ᠰᠢ ᠶᠢᠨ ᠫᠢᠩ ᠬᠤᠷᠢᠳᠤᠭᠠᠷ ᠬᠤᠭᠤᠴᠠᠭᠠᠨ ᠤ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠠᠩᠬᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠪᠣᠳᠠᠲᠤ ᠴᠣᠭᠴᠠ ᠶᠢᠨ ᠠᠵᠤ ᠠᠬᠤᠢ ᠪᠠᠷ ᠲᠤᠯᠭᠠᠭᠤᠷᠢᠯᠠᠯ ᠪᠣᠯᠭᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠤᠯᠭᠠᠭᠤᠷᠢᠯᠠᠬᠤ ᠬᠡᠷᠡᠭᠲᠡᠢ ᠭᠡᠵᠦ ᠴᠢᠬᠤᠯᠠᠴᠢᠯᠠᠵᠠᠢ  ᠯᠢ ᠴᠢᠶᠠᠩ  ᠼᠠᠢ ᠴᠢ  ᠳ᠋ᠢᠩ ᠰᠢᠤᠸᠠᠢ ᠰᠢᠶᠠᠩ ᠣᠷᠣᠯᠴᠠᠵᠠᠢ
ᠨᠡᠶᠢᠲᠡᠯᠡᠭᠰᠡᠨ ᠴᠠᠭ᠄
2023/5/6

      ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 5 ᠤ ᠴᠠᠬᠢᠯᠭᠠᠨ ᠮᠡᠳᠡᠭᠡ   ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠡᠷᠭᠢᠯᠡᠭᠴᠢ ᠰᠢ ᠶᠢᠨ ᠫᠢᠩ 5 ᠰᠠᠷ᠎ᠠ ᠶᠢᠨ 5 ᠤ ᠦᠳᠡ ᠶᠢᠨ ᠬᠤᠶᠢᠨ᠎ᠠ ᠬᠤᠷᠢᠳᠤᠭᠠᠷ ᠬᠤᠭᠤᠴᠠᠭᠠᠨ ᠤ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠠᠩᠬᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠵᠤ ᠂ ᠰᠢᠨ᠎ᠡ ᠨᠢᠭᠡ ᠬᠤᠭᠤᠴᠠᠭᠠᠨ ᠤ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠠᠵᠢᠯ ᠢ ᠰᠠᠶᠢᠲᠤᠷ ᠬᠢᠵᠦ ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠠᠰᠠᠭᠤᠳᠠᠯ ᠢ ᠰᠤᠳᠤᠯᠵᠤ ᠂ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠤᠯᠭᠠᠭᠤᠷᠢᠯᠠᠬᠤ ᠠᠰᠠᠭᠤᠳᠠᠯ ᠢ ᠰᠤᠳᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ ᠰᠢ ᠶᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠂ ᠰᠢᠨ᠎ᠡ ᠨᠢᠭᠡ ᠬᠤᠭᠤᠴᠠᠭᠠᠨ ᠤ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠠᠵᠤ ᠠᠬᠤᠢ ᠶᠢᠨ ᠠᠵᠢᠯ ᠤᠨ ᠴᠢᠬᠤᠯᠠ ᠶᠡᠭᠡ ᠴᠢᠭᠯᠡᠯᠲᠡ ᠶᠢ ᠲᠣᠭᠲᠠᠭᠠᠬᠤ ᠦᠢᠯᠡᠳᠦᠯ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠵᠤ ᠂ ᠠᠵᠤ ᠠᠬᠤᠢ ᠶᠢᠨ ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠤᠯᠠᠮ ᠴᠢᠨᠠᠭᠰᠢᠳᠠ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ ᠃ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠪᠣᠯ ᠣᠳᠣᠬᠢᠴᠢᠯᠠᠭᠰᠠᠨ ᠤᠯᠤᠰ ᠤᠨ ᠪᠣᠳᠠᠰ ᠮᠡᠷᠭᠡᠵᠢᠯ ᠤᠨ ᠰᠠᠭᠤᠷᠢ ᠮᠥᠨ ᠂ ᠡᠷᠬᠡᠪᠰᠢ ᠠᠵᠤ ᠠᠬᠤᠢ ᠶᠢ ᠬᠥᠭᠵᠢᠭᠦᠯᠬᠦ ᠬᠦᠴᠦᠯᠡᠬᠦ ᠴᠡᠭ ᠢ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠵᠤ ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠪᠠᠲᠤ ᠴᠢᠩᠭ᠎ᠠ ᠪᠣᠳᠠᠰ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ ᠃ ᠬᠥᠮᠥᠨ ᠠᠮᠠ ᠶᠢᠨ ᠬᠥᠭᠵᠢᠯᠲᠡ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠬᠤᠯᠪᠣᠭᠳᠠᠬᠤ ᠶᠡᠭᠡ ᠶᠠᠪᠤᠳᠠᠯ ᠮᠥᠨ ᠂ ᠡᠷᠬᠡᠪᠰᠢ ᠬᠥᠮᠥᠨ ᠠᠮᠠ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠬᠦᠴᠦᠯᠡᠨ ᠳᠡᠭᠡᠭᠰᠢᠯᠡᠭᠦᠯᠵᠦ ᠂ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠤᠯᠭᠠᠭᠤᠷᠢᠯᠠᠬᠤ ᠬᠡᠷᠡᠭᠲᠡᠢ ᠭᠡᠵᠦ ᠴᠢᠬᠤᠯᠠᠴᠢᠯᠠᠪᠠ ᠃

      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠳᠡᠳ᠋ ᠡᠷᠭᠢᠯᠡᠭᠴᠢ ᠯᠢ ᠴᠢᠶᠠᠩ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠭᠡᠰᠢᠭᠦᠨ ᠼᠠᠢ ᠴᠢ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠭᠡᠰᠢᠭᠦᠨ ᠳ᠋ᠢᠩ ᠰᠢᠤᠸᠠᠢ ᠰᠢᠶᠠᠩ ᠬᠤᠷᠠᠯ ᠳᠤ ᠣᠷᠣᠯᠴᠠᠵᠠᠢ ᠃

      ᠬᠤᠷᠠᠯ ᠠᠴᠠ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠂ ᠰᠤᠷᠭᠠᠨ ᠬᠥᠮᠦᠵᠢᠯ ᠤᠨ ᠶᠠᠮᠤᠨ ᠤ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠤᠯᠭᠠᠭᠤᠷᠢᠯᠠᠬᠤ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ ᠃

      ᠬᠤᠷᠠᠯ ᠠᠴᠠ ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠣᠯ ᠨᠠᠮ ᠤᠨ ᠭᠤᠣᠯ ᠠᠵᠢᠯ ᠮᠥᠨ ᠂ ᠠᠵᠤ ᠠᠬᠤᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠪᠣᠯ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢᠨ ᠪᠠᠶᠢᠪᠠᠰᠤ ᠵᠣᠬᠢᠬᠤ ᠠᠭᠤᠯᠭ᠎ᠠ ᠪᠣᠯᠣᠨ᠎ᠠ ᠃ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠪᠣᠯ ᠨᠠᠮ ᠤᠨ ᠲᠥᠪ ᠬᠤᠷᠢᠶ᠎ᠠ ᠶᠢᠨ ᠠᠵᠤ ᠠᠬᠤᠢ ᠶᠢᠨ ᠠᠵᠢᠯ ᠢ ᠤᠳᠤᠷᠢᠳᠬᠤ ᠴᠢᠬᠤᠯᠠ ᠳᠦᠷᠢᠮ ᠤᠨ ᠲᠣᠬᠢᠷᠠᠭᠤᠯᠤᠯᠲᠠ ᠪᠠᠶᠢᠵᠤ ᠂ ᠬᠠᠷᠢᠭᠤᠴᠠᠯᠭ᠎ᠠ ᠬᠦᠨᠳᠦ ᠶᠡᠭᠡ ᠂ ᠦᠢᠯᠡᠳᠦᠯ ᠴᠢᠬᠤᠯᠠ ᠶᠤᠮ ᠃ ᠰᠢᠨ᠎ᠡ ᠨᠢᠭᠡ ᠬᠤᠭᠤᠴᠠᠭᠠᠨ ᠤ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠠᠵᠢᠯ ᠢ ᠰᠠᠶᠢᠲᠤᠷ ᠬᠢᠬᠦ ᠳᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠣᠨᠣᠪᠴᠢᠲᠠᠢ ᠂ ᠪᠦᠭᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ ᠃ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠪᠠᠨ ᠴᠢᠩᠭᠠᠳᠬᠠᠵᠤ ᠂ ᠰᠢᠰᠲ᠋ᠧᠮᠲᠦ ᠦᠵᠡᠯᠲᠡ ᠪᠠᠨ ᠴᠢᠩᠭᠠᠳᠬᠠᠵᠤ ᠂ ᠬᠠᠮᠵᠢᠯᠴᠠᠨ ᠨᠠᠶᠢᠳᠠᠪᠤᠷᠢᠵᠢᠭᠤᠯᠬᠤ ᠶᠢ ᠠᠬᠢᠭᠤᠯᠵᠤ ᠂ ᠰᠤᠷᠤᠯᠴᠠᠯᠭ᠎ᠠ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠵᠤ ᠂ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠢᠮᠠᠭᠲᠠ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ ᠬᠤᠷᠠᠯ ᠠᠴᠠ ︽ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠠᠵᠢᠯ ᠤᠨ ᠳᠦᠷᠢᠮ ︾ ᠪᠣᠯᠣᠨ ︽ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠠᠯᠪᠠᠨ ᠭᠡᠷ ᠤᠨ ᠠᠵᠢᠯ ᠤᠨ ᠨᠠᠷᠢᠨ ᠳᠦᠷᠢᠮ ︾ ᠢ ᠬᠢᠨᠠᠨ ᠵᠥᠪᠯᠡᠵᠦ ᠪᠠᠲᠤᠯᠠᠪᠠ ᠃

      ᠬᠤᠷᠠᠯ ᠠᠴᠠ ᠂ ᠪᠣᠳᠠᠲᠤ ᠴᠣᠭᠴᠠ ᠶᠢᠨ ᠠᠵᠤ ᠠᠬᠤᠢ ᠪᠠᠷ ᠲᠤᠯᠭᠠᠭᠤᠷᠢᠯᠠᠯ ᠪᠣᠯᠭᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠨᠢ ᠪᠢᠳᠡᠨ ᠤ ᠢᠷᠡᠭᠡᠳᠦᠢ ᠶᠢᠨ ᠬᠥᠭᠵᠢᠯᠲᠡ ᠪᠣᠯᠣᠨ ᠤᠯᠠᠨ ᠤᠯᠤᠰ ᠤᠨ ᠥᠷᠢᠰᠦᠯᠳᠦᠭᠡᠨ ᠤ ᠳᠤᠮᠳᠠ ᠪᠠᠶᠢᠯᠳᠤᠬᠤ ᠪᠣᠳᠣᠯᠭ᠎ᠠ ᠶᠢᠨ ᠰᠠᠨᠠᠭᠠᠴᠢᠯᠠᠭᠠᠲᠤ ᠡᠷᠬᠡ ᠶᠢ ᠣᠯᠬᠤ ᠳᠤ ᠬᠤᠯᠪᠣᠭᠳᠠᠨ᠎ᠠ ᠃ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠤᠨ ᠤᠷᠤᠰᠬᠠᠯ ᠢ ᠡᠵᠡᠮᠳᠡᠵᠦ ᠂ ᠬᠥᠮᠥᠨ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠱᠠᠭᠠᠷᠳᠠᠯᠭ᠎ᠠ ᠳᠤ ᠵᠣᠬᠢᠴᠠᠵᠤ ᠂ ᠠᠵᠤ ᠦᠢᠯᠡᠰ ᠤᠨ ᠰᠢᠰᠲ᠋ᠧᠮ ᠪᠦᠷᠢᠨ ᠲᠡᠭᠦᠯᠳᠡᠷ ᠪᠠ ᠢᠵᠢ ᠪᠦᠷᠢᠳᠦᠭᠦᠯᠬᠦ ᠴᠢᠳᠠᠪᠤᠷᠢ ᠴᠢᠩᠭ᠎ᠠ ᠪᠠᠶᠢᠬᠤ ᠳᠠᠪᠠᠭᠤᠯᠢᠭ ᠢᠶᠠᠨ ᠪᠠᠲᠤᠯᠠᠨ ᠴᠢᠩᠭᠠᠳᠬᠠᠵᠤ ᠂ ᠪᠦᠭᠦ ᠪᠥᠮᠪᠥᠷᠴᠡᠭ ᠤᠨ ᠰᠢᠨ᠎ᠡ ᠶᠢ ᠡᠭᠦᠳᠬᠦ ᠬᠦᠴᠦᠨ ᠵᠦᠢᠯ ᠢ ᠥᠨᠳᠥᠷ ᠪᠦᠲᠦᠮᠵᠢᠲᠡᠢ ᠪᠠᠷ ᠲᠥᠪᠯᠡᠷᠡᠭᠦᠯᠵᠦ ᠂ ᠠᠵᠤ ᠦᠢᠯᠡᠰ ᠤᠨ ᠣᠶᠤᠨᠴᠢᠯᠠᠯᠲᠠ ᠂ ᠪᠣᠬᠢᠷᠳᠤᠯ ᠦᠭᠡᠢ ᠂ ᠠᠭᠤᠰᠤᠯᠴᠠᠯ ᠢ ᠠᠬᠢᠭᠤᠯᠵᠤ ᠂ ᠪᠦᠷᠢᠨ ᠪᠦᠲᠦᠨ ᠴᠢᠨᠠᠷ ᠂ ᠲᠡᠷᠢᠭᠦᠨ ᠤ ᠴᠢᠨᠠᠷ ᠂ ᠠᠮᠤᠷ ᠲᠦᠪᠰᠢᠨ ᠴᠢᠨᠠᠷ ᠪᠦᠬᠦᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ ᠃ ᠪᠣᠳᠠᠲᠤ ᠴᠣᠭᠴᠠ ᠶᠢᠨ ᠠᠵᠤ ᠠᠬᠤᠢ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ ᠂ ᠪᠣᠳᠠᠲᠤ ᠴᠣᠭᠴᠠ ᠶᠢᠨ ᠠᠵᠤ ᠠᠬᠤᠢ ᠶᠢ ᠬᠡᠶᠢᠰᠪᠦᠷᠢᠯᠡᠬᠦ ᠶᠢ ᠰᠡᠷᠭᠡᠶᠢᠯᠡᠬᠦ ᠭᠡᠷᠡᠭᠳᠡᠢ ︔ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠂ ᠠᠯᠬᠤᠮ ᠲᠠᠷᠠᠭ᠎ᠠ ᠲᠠᠢ ᠪᠠᠷ ᠤᠷᠤᠭᠰᠢᠯᠠᠬᠤ ᠶᠢ ᠪᠠᠷᠢᠮᠲᠠᠯᠠᠵᠤ ᠂ ᠶᠡᠭᠡ ᠶᠢ ᠰᠠᠨᠠᠵᠤ ᠬᠠᠷᠢ ᠶᠢᠨ ᠬᠢ ᠶᠢ ᠬᠥᠭᠡᠭᠡᠴᠡᠯᠳᠦᠵᠦ ᠪᠣᠯᠬᠤ ᠦᠭᠡᠢ ︔ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ ᠂ ᠰᠠᠯᠭᠠᠵᠤ ᠡᠰᠡᠷᠭᠦᠴᠡᠯᠳᠦᠭᠦᠯᠬᠦ ᠠᠴᠠ ᠵᠠᠶᠢᠯᠠᠰᠬᠢᠬᠦ ᠭᠡᠷᠡᠭᠳᠡᠢ ︔ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠶᠢ ᠪᠠᠷᠢᠮᠲᠠᠯᠠᠵᠤ ᠂ ︽ ᠳᠣᠣᠷᠠᠳᠤ ᠲᠠᠰ ᠤᠨ ᠠᠵᠤ ᠦᠢᠯᠡᠰ ︾ ᠪᠣᠯᠭᠠᠨ ᠳᠥᠭᠦᠮᠬᠡᠨ ᠢᠶᠠᠷ ᠤᠬᠤᠷᠢᠨ ᠭᠠᠷᠭᠠᠵᠤ ᠪᠣᠯᠬᠤ ᠥᠭᠡᠶ ︔ᠨᠡᠭᠡᠭᠡᠯᠲᠡ ᠲᠠᠢ ᠬᠠᠮᠲᠤᠷᠠᠯᠴᠠᠬᠤ ᠶᠢ ᠪᠠᠷᠢᠮᠲᠠᠯᠠᠵᠤ ᠂ ᠡᠭᠦᠳᠡ ᠪᠠᠨ ᠲᠦᠭᠵᠢᠨ ᠰᠠᠨᠠᠭ᠎ᠠ ᠵᠣᠷᠢᠭ ᠢᠶᠠᠷ ᠢᠶᠠᠨ ᠦᠢᠯᠡᠳᠴᠦ ᠪᠣᠯᠬᠤ ᠦᠭᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠂ ᠰᠢᠨ᠎ᠡ ᠬᠥᠭᠵᠢᠯᠲᠡ ᠶᠢᠨ ᠱᠠᠲᠤᠨ ᠤ ᠠᠵᠤ ᠦᠢᠯᠡᠰ ᠤᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ ᠂ ᠠᠵᠤ ᠦᠢᠯᠡᠰ ᠤᠨ ᠠᠮᠤᠷ ᠲᠦᠪᠰᠢᠨ ᠢ ᠬᠠᠮᠠᠭᠠᠯᠠᠬᠤ ᠶᠢ ᠴᠢᠬᠤᠯᠠ ᠠᠴᠠ ᠴᠢᠬᠤᠯᠠ ᠵᠦᠢᠯ ᠪᠣᠯᠭᠠᠵᠤ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠬᠦᠷᠢᠶᠡᠨ ᠤ ᠦᠵᠦ ᠲᠥᠯᠥᠪᠯᠡᠭᠡ ᠶᠢ ᠴᠢᠩᠭᠠᠳᠬᠠᠵᠤ ᠂ ᠠᠵᠤ ᠦᠢᠯᠡᠰ ᠤᠨ ᠲᠦᠷᠦ ᠶᠢᠨ ᠪᠣᠳᠣᠯᠭ᠎ᠠ ᠶᠢᠨ ᠬᠠᠮᠵᠢᠯᠴᠠᠬᠤ ᠴᠢᠨᠠᠷ ᠢ ᠴᠢᠩᠭᠠᠳᠬᠠᠬᠤ ᠬᠡᠷᠡᠭᠲᠡᠢ ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠪᠣᠯᠣᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠡᠬᠢ ᠪᠠᠶᠠᠯᠢᠭ ᠤᠨ ᠲᠤᠯᠭᠠᠭᠤᠷᠢᠯᠠᠯ ᠢ ᠴᠢᠩᠭᠠᠳᠬᠠᠵᠤ ᠂ ᠳᠦᠷᠢᠮ ᠤᠨ ᠲᠠᠯ᠎ᠠ ᠠᠴᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠨᠠᠶᠢᠳᠠᠪᠤᠷᠢᠵᠢᠭᠤᠯᠬᠤ ᠬᠡᠷᠡᠭᠲᠡᠢ ᠃ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠶᠢ ᠨᠡᠩ ᠴᠢᠬᠤᠯᠠᠴᠢᠯᠠᠵᠤ ᠂ ᠲᠠᠷᠢᠶᠠᠨ ᠭᠠᠵᠠᠷ ᠵᠡᠷᠭᠡ ᠪᠠᠶᠢᠭᠠᠯᠢ ᠶᠢᠨ ᠨᠥᠬᠦᠴᠡᠯ ᠤᠨ ᠲᠠᠷᠢᠶᠠᠯᠠᠩ ᠤᠨ ᠦᠢᠯᠡᠳᠪᠦᠷᠢᠯᠡᠯ ᠳᠤ ᠦᠵᠡᠭᠦᠯᠭᠦ ᠬᠢᠵᠠᠭᠠᠷᠯᠠᠯ ᠢ ᠰᠢᠪᠲᠤᠯᠬᠤ ᠬᠡᠷᠡᠭᠲᠡᠢ ᠃ ᠭᠡᠲᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ ᠢ ᠰᠠᠶᠢᠲᠤᠷ ᠠᠰᠢᠭᠯᠠᠵᠤ ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠪᠣᠯᠣᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠣᠷᠭᠠᠨᠢᠭ ᠢᠶᠠᠷ ᠤᠶᠠᠯᠳᠤᠭᠤᠯᠵᠤ ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠨᠡᠭᠡᠭᠡᠯᠲᠡᠲᠤ ᠬᠠᠮᠲᠤᠷᠠᠯᠴᠠᠭ᠎ᠠ ᠶᠢ ᠴᠢᠩᠭᠠᠳᠬᠠᠬᠤ ᠬᠡᠷᠡᠭᠲᠡᠢ ᠃ ᠳᠡᠯᠡᠬᠡᠢ ᠶᠢᠨ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠶᠡᠭᠡ ᠪᠠᠷ ᠪᠦᠲᠦᠭᠡᠨ ᠪᠠᠶᠢᠭᠤᠯᠵᠤ ᠂ ᠰᠢᠯᠢᠳᠡᠭ ᠠᠵᠤ ᠠᠬᠤᠶᠢᠯᠠᠯᠲᠠᠨ ᠢ ᠬᠤᠪᠢ ᠲᠠᠭᠢᠨ ᠨᠠᠨᠳᠢᠩᠨᠠᠨ ᠬᠠᠶᠢᠷᠠᠯᠠᠵᠤ ᠂ ᠲᠣᠮᠣ ᠤᠯᠤᠰ ᠤᠨ ᠤᠷᠠᠨ ᠳᠠᠷᠬᠠᠨ ᠢ ᠶᠡᠭᠡ ᠪᠠᠷ ᠬᠥᠮᠥᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃

      ᠬᠤᠷᠠᠯ ᠠᠴᠠ ᠂ ᠣᠳᠣᠬᠠᠨ ᠳᠤ ᠮᠠᠨ ᠤ ᠤᠯᠤᠰ ᠤᠨ ᠬᠥᠮᠥᠨ ᠠᠮᠠ ᠶᠢᠨ ᠬᠥᠭᠵᠢᠯᠲᠡ ᠳᠤ ᠲᠦᠷᠦᠭᠦ ᠨᠤᠷᠮ᠎ᠠ ᠳᠣᠷᠣᠭᠰᠢᠯᠠᠬᠤ ᠂ ᠨᠠᠰᠤᠵᠢᠬᠤ ᠂ ᠣᠷᠣᠨ ᠪᠦᠰᠡ ᠶᠢᠨ ᠬᠥᠮᠥᠨ ᠠᠮᠠ ᠶᠢᠨ ᠨᠡᠮᠡᠭᠳᠡᠯ ᠬᠠᠰᠤᠭᠳᠠᠯ ᠢᠯᠭᠠᠷᠠᠬᠤ ᠣᠨᠴᠠᠯᠢᠭ ᠢᠯᠡᠷᠡᠵᠦ ᠪᠠᠶᠢᠨ᠎ᠠ ᠂ ᠡᠷᠬᠡᠪᠰᠢ ᠮᠠᠨ ᠤ ᠤᠯᠤᠰ ᠤᠨ ᠬᠥᠮᠥᠨ ᠠᠮᠠ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠪᠦᠭᠦ ᠲᠠᠯ᠎ᠠ ᠪᠠᠷ ᠲᠠᠨᠢᠵᠤ ᠂ ᠵᠥᠪ ᠢᠶᠠᠷ ᠦᠵᠡᠬᠦ ᠬᠡᠷᠡᠭᠲᠡᠢ ᠃ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠲᠣᠬᠢᠷᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ ᠂ ᠰᠢᠨ᠎ᠡ ᠴᠠᠭ ᠦᠶ᠎ᠡ ᠶᠢᠨ ᠬᠥᠮᠥᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠡᠭᠦᠯᠳᠡᠷᠵᠢᠭᠦᠯᠵᠦ ᠂ ᠬᠥᠮᠥᠨ ᠠᠮᠠ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠢ ᠲᠠᠨᠢᠵᠤ ᠂ ᠵᠣᠬᠢᠴᠠᠵᠤ ᠂ ᠬᠥᠲᠥᠯᠥᠨ ᠳᠠᠭᠠᠭᠤᠯᠵᠤ ᠂ ᠬᠥᠮᠥᠨ ᠠᠮᠠ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠬᠦᠴᠦᠯᠡᠨ ᠳᠡᠭᠡᠭᠰᠢᠯᠡᠭᠦᠯᠵᠦ ᠂ ᠵᠣᠬᠢᠬᠤ ᠦᠷᠡᠵᠢᠯ ᠤᠨ ᠲᠦᠪᠰᠢᠨ ᠪᠣᠯᠣᠨ ᠬᠥᠮᠥᠨ ᠠᠮᠠ ᠶᠢᠨ ᠬᠡᠪᠴᠢᠶ᠎ᠡ ᠶᠢ ᠴᠢᠷᠮᠠᠶᠢᠨ ᠪᠠᠲᠤᠯᠠᠵᠤ ᠂ ᠬᠡᠪ ᠪᠣᠯᠪᠠᠰᠤᠷᠠᠯ ᠰᠢᠯᠢᠳᠡᠭ ᠰᠠᠶᠢᠨ ᠂ ᠶᠡᠷᠦᠩᠬᠡᠢ ᠬᠡᠮᠵᠢᠶ᠎ᠡ ᠭᠦᠢᠴᠡᠳ ᠂ ᠪᠦᠲᠦᠴᠡ ᠰᠢᠯᠢᠳᠡᠭᠵᠢᠭᠰᠡᠨ ᠂ ᠲᠠᠷᠬᠠᠯᠲᠠ ᠵᠣᠬᠢᠰᠲᠠᠢ ᠣᠳᠣᠬᠢᠴᠢᠯᠠᠭᠰᠠᠨ ᠬᠥᠮᠥᠨ ᠤ ᠬᠦᠴᠦᠨ ᠤ ᠡᠬᠢ ᠪᠠᠶᠠᠯᠢᠭ ᠢ ᠲᠦᠷᠭᠡᠳᠬᠡᠨ ᠪᠤᠶ ᠪᠣᠯᠭᠠᠵᠤ ᠂ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠤᠯᠭᠠᠭᠤᠷᠢᠯᠠᠬᠤ ᠬᠡᠷᠡᠭᠲᠡᠢ ᠃ ᠰᠢᠰᠲ᠋ᠧᠮᠲᠦ ᠣᠶᠢᠯᠠᠭᠠᠭᠳᠠᠬᠤᠨ ᠢᠶᠠᠷ ᠬᠥᠮᠥᠨ ᠠᠮᠠ ᠶᠢᠨ ᠠᠰᠠᠭᠤᠳᠠᠯ ᠢ ᠨᠢᠭᠡᠳᠦᠯᠲᠡᠢ ᠲᠥᠯᠥᠪᠵᠢᠭᠦᠯᠵᠦ ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠠᠷᠠᠳ ᠲᠦᠮᠡᠨ ᠤ ᠴᠢᠨᠠᠷ ᠰᠠᠶᠢᠲᠠᠢ ᠠᠮᠢᠳᠤᠷᠠᠯ ᠲᠠᠢ ᠨᠢᠭᠲᠠ ᠤᠶᠠᠯᠳᠤᠭᠤᠯᠵᠤ ᠂ ᠬᠥᠮᠥᠨ ᠤ ᠪᠦᠭᠦ ᠲᠠᠯ᠎ᠠ ᠶᠢᠨ ᠬᠥᠭᠵᠢᠯᠲᠡ ᠪᠠ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃

      ᠬᠤᠷᠠᠯ ᠠᠴᠠ ᠂ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠤᠨ ᠦᠢᠯᠡᠰ ᠤᠨ ᠥᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠶᠢᠷᠡᠭᠦᠯᠵᠦ ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠢᠨᠵᠧᠨᠧᠷᠢᠩ ᠪᠣᠯᠭᠠᠵᠤ ᠂ ᠬᠥᠮᠥᠨ ᠠᠮᠠ ᠶᠢᠨ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠂ ᠡᠷᠡᠭᠦᠯ ᠮᠡᠨᠳᠦ ᠶᠢᠨ ᠬᠡᠪ ᠴᠢᠨᠠᠷ ᠂ ᠦᠵᠡᠯ ᠰᠠᠨᠠᠭ᠎ᠠ ᠶᠣᠰᠣ ᠰᠤᠷᠲᠠᠬᠤᠨ ᠤ ᠬᠡᠪ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠃ ᠦᠷᠡᠵᠢᠯ ᠢ ᠳᠡᠮᠵᠢᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ ᠂ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠰᠢᠰᠲ᠋ᠧᠮ ᠢ ᠶᠡᠭᠡ ᠪᠠᠷ ᠬᠥᠭᠵᠢᠭᠦᠯᠵᠦ ᠂ ᠭᠡᠷ ᠪᠦᠯᠢ ᠶᠢᠨ ᠲᠦᠷᠦᠭᠦ ᠂ ᠥᠰᠬᠡᠬᠦ ᠂ ᠬᠥᠮᠥᠵᠢᠭᠦᠯᠬᠦ ᠳᠠᠷᠤᠭᠠᠰᠤ ᠶᠢ ᠢᠯᠡᠳᠲᠡ ᠬᠥᠩᠭᠡᠷᠡᠭᠦᠯᠵᠦ ᠂ ᠦᠷᠡᠵᠢᠯ ᠤᠨ ᠨᠥᠭᠦᠷᠰᠡᠭ ᠬᠡᠯᠪᠡᠷᠢ ᠶᠢᠨ ᠨᠡᠶᠢᠭᠡᠮ ᠢ ᠪᠦᠲᠦᠭᠡᠨ ᠪᠠᠶᠢᠭᠤᠯᠬᠤ ᠶᠢ ᠠᠬᠢᠭᠤᠯᠵᠤ ᠂ ᠬᠥᠮᠥᠨ ᠠᠮᠠ ᠶᠢᠨ ᠣᠷᠳᠣ ᠬᠤᠭᠤᠴᠠᠭ᠎ᠠ ᠪᠠᠷ ᠲᠡᠩᠴᠡᠭᠦᠷᠢᠲᠡᠢ ᠬᠥᠭᠵᠢᠬᠦ ᠶᠢ ᠠᠬᠢᠭᠤᠯᠬᠤ ᠬᠡᠷᠡᠭᠲᠡᠢ ᠃ ᠬᠥᠮᠥᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠩᠭᠠᠳᠬᠠᠵᠤ ᠂ ᠬᠥᠳᠡᠯᠮᠦᠷᠢ ᠳᠤ ᠣᠷᠤᠯᠴᠠᠬᠤ ᠨᠤᠷᠮ᠎ᠠ ᠶᠢ ᠲᠣᠭᠲᠠᠪᠤᠷᠢᠵᠢᠭᠤᠯᠵᠤ ᠂ ᠬᠥᠮᠥᠨ ᠤ ᠬᠦᠴᠦᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠃ ᠬᠥᠮᠥᠨ ᠠᠮᠠ ᠶᠢᠨ ᠨᠠᠰᠤᠵᠢᠯᠳᠠ ᠶᠢ ᠢᠳᠡᠪᠬᠢᠲᠡᠢ ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠂ ᠦᠨᠳᠦᠰᠦᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ ᠂ ᠪᠤᠭᠤᠷᠤᠯᠴᠤᠳ ᠤᠨ ᠠᠵᠤ ᠠᠬᠤᠢ ᠶᠢ ᠶᠡᠭᠡ ᠪᠠᠷ ᠬᠥᠭᠵᠢᠭᠦᠯᠵᠦ ᠂ ᠤᠯᠠᠨ ᠲᠡᠰ ᠳᠠᠪᠬᠤᠷᠭ᠎ᠠ ᠂ ᠤᠯᠠᠨ ᠲᠤᠯᠭᠠᠭᠤᠷᠢᠳᠤ ᠨᠠᠰᠤᠵᠢᠯ ᠤᠨ ᠳᠠᠭᠠᠳᠬᠠᠯ ᠤᠨ ᠰᠢᠰᠲ᠋ᠧᠮ ᠢ ᠲᠦᠷᠭᠡᠳᠬᠡᠨ ᠬᠥᠭᠵᠢᠭᠦᠯᠵᠦ ᠂ ᠨᠠᠰᠤᠲᠠᠨ ᠢ ᠭᠦᠷᠳᠡᠭᠦ ᠠᠰᠠᠷᠠᠮᠵᠢ ᠲᠠᠢ ᠪᠣᠯᠭᠠᠬᠤ ᠂ ᠨᠠᠰᠤᠲᠠᠨ ᠢ ᠬᠢᠬᠦ ᠠᠵᠢᠯ ᠲᠠᠢ ᠪᠣᠯᠭᠠᠬᠤ ᠂ ᠨᠠᠰᠤᠲᠠᠨ ᠢ ᠪᠠᠶᠠᠷ ᠪᠠᠶᠠᠰᠬᠤᠯᠠᠩ ᠲᠠᠢ ᠪᠠᠶᠢᠯᠭᠠᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠃ ᠬᠥᠮᠥᠨ ᠠᠮᠠ ᠪᠣᠯᠣᠨ ᠠᠵᠤ ᠠᠬᠤᠢ ᠨᠡᠶᠢᠭᠡᠮ ᠂ ᠡᠬᠢ ᠪᠠᠶᠠᠯᠢᠭ ᠣᠷᠴᠢᠨ ᠲᠣᠭᠤᠷᠢᠨ ᠤ ᠬᠠᠷᠢᠴᠠᠭ᠎ᠠ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠣᠷᠣᠨ ᠪᠦᠰᠡ ᠶᠢᠨ ᠠᠵᠤ ᠠᠬᠤᠢ ᠶᠢᠨ ᠪᠠᠶᠢᠷᠢᠰᠢᠯ ᠪᠣᠯᠣᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠰᠢᠰᠲ᠋ᠧᠮ ᠢ ᠰᠢᠯᠢᠳᠡᠭᠵᠢᠭᠦᠯᠵᠦ ᠂ ᠬᠥᠮᠥᠨ ᠠᠮᠠ ᠶᠢᠨ ᠪᠦᠲᠦᠴᠡ ᠶᠢ ᠰᠢᠯᠢᠳᠡᠭᠵᠢᠭᠦᠯᠵᠦ ᠂ ᠬᠥᠮᠥᠨ ᠠᠮᠠ ᠶᠢᠨ ᠠᠮᠤᠷ ᠲᠦᠪᠰᠢᠨ ᠢ ᠬᠠᠮᠠᠭᠠᠯᠠᠵᠤ ᠂ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

      ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠵᠤ ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ