᠮᠳᠡᠬᠦ ᠬᠡᠷᠡᠭᠲᠡᠢ ᠃ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠤᠨ ᠶᠡᠷᠦᠩᠬᠡᠢ ᠱᠠᠭᠠᠷᠳᠠᠯᠭ᠎ᠠ ᠪᠣᠯ ︽ ᠦᠵᠡᠯ ᠰᠠᠨᠠᠭ᠎ᠠ ᠶᠢ ᠰᠤᠷᠤᠯᠴᠠᠵᠤ ᠂ ᠨᠠᠮᠴᠢ ᠴᠢᠨᠠᠷ ᠢᠶᠠᠨ ᠴᠢᠩᠭᠠᠳᠬᠠᠵᠤ ᠂ ᠦᠢᠯᠡᠳᠦᠯᠭᠡ ᠶᠢ ᠴᠢᠬᠤᠯᠠᠴᠢᠯᠠᠵᠤ ᠂ ᠰᠢᠨ᠎ᠡ ᠭᠠᠪᠢᠶ᠎ᠠ ᠪᠠᠶᠢᠭᠤᠯᠬᠤ ︾ ᠪᠣᠯᠣᠨ᠎ᠠ ᠃ ᠡᠨᠡ ᠨᠢ ᠮᠠᠨ ᠤ ᠨᠠᠮ ᠤᠨ ᠲᠠᠨᠢᠯᠲᠠ ᠪᠣᠯᠣᠨ ᠦᠢᠯᠡᠳᠦᠯᠭᠡ ᠶᠢ ᠤᠶᠠᠯᠳᠤᠭᠤᠯᠬᠤ ᠂ ᠤᠨᠤᠯ ᠪᠣᠯᠣᠨ ᠦᠢᠯᠡᠳᠦᠯᠭᠡ ᠶᠢ ᠤᠶᠠᠯᠳᠤᠭᠤᠯᠬᠤ ᠂ ᠪᠡᠶᠡᠴᠢ ᠶᠢᠷᠲᠢᠨᠴᠦ ᠶᠢ ᠥᠭᠡᠷᠡᠴᠢᠯᠡᠬᠦ ᠪᠣᠯᠣᠨ ᠪᠤᠰᠤᠳᠴᠢ ᠶᠢᠷᠲᠢᠨᠴᠦ ᠶᠢ ᠥᠭᠡᠷᠡᠴᠢᠯᠡᠬᠦ ᠶᠢ ᠨᠢᠭᠡᠳᠬᠡᠬᠦ ᠢᠮᠠᠭᠲᠠ ᠶᠢᠨ ᠱᠠᠭᠠᠷᠳᠠᠯᠭ᠎ᠠ ᠶᠢ ᠢᠯᠡᠷᠡᠭᠦᠯᠵᠦ ᠂ ᠨᠢᠭᠲᠠ ᠬᠤᠯᠪᠣᠯᠳᠤᠭᠰᠠᠨ ᠂ ᠬᠠᠷᠢᠯᠴᠠᠨ ᠤᠶᠠᠯᠳᠤᠭᠰᠠᠨ ᠂ ᠳᠣᠲᠣᠭᠠᠳᠤ ᠨᠢᠭᠡᠳᠦᠯ ᠲᠠᠢ ᠪᠦᠬᠦᠯᠢ ᠴᠣᠭᠴᠠ ᠮᠥᠨ ᠃ ᠡᠨᠡ ᠬᠦ ᠶᠡᠷᠦᠩᠬᠡᠢ ᠱᠠᠭᠠᠷᠳᠠᠯᠭ᠎ᠠ ᠶᠢ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠤᠨ ᠪᠦᠭᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ ᠃ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠦᠨᠳᠦᠰᠦᠨ ᠡᠭᠦᠷᠭᠡ ᠪᠣᠯ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠰᠡᠯᠡᠩ ᠢᠶᠠᠨ ᠪᠠᠲᠤᠳᠬᠠᠬᠤ ᠂ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ ᠪᠣᠯᠣᠨ ᠦᠢᠯᠡᠳᠦᠯᠭᠡ ᠪᠠᠨ ᠵᠢᠯᠣᠭᠤᠳᠤᠭᠤᠯᠬᠤ ᠂ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠵᠤ ᠂ ᠪᠦᠭᠦ ᠨᠠᠮ ᠢ ᠢᠮᠠᠭᠲᠠ ᠨᠢᠭᠡᠳᠦᠯᠲᠡᠢ ᠦᠵᠡᠯ ᠰᠠᠨᠠᠭ᠎ᠠ ᠂ ᠡᠷᠡᠰ ᠪᠠᠲᠤ ᠵᠣᠷᠢᠭ ᠰᠠᠨᠠᠭ᠎ᠠ ᠂ ᠵᠣᠬᠢᠴᠠᠩᠭᠤᠢ ᠠᠵᠢᠯᠯᠠᠭ᠎ᠠ ᠂ ᠬᠦᠴᠦᠷᠬᠡᠭ ᠶᠡᠭᠡ ᠲᠠᠶᠢᠴᠢᠨ ᠬᠦᠴᠦᠨ ᠲᠠᠢ ᠪᠠᠶᠢᠯᠭᠠᠵᠤ ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠲᠠᠯ᠎ᠠ ᠪᠠᠷ ᠦᠨᠡᠨ ᠪᠣᠳᠠᠲᠠᠢ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠶᠠᠪᠤᠳᠠᠯ ᠪᠣᠯᠣᠨ᠎ᠠ ᠃ ᠪᠣᠳᠠᠲᠠᠢ ᠪᠠᠷ ᠳᠣᠣᠷᠠᠬᠢ ᠬᠠᠷᠠᠯᠲᠠ ᠳᠤ ᠬᠦᠷᠬᠦ ᠬᠡᠷᠡᠭᠲᠡᠢ ᠂ ᠨᠢᠭᠡ ᠳᠤ ᠰᠡᠳᠬᠢᠯ ᠨᠢᠭᠡᠳᠦᠨ ᠰᠦᠭ ᠰᠦᠨᠡᠰᠦ ᠶᠢ ᠱᠤᠭᠤᠵᠤ ᠦᠨᠳᠦᠰᠦ ᠶᠢ ᠪᠠᠬᠢᠵᠢᠭᠦᠯᠬᠦ ᠬᠡᠷᠡᠭᠲᠡᠢ ᠂ ᠬᠤᠶᠠᠷ ᠲᠤ ᠵᠠᠩ ᠴᠢᠨᠠᠷ ᠢ ᠳᠠᠪᠲᠠᠨ ᠪᠣᠯᠪᠠᠰᠤᠷᠠᠭᠤᠯᠵᠤ ᠦᠨᠡᠨᠴᠢ ᠰᠢᠳᠤᠷᠭᠤ ᠪᠠᠶᠢᠬᠤ ᠶᠢ ᠴᠢᠩᠭᠠᠳᠬᠠᠬᠤ ᠬᠡᠷᠡᠭᠲᠡᠢ ᠂ ᠭᠤᠷᠪᠠ ᠳᠤ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ ᠬᠥᠭᠵᠢᠯᠲᠡ ᠶᠢ ᠠᠬᠢᠭᠤᠯᠬᠤ ᠬᠡᠷᠡᠭᠲᠡᠢ ᠂ ᠳᠥᠷᠪᠡ ᠳᠤ ᠵᠣᠷᠢᠯᠲᠠ ᠪᠠᠨ ᠦᠢᠯᠡᠳᠦᠯᠭᠡᠵᠢᠭᠦᠯᠵᠦ ᠠᠷᠠᠳ ᠲᠦᠮᠡᠨ ᠳᠤ ᠪᠤᠶᠠᠨ ᠦᠢᠯᠡᠳᠬᠦ ᠬᠡᠷᠡᠭᠲᠡᠢ ᠂ ᠲᠠᠪᠤ ᠳᠤ ᠠᠷᠢᠭᠤᠨ ᠴᠢᠬᠡᠴᠢ ᠪᠠᠷ ᠨᠠᠶᠢᠲᠠ ᠶᠢᠨ ᠲᠥᠯᠥᠭᠡ ᠵᠢᠳᠬᠦᠬᠦ ᠰᠢᠨ᠎ᠡ ᠰᠤᠷᠲᠠᠯ ᠢ ᠪᠤᠢ ᠪᠣᠯᠭᠠᠬᠤ ᠬᠡᠷᠡᠭᠲᠡᠢ ᠃ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠢ ᠱᠠᠲᠤ ᠬᠤᠪᠢᠶᠠᠬᠤ ᠦᠭᠡᠢ ᠂ ᠭᠤᠭᠴᠤᠭ᠎ᠠ ᠬᠤᠪᠢᠶᠠᠬᠤ ᠦᠭᠡᠢ ᠂ ᠤᠨᠤᠯ ᠤᠨ ᠰᠤᠷᠤᠯᠴᠠᠯᠭ᠎ᠠ ᠂ ᠪᠠᠶᠢᠴᠠᠭᠠᠨ ᠰᠤᠳᠤᠯᠤᠯᠲᠠ ᠂ ᠬᠥᠭᠵᠢᠯᠲᠡ ᠶᠢ ᠠᠬᠢᠭᠤᠯᠬᠤ ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠵᠡᠷᠭᠡ ᠶᠢ ᠤᠶᠠᠯᠳᠤᠭᠤᠯᠵᠤ ᠂ ᠣᠷᠭᠠᠨᠢᠭ ᠢᠶᠠᠷ ᠠᠭᠤᠰᠤᠯᠴᠠᠭᠤᠯᠵᠤ ᠂ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ ᠃ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠤᠨ ᠬᠢᠨ ᠰᠠᠶᠢᠲᠤᠷ ᠳᠠᠭᠠᠭᠤᠯᠵᠤ ᠂ ᠥᠯᠢᠭᠡᠷ ᠳᠠᠭᠤᠷᠢᠶᠠᠯ ᠪᠣᠯᠵᠤ ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠵᠢᠱᠢᠶ᠎ᠡ ᠦᠵᠡᠭᠦᠯᠦᠨ ᠳᠠᠶᠢᠴᠢᠯᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ ᠃

      ᠵᠣᠬᠢᠶᠠᠯ ᠳᠤ ᠂ ᠭᠤᠣᠯ ᠰᠡᠳᠦᠪᠲᠦ ᠬᠥᠮᠦᠵᠢᠯ ᠳᠠᠬᠢ ᠤᠳᠤᠷᠢᠳᠤᠯᠭ᠎ᠠ ᠶᠢ ᠦᠨᠡᠨ ᠬᠦ ᠴᠢᠩᠭᠠᠳᠬᠠᠬᠤ ᠬᠡᠷᠡᠭᠲᠡᠢ ᠃ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠪᠣᠯ ᠪᠦᠭᠦ ᠲᠠᠯ᠎ᠠ ᠳᠤ ᠬᠤᠯᠪᠣᠭᠳᠠᠬᠤ ᠶᠡᠭᠡ ᠶᠠᠪᠤᠳᠠᠯ ᠮᠥᠨ ᠂ ᠴᠠᠭ ᠪᠠᠴᠢᠮ ᠂ ᠡᠭᠦᠷᠭᠡ ᠬᠦᠨᠳᠦ ᠂ ᠱᠠᠭᠠᠷᠳᠠᠯᠭ᠎ᠠ ᠥᠨᠳᠥᠷ ᠪᠠᠶᠢᠨ᠎ᠠ ᠃ ᠡᠯ᠎ᠡ ᠱᠠᠲᠤᠨ ᠤ ᠨᠠᠮ ᠤᠨ ᠬᠤᠷᠢᠶ᠎ᠠ ︵ ᠨᠠᠮ ᠤᠨ ᠤᠳᠤᠷᠢᠳᠬᠤ ᠳᠤᠭᠤᠶᠢᠯᠠᠩ ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠃ ᠨᠢᠭᠡᠳᠦᠭᠡᠷ ᠲᠤ ᠂ ᠤᠳᠤᠷᠢᠳᠬᠤ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ ᠃ ᠬᠤᠶᠠᠳᠤᠭᠠᠷ ᠲᠤ ᠂ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠬᠤ ᠬᠡᠷᠡᠭᠲᠡᠢ ᠃ ᠭᠤᠷᠪᠠᠳᠤᠭᠠᠷ ᠲᠤ ᠂ ᠨᠢᠭᠡᠳᠦᠯᠲᠡᠢ ᠲᠥᠯᠥᠪᠯᠡᠵᠦ ᠨᠡᠶᠢᠳᠡ ᠳᠤᠨᠢ ᠬᠠᠷᠠᠭᠠᠯᠵᠠᠬᠤ ᠶᠢ ᠴᠢᠬᠤᠯᠠᠴᠢᠯᠠᠬᠤ ᠬᠡᠷᠡᠭᠲᠡᠢ ᠃ ᠳᠥᠷᠪᠡᠳᠦᠭᠡᠷ ᠲᠤ ᠂ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃

      ᠵᠣᠬᠢᠶᠠᠯ ᠳᠤ ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠤᠭ᠎ᠠ ᠬᠠᠷᠠᠯᠲᠠ ᠬᠥᠮᠥᠰ ᠢ ᠵᠣᠷᠢᠭᠵᠢᠭᠤᠯᠵᠤ ᠂ ᠬᠥᠮᠥᠰ ᠢ ᠤᠷᠮᠠᠰᠢᠭᠤᠯᠤᠨ ᠤᠷᠤᠭᠰᠢᠯᠠᠭᠤᠯᠤᠨ᠎ᠠ ᠂ ᠮᠠᠨ ᠤ ᠡᠨᠡ ᠦᠶ᠎ᠡ ᠶᠢᠨ ᠡᠪ ᠬᠠᠮᠲᠤᠴᠤᠳ ᠤᠨ ᠡᠭᠦᠷᠭᠡ ᠥᠩᠭᠡ ᠭᠡᠷᠡᠯᠲᠡᠢ ᠂ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ ᠃ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠢᠶᠠᠷ ᠠᠵᠠ ᠲᠣᠭᠢᠶᠠᠯ ᠪᠣᠯᠭᠠᠵᠤ ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ ᠂ ᠪᠦᠭᠦ ᠨᠠᠮ ᠤᠨ ᠮᠠᠷᠺᠰ ᠤᠨ ᠦᠵᠡᠯ ᠤᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ ᠂ ᠨᠠᠮ ᠤᠨ ᠲᠦᠷᠦ ᠪᠠᠷᠢᠬᠤ ᠴᠢᠳᠠᠪᠤᠷᠢ ᠪᠣᠯᠣᠨ ᠤᠳᠤᠷᠢᠳᠬᠤ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ ᠂ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ ᠳᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠂ ᠣᠮᠤᠭ ᠵᠣᠷᠢᠭ ᠪᠠᠳᠠᠷᠠᠩᠭᠤᠢ ᠪᠠᠷ ᠡᠷᠡᠯᠬᠡᠭᠯᠡᠨ ᠴᠢᠷᠮᠠᠶᠢᠵᠤ ᠂ ᠡᠷᠡᠮᠡᠬᠡᠶᠢᠯᠡᠨ ᠤᠷᠤᠭᠰᠢᠯᠠᠵᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠵᠠᠢ ᠃

      ︵ ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 30 ᠤ ᠴᠠᠬᠢᠯᠭᠠᠨ ᠮᠡᠳᠡᠭᠡ ︶

 

 

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ