︽ᠣᠳᠣᠬᠢᠴᠢᠯᠠᠭᠰᠠᠨ ᠬᠦᠴᠦᠷᠬᠡᠭ ᠤᠯᠤᠰ ᠲᠡᠶᠢᠰᠢ ᠤᠷᠤᠭᠰᠢᠯᠠᠬᠤ ᠬᠥᠭᠵᠢᠯᠲᠡ ᠶᠢᠨ ᠨᠢᠭᠤᠴᠠ ᠨᠣᠮᠧᠷ᠄ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ ᠴᠠᠭ ᠦᠶ᠎ᠡ ᠶᠢᠨ ᠣᠨᠴᠠᠯᠢᠭ ᠰᠢᠨᠵᠢ ᠪᠣᠯᠣᠨ ᠦᠢᠯᠡᠳᠦᠯᠭᠡ ᠶᠢᠨ ᠦᠷᠳᠡᠭ ︵ᠬᠢᠲᠠᠳ ᠠᠩᠭ᠍ᠯᠢ ᠬᠡᠯᠡᠨ ᠤ ᠬᠡᠪᠯᠡᠯ︶︾ ᠭᠡᠬᠦ ᠨᠣᠮ ᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2023/5/8

 

      ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 5 ᠤ ᠴᠠᠬᠢᠯᠭᠠᠨ ᠮᠡᠳᠡᠭᠡ   ᠰᠢᠨᠬᠤᠸᠠ ᠬᠤᠷᠢᠶ᠎ᠠ  ᠶᠢᠨ ᠤᠯᠤᠰ ᠤᠨ ᠳᠡᠭᠡᠳᠦ ᠲᠠᠰ ᠤᠨ ᠣᠶᠤᠨ ᠤ ᠬᠥᠮᠥᠷᠭᠡ ᠶᠢᠨ ᠨᠠᠶᠢᠷᠠᠭᠤᠯᠤᠨ ᠵᠣᠬᠢᠶᠠᠭᠰᠠᠨ ︽ ᠣᠳᠣᠬᠢᠴᠢᠯᠠᠭᠰᠠᠨ ᠬᠦᠴᠦᠷᠬᠡᠭ ᠤᠯᠤᠰ ᠲᠡᠶᠢᠰᠢ ᠤᠷᠤᠭᠰᠢᠯᠠᠬᠤ ᠬᠥᠭᠵᠢᠯᠲᠡ ᠶᠢᠨ ᠨᠢᠭᠤᠴᠠ ᠨᠣᠮᠧᠷ᠄ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ ᠴᠠᠭ ᠦᠶ᠎ᠡ ᠶᠢᠨ ᠣᠨᠴᠠᠯᠢᠭ ᠰᠢᠨᠵᠢ ᠪᠣᠯᠣᠨ ᠦᠢᠯᠡᠳᠦᠯᠭᠡ ᠶᠢᠨ ᠥᠷᠲᠡᠭ ︵ ᠬᠢᠲᠠᠳ ᠠᠩᠭ᠍ᠯᠢ ᠬᠡᠯᠡᠨ ᠤ ᠬᠡᠪᠯᠡᠯ ︶ ︾ ᠭᠡᠬᠦ ᠨᠣᠮ ᠢ ᠣᠶᠢᠷ᠎ᠠ ᠳᠤ ᠰᠢᠨᠬᠤᠸᠠ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠪᠦᠭᠦ ᠤᠯᠤᠰ ᠲᠤ ᠲᠠᠷᠬᠠᠭᠠᠪᠠ ᠃

      ᠲᠤᠰ ᠨᠣᠮ ᠳᠤ ︽ ᠮᠠᠷᠺᠰ ᠤᠨ ᠦᠵᠡᠯ ᠤᠨ ᠤᠯᠤᠰ ᠲᠦᠷᠦ ᠠᠵᠤ ᠠᠬᠤᠢ ᠶᠢᠨ ᠤᠬᠠᠭᠠᠨ ᠤ ᠰᠢᠨ᠎ᠡ ᠠᠬᠤᠢ ᠪᠠᠶᠢᠳᠠᠯ ᠢ ᠨᠡᠭᠡᠭᠡᠪᠡ — ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ ᠢᠯᠡ ᠲᠣᠳᠣ ᠣᠨᠴᠠᠯᠢᠭ ︾ ᠂ ︽ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠪᠠ — ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ ᠦᠢᠯᠡᠳᠦᠯᠭᠡ ᠶᠢᠨ ᠠᠷᠭ᠎ᠠ ᠪᠣᠳᠣᠯᠭ᠎ᠠ ︾ ᠂ ︽ ᠠᠵᠤ ᠠᠬᠤᠢ ᠶᠢᠨ ᠵᠠᠰᠠᠯᠲᠠ ᠶᠢᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠤᠶᠤᠨ ᠤᠬᠠᠭᠠᠨ — ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠠᠷᠭ᠎ᠠ︾ ᠂ ︽ ᠪᠦᠭᠦ ᠪᠥᠮᠪᠥᠷᠴᠡᠭ ᠤᠨ ᠠᠵᠤ ᠠᠬᠤᠢ ᠶᠢᠨ ᠬᠥᠭᠵᠢᠯᠲᠡ ᠶᠢᠨ ᠠᠰᠠᠭᠤᠯᠲᠠ ᠶᠢ ᠬᠠᠷᠢᠭᠤᠯᠬᠤᠢ — ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ ᠳᠡᠯᠡᠬᠡᠢ ᠶᠢᠨ ᠠᠴᠢ ᠬᠤᠯᠪᠣᠭᠳᠠᠯ ︾ ᠂ ︽ ᠡᠬᠢ ᠰᠤᠷᠪᠤᠯᠵᠢ ᠶᠢ ᠨᠢ ᠬᠠᠶᠢᠬᠤᠢ᠄ ᠰᠢ ᠶᠢᠨ ᠫᠢᠩ ᠤᠨ ᠣᠷᠣᠨ ᠨᠤᠲᠤᠭ ᠤᠨ ᠠᠵᠤ ᠠᠬᠤᠢ ᠶᠢᠨ ᠵᠠᠰᠠᠯᠲᠠ ᠶᠢᠨ ᠦᠯᠢᠭᠡᠷ ︾ ᠭᠡᠬᠦ ᠲᠠᠪᠤᠨ ᠪᠦᠯᠦᠭ ᠬᠤᠪᠢᠶᠠᠵᠤ᠂ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ ᠭᠤᠣᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠤᠭᠳᠠᠬᠤᠨ ᠢ ᠪᠦᠭᠦ ᠲᠠᠯ᠎ᠠ ᠪᠠᠷ ᠲᠣᠳᠣᠷᠬᠠᠶᠢᠯᠠᠨ ᠥᠭᠦᠯᠡᠪᠡ ᠃

      ᠲᠤᠰ ᠨᠣᠮ ᠪᠣᠯ ︽ ᠰᠢᠨᠬᠤᠸᠠ ᠬᠤᠷᠢᠶ᠎ᠠ ᠶᠢᠨ ᠤᠯᠤᠰ ᠤᠨ ᠳᠡᠭᠡᠳᠦ ᠲᠡᠰ ᠤᠨ ᠤᠶᠤᠨ ᠤ ᠬᠥᠮᠥᠷᠭᠡ ︾ ᠶᠢᠨ ᠰᠢᠷᠢᠰ ᠴᠤᠪᠤᠷᠠᠯ ᠪᠢᠴᠢᠭ ᠤᠨ ᠰᠢᠨ᠎ᠡ ᠲᠦᠷᠦᠯ ᠵᠦᠢᠯ ᠪᠣᠯᠣᠨ᠎ᠠ ᠃ ᠲᠦᠷᠦᠭᠦᠬᠡᠨ᠂ ᠲᠣᠰ ᠴᠤᠪᠤᠷᠠᠯ ᠪᠢᠴᠢᠭ ᠨᠢ ᠨᠢᠭᠡᠨᠲᠡ ︽ ᠳᠤᠮᠳᠠᠳᠤ ᠤᠯᠤᠰ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠤᠬᠠᠭᠠᠨ᠄ ᠤᠯᠤᠰ ᠲᠥᠷᠥ ᠠᠵᠤ ᠠᠬᠤᠢ ᠶᠢᠨ ᠤᠬᠠᠭᠠᠨ ᠤ ᠬᠠᠷᠠᠭᠠᠨ ᠳᠠᠬᠢ ᠳᠤᠮᠳᠠᠳᠤ ᠤᠯᠤᠰ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠣᠨᠣᠯ ᠪᠠ ᠦᠢᠯᠡᠳᠦᠯᠭᠡ ︾ ᠂ ︽ ᠠᠷᠠᠳ ᠲᠦᠮᠡᠨ ᠤ ᠬᠡᠮᠵᠢᠭᠦᠷ᠄ ᠵᠠᠭᠤᠨ ᠵᠢᠯ ᠤᠨ ᠲᠡᠮᠡᠴᠡᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠥᠷᠥ ᠶᠢᠨ ᠵᠣᠭᠰᠣᠯᠲᠠ ᠶᠢ ᠬᠠᠷᠠᠬᠤᠢ ︾ ᠂ ︽ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠤᠨ ᠬᠥᠭᠡᠭᠡᠴᠡᠯᠳᠦᠯ ᠪᠠ ᠬᠠᠶᠢᠨ ᠰᠦᠪᠡᠭᠴᠢᠯᠡᠯᠲᠡ᠄ ᠠᠷᠠᠳᠴᠢᠯᠠᠯ ᠡᠷᠬᠡ ᠴᠢᠯᠦᠭᠡ ᠬᠥᠮᠥᠨ ᠤ ᠡᠷᠬᠡ ᠶᠢᠨ ᠳᠤᠮᠳᠠᠳᠤ ᠤᠯᠤᠰ ᠤᠨ ᠦᠢᠯᠡᠳᠦᠯᠭᠡ ︾ ᠵᠡᠷᠭᠡ ᠶᠢ ᠬᠡᠪᠯᠡᠭᠦᠯᠦᠭᠰᠡᠨ ᠪᠠᠶᠢᠨ᠎ᠠ ᠃

 

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ