ᠣᠶᠢᠷ᠎ᠠ ᠳᠤ ᠨᠠᠮ ᠤᠨ ᠲᠥᠪ ᠬᠤᠷᠢᠶ᠎ᠠ ︽ ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ ︾ ᠤᠨ ᠨᠢᠭᠡᠳᠦᠭᠡᠷ ᠪᠣᠳᠢ ᠂ ᠬᠤᠶᠠᠳᠤᠭᠠᠷ ᠪᠣᠳᠢ ᠶᠢ ᠰᠤᠷᠤᠯᠴᠠᠬᠤ ᠲᠤᠬᠠᠢ ᠮᠡᠳᠡᠭᠳᠡᠯ ᠪᠠᠭᠤᠯᠭᠠᠪᠠ ᠃ ᠪᠦᠭᠦ ᠠᠭᠤᠯᠭ᠎ᠠ ᠨᠢ ᠳᠣᠣᠷᠠᠬᠢ ᠮᠡᠲᠦ ᠄
︽ ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ ︾ ᠢ ᠨᠠᠶᠢᠷᠠᠭᠤᠯᠤᠨ ᠭᠡᠪᠯᠡᠭᠦ ᠪᠣᠯ ᠨᠠᠮ ᠤᠨ ᠲᠥᠪ ᠬᠤᠷᠢᠶ᠎ᠠ ᠠᠴᠠ ᠲᠣᠭᠲᠠᠭᠠᠭᠰᠠᠨ ᠴᠢᠬᠤᠯᠠ ᠶᠡᠭᠡ ᠲᠣᠭᠲᠠᠭᠠᠯ ᠮᠥᠨ ᠃ ᠤᠳᠤ ᠂ ︽ ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ ︾ ᠤᠨ ᠨᠢᠭᠡᠳᠦᠭᠡᠷ ᠪᠣᠳᠢ ᠂ ᠬᠤᠶᠠᠳᠤᠭᠠᠷ ᠪᠣᠳᠢ ᠶᠢ ᠨᠢᠭᠡᠨᠲᠡ ᠬᠡᠪᠯᠡᠨ ᠲᠠᠷᠬᠠᠭᠠᠪᠠ ᠂ ᠡᠨᠡ ᠪᠣᠯ ᠨᠠᠮ ᠪᠠ ᠳᠦᠷᠦ ᠶᠢᠨ ᠤᠯᠤᠰ ᠲᠦᠷᠦ ᠶᠢᠨ ᠠᠮᠢᠳᠤᠷᠠᠯ ᠳᠤᠮᠳᠠᠬᠢ ᠨᠢᠭᠡᠨ ᠶᠡᠭᠡ ᠶᠠᠪᠤᠳᠠᠯ ᠮᠥᠨ ᠃
︽ ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ ︾ ᠳᠤ ᠶᠡᠷᠦᠩᠬᠡᠢ ᠱᠦᠵᠢ ᠰᠢ ᠶᠢᠨ ᠫᠢᠩ ᠤᠨ 2012 ᠣᠨ ᠤ 11 ᠰᠠᠷ᠎ᠠ ᠠᠴᠠ 2022 ᠣᠨ ᠤ 10 ᠰᠠᠷ᠎ᠠ ᠪᠤᠯᠲᠠᠯᠠᠭᠢ ᠬᠤᠭᠤᠴᠠᠭᠠᠨ ᠳᠠᠬᠢ ᠴᠢᠬᠤᠯᠠ ᠵᠣᠬᠢᠶᠠᠯ ᠪᠦᠲᠦᠭᠡᠯ ᠢ ᠰᠣᠩᠭᠤᠨ ᠣᠷᠣᠭᠤᠯᠵᠠᠢ ᠃ ᠡᠳᠡᠭᠡᠷ ᠴᠢᠬᠤᠯᠠ ᠵᠣᠬᠢᠶᠠᠯ ᠪᠦᠲᠦᠭᠡᠯ ᠨᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠭᠤᠤ ᠶᠡᠭᠡ ᠲᠡᠮᠡᠴᠡᠯ ᠬᠢᠵᠦ ᠂ ᠠᠭᠤᠤ ᠶᠡᠭᠡ ᠢᠨᠵᠧᠨᠧᠷᠢᠩ ᠢ ᠪᠦᠲᠦᠭᠡᠨ ᠪᠠᠶᠢᠭᠤᠯᠵᠤ ᠂ ᠠᠭᠤᠤ ᠶᠡᠭᠡ ᠦᠢᠯᠡᠰ ᠢ ᠠᠬᠢᠭᠤᠯᠵᠤ ᠂ ᠠᠭᠤᠤ ᠶᠡᠭᠡ ᠬᠦᠰᠡᠯ ᠵᠡᠭᠦᠳᠦ ᠶᠢ ᠪᠡᠶᠡᠯᠡᠭᠦᠯᠦᠭᠰᠡᠨ ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠤᠭᠰᠠᠨ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠲᠡᠦᠬᠡᠨ ᠠᠬᠢᠴᠠ ᠶᠢ ᠡᠭᠦᠳᠦᠨ ᠨᠡᠭᠡᠭᠡᠭᠰᠡᠨ ᠢ ᠠᠮᠢᠳᠤᠯᠢᠭ ᠢᠶᠠᠷ ᠲᠡᠮᠳᠡᠭᠯᠡᠵᠦ ᠂ ᠮᠠᠨ ᠤ ᠨᠠᠮ ᠠᠷᠠᠳ ᠲᠦᠮᠡᠨ ᠢ ᠤᠳᠤᠷᠢᠳᠤᠨ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠵᠦ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠠᠭᠠᠨ ᠮᠣᠷᠳᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠶᠢ ᠰᠢᠨᠵᠢᠯᠡᠬᠦ ᠤᠬᠠᠭᠠᠨᠴᠢ ᠪᠠᠷ ᠳ᠋ᠦᠩᠨᠡᠵᠦ ᠂ ᠮᠠᠨ ᠤ ᠨᠠᠮ ᠤᠨ ᠮᠠᠷᠺᠰ ᠤᠨ ᠦᠵᠡᠯ ᠤᠨ ᠦᠨᠳᠦᠰᠦᠨ ᠤᠨᠤᠯ ᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠵᠤ ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠠᠬᠢᠭᠤᠯᠵᠤ ᠣᠯᠣᠭᠰᠠᠨ ᠴᠢᠬᠤᠯᠠ ᠶᠡᠭᠡ ᠤᠨᠤᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠲᠥᠪᠯᠡᠷᠡᠩᠭᠦᠢ ᠲᠤᠰᠬᠠᠵᠤ ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠡᠷᠬᠡ ᠰᠦᠷᠲᠦ ᠵᠢᠭᠠᠬᠤ ᠮᠠᠲ᠋ᠧᠷᠢᠶᠠᠯ ᠮᠥᠨ ᠃ ︽ ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ ︾ ᠢ ᠨᠠᠷᠢᠨ ᠬᠢᠨᠠᠮᠠᠭᠠᠢ ᠰᠤᠷᠤᠯᠴᠠᠬᠤ ᠨᠢ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ︽ ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ ᠂ ︽ ᠲᠦᠷᠪᠡᠨ ᠤᠬᠠᠮᠰᠠᠷ ︾ ᠢᠶᠠᠨ ᠴᠢᠩᠭᠠᠳᠬᠠᠬᠤ ᠂ ︽ ᠲᠦᠷᠪᠡᠨ ᠢᠲᠡᠭᠡᠯ ︾ ᠢᠶᠠᠨ ᠪᠠᠲᠤᠳᠬᠠᠬᠤ ᠂ ︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠬᠦ ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠢ ᠬᠦᠴᠦᠯᠡᠨ ᠠᠬᠢᠭᠤᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ ᠃
ᠶᠡᠷᠦᠩᠬᠡᠢ ᠱᠦᠵᠢ ᠰᠢ ᠶᠢᠨ ᠫᠢᠩ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠡᠭᠦᠳᠦᠭᠴᠢ ᠮᠥᠨ ᠃ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠠᠭᠤᠤ ᠶᠡᠭᠡ ᠦᠢᠯᠡᠳᠦᠯᠭᠡ ᠶᠢᠨ ᠳᠤᠮᠳᠠ ᠂ ᠶᠡᠷᠦᠩᠬᠡᠢ ᠱᠦᠵᠢ ᠰᠢ ᠶᠢᠨ ᠫᠢᠩ ᠮᠠᠷᠺᠰ ᠤᠨ ᠦᠵᠡᠯ ᠤᠨ ᠤᠯᠤᠰ ᠲᠥᠷᠥᠴᠢᠨ ᠂ ᠪᠣᠳᠣᠯᠭᠠᠲᠠᠨ ᠂ ᠪᠠᠶᠢᠯᠳᠤᠬᠤ ᠪᠣᠳᠣᠯᠭᠠᠲᠠᠨ ᠤ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ ᠂ ᠶᠡᠷᠦ ᠪᠤᠰᠤ ᠶᠢᠨ ᠣᠨᠣᠯ ᠤᠨ ᠰᠥᠰᠥ ᠵᠣᠷᠢᠭ ᠂ ᠭᠠᠷᠮᠠᠭᠠᠢ ᠤᠯᠤᠰ ᠲᠥᠷᠥ ᠶᠢᠨ ᠣᠶᠤᠨ ᠤᠬᠠᠭᠠᠨ ᠂ ᠴᠢᠩᠭ᠎ᠠ ᠡᠭᠦᠷᠭᠡ ᠬᠠᠷᠢᠭᠤᠴᠠᠯᠭ᠎ᠠ ᠪᠠᠷ ᠰᠢᠨ᠎ᠡ ᠴᠠᠭ ᠦᠶ᠎ᠡ ᠶᠢᠨ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠬᠤᠯᠪᠣᠭᠳᠠᠬᠤ ᠠᠯᠢ ᠣᠯᠠᠨ ᠴᠢᠬᠤᠯᠠ ᠶᠡᠭᠡ ᠣᠨᠣᠯ ᠤᠨ ᠪᠠ ᠦᠢᠯᠡᠳᠦᠯᠭᠡ ᠶᠢᠨ ᠠᠰᠠᠭᠤᠳᠠᠯ ᠤᠨ ᠲᠤᠬᠠᠢ ᠭᠦᠨᠵᠡᠭᠡᠢ ᠰᠡᠳᠬᠢᠭᠰᠡᠨ ᠪᠠ ᠰᠢᠨᠵᠢᠯᠡᠬᠦ ᠤᠬᠠᠭᠠᠨᠴᠢ ᠮᠠᠭᠠᠳᠯᠠᠯᠲᠠ ᠬᠢᠵᠦ ᠂ ᠠᠯᠢ ᠣᠯᠠᠨ ᠡᠭᠦᠳᠦᠯᠲᠡ ᠶᠢᠨ ᠴᠢᠨᠠᠷᠲᠠᠢ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠤᠨ ᠭᠠᠷᠭᠠᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠭᠦᠳᠦᠨ ᠪᠠᠶᠢᠭᠤᠯᠬᠤ ᠪᠠ ᠬᠥᠭᠵᠢᠭᠦᠯᠬᠦ ᠳᠤ ᠰᠢᠢᠳᠪᠦᠷᠢᠯᠡᠭᠴᠢ ᠴᠢᠨᠠᠷᠲᠠᠢ ᠦᠢᠯᠡᠳᠦᠯ ᠦᠵᠡᠭᠦᠯᠵᠦ ᠂ ᠰᠢᠢᠳᠪᠦᠷᠢᠯᠡᠭᠴᠢ ᠴᠢᠨᠠᠷᠲᠠᠢ ᠬᠤᠪᠢ ᠨᠡᠮᠡᠷᠢ ᠦᠵᠡᠭᠦᠯᠪᠡ ᠃
︽ ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ ︾ ᠢ ᠰᠤᠷᠤᠯᠴᠠᠬᠤ ᠳᠤ ᠂ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠪᠠᠶᠢᠳᠠᠯ ᠤᠨ ᠬᠥᠭᠵᠢᠯᠲᠡ ᠬᠤᠪᠢᠷᠠᠯᠲᠠ ᠲᠠᠢ ᠨᠢᠭᠲᠠ ᠤᠶᠠᠯᠳᠤᠭᠤᠯᠵᠤ ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠵᠡᠯ ᠰᠠᠨᠠᠭ᠎ᠠ ᠪᠠᠨ ᠨᠢᠭᠡᠳᠬᠡᠬᠦ ᠂ ᠵᠣᠷᠢᠭ ᠰᠠᠨᠠᠭ᠎ᠠ ᠪᠠᠨ ᠨᠢᠭᠡᠳᠬᠡᠬᠦ ᠂ ᠦᠢᠯᠡ ᠠᠵᠢᠯᠯᠠᠭ᠎ᠠ ᠪᠠᠨ ᠨᠢᠭᠡᠳᠬᠡᠬᠦ ᠤᠬᠠᠮᠰᠠᠷᠲᠤ ᠴᠢᠨᠠᠷ ᠪᠣᠯᠣᠨ ᠡᠷᠡᠰ ᠪᠠᠲᠤ ᠴᠢᠨᠠᠷ ᠢᠶᠠᠨ ᠴᠢᠩᠭᠠᠳᠬᠠᠵᠤ ᠂ ᠲᠠᠷᠢᠬᠢ ᠲᠣᠯᠣᠭᠠᠢ ᠪᠠᠨ ᠵᠡᠪᠰᠡᠭᠯᠡᠬᠦ ᠂ ᠦᠢᠯᠡᠳᠦᠯᠭᠡ ᠪᠠᠨ ᠵᠢᠯᠣᠭᠤᠳᠤᠭᠤᠯᠬᠤ ᠂ ᠠᠵᠢᠯ ᠢᠶᠠᠨ ᠠᠬᠢᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠢ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ ᠂ ᠬᠤᠷᠢᠨ ᠨᠢᠭᠡᠳᠦᠭᠡᠷ ᠵᠠᠭᠤᠨ ᠤ ᠮᠠᠷᠺᠰ ᠤᠨ ᠦᠵᠡᠯ ᠂ ᠳᠤᠮᠳᠠᠳᠤ ᠶᠢᠨ ᠰᠣᠶᠣᠯ ᠪᠠ ᠳᠤᠮᠳᠠᠳᠤ ᠶᠢᠨ ᠵᠣᠷᠢᠭ ᠰᠠᠨᠠᠭᠠᠨ ᠤ ᠴᠠᠭ ᠦᠶ᠎ᠡ ᠶᠢᠨ ᠣᠭᠢ ᠲᠠᠯᠠᠰᠲᠤ ᠮᠥᠨ ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠰᠢᠨ᠎ᠡ ᠦᠰᠦᠷᠦᠯᠲᠡ ᠶᠢ ᠪᠡᠶᠡᠯᠡᠭᠦᠯᠦᠭᠰᠡᠨ ᠭᠡᠳᠡᠭ ᠢ ᠭᠦᠨᠵᠡᠭᠡᠢ ᠣᠶᠢᠯᠠᠭᠠᠵᠤ ᠂ ᠡᠨᠡ ᠬᠦ ᠦᠵᠡᠯ ᠰᠠᠨᠠᠭ᠎ᠠ ᠨᠢ ᠮᠠᠷᠺᠰ ᠯᠧᠨᠢᠨ ᠤ ᠦᠵᠡᠯ ᠂ ᠮᠠᠤ ᠽᠧ ᠳ᠋ᠦᠩ ᠤᠨ ᠦᠵᠡᠯ ᠰᠠᠨᠠᠭ᠎ᠠ ᠂ ᠳ᠋ᠧᠩ ᠰᠢᠶᠣᠣ ᠫᠢᠩ ᠤᠨ ᠣᠨᠣᠯ ᠂
︽ ᠭᠤᠷᠪᠠ ᠶᠢ ᠲᠥᠯᠥᠭᠡᠯᠡᠬᠦ ︾ ᠴᠢᠬᠤᠯᠠ ᠦᠵᠡᠯ ᠰᠠᠨᠠᠭ᠎ᠠ ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠵᠠᠯᠭᠠᠮᠵᠢᠯᠠᠨ ᠬᠥᠭᠵᠢᠭᠦᠯᠵᠦ ᠂ ᠴᠣ ᠰᠢᠨ᠎ᠡ ᠬᠠᠷᠠᠭᠠᠰᠤ ᠠᠴᠠ ᠡᠪ ᠬᠠᠮᠲᠤ ᠨᠠᠮ ᠤᠨ ᠲᠦᠷᠦ ᠪᠠᠷᠢᠬᠤ ᠵᠢᠮ᠎ᠡ ᠶᠣᠰᠣ ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠵᠢᠮ᠎ᠡ ᠶᠣᠰᠣ ᠂ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣᠨ ᠤ ᠲᠠᠨᠢᠯᠲᠠ ᠶᠢ ᠭᠦᠨᠵᠡᠭᠡᠶᠢᠷᠡᠭᠦᠯᠵᠦ ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶᠢᠳᠠᠯ ᠢ ᠨᠡᠭᠡᠭᠡᠭᠰᠡᠨ ᠭᠡᠳᠡᠭ ᠢ ᠭᠦᠢᠴᠡᠳ ᠲᠠᠨᠢᠬᠤ ᠬᠡᠷᠡᠭᠲᠡᠢ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ᠡᠨᠡ ᠬᠦ ᠦᠵᠡᠯ ᠰᠠᠨᠠᠭ᠎ᠠ ᠨᠢ ᠮᠠᠷᠺᠰ ᠤᠨ ᠦᠵᠡᠯ ᠢ ᠪᠠᠶᠠᠯᠢᠭᠵᠢᠭᠤᠯᠤᠨ ᠬᠥᠭᠵᠢᠭᠦᠯᠬᠦ ᠳᠤ ᠠᠩᠬᠠᠨ ᠤ ᠡᠭᠦᠳᠦᠯᠲᠡ ᠶᠢᠨ ᠴᠢᠨᠠᠷᠲᠠᠢ ᠬᠤᠪᠢ ᠨᠡᠮᠡᠷᠢ ᠦᠵᠡᠭᠦᠯᠵᠦ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ ᠳᠤ ᠲᠡᠦᠬᠡᠲᠦ ᠴᠢᠨᠠᠷᠲᠠᠢ ᠬᠤᠪᠢ ᠨᠡᠮᠡᠷᠢ ᠦᠵᠡᠭᠦᠯᠵᠦ ᠂ ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠶᠢ ᠠᠬᠢᠭᠤᠯᠬᠤ ᠳᠤ ᠳᠡᠯᠡᠬᠡᠢ ᠶᠢᠨ ᠴᠢᠨᠠᠷᠲᠠᠢ ᠬᠤᠪᠢ ᠨᠡᠮᠡᠷᠢ ᠦᠵᠡᠭᠦᠯᠦᠭᠰᠡᠨ ᠢ ᠭᠦᠢᠴᠡᠳ ᠲᠠᠨᠢᠬᠤ ᠬᠡᠷᠡᠭᠲᠡᠢ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠠᠭᠤᠯᠭ᠎ᠠ ᠶᠢ ᠭᠦᠨᠵᠡᠭᠡᠢ ᠣᠶᠢᠯᠠᠭᠠᠵᠤ ᠂ ᠡᠨᠡ ᠬᠦ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠂ ᠠᠷᠭ᠎ᠠ ᠶᠢᠨ ᠤᠨᠤᠯ ᠪᠠ ᠲᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠪᠦᠭᠦ ᠲᠠᠯ᠎ᠠ ᠪᠠᠷ ᠡᠵᠡᠮᠰᠢᠵᠦ ᠂ ᠡᠨᠡ ᠬᠦ ᠦᠵᠡᠯ ᠰᠠᠨᠠᠭ᠎ᠠ ᠨᠢ ᠮᠠᠷᠺᠰ ᠤᠨ ᠦᠵᠡᠯ ᠤᠨ ᠭᠦᠨ ᠤᠬᠠᠭᠠᠨ ᠂ ᠮᠠᠷᠺᠰ ᠤᠨ ᠦᠵᠡᠯ ᠤᠨ ᠤᠯᠤᠰ ᠲᠦᠷᠤ ᠠᠵᠤ ᠠᠬᠤᠢ ᠶᠢᠨ ᠤᠬᠠᠭᠠᠨ ᠂ ᠰᠢᠨᠵᠢᠯᠡᠬᠦ ᠤᠬᠠᠭᠠᠨ ᠤ ᠨᠡᠶᠢᠭᠡᠮ ᠵᠢᠷᠤᠮ ᠢ ᠨᠡᠪᠲᠡᠷᠡᠯᠴᠡᠭᠦᠯᠵᠦ ᠂ ᠲᠡᠦᠬᠡ ᠂ ᠤᠳᠤ ᠂ ᠢᠷᠡᠭᠡᠳᠦᠢ ᠶᠢ ᠨᠡᠪᠲᠡᠷᠡᠯᠴᠡᠭᠦᠯᠵᠦ ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠂ ᠳᠣᠲᠣᠭᠠᠳᠤ ᠵᠠᠰᠠᠭ ᠭᠠᠳᠠᠭᠠᠳᠤ ᠬᠠᠷᠢᠯᠴᠠᠭ᠎ᠠ ᠤᠯᠤᠰ ᠤᠨ ᠪᠠᠲᠤᠯᠠᠨ ᠬᠠᠮᠠᠭᠠᠯᠠᠯᠲᠠ ᠂ ᠨᠠᠮ ᠢ ᠵᠠᠰᠠᠬᠤ ᠤᠯᠤᠰ ᠢ ᠵᠠᠰᠠᠬᠤ ᠴᠡᠷᠢᠭ ᠢ ᠵᠠᠰᠠᠬᠤ ᠵᠡᠷᠭᠡ ᠡᠯ᠎ᠡ ᠬᠦᠷᠢᠶ᠎ᠡ ᠶᠢ ᠨᠡᠪᠲᠡᠷᠡᠯᠴᠡᠭᠦᠯᠵᠦ ᠂ ᠯᠣᠭᠢᠭ ᠨᠢᠭᠲᠠ ᠴᠢᠩᠭ᠎ᠠ ᠂ ᠠᠭᠤᠯᠬᠤᠨ ᠨᠢ ᠪᠠᠶᠠᠯᠢᠭ ᠂ ᠰᠢᠰᠲ᠋ᠧᠮ ᠨᠢ ᠪᠦᠭᠦ ᠲᠠᠯ᠎ᠠ ᠶᠢᠨ ᠂ ᠥᠷᠭᠡᠨ ᠳᠡᠯᠭᠡᠷ ᠭᠦᠨ ᠭᠦᠨᠵᠡᠭᠡᠢ ᠨᠢᠭᠡᠨ ᠰᠢᠨᠵᠢᠯᠡᠬᠦ ᠤᠬᠠᠭᠠᠨᠴᠢ ᠰᠢᠰᠲ᠋ᠧᠮ ᠪᠤᠯᠬᠤ ᠶᠢ ᠭᠦᠢᠴᠡᠳ ᠲᠠᠨᠢᠬᠤ ᠬᠡᠷᠡᠭᠲᠡᠢ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠦᠨᠡᠨ ᠶᠣᠰᠣᠨ ᠤ ᠬᠦᠴᠦᠨ ᠪᠣᠯᠣᠨ ᠦᠢᠯᠡᠳᠦᠯᠭᠡ ᠶᠢᠨ ᠠᠤᠭ᠎ᠠ ᠬᠦᠴᠦᠨ ᠢ ᠭᠦᠨᠵᠡᠭᠡᠢ ᠣᠶᠢᠯᠠᠭᠠᠵᠤ ᠂ ᠡᠨᠡ ᠬᠦ ᠦᠵᠡᠯ ᠰᠠᠨᠠᠭ᠎ᠠ ᠪᠣᠯ ᠰᠢᠨ᠎ᠡ ᠴᠠᠭ ᠦᠶ᠎ᠡ ᠶᠢᠨ ᠠᠭᠤᠤ ᠶᠡᠭᠡ ᠦᠢᠯᠡᠳᠦᠯᠭᠡ ᠶᠢ ᠠᠬᠢᠭᠤᠯᠬᠤ ᠂ ᠰᠢᠨ᠎ᠡ ᠴᠠᠭ ᠦᠶ᠎ᠡ ᠶᠢᠨ ᠠᠭᠤᠤ ᠶᠡᠭᠡ ᠬᠤᠪᠢᠰᠤᠯᠲᠠ ᠶᠢ ᠬᠥᠲᠥᠯᠥᠨ ᠳᠠᠭᠠᠭᠤᠯᠬᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠰᠢᠨᠵᠢᠯᠡᠬᠦ ᠤᠬᠠᠭᠠᠨᠴᠢ ᠤᠨᠤᠯ ᠤᠨ ᠵᠢᠯᠣᠭᠤᠳᠤᠯᠭ᠎ᠠ ᠬᠠᠩᠭᠠᠭᠰᠠᠨ ᠭᠡᠳᠡᠭ ᠢ ᠭᠦᠢᠴᠡᠳ ᠲᠠᠨᠢᠬᠤ ᠬᠡᠷᠡᠭᠲᠡᠢ ᠃
︽ ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ ︾ ᠢ ᠰᠤᠷᠤᠯᠴᠠᠬᠤ ᠳᠤ ᠂ ᠡᠷᠬᠡᠪᠰᠢ ᠤᠨᠤᠯ ᠢ ᠪᠣᠳᠠᠲᠠᠢ ᠲᠠᠢ ᠤᠶᠠᠯᠳᠤᠭᠤᠯᠬᠤ ᠮᠠᠷᠺᠰ ᠤᠨ ᠦᠵᠡᠯ ᠤᠨ ᠰᠤᠷᠤᠯᠴᠠᠬᠤ ᠰᠤᠷᠲᠠᠯ ᠢ ᠶᠡᠭᠡ ᠪᠠᠷ ᠪᠠᠳᠠᠷᠠᠭᠤᠯᠵᠤ ᠂ ᠰᠤᠷᠤᠯᠴᠠᠬᠤ ᠰᠡᠳᠭᠢᠭᠦ ᠬᠡᠷᠡᠭᠯᠡᠬᠦ ᠶᠢ ᠤᠶᠠᠯᠳᠤᠭᠤᠯᠬᠤ ᠂ ᠮᠡᠳᠡᠭᠦ ᠢᠲᠡᠭᠡᠭᠦ ᠬᠢᠬᠦ ᠶᠢ ᠨᠢᠭᠡᠳᠬᠡᠬᠦ ᠶᠢ ᠪᠡᠶᠡᠯᠡᠭᠦᠯᠬᠦ ᠬᠡᠷᠡᠭᠲᠡᠢ ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠂ ᠦᠢᠯᠡᠳᠦᠯᠭᠡ ᠪᠠᠷ ᠤᠳᠤᠷᠢᠳᠤᠮᠵᠢ ᠪᠤᠯᠭᠠᠬᠤ ᠂ ᠬᠡᠷᠡᠭᠴᠡᠭᠡ ᠪᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠵᠤ ᠂ ᠠᠵᠢᠯ ᠤᠨ ᠪᠣᠳᠠᠲᠤ ᠪᠠᠶᠢᠳᠠᠯ ᠪᠣᠯᠣᠨ ᠦᠵᠡᠯ ᠰᠠᠨᠠᠭᠠᠨ ᠤ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨ ᠬᠦ ᠬᠦᠰᠡᠯᠡᠩ ᠢᠶᠠᠨ ᠪᠠᠲᠤᠳᠬᠠᠬᠤ ᠂ ᠨᠠᠮᠴᠢ ᠴᠢᠨᠠᠷ ᠢᠶᠠᠨ ᠳᠠᠪᠲᠠᠨ ᠪᠤᠯᠪᠠᠰᠤᠷᠠᠭᠤᠯᠬᠤ ᠳᠡᠭᠡᠳᠦ ᠬᠡᠮᠵᠢᠶᠡᠨ ᠤ ᠤᠬᠠᠮᠰᠠᠷ ᠪᠣᠯᠭᠠᠨ ᠬᠤᠪᠢᠷᠠᠭᠤᠯᠵᠤ ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ ᠃
︽ ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ ︾ ᠢ ᠰᠤᠷᠤᠯᠴᠠᠬᠤ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠪᠠᠷᠢᠮᠲᠠᠯᠠᠬᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ ᠃ ᠡᠯ᠎ᠡ ᠱᠠᠲᠤᠨ ᠤ ᠨᠠᠮ ᠤᠨ ᠬᠤᠷᠢᠶ᠎ᠠ ︵ ᠨᠠᠮ ᠤᠨ ᠤᠳᠤᠷᠢᠳᠬᠤ ᠳᠤᠭᠤᠶᠢᠯᠠᠩ ︶ ︽ ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ ︾ ᠢ ᠰᠤᠷᠤᠯᠴᠠᠬᠤ ᠶᠢ ᠴᠢᠬᠤᠯᠠ ᠪᠠᠶᠢᠷᠢᠨ ᠳᠤ ᠲᠠᠯᠪᠢᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠤᠨ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠵᠤ ᠂ ᠨᠠᠮ ᠤᠨ ᠭᠡᠰᠢᠭᠦᠨ ᠂ ᠺᠠᠳ᠋ᠷᠴᠤᠳ ᠢ ᠵᠣᠬᠢᠶᠠᠨ ᠪᠠᠶᠢᠭᠤᠯᠤᠨ ᠲᠡᠷᠡ ᠬᠡᠪ ᠢᠶᠠᠷ ᠨᠢ ᠰᠤᠷᠤᠯᠴᠠᠭᠤᠯᠵᠤ ᠂ ᠨᠠᠷᠢᠨ ᠬᠢᠨᠠᠮᠠᠭᠠᠢ ᠣᠶᠢᠯᠠᠭᠠᠭᠤᠯᠵᠤ ᠂ ᠦᠭᠡ ᠥᠭᠦᠯᠡᠪᠦᠷᠢ ᠶᠢ ᠨᠢ ᠣᠶᠢᠯᠠᠭᠠᠬᠤ ᠪᠠᠷ ᠪᠠᠷᠠᠬᠤ ᠦᠭᠡᠢ ᠤᠳᠬ᠎ᠠ ᠰᠠᠨᠠᠭ᠎ᠠ ᠶᠢ ᠨᠢ ᠣᠶᠢᠯᠠᠭᠠᠵᠤ ᠂ ᠲᠡᠶᠢᠮᠦ ᠪᠤᠯᠬᠤ ᠶᠢ ᠮᠡᠳᠡᠭᠦ ᠪᠠᠷ ᠪᠠᠷᠠᠬᠤ ᠦᠭᠡᠢ ᠴᠣᠬᠤᠮ ᠶᠠᠭᠠᠬᠢᠭᠠᠳ ᠲᠡᠶᠢᠮᠦ ᠪᠣᠯᠤᠭᠰᠠᠨ ᠢ ᠮᠡᠳᠡᠭᠦ ᠬᠡᠷᠡᠭᠲᠡᠢ ᠃ ᠡᠯ᠎ᠡ ᠱᠠᠲᠤᠨ ᠤ ᠨᠠᠮ ᠤᠨ ᠬᠤᠷᠢᠶ᠎ᠠ ︵ ᠨᠠᠮ ᠤᠨ ᠤᠳᠤᠷᠢᠳᠬᠤ ᠳᠤᠭᠤᠶᠢᠯᠠᠩ ︶ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ︽ ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ ︾ ᠢ ᠰᠤᠷᠤᠯᠴᠠᠬᠤ ᠲᠥᠯᠥᠪᠯᠡᠭᠡ ᠳᠡᠭᠡᠨ ᠣᠷᠣᠭᠤᠯᠵᠤ ᠂ ᠭᠦᠨᠵᠡᠭᠡᠢ ᠰᠤᠷᠤᠯᠴᠠᠨ ᠨᠠᠷᠢᠯᠢᠭ ᠡᠵᠡᠮᠰᠢᠵᠦ ᠪᠠᠲᠤᠲᠠᠢ ᠦᠢᠯᠡᠳᠦᠯᠭᠡᠵᠢᠭᠦᠯᠵᠦ ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ ᠃ ᠡᠯ᠎ᠡ ᠱᠠᠲᠤᠨ ᠤ ᠨᠠᠮ ᠤᠨ ᠰᠤᠷᠭᠠᠭᠤᠯᠢ ︵ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ︶ ᠂ ᠺᠠᠳ᠋ᠷᠴᠤᠳ ᠤᠨ ᠳᠡᠭᠡᠳᠦ ᠰᠤᠷᠭᠠᠭᠤᠯᠢ ᠶᠢᠨ ᠬᠢᠨ ︽ ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ ︾ ᠢ ᠪᠣᠯᠪᠠᠰᠤᠷᠠᠯ ᠵᠢᠭᠠᠨ ᠰᠤᠷᠭᠠᠯᠲᠠ ᠶᠢᠨ ᠴᠢᠬᠤᠯᠠ ᠠᠭᠤᠯᠭ᠎ᠠ ᠳᠠᠭᠠᠨ ᠣᠷᠣᠭᠤᠯᠵᠤ ᠂ ᠡᠯ᠎ᠡ ᠵᠦᠢᠯ ᠤᠨ ᠰᠤᠳᠤᠯᠤᠨ ᠶᠠᠷᠢᠯᠴᠠᠬᠤ ᠠᠩᠭᠢ ᠂ ᠪᠣᠯᠪᠠᠰᠤᠷᠠᠯ ᠤᠨ ᠠᠩᠭᠢ ᠂ ᠰᠤᠷᠤᠯᠴᠠᠬᠤ ᠠᠩᠭᠢ ᠶᠢ ᠡᠷᠭᠢᠯᠡᠵᠦ ᠂ ᠰᠤᠷᠤᠯᠴᠠᠯᠭ᠎ᠠ ᠶᠢ ᠤᠯᠠᠨ ᠭᠡᠯᠪᠡᠷᠢ ᠪᠠᠷ ᠳᠡᠰ ᠳᠠᠪᠬᠤᠷᠭ᠎ᠠ ᠬᠤᠪᠢᠶᠠᠵᠤ ᠪᠦᠭᠦᠨ ᠢ ᠪᠦᠷᠬᠦᠭᠦᠯᠵᠦ ᠥᠷᠨᠢᠭᠦᠯᠬᠦ ᠶᠢ ᠠᠬᠢᠭᠤᠯᠬᠤ ᠬᠡᠷᠡᠭᠲᠡᠢ ᠃ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ ︽ ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ ︾ ᠢᠶᠠᠷ ᠪᠠᠭᠰᠢ ᠰᠤᠷᠤᠬᠴᠢᠳ ᠤᠨ ᠣᠨᠣᠯ ᠰᠤᠷᠤᠯᠴᠠᠬᠤ ᠵᠢᠭᠠᠬᠤ ᠮᠠᠲ᠋ᠧᠷᠢᠶᠠᠯ ᠪᠤᠯᠭᠠᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠵᠢᠭᠠᠬᠤ ᠮᠠᠲ᠋ᠧᠷᠢᠶᠠᠯ ᠳᠤ ᠣᠷᠣᠭᠤᠯᠬᠤ ᠂ ᠬᠢᠴᠢᠶᠡᠯ ᠤᠨ ᠲᠠᠩᠬᠢᠮ ᠳᠤ ᠣᠷᠣᠭᠤᠯᠬᠤ ᠂ ᠲᠠᠷᠢᠬᠢ ᠲᠣᠯᠣᠭᠠᠢ ᠳᠤ ᠬᠠᠳᠠᠩᠰᠢᠭᠤᠯᠬᠤ ᠶᠢ ᠨᠠᠩ ᠰᠠᠶᠢᠲᠤᠷ ᠠᠬᠢᠭᠤᠯᠬᠤ ᠬᠡᠷᠡᠭᠲᠡᠢ ᠃ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠰᠠᠯᠠᠭ᠎ᠠ ᠮᠥᠴᠢᠷ ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠰᠤᠷᠤᠯᠴᠠᠯᠭ᠎ᠠ ᠶᠢ ᠵᠢᠯᠤᠭᠤᠳᠬᠤ ᠪᠠ ᠱᠠᠯᠠᠪᠳᠠᠨ ᠪᠠᠶᠢᠴᠠᠭᠠᠬᠤ ᠪᠠᠨ ᠴᠢᠩᠭᠠᠳᠬᠠᠵᠤ ᠂ ᠤᠬᠠᠭᠤᠯᠤᠨ ᠮᠡᠳᠡᠭᠡᠯᠡᠬᠦ ᠠᠵᠢᠯ ᠢ ᠰᠠᠶᠢᠲᠤᠷ ᠬᠢᠵᠦ ᠂ ᠤᠬᠠᠭᠤᠯᠤᠨ ᠲᠠᠶᠢᠯᠪᠤᠷᠢᠯᠠᠬᠤ ᠪᠠ ᠤᠬᠠᠭᠤᠯᠤᠨ ᠲᠠᠨᠢᠯᠴᠠᠭᠤᠯᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠵᠤ ᠂ ᠰᠤᠷᠤᠯᠴᠠᠯᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ ᠃
ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ ᠂ ︽ ᠭᠤᠷᠪᠠᠨ ᠡᠷᠬᠡᠪᠰᠢ ︾ ᠶᠢ ᠪᠠᠲᠤ ᠴᠡᠭᠡᠵᠢᠯᠡᠵᠦ ᠂ ᠢᠲᠡᠭᠡᠯ ᠲᠡᠭᠦᠯᠳᠡᠷ ᠢᠶᠠᠷ ᠥᠪᠡᠷ ᠢ ᠪᠠᠨ ᠬᠦᠴᠦᠷᠬᠡᠭᠵᠢᠭᠦᠯᠵᠦ ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ ᠂ ᠣᠮᠤᠭ ᠵᠣᠷᠢᠭ ᠪᠠᠳᠠᠷᠠᠩᠭᠤᠢ ᠪᠠᠷ ᠡᠷᠡᠮᠡᠬᠡᠶᠢᠯᠡᠨ ᠤᠷᠤᠭᠰᠢᠯᠠᠵᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ︕