ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 3 ᠰᠠᠷ᠎ᠠ ᠶᠢᠨ 30 ᠤ ᠦᠳᠡ ᠶᠢᠨ ᠬᠤᠶᠢᠨ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ᠂ ᠡᠨᠡ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠤ ᠵᠣᠷᠢᠯᠭ᠎ᠠ ᠨᠢ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠵᠤ᠂ ᠪᠦᠬᠦ ᠨᠠᠮ ᠤᠨ ᠭᠤᠣᠯ ᠰᠡᠳᠦᠪᠲᠦ ᠬᠥᠮᠦᠵᠢᠯ ᠳᠤᠮᠳᠠ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢ ᠠᠬᠢᠭᠤᠯᠵᠤ᠂ ᠦᠵᠡᠯ ᠰᠠᠨᠠᠭ᠎ᠠ ᠤᠨᠤᠯ ᠤᠨ ᠰᠠᠭᠤᠷᠢ ᠶᠢ ᠪᠠᠬᠢᠵᠢᠭᠦᠯᠬᠦ ᠶᠢᠨ ᠲᠥᠯᠥᠭᠡ ᠶᠤᠮ ᠭᠡᠵᠦ ᠴᠢᠬᠤᠯᠠᠴᠢᠯᠠᠪᠠ᠃
ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠭᠡᠰᠢᠭᠦᠨ ᠯᠢᠦ ᠭᠦᠸᠧ ᠵᠥᠩ᠂ ᠯᠢ ᠭᠠᠨ ᠵᠢᠶᠧ᠂ ᠯᠢ ᠱᠤ᠋ ᠯᠸᠢ᠂ ᠾᠧ ᠸᠧᠶ ᠳ᠋ᠦᠩ᠂ ᠴᠧᠨ ᠮᠢᠨ ᠡᠯ ᠵᠡᠷᠭᠡ 5 ᠨᠥᠬᠦᠳ ᠲᠣᠰ ᠪᠡᠶ᠎ᠡ ᠶᠢᠨ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠶ ᠲᠠᠨᠢᠯᠲᠠ ᠪᠠ ᠲᠥᠷᠥᠭᠳᠡᠯ ᠢᠶᠠᠨ ᠰᠣᠯᠢᠯᠴᠠᠪᠠ᠃
ᠰᠢ ᠶᠢᠨ ᠫᠢᠩ ᠣᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠣᠯ ᠰᠢᠨ᠎ᠡ ᠴᠠᠭ ᠦᠶ᠎ᠡ ᠰᠢᠨ᠎ᠡ ᠠᠶᠠᠨ ᠳᠤ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠦᠨᠳᠦᠰᠦᠨ ᠱᠠᠭᠠᠷᠳᠠᠯᠭ᠎ᠠ ᠮᠥᠨ᠃ ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠬᠠᠮᠤᠭ ᠤᠨ ᠰᠢᠨ᠎ᠡ ᠦᠷ᠎ᠡ ᠪᠦᠲᠦᠭᠡᠯ ᠢᠶᠠᠷ ᠪᠦᠬᠦ ᠨᠠᠮ ᠢ ᠵᠡᠪᠰᠡᠭᠯᠡᠵᠦ᠂ ᠦᠢᠯᠡᠳᠦᠯᠭᠡ ᠶᠢ ᠵᠢᠯᠣᠭᠤᠳᠤᠨ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠬᠤ ᠪᠣᠯ ᠮᠠᠨ ᠤ ᠨᠠᠮ ᠤᠨ ᠲᠡᠦᠬᠡ ᠶᠢ ᠡᠭᠦᠳᠦᠨ ᠪᠦᠲᠦᠭᠡᠵᠦ᠂ ᠭᠡᠷᠡᠯ ᠰᠠᠴᠤᠷᠠᠩᠭᠤᠢ ᠦᠢᠯᠡᠰ ᠢ ᠪᠦᠲᠦᠭᠡᠭᠰᠡᠨ ᠨᠢᠭᠡᠨ ᠴᠢᠬᠤᠯᠠ ᠲᠤᠷᠰᠢᠯᠭ᠎ᠠ ᠮᠥᠨ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠨᠠᠷᠢᠨ ᠪᠤᠳᠤᠯᠢᠶᠠᠨᠲᠠᠢ ᠲᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠪᠠᠶᠢᠳᠠᠯ᠂ ᠪᠡᠷᠬᠡ ᠬᠠᠲᠠᠭᠤᠵᠢᠯᠲᠠᠢ ᠨᠦᠰᠡᠷ ᠬᠦᠨᠳᠦ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ᠂ ᠡᠯ᠎ᠡ ᠵᠦᠢᠯ ᠤᠨ ᠲᠣᠭᠲᠠᠭᠠᠯᠲᠤ ᠪᠤᠰᠤ ᠲᠥᠰᠦᠭᠡᠯᠡᠬᠦᠶ᠎ᠡ ᠪᠡᠷᠬᠡ ᠠᠶᠤᠯ ᠲᠦᠭᠰᠢᠭᠦᠷᠢ ᠥᠷᠢᠰᠥᠯᠳᠦᠭᠡᠨ ᠤ ᠡᠮᠦᠨ᠎ᠡ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢ ᠪᠡᠶᠡᠯᠡᠭᠦᠯᠬᠦ ᠳᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢᠯᠠᠩᠭᠤᠶ᠎ᠠ ᠡᠯ᠎ᠡ ᠱᠠᠲᠤᠨ ᠤ ᠤᠳᠤᠷᠢᠳᠬᠤ ᠺᠠᠳ᠋ᠷ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠤᠯᠠᠮ ᠴᠢᠨᠠᠭᠰᠢᠳᠠ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢ ᠲᠤᠯᠭᠠᠮ ᠱᠠᠭᠠᠷᠳᠠᠵᠤ ᠪᠠᠶᠢᠨ᠎ᠠ᠂ ᠡᠨᠡ ᠪᠣᠯ ᠨᠠᠮ ᠤᠨ ᠲᠥᠪ ᠬᠤᠷᠢᠶ᠎ᠠ ᠠᠴᠠ ᠪᠦᠬᠦ ᠨᠠᠮ ᠤᠨ ᠳᠣᠲᠣᠷ᠎ᠠ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠪᠠᠷ ᠲᠣᠭᠲᠠᠭᠠᠭᠰᠠᠨ ᠭᠤᠣᠯ ᠪᠣᠳᠣᠯᠬᠢᠯᠠᠯ ᠪᠣᠯᠤᠨ᠎ᠠ ᠭᠡᠵᠦ ᠵᠢᠭᠠᠵᠤ ᠭᠠᠷᠭᠠᠪᠠ᠃
ᠰᠢ ᠶᠢᠨ ᠫᠢᠩ ᠂ ᠨᠠᠮ ᠤᠨ ᠤᠨᠤᠯ ᠤᠨ ᠰᠢᠨ᠎ᠡ ᠡᠭᠦᠳᠦᠯᠲᠡ ᠨᠢᠭᠡ ᠠᠯᠬᠤᠮ ᠤᠷᠤᠭᠰᠢᠯᠠᠬᠤ ᠪᠦᠷᠢ ᠤᠨᠤᠯ ᠤᠨ ᠵᠡᠪᠰᠡᠭᠯᠡᠯ ᠴᠦ ᠨᠢᠭᠡ ᠠᠯᠬᠤᠮ ᠲᠠᠭᠠᠨ ᠤᠷᠤᠭᠰᠢᠯᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ 10 ᠵᠢᠯ ᠤᠨ ᠬᠥᠭᠵᠢᠯᠲᠡ ᠶᠢᠨ ᠶᠠᠪᠤᠴᠠ ᠶᠢ ᠥᠩᠭᠡᠷᠡᠭᠦᠯᠵᠦ᠂ ᠡᠨᠡ ᠬᠦ ᠶᠠᠪᠤᠴᠠ ᠶᠢ ᠳᠠᠭᠠᠯᠳᠤᠨ᠂ ᠪᠢᠳᠡ ᠪᠠᠰᠠ ᠪᠦᠬᠦ ᠨᠠᠮ ᠢᠶᠠᠷ ᠢᠶᠠᠨ 10 ᠵᠢᠯ ᠰᠤᠷᠤᠯᠴᠠᠵᠤ᠂ ᠢᠯᠡᠳᠲᠡ ᠦᠷ᠎ᠡ ᠪᠦᠲᠦᠮᠵᠢ ᠤᠯᠬᠤ ᠶᠢ ᠠᠬᠢᠭᠤᠯᠪᠠ᠃ ᠭᠡᠪᠡᠴᠦ ᠤᠨᠤᠯ ᠢᠶᠠᠷ ᠵᠡᠪᠰᠡᠭᠯᠡᠬᠦ ᠡᠭᠦᠷᠭᠡ ᠮᠥᠨ ᠯᠡ ᠪᠡᠷᠬᠡ ᠬᠠᠲᠠᠭᠤᠵᠢᠯᠲᠠᠢ ᠪᠠᠶᠢᠨ᠎ᠠ᠃ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠳᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠᠷ ᠭᠤᠣᠯ ᠰᠡᠳᠦᠪ ᠪᠣᠯᠭᠠᠬᠤ ᠪᠠᠷ ᠲᠣᠭᠲᠠᠭᠠᠭᠰᠠᠨ ᠨᠢ ᠳᠠᠷᠤᠢ ᠪᠦᠬᠦ ᠨᠠᠮ ᠢᠯᠠᠩᠭᠤᠶ᠎ᠠ ᠤᠳᠤᠷᠢᠳᠬᠤ ᠺᠠᠳ᠋ᠷ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠶᠢ ᠠᠬᠢᠭᠤᠯᠬᠤ ᠶᠠᠪᠤᠳᠠᠯ ᠪᠣᠯᠤᠨ᠎ᠠ ᠬᠡᠵᠤ ᠴᠢᠬᠤᠯᠠᠴᠢᠯᠠᠪᠠ᠃
ᠰᠢ ᠶᠢᠨ ᠫᠢᠩ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠯᠭ᠎ᠠ ᠨᠢ ᠥᠭᠡᠷᠡᠴᠢᠯᠡᠯᠲᠡ ᠬᠥᠭᠵᠢᠯᠲᠡ ᠲᠣᠭᠲᠠᠭᠤᠨ᠂ ᠳᠣᠲᠣᠭᠠᠳᠤ ᠶᠠᠪᠤᠳᠠᠯ ᠭᠠᠳᠠᠭᠠᠳᠤ ᠬᠠᠷᠢᠯᠴᠠᠭ᠎ᠠ ᠤᠯᠤᠰ ᠤᠨ ᠪᠠᠲᠤᠯᠠᠨ ᠬᠠᠮᠠᠭᠠᠯᠠᠯᠲᠠ᠂ ᠨᠠᠮ ᠢ ᠵᠠᠰᠠᠬᠤ ᠤᠯᠤᠰ ᠢ ᠵᠠᠰᠠᠬᠤ ᠴᠡᠷᠢᠭ ᠢ ᠵᠠᠰᠠᠬᠤ ᠵᠡᠷᠭᠡ ᠡᠯ᠎ᠡ ᠲᠠᠯ᠎ᠠ ᠶᠢ ᠬᠠᠮᠤᠷᠴᠤ᠂ ᠨᠢᠭᠡᠨ ᠪᠦᠷᠢᠨ ᠪᠦᠲᠦᠨ ᠰᠢᠨᠵᠢᠯᠡᠬᠦ ᠤᠬᠠᠭᠠᠨᠴᠢ ᠰᠢᠰᠲ᠋ᠧᠮ ᠢ ᠪᠦᠷᠢᠯᠳᠦᠭᠦᠯᠵᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠭᠡᠯ ᠳᠤ᠂ ︽ᠠᠷᠪᠠ ᠶᠢ ᠲᠣᠳᠣᠷᠬᠠᠶᠢᠯᠠᠬᠤ︾᠂ ︽ᠠᠷᠪᠠᠨ ᠲᠦᠷᠪᠡᠨ ᠪᠠᠷᠢᠮᠲᠠᠯᠠᠯ︾᠂ ︽ᠠᠷᠪᠠᠨ ᠭᠤᠷᠪᠠᠨ ᠲᠠᠯ᠎ᠠ ᠶᠢᠨ ᠠᠮᠵᠢᠯᠲᠠ ᠪᠦᠲᠦᠮᠵᠢ︾ ᠳᠤ ᠡᠨᠡ ᠬᠦ ᠦᠵᠡᠯ ᠰᠠᠨᠠᠭᠠᠨ ᠤ ᠭᠤᠣᠯ ᠠᠭᠤᠯᠭ᠎ᠠ ᠶᠢ ᠬᠤᠷᠢᠶᠠᠩᠭᠤᠶᠢᠯᠠᠪᠠ ᠬᠡᠵᠤ ᠳᠤᠳᠤᠷᠬᠠᠢ ᠵᠢᠭᠠᠵᠤ ᠭᠠᠷᠭᠠᠵᠠᠢ᠃ ᠪᠢᠳᠡ ᠡᠳᠡᠭᠡᠷ ᠭᠤᠣᠯ ᠠᠭᠤᠯᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠨ ᠡᠵᠡᠮᠰᠢᠬᠦ ᠮᠥᠷᠲᠡᠭᠡᠨ ᠪᠠᠰᠠ ᠡᠨᠡ ᠬᠦ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ ᠢ ᠪᠦᠬᠦᠯᠢ ᠴᠣᠭᠴᠠ ᠪᠠᠷ ᠨᠢ ᠡᠵᠡᠮᠰᠢᠵᠦ᠂ ᠲᠤᠭᠤᠷᠠᠳᠠᠯ᠎ᠠ ᠡᠵᠡᠮᠰᠢᠨ ᠨᠡᠪᠲᠡᠷᠡᠲᠡᠯ᠎ᠡ ᠣᠶᠢᠯᠠᠭᠠᠬᠤ ᠬᠡᠷᠡᠭᠲᠡᠢ᠃ ᠡᠯ᠎ᠡ ᠬᠦᠷᠢᠶᠡᠨ ᠳᠤ ᠳᠤᠷᠠᠳᠤᠭᠰᠠᠨ ᠰᠢᠨ᠎ᠡ ᠣᠶᠢᠯᠠᠭᠠᠭᠳᠠᠬᠤᠨ᠂ ᠰᠢᠨ᠎ᠡ ᠦᠵᠡᠯ ᠰᠠᠨᠠᠭ᠎ᠠ᠂ ᠰᠢᠨ᠎ᠡ ᠪᠠᠶᠢᠯᠳᠤᠬᠤ ᠪᠤᠳᠤᠯᠭ᠎ᠠ᠂ ᠡᠯ᠎ᠡ ᠲᠠᠯ᠎ᠠ ᠶᠢᠨ ᠠᠵᠢᠯ ᠳᠤ ᠳᠤᠷᠠᠳᠤᠭᠰᠠᠨ ᠪᠣᠳᠠᠲᠠᠢ ᠱᠠᠭᠠᠷᠳᠠᠯᠭ᠎ᠠ ᠶᠢ ᠴᠥᠮ ᠪᠦᠬᠦᠶᠢᠯᠡ ᠰᠢᠨᠵᠢᠯᠡᠬᠦ ᠤᠬᠠᠭᠠᠨ ᠤ ᠰᠢᠰᠲ᠋ᠧᠮ ᠳᠤ ᠤᠷᠤᠭᠤᠯᠤᠨ ᠲᠠᠨᠢᠨ ᠡᠵᠡᠮᠰᠢᠵᠦ᠂ ᠬᠡᠰᠡᠭ ᠪᠤᠰᠠᠭ᠂ ᠥᠷᠥᠭᠡᠰᠦᠯ ᠴᠢᠨᠠᠷ ᠠᠴᠠ ᠵᠠᠶᠢᠯᠠᠰᠭᠢᠵᠤ᠂ ᠭᠠᠭᠴᠠ ᠮᠣᠳᠣ ᠶᠢ ᠬᠠᠷᠠᠭᠠᠳ ᠤᠢ ᠰᠢᠭᠤᠢ ᠶᠢ ᠣᠯᠵᠤ ᠦᠵᠡᠬᠦ ᠦᠭᠡᠢ ᠪᠠᠶᠢᠵᠤ ᠪᠣᠯᠬᠤ ᠦᠭᠡᠢ ᠬᠡᠵᠤ ᠵᠢᠭᠠᠵᠤ ᠭᠠᠷᠭᠠᠪᠠ᠃
ᠰᠢ ᠶᠢᠨ ᠫᠢᠩ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠳᠠᠢ ᠣᠶᠢᠯᠠᠭᠠᠬᠤ ᠳᠤ᠂ ᠡᠷᠬᠡᠪᠰᠢ ᠡᠨᠡ ᠬᠦ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ᠂ ᠠᠷᠭ᠎ᠠ ᠶᠢᠨ ᠤᠨᠤᠯ ᠪᠣᠯᠤᠨ ᠲᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠡᠵᠡᠮᠰᠢᠬᠦ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠭᠡᠯ ᠳᠤ ᠤᠨᠤᠯ ᠤᠨ ᠰᠢᠨ᠎ᠡ ᠡᠭᠦᠳᠦᠯᠲᠡ ᠶᠢ ᠦᠷᠭᠦᠯᠵᠢᠯᠡᠨ ᠠᠬᠢᠭᠤᠯᠬᠤ ᠰᠢᠨᠵᠢᠯᠡᠬᠦ ᠤᠬᠠᠭᠠᠨᠴᠢ ᠠᠷᠭ᠎ᠠ ᠶᠢ ᠳᠤᠷᠠᠳᠤᠨ ᠭᠠᠷᠭᠠᠪᠠ᠂ ᠲᠤᠬᠠᠶᠢᠯᠠᠪᠠᠯ ᠡᠷᠬᠡᠪᠰᠢ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ ᠬᠡᠷᠡᠭᠲᠡᠢ᠂ ᠡᠷᠬᠡᠪᠰᠢ ᠥᠪᠡᠷ ᠢ ᠪᠠᠨ ᠢᠲᠡᠭᠡᠬᠦ ᠪᠡᠶ᠎ᠡ ᠪᠠᠨ ᠳᠠᠭᠠᠭᠠᠬᠤ ᠶᠢ ᠪᠠᠷᠢᠮᠲᠠᠯᠠᠬᠤ ᠬᠡᠷᠡᠭᠲᠡᠢ᠂ ᠡᠷᠬᠡᠪᠰᠢ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠬᠤ ᠬᠡᠷᠡᠭᠲᠡᠢ᠂ ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ ᠬᠡᠷᠡᠭᠲᠡᠢ᠂ ᠡᠷᠬᠡᠪᠰᠢ ᠰᠢᠰᠲ᠋ᠧᠮᠳᠤ ᠦᠵᠡᠯᠲᠡ ᠶᠢ ᠪᠠᠷᠢᠮᠲᠠᠯᠠᠬᠤ ᠬᠡᠷᠡᠭᠲᠡᠢ᠂ ᠡᠷᠬᠡᠪᠰᠢ ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠬᠤ ᠶᠢ ᠪᠠᠷᠢᠮᠲᠠᠯᠠᠬᠤ ᠬᠡᠷᠡᠭᠲᠡᠢ᠃ ᠡᠨᠡ ᠬᠦ ︽ᠵᠢᠷᠭᠤᠭ᠎ᠠ ᠶᠢ ᠡᠷᠬᠡᠪᠰᠢ ᠪᠠᠷᠢᠮᠲᠠᠯᠠᠬᠤ︾ ᠪᠣᠯ ᠪᠠᠰᠠ ᠴᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠣᠭᠰᠣᠯᠲᠠ ᠦᠵᠡᠯᠲᠡ ᠠᠷᠭ᠎ᠠ ᠶᠢᠨ ᠴᠢᠬᠤᠯᠠ ᠢᠯᠡᠷᠡᠯ ᠮᠥᠨ᠃ ᠭᠠᠭᠴᠠ ᠬᠦ ︽ᠵᠢᠷᠭᠤᠭ᠎ᠠ ᠶᠢ ᠡᠷᠬᠡᠪᠰᠢ ᠪᠠᠷᠢᠮᠲᠠᠯᠠᠬᠤ︾ ᠶᠢ ᠪᠠᠭᠲᠠᠭᠠᠭᠰᠠᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠣᠭᠰᠣᠯᠲᠠ ᠦᠵᠡᠯᠲᠡ ᠠᠷᠭ᠎ᠠ ᠶᠢ ᠣᠨᠣᠪᠴᠢᠲᠠᠢ ᠡᠵᠡᠮᠰᠢᠪᠡᠯ ᠰᠠᠶ᠋ᠢ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠴᠢᠮᠥᠭᠡ ᠴᠢᠬᠤᠯᠠ ᠠᠭᠤᠯᠭ᠎ᠠ ᠶᠢ ᠨᠡᠩ ᠰᠠᠶᠢᠲᠤᠷ ᠣᠶᠢᠯᠠᠭᠠᠵᠤ᠂ ᠦᠵᠡᠯ ᠰᠠᠨᠠᠭ᠎ᠠ ᠠᠷᠭ᠎ᠠ ᠪᠠᠷᠢᠯ ᠢᠶᠠᠨ ᠰᠠᠶ᠋ᠢ ᠵᠥᠪ ᠣᠨᠣᠪᠴᠢᠲᠠᠢ ᠪᠣᠯᠭᠠᠵᠤ᠂ ᠠᠰᠠᠭᠤᠳᠠᠯ ᠢ ᠲᠠᠨᠢᠬᠤ ᠳᠠᠭᠠᠨ ᠰᠠᠶ᠋ᠢ ᠥᠨᠳᠥᠷ ᠲᠤ ᠵᠣᠭᠰᠣᠵᠤ᠂ ᠠᠰᠠᠭᠤᠳᠠᠯ ᠢ ᠵᠠᠳᠠᠯᠬᠤ ᠳᠠᠭᠠᠨ ᠰᠠᠶ᠋ᠢ ᠭᠦᠨᠵᠡᠭᠡᠢ ᠦᠵᠡᠵᠦ᠂ ᠠᠵᠢᠯ ᠢᠶᠠᠨ ᠥᠷᠨᠢᠭᠦᠯᠬᠦ ᠳᠤ ᠰᠠᠶ᠋ᠢ ᠣᠨᠣᠪᠴᠢᠲᠠᠢ ᠡᠵᠡᠮᠳᠡᠵᠦ᠂ ᠴᠢᠩᠭ᠎ᠠ ᠰᠤᠯᠠ ᠲᠤᠬᠢᠷᠠᠮᠵᠢᠳᠠᠢ᠂ ᠬᠤᠷᠢᠶᠠᠵᠤ ᠲᠠᠯᠪᠢᠬᠤ ᠳᠠᠭᠠᠨ ᠴᠢᠯᠦᠭᠡ ᠲᠠᠢ ᠪᠠᠶᠢᠬᠤ ᠶᠢ ᠪᠠᠲᠤᠯᠠᠵᠤ ᠴᠢᠳᠠᠨ᠎ᠠ ᠭᠡᠵᠤ ᠴᠢᠬᠤᠯᠠᠴᠢᠯᠠᠵᠠᠢ᠃
ᠰᠢ ᠶᠢᠨ ᠫᠢᠩ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠶᠢᠨ ᠵᠣᠷᠢᠯᠭ᠎ᠠ ᠨᠢ ᠴᠦᠮ ᠬᠡᠷᠡᠭᠯᠡᠬᠦ ᠳᠤ ᠪᠠᠶᠢᠨ᠎ᠠ᠂ ᠡᠨᠡ ᠬᠦ ᠦᠵᠡᠯ ᠰᠠᠨᠠᠭ᠎ᠠ ᠶᠢ ᠪᠡᠶᠡᠴᠢ ᠶᠢᠷᠲᠢᠨᠴᠦ ᠪᠣᠯᠤᠨ ᠪᠤᠰᠤᠳᠴᠢ ᠶᠢᠷᠲᠢᠨᠴᠦ ᠶᠢ ᠥᠭᠡᠷᠡᠴᠢᠯᠡᠬᠦ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠣᠯᠭᠠᠨ ᠬᠤᠪᠢᠷᠠᠭᠤᠯᠬᠤ ᠳᠤ ᠪᠠᠶᠢᠨ᠎ᠠ᠃ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠳᠤ᠂ ᠨᠠᠮ ᠤᠨ ᠭᠡᠰᠢᠭᠦᠨ᠂ ᠺᠠᠳ᠋ᠷ ᠢᠯᠠᠩᠭᠤᠶ᠎ᠠ ᠡᠯ᠎ᠡ ᠱᠠᠲᠤᠨ ᠤ ᠤᠳᠤᠷᠢᠳᠬᠤ ᠺᠠᠳ᠋ᠷ ᠰᠠᠨᠠᠭᠠᠴᠢᠯᠠᠭ᠎ᠠ ᠠᠴᠠ ᠪᠠᠨ ᠥᠪᠡᠷ ᠤᠨ ᠦᠵᠡᠯ ᠰᠠᠨᠠᠭ᠎ᠠ ᠪᠠᠨ ᠪᠠᠭᠲᠠᠭᠠᠨ ᠤᠷᠤᠭᠤᠯᠵᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠤᠨ ᠬᠦᠰᠡᠯᠡᠩ ᠢᠲᠡᠭᠡᠯ ᠵᠤᠷᠢᠭ ᠢᠶᠠᠨ ᠪᠠᠲᠤᠳᠬᠠᠬᠤ᠂ ᠦᠵᠡᠯ ᠰᠠᠨᠠᠭᠠᠨ ᠤ ᠠᠬᠤᠢ ᠪᠠᠶᠢᠳᠠᠯ ᠢᠶᠠᠨ ᠳᠡᠭᠡᠭᠰᠢᠯᠡᠭᠦᠯᠬᠦ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠬᠤ ᠲᠤᠬᠠᠢ ᠠᠯᠢ ᠤᠯᠠᠨ ᠱᠠᠭᠠᠷᠳᠠᠯᠭ᠎ᠠ ᠶᠢ ᠰᠤᠷᠤᠯᠴᠠᠨ ᠡᠵᠡᠮᠰᠢᠬᠦ ᠬᠡᠷᠡᠭᠲᠡᠢ᠂ ᠡᠭᠦᠨ ᠳᠤ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠂ ᠬᠡᠭᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠠᠭᠲᠠᠭᠠᠬᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠭᠡᠬᠦ ᠴᠢᠳᠠᠪᠤᠷᠢ ᠪᠠᠨ ᠳᠡᠭᠡᠭᠰᠢᠯᠡᠭᠦᠯᠬᠦ᠂ ︽ᠭᠤᠷᠪᠠᠨ ᠴᠢᠩᠭ᠎ᠠ ᠭᠤᠷᠪᠠᠨ ᠪᠣᠳᠠᠲᠠᠢ︾᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠂ ᠠᠷᠠᠳ ᠤᠨ ᠲᠥᠯᠥᠭᠡ ᠪᠣᠳᠠᠲᠠᠢ ᠶᠢ ᠡᠷᠬᠢᠮᠯᠡᠨ ᠠᠷᠢᠭᠤᠨ ᠴᠢᠬᠡᠴᠢ ᠪᠠᠶᠢᠬᠤ ᠵᠡᠷᠭᠡ ᠶᠢ ᠪᠠᠭᠲᠠᠭᠠᠵᠤ᠂ ᠡᠪ ᠬᠠᠮᠲᠤᠴᠤᠳ ᠤᠨ ᠤᠯᠤᠰ ᠲᠦᠷᠦ ᠶᠢᠨ ᠤᠤᠷ ᠴᠢᠨᠠᠷ ᠢ ᠢᠮᠠᠭᠲᠠ ᠪᠠᠲᠤᠯᠠᠬᠤ ᠬᠡᠷᠡᠭᠲᠡᠢ᠃ ᠢᠯᠠᠩᠭᠤᠶ᠎ᠠ ᠡᠨᠡ ᠬᠦ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ᠂ ᠠᠷᠭ᠎ᠠ ᠶᠢᠨ ᠤᠨᠤᠯ ᠪᠠ ᠲᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠥᠪᠡᠷ ᠤᠨ ᠦᠵᠡᠯ ᠰᠠᠨᠠᠭᠠᠨ ᠤ ᠵᠡᠪᠰᠡᠭ ᠪᠣᠯᠭᠠᠨ ᠬᠤᠪᠢᠷᠠᠭᠤᠯᠵᠤ᠂ ᠰᠡᠳᠭᠢᠯ ᠳᠡᠭᠡᠨ ᠰᠢᠩᠭᠡᠭᠡᠵᠦ᠂ ᠠᠵᠢᠯᠯᠠᠭ᠎ᠠ ᠳᠠᠭᠠᠨ ᠢᠯᠡᠷᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠵᠠᠢ᠃
ᠰᠢ ᠶᠢᠨ ᠫᠢᠩ᠂ ᠨᠠᠮ ᠤᠨ ᠰᠢᠨ᠎ᠡ ᠶᠢ ᠡᠭᠦᠳᠬᠦ ᠤᠨᠤᠯ ᠢ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠬᠡᠷᠡᠭᠯᠡᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠴᠢᠳᠠᠮᠠᠭᠠᠢ ᠬᠡᠷᠡᠭᠯᠡᠨ ᠴᠠᠭ ᠦᠶ᠎ᠡ ᠶᠢ ᠠᠵᠢᠭᠯᠠᠵᠤ᠂ ᠴᠠᠭ ᠦᠶ᠎ᠡ ᠶᠢ ᠡᠵᠡᠮᠳᠡᠵᠦ᠂ ᠴᠠᠭ ᠦᠶ᠎ᠡ ᠶᠢ ᠬᠦᠳᠦᠯᠥᠨ ᠳᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠣᠯᠤᠨ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠴᠠᠭ ᠪᠣᠯᠤᠨ ᠬᠠᠨᠳᠤᠰᠢ᠂ ᠠᠶᠤᠯ ᠲᠦᠭᠰᠢᠭᠦᠷᠢ ᠪᠣᠯᠤᠨ ᠠᠵᠠ ᠲᠣᠬᠢᠶᠠᠯ ᠢ ᠭᠦᠨᠵᠡᠭᠡᠢ ᠠᠵᠢᠭᠯᠠᠵᠤ᠂ ᠢᠳᠡᠪᠬᠢᠲᠡᠢ ᠪᠠᠷ ᠬᠤᠪᠢᠷᠠᠯᠲᠠ ᠶᠢ ᠲᠠᠨᠢᠵᠤ ᠬᠤᠪᠢᠷᠠᠯᠲᠠ ᠶᠢ ᠠᠷᠭᠠᠴᠡᠭᠠᠵᠤ ᠬᠤᠪᠢᠷᠠᠯᠲᠠ ᠶᠢ ᠡᠷᠢᠯᠬᠢᠯᠡᠬᠦ ᠬᠡᠷᠡᠭᠲᠡᠢ᠃ ᠡᠨᠡ ᠬᠦ ᠦᠵᠡᠯ ᠰᠠᠨᠠᠭ᠎ᠠ ᠶᠢ ᠴᠢᠳᠠᠮᠠᠭᠠᠢ ᠬᠡᠷᠡᠭᠯᠡᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠬᠢᠴᠠ ᠲᠠᠢ ᠪᠣᠯᠬᠤ᠂ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠵᠤ᠂ ᠤᠯᠤᠰ ᠲᠦᠷᠦ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠯ ᠢ ᠪᠠᠶᠠᠯᠢᠭᠵᠢᠭᠤᠯᠵᠤ᠂ ᠦᠢᠯᠡᠳᠦᠯᠭᠡ ᠶᠢᠨ ᠠᠷᠭ᠎ᠠ ᠵᠠᠮ ᠢ ᠥᠷᠭᠡᠳᠭᠡᠵᠦ᠂ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠣᠨᠴᠠᠯᠢᠭ ᠢ ᠨᠡᠩ ᠢᠯᠡ ᠲᠣᠳᠣ ᠪᠣᠯᠭᠠᠵᠤ᠂ ᠳᠠᠪᠠᠭᠤᠯᠢᠭ ᠢ ᠨᠡᠩ ᠭᠦᠢᠴᠡᠳ ᠢᠯᠡᠷᠡᠭᠦᠯᠵᠦ᠂ ᠢᠷᠡᠭᠡᠳᠦᠢ ᠶᠢ ᠨᠡᠩ ᠭᠡᠭᠡᠨ ᠰᠠᠷᠠᠭᠤᠯ ᠪᠣᠯᠭᠠᠬᠤ ᠬᠡᠷᠡᠭᠲᠡᠢ᠃ ᠡᠨᠡ ᠬᠦ ᠦᠵᠡᠯ ᠰᠠᠨᠠᠭ᠎ᠠ ᠶᠢ ᠴᠢᠳᠠᠮᠠᠭᠠᠢ ᠬᠡᠷᠡᠭᠯᠡᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠡᠯ᠎ᠡ ᠵᠦᠢᠯ ᠤᠨ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠬᠠᠮᠲᠤ ᠪᠠᠷ ᠪᠠᠶᠠᠵᠢᠬᠤ ᠶᠢ ᠠᠬᠢᠭᠤᠯᠬᠤ ᠬᠡᠷᠡᠭᠲᠡᠢ᠃ ᠡᠨᠡ ᠬᠦ ᠦᠵᠡᠯ ᠰᠠᠨᠠᠭ᠎ᠠ ᠶᠢ ᠴᠢᠳᠠᠮᠠᠭᠠᠢ ᠬᠡᠷᠡᠭᠯᠡᠨ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠲᠠᠭᠠᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠭᠢᠬᠦᠢ ᠶᠢ ᠪᠠᠷᠢᠮᠲᠠᠯᠠᠵᠤ᠂ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠵᠤ᠂ ᠪᠣᠷᠣᠭᠠᠨ ᠠᠴᠠ ᠡᠮᠦᠨ᠎ᠡ ᠴᠤᠪᠠ ᠨᠦᠮᠦᠷᠴᠦ᠂ ᠴᠠᠭ ᠢᠮᠠᠭᠲᠠ ᠨᠤᠮᠤ ᠪᠠᠨ ᠲᠡᠯᠢᠵᠦ ᠪᠠᠶᠢᠯᠳᠤᠬᠤ ᠪᠠᠷ ᠪᠡᠯᠡᠬᠡᠨ ᠪᠠᠶᠢᠬᠤ ᠳᠠᠶᠢᠨ ᠤ ᠪᠡᠯᠡᠳᠭᠡᠯ ᠪᠠᠶᠢᠳᠠᠯ ᠢᠶᠠᠨ ᠪᠠᠲᠤᠯᠠᠵᠤ᠂ ᠪᠡᠯᠡᠳᠭᠡᠯ ᠠᠵᠢᠯ ᠢ ᠰᠠᠶᠢᠲᠤᠷ ᠬᠢᠵᠦ᠂ ᠰᠠᠨᠠᠭᠠᠴᠢᠯᠠᠭᠠᠲᠤ ᠲᠠᠶᠢᠨ ᠢ ᠰᠠᠶᠢᠲᠤᠷ ᠬᠢᠵᠦ᠂ ᠡᠯ᠎ᠡ ᠵᠦᠢᠯ ᠤᠨ ᠠᠶᠤᠯ ᠲᠦᠭᠰᠢᠭᠦᠷᠢ ᠶᠢ ᠡᠭᠦᠰᠭᠦ ᠠᠴᠠ ᠨᠢ ᠡᠮᠦᠨ᠎ᠡ ᠰᠢᠢᠳᠪᠦᠷᠢᠯᠡᠵᠦ᠂ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠡᠵᠡᠮᠳᠡᠯ ᠢᠶᠠᠨ ᠠᠯᠳᠠᠵᠤ ᠦᠷᠪᠢᠰᠦᠨ ᠳᠡᠯᠭᠡᠷᠡᠬᠦ ᠶᠢ ᠡᠷᠡᠰ ᠰᠡᠷᠭᠡᠶᠢᠯᠡᠵᠦ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠬᠦ ᠬᠡᠷᠡᠭᠲᠡᠢ᠃ ᠡᠨᠡ ᠬᠦ ᠦᠵᠡᠯ ᠰᠠᠨᠠᠭ᠎ᠠ ᠶᠢ ᠴᠢᠳᠠᠮᠠᠭᠠᠢ ᠬᠡᠷᠡᠭᠯᠡᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠲᠤᠮᠤ ᠨᠠᠮ ᠤᠨ ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠪᠥᠭᠡᠳ ᠡᠷᠡᠰ ᠪᠠᠲᠤ ᠴᠢᠨᠠᠷ ᠢ ᠴᠠᠭ ᠢᠮᠠᠭᠲᠠ ᠪᠠᠲᠤᠯᠠᠵᠤ᠂ ᠢᠯᠡᠷᠡᠭᠰᠡᠨ ᠰᠢᠨ᠎ᠡ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠴᠢᠬᠤᠯᠠᠴᠢᠯᠠᠬᠤ ᠮᠥᠷᠲᠡᠭᠡᠨ ᠪᠠᠰᠠ ᠣᠷᠣᠰᠢᠵᠤ ᠪᠠᠶᠢᠭ᠎ᠠ ᠭᠦᠨ ᠳᠠᠪᠬᠤᠷᠭ᠎ᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠴᠢᠬᠤᠯᠠᠴᠢᠯᠠᠵᠤ᠂ ᠨᠠᠮ ᠤᠨ ᠡᠭᠦᠷᠢᠳᠡ ᠴᠢᠨᠠᠷ ᠬᠤᠪᠢᠷᠠᠬᠤ ᠦᠭᠡᠢ᠂ ᠦᠡᠭᠭᠡ ᠬᠤᠪᠢᠷᠠᠬᠤ ᠦᠭᠡᠢ᠂ ᠰᠤᠷᠲᠠᠯ ᠬᠤᠪᠢᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠨᠥᠬᠦᠳ ᠭᠤᠣᠯ ᠰᠡᠳᠦᠪᠲᠦ ᠬᠥᠮᠦᠵᠢᠯ ᠤᠨ ᠳᠤᠮᠳᠠ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠤᠳᠤᠷᠢᠳᠬᠤ ᠺᠠᠳ᠋ᠷᠴᠤᠳ ᠡᠯ᠎ᠡ ᠲᠠᠯ᠎ᠠ ᠪᠠᠷ ᠪᠡᠶ᠎ᠡ ᠪᠠᠷ ᠢᠶᠠᠨ ᠬᠡᠪ ᠲᠦᠷᠢᠮ ᠪᠣᠯᠬᠤ ᠶᠢ ᠪᠠᠷᠢᠮᠲᠠᠯᠠᠬᠤ᠂ ᠲᠡᠭᠡᠷ᠎ᠠ ᠱᠡᠳᠦ ᠨᠢ ᠲᠤᠤᠷ᠎ᠠ ᠱᠡᠳᠦ ᠪᠠᠨ ᠳᠠᠭᠠᠭᠤᠯᠬᠤ ᠪᠣᠯ ᠨᠢᠭᠡ ᠵᠦᠢᠯ ᠤᠨ ᠪᠦᠲᠦᠮᠵᠢᠲᠡᠢ ᠤᠳᠤᠷᠢᠳᠬᠤ ᠠᠷᠭ᠎ᠠ ᠪᠠ ᠠᠵᠢᠯᠯᠠᠬᠤ ᠠᠷᠭ᠎ᠠ ᠮᠥᠨ᠃ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠳᠤ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠨᠥᠬᠦᠳ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠪᠦᠬᠦ ᠨᠠᠮ ᠳᠤ ᠵᠢᠱᠢᠶ᠎ᠡ ᠦᠵᠡᠭᠦᠯᠵᠦ᠂ ᠬᠡᠪ ᠳᠠᠭᠤᠷᠢᠶᠠᠯ ᠦᠵᠡᠭᠦᠯᠵᠦ᠂ ᠰᠠᠶᠢᠲᠤᠷ ᠳᠠᠭᠠᠭᠤᠯᠬᠤ ᠬᠡᠷᠡᠭᠲᠡᠢ᠃ ᠲᠦᠷᠦᠭᠦᠯᠡᠨ ᠤᠨᠤᠯ ᠤᠨ ᠰᠤᠷᠤᠯᠴᠠᠯᠭ᠎ᠠ ᠶᠢ ᠰᠠᠶᠢᠲᠤᠷ ᠠᠳᠬᠤᠵᠤ᠂ ᠪᠦᠬᠦ ᠨᠠᠮ ᠢᠶᠠᠷ ᠢᠶᠠᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠭᠦᠨᠵᠡᠭᠡᠶᠢᠷᠡᠭᠦᠯᠬᠦ ᠶᠢ ᠬᠦᠳᠦᠯᠦᠨ ᠵᠢᠯᠣᠭᠤᠳᠴᠤ ᠠᠬᠢᠭᠤᠯᠬᠤ ᠬᠡᠷᠡᠭᠲᠡᠢ᠃ ᠲᠦᠷᠦᠭᠦᠯᠡᠨ ᠪᠠᠶᠢᠴᠠᠭᠠᠨ ᠰᠤᠳᠤᠯᠤᠯᠲᠠ ᠶᠢ ᠰᠠᠶᠢᠲᠤᠷ ᠠᠳᠬᠤᠵᠤ᠂ ᠪᠣᠳᠠᠲᠠᠢ ᠳᠤ ᠭᠦᠨᠵᠡᠭᠡᠶᠢᠷᠡᠨ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠠᠰᠠᠭᠤᠳᠠᠯ ᠤᠨ ᠤᠬᠠᠮᠰᠠᠷ ᠢᠶᠠᠨ ᠴᠢᠩᠭᠠᠳᠬᠠᠨ᠂ ᠪᠠᠶᠢᠳᠠᠯ ᠢ ᠦᠨᠡᠨ ᠬᠦ ᠲᠣᠳᠣᠷᠬᠠᠢ ᠣᠶᠢᠯᠠᠭᠠᠵᠤ᠂ ᠠᠰᠠᠭᠤᠳᠠᠯ ᠢ ᠣᠨᠣᠪᠴᠢᠲᠠᠢ ᠡᠷᠢᠨ ᠣᠯᠵᠤ᠂ ᠠᠷᠭᠠᠴᠡᠭᠠᠬᠤ ᠪᠤᠳᠤᠯᠭ᠎ᠠ ᠶᠢ ᠪᠣᠳᠠᠲᠠᠢ ᠳᠤᠷᠠᠳᠤᠨ᠂ ᠠᠰᠠᠭᠤᠳᠠᠯ ᠢ ᠰᠢᠢᠳᠪᠦᠷᠢᠯᠡᠬᠦ ᠰᠢᠨ᠎ᠡ ᠰᠡᠳᠭᠢᠴᠡ ᠰᠢᠨ᠎ᠡ ᠠᠷᠭ᠎ᠠ ᠶᠢ ᠳᠤᠷᠠᠳᠤᠨ ᠭᠠᠷᠭᠠᠵᠤ᠂ ᠪᠦᠬᠦ ᠨᠠᠮ ᠤᠨ ᠪᠠᠶᠢᠴᠠᠭᠠᠨ ᠰᠤᠳᠤᠯᠤᠯᠲᠠ ᠬᠢᠬᠦ ᠶᠢ ᠶᠡᠭᠡ ᠪᠠᠷ ᠦᠷᠨᠢᠬᠦᠯᠬᠦ ᠰᠤᠷᠲᠠᠯ ᠢ ᠬᠦᠳᠦᠯᠦᠨ ᠵᠢᠯᠣᠭᠤᠳᠴᠤ ᠠᠬᠢᠭᠤᠯᠬᠤ ᠬᠡᠷᠡᠭᠲᠡᠢ᠃ ᠠᠰᠠᠭᠤᠳᠠᠯ ᠢ ᠪᠠᠶᠢᠴᠠᠭᠠᠨ ᠦᠵᠡᠬᠦ ᠪᠠ ᠴᠡᠭᠴᠡᠯᠡᠨ ᠰᠠᠶᠢᠵᠢᠷᠠᠭᠤᠯᠬᠤ ᠶᠢ ᠲᠦᠷᠦᠭᠦᠯᠡᠨ ᠰᠠᠶᠢᠲᠤᠷ ᠠᠳᠬᠤᠵᠤ᠂ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠲᠤᠰᠢᠶᠠᠯ ᠬᠠᠷᠢᠭᠤᠴᠠᠯᠭ᠎ᠠ ᠲᠠᠢ ᠨᠢᠭᠲᠠ ᠤᠶᠠᠯᠳᠤᠭᠤᠯᠵᠤ᠂ ᠰᠤᠷᠤᠯᠴᠠᠬᠤ᠂ ᠪᠠᠶᠢᠴᠠᠭᠠᠬᠤ᠂ ᠰᠠᠶᠢᠵᠢᠷᠠᠭᠤᠯᠬᠤ ᠶᠢ ᠣᠷᠭᠠᠨᠢᠭ ᠢᠶᠠᠷ ᠨᠡᠪᠲᠡᠷᠡᠯᠴᠡᠭᠦᠯᠵᠦ᠂ ᠲᠤᠰ ᠪᠡᠶ᠎ᠡ ᠶᠢᠨ ᠬᠦᠷᠦᠯᠴᠡᠬᠦ ᠦᠭᠡᠢ ᠲᠠᠯ᠎ᠠ ᠪᠠ ᠠᠵᠢᠯ ᠤᠨ ᠵᠥᠷᠢᠶ᠎ᠡ ᠪᠠᠨ ᠪᠦᠬᠦ ᠲᠠᠯ᠎ᠠ ᠪᠠᠷ ᠡᠷᠢᠵᠦ᠂ ᠨᠠᠮ ᠤᠨ ᠳᠣᠲᠣᠭᠠᠳᠤ ᠪᠠ ᠨᠠᠮ ᠤᠨ ᠭᠠᠳᠠᠨᠠᠬᠢ ᠬᠢᠨᠠᠯᠲᠠ ᠳᠤ ᠵᠥᠪ ᠢᠶᠠᠷ ᠬᠠᠨᠳᠤᠬᠤ ᠪᠠ ᠤᠬᠠᠮᠰᠠᠷ ᠠᠴᠠ ᠪᠠᠨ ᠬᠦᠯᠢᠶᠡᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠨᠠᠷᠢᠨ ᠬᠢᠨᠠᠮᠠᠭᠠᠢ ᠥᠷᠨᠢᠭᠦᠯᠵᠦ᠂ ᠦᠵᠡᠯ ᠰᠠᠨᠠᠭᠠᠨ ᠤ ᠦᠨᠳᠦᠰᠦ ᠰᠤᠷᠪᠤᠯᠵᠢ ᠪᠠ ᠲᠦᠷᠢᠮ ᠲᠣᠭᠲᠡᠴᠡ ᠶᠢᠨ ᠲᠠᠯ᠎ᠠ ᠠᠴᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠦᠬᠦ ᠨᠠᠮ ᠢ ᠲᠠᠶᠢᠴᠢᠯᠠᠨ ᠭᠦᠨᠵᠡᠭᠡᠢ ᠪᠠᠶᠢᠴᠠᠭᠠᠵᠤ ᠪᠣᠳᠠᠲᠠᠢ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠪᠣᠳᠠᠲᠤ ᠦᠷ᠎ᠡ ᠪᠦᠲᠦᠮᠵᠢ ᠪᠠᠷ ᠠᠷᠠᠳ ᠤᠨ ᠢᠲᠡᠭᠡᠯ ᠢ ᠤᠯᠬᠤ ᠬᠡᠷᠡᠭᠲᠡᠢ᠃ ᠪᠠᠶᠢᠭ᠎ᠠ ᠭᠠᠵᠠᠷ ᠣᠷᠣᠨ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠭᠤᠣᠯ ᠰᠡᠳᠦᠪᠲᠦ ᠬᠥᠮᠦᠵᠢᠯ ᠢ ᠲᠦᠷᠦᠭᠦᠯᠡᠨ ᠰᠠᠶᠢᠲᠤᠷ ᠠᠳᠬᠤᠵᠤ᠂ ᠤᠳᠤᠷᠢᠳᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠦᠬᠦ ᠶᠠᠪᠤᠴᠠ ᠳᠤ ᠠᠬᠢᠴᠠ ᠶᠢᠨ ᠪᠠᠶᠢᠳᠠᠯ ᠢ ᠡᠵᠡᠮᠰᠢᠵᠦ᠂ ᠡᠯ᠎ᠡ ᠵᠦᠢᠯ ᠤᠨ ᠴᠤᠬᠤᠶᠢᠯᠲᠠ ᠶᠢᠨ ᠴᠢᠨᠠᠷᠲᠠᠢ᠂ ᠬᠡᠯᠪᠡᠷᠢᠯ ᠤᠨ ᠴᠢᠨᠠᠷᠲᠠᠢ ᠠᠰᠠᠭᠤᠳᠠᠯ ᠢ ᠬᠦᠴᠦᠯᠡᠨ ᠢᠯᠡᠷᠡᠭᠦᠯᠬᠦ ᠪᠠ ᠰᠢᠢᠳᠪᠦᠷᠢᠯᠡᠵᠦ᠂ ᠠᠵᠢᠯ ᠢᠶᠠᠨ ᠪᠣᠳᠠᠲᠠᠢ ᠠᠳᠬᠤᠵᠤ᠂ ᠭᠦᠨᠵᠡᠭᠡᠢ ᠠᠳᠬᠤᠵᠤ᠂ ᠴᠢᠭᠯᠡᠯ ᠢᠶᠠᠨ ᠬᠡᠯᠪᠠᠶᠢᠯᠭᠡᠬᠦ ᠦᠭᠡᠢ᠂ ᠡᠷᠴᠢᠮ ᠢᠶᠠᠨ ᠰᠤᠯᠠᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢ ᠠᠬᠢᠭᠤᠯᠵᠤ᠂ ᠦᠨᠡᠨ ᠪᠣᠳᠠᠲᠠᠢ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃